《ᠱᠢᠨ᠎ᠡ ᠮᠠᠯᠵᠢᠯ》 ᠮᠠᠯ ᠠᠵᠤ ᠠᠬᠤᠢ᠎ᠶ᠋ᠢᠨ ᠮᠡᠷᠭᠡᠵᠢᠯᠲᠡᠨ᠎ᠤ ᠦᠢᠯᠡᠴᠢᠯᠡᠭᠡᠨ᠎ᠤ ᠪᠦᠯᠬᠦᠮ ᠪᠠᠢᠭᠤᠯᠤᠭ᠍ᠳᠠᠪᠠ
2021-08-20 10:22:56
ᠵᠣᠬᠢᠶᠠᠭ᠍ᠴᠢ᠄
ᠬᠤᠷᠸ᠎ᠠ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠦᠪᠦᠷ ᠮᠤᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠫᠷᠤᠹᠧᠰᠰᠤᠷ᠂ ᠤᠶᠤᠲᠠᠨ ᠪᠠ ᠰᠦᠵᠢ ᠭᠠᠴᠠᠭᠠᠨ᠎ᠤ ᠮᠠᠯ᠎ᠤᠨ ᠡᠮᠴᠢ᠎ᠪᠠᠷ ᠪᠦᠷᠢᠯᠲᠦᠭ᠌ᠰᠡᠨ 《ᠱᠢᠨ᠎ᠡ ᠮᠠᠯᠵᠢᠯ》 ᠭᠡᠬᠦ᠌ ᠮᠠᠯ ᠠᠵᠤ ᠠᠬᠤᠢ᠎ᠶ᠋ᠢᠨ ᠮᠡᠷᠭᠡᠵᠢᠯᠲᠡᠨ᠎ᠤ ᠦᠨᠳᠦᠰᠦᠨ ᠱᠠᠲᠤᠨ᠎ᠳᠤ ᠦᠢᠯᠡᠴᠢᠯᠡᠬᠦ᠌ ᠪᠠ ᠮᠤᠩᠭᠤᠯ ᠦᠬᠡᠷ ᠦᠷᠡᠵᠢᠭᠦᠯᠵᠦ᠍᠂ ᠦᠭᠡᠷ᠎ᠤᠨ ᠡᠪᠡᠳᠴᠢᠨ ᠬᠢᠵᠢᠭ᠎ᠢ ᠰᠡᠷᠭᠡᠢᠯᠡᠨ ᠵᠠᠰᠠᠬᠤ ᠮᠡᠷᠭᠡᠵᠢᠯ᠎ᠤᠨ ᠦᠢᠯᠡᠴᠢᠯᠡᠭᠡᠨ᠎ᠤ ᠪᠦᠯᠬᠦᠮ ᠤᠯᠠᠭᠠᠨᠪᠠᠯᠭᠠᠰᠤ᠎ᠶ᠋ᠢᠨ ᠰᠦᠵᠢ ᠭᠠᠴᠠᠭᠠᠨ᠎ᠳᠤ ᠪᠠᠢᠭᠤᠯᠤᠭ᠍ᠳᠠᠵᠤ᠂ ᠮᠠᠯᠴᠢᠳ᠎ᠤᠨ ᠭᠡᠷ᠎ᠲᠤ ᠬᠦᠷᠴᠦ᠍ ᠮᠠᠯ᠎ᠤᠨ ᠠᠭᠤᠰᠭᠢᠨ ᠡᠪᠡᠳᠴᠢᠨ ᠵᠡᠷᠭᠡ ᠡᠮᠨᠡᠬᠦ᠌᠎ᠳᠤ ᠲᠦᠪᠡᠭ᠎ᠲᠠᠢ ᠮᠠᠯ᠎ᠤᠨ ᠡᠪᠡᠳᠴᠢᠨ᠎ᠢ ᠡᠮᠨᠡᠨ ᠵᠠᠰᠠᠵᠤ᠂ ᠮᠠᠯᠴᠢᠳ᠎ᠲᠤ ᠪᠤᠳᠠᠳᠤ ᠦᠢᠯᠡᠴᠢᠯᠡᠭᠡ ᠬᠠᠩᠭᠠᠵᠤ ᠪᠤᠢ᠃

ᠦᠪᠦᠷ ᠮᠤᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠳ᠋ᠤᠺᠲ᠋ᠤᠷ᠂ ᠮᠤᠩᠭᠤᠯ ᠦᠬᠡᠷ ᠪᠤᠯ ᠲᠤᠮᠳᠠᠳᠤ ᠤᠯᠤᠰ᠎ᠤᠨ ᠬᠡᠪᠴᠢᠶᠡᠨ᠎ᠳᠤ ᠲᠠᠷᠬᠠᠯᠲᠠ᠎ᠪᠠᠷ ᠬᠠᠮᠤᠭ᠎ᠤᠨ ᠦᠷᠭᠡᠨ᠂ ᠲᠤᠭ᠎ᠠ ᠬᠡᠮᠵᠢᠶ᠎ᠡ᠎ᠪᠠᠷ ᠬᠠᠮᠤᠭ᠎ᠤᠨ ᠤᠯᠠᠨ ᠦᠭᠡᠷ᠎ᠤᠨ ᠡᠭᠦᠯᠲᠡᠷ ᠪᠤᠯᠤᠨ᠎ᠠ᠃ ᠲᠤᠰ ᠦᠢᠯᠡᠴᠢᠯᠡᠭᠡᠨ᠎ᠤ ᠠᠩᠬᠢ᠎ᠨᠢ ᠮᠠᠯᠴᠢᠨ ᠲᠦᠮᠡᠨ᠎ᠳᠤ ᠦᠢᠯᠡᠴᠢᠯᠡᠬᠦ᠌᠎ᠶ᠋ᠢᠨ ᠳᠠᠭᠠᠤ ᠮᠤᠩᠭᠤᠯ ᠦᠬᠡᠷ᠎ᠤᠨ ᠡᠭᠦᠯᠳᠡᠷ᠎ᠢ ᠬᠠᠮᠠᠭᠠᠯᠠᠨ ᠰᠠᠢᠵᠢᠷᠠᠭᠤᠯᠬᠤ᠎ᠶ᠋ᠢᠨ ᠲᠦᠯᠦᠭᠡ ᠲᠤᠰᠭᠠᠢᠯᠠᠨ ᠮᠤᠩᠭᠤᠯ ᠦᠬᠡᠷ᠎ᠤᠨ ᠡᠭᠦᠯᠲᠡᠷ᠂ ᠦᠷᠡᠵᠢᠯᠲᠡ ᠪᠤᠢᠵᠢᠯᠲᠡ᠂ ᠡᠪᠡᠳᠴᠢᠨ ᠡᠮᠬᠡᠭ᠂ ᠰᠡᠷᠭᠡᠢᠯᠡᠨ ᠬᠠᠮᠠᠭᠠᠯᠠᠬᠤ ᠵᠡᠷᠭᠡ ᠲᠠᠯ᠎ᠠ᠎ᠪᠠᠷ ᠰᠤᠳᠤᠯᠬᠤ ᠪᠤᠯᠤᠨ᠎ᠠ ᠭᠡᠵᠦ᠍ ᠶᠠᠷᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号