ᠥᠪᠥᠷ ᠮᠣᠩᠭᠤᠯ᠎ᠤᠨ ᠰᠤᠷᠭᠠᠨ ᠬᠥᠮᠦᠵᠢᠯ᠎ᠤᠨ ᠡᠭᠦᠯᠡᠨ ᠲᠠᠪᠴᠠᠩ᠎ᠳᠤ 《ᠬᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠲᠤᠰᠭᠠᠶ ᠪᠤᠯᠤᠩ》 ᠨᠡᠬᠡᠬᠡᠪᠡ
2021-08-20 09:57:17
ᠵᠣᠬᠢᠶᠠᠭ᠍ᠴᠢ᠄
ᠨᠠᠪᠴᠢ᠎ᠶ᠋ᠢᠨ ᠷᠦᠩ
ᠣᠩᠱᠢᠭ᠍ᠰᠠᠨ ᠣᠳᠠᠭ᠎ᠠ᠄
★★★☆☆

ᠤᠢ᠍ᠢᠷ᠎ᠡ᠎ᠶ᠋ᠢᠨ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠠᠴᠠ ᠤᠢ᠍ᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ ᠪᠦᠬᠦ᠌ ᠣᠷᠣᠨ᠎ᠤ 《ᠰᠡᠳᠭᠢᠴᠡ᠎ᠶ᠋ᠢᠨ ᠡᠷᠡᠭᠦᠯ ᠮᠡᠨᠳᠦ᠎ᠶ᠋ᠢᠨ ᠨᠡᠷᠡᠳᠦ ᠪᠠᠭ᠍ᠰᠢ᠎ᠶ᠋ᠢᠨ ᠠᠵᠢᠯᠯᠠᠬᠤ ᠦᠷᠦᠬᠡ》 ᠎ᠶ᠋ᠢᠨ ᠵᠢᠭᠠᠨ ᠵᠢᠯᠣᠭᠤᠳᠭᠤ ᠲᠤᠰᠭᠠᠢ ᠮᠡᠷᠭᠡᠵᠢᠯᠲᠡᠨ ᠪᠣᠯᠤᠨ ᠱᠢᠯᠢᠳᠡᠭ ᠰᠡᠳᠭᠢᠴᠡ᠎ᠶ᠋ᠢᠨ ᠡᠷᠡᠭᠦᠯ ᠮᠡᠨᠳᠦ᠎ᠶ᠋ᠢᠨ ᠪᠠᠭ᠍ᠰᠢ᠎ᠶ᠋ᠢ ᠵᠣᠬᠢᠶᠠᠨ ᠪᠠᠢᠭᠤᠯᠵᠤ᠂ ᠭᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠲᠠᠢᠯᠤᠮᠵᠢ ᠪᠣᠯᠤᠨ ᠪᠢᠴᠢᠯ ᠬᠢᠴᠢᠶᠡᠯ ᠱᠢᠩᠬᠡᠬᠡᠵᠦ᠍ ᠥᠪᠥᠷ ᠮᠣᠩᠭᠤᠯ᠎ᠤᠨ ᠰᠤᠷᠭᠠᠨ ᠬᠥᠮᠦᠵᠢᠯ᠎ᠤᠨ ᠡᠭᠦᠯᠡᠨ ᠲᠠᠪᠴᠠᠩ᠎ᠳᠤ 《ᠭᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠲᠤᠰᠭᠠᠢ ᠪᠤᠯᠤᠩ》 ᠨᠡᠬᠡᠬᠡᠭ᠌ᠰᠡᠨ ᠪᠠᠢᠨ᠎ᠠ᠃

ᠣᠳᠣᠬᠠᠨ᠎ᠳᠤ ᠲᠣᠰ ᠲᠤᠰᠭᠠᠶ ᠪᠤᠯᠤᠩ᠎ᠳᠤ ᠨᠢᠭᠡᠨᠲᠡ ᠡᠯ᠎ᠡ ᠲᠥᠷᠥᠯ᠎ᠤᠨ ᠬᠢᠴᠢᠶᠡᠯ᠎ᠤᠨ 34 ᠠᠭᠤᠯᠭ᠎ᠠ ᠬᠠᠩᠭᠠᠵᠤ᠂ ᠡᠯ᠎ᠡ ᠰᠤᠷᠤᠯᠭ᠎ᠠ᠎ᠶ᠋ᠢᠨ ᠱᠠᠲᠤᠨ᠎ᠤ ᠪᠡᠶ᠎ᠡ ᠰᠡᠳᠭᠢᠯ᠎ᠤᠨ ᠪᠤᠢᠵᠢᠯᠲᠠ᠎ᠶ᠋ᠢᠨ ᠵᠢᠮ᠎ᠡ ᠶᠣᠰᠣ ᠵᠢᠴᠢ ᠳᠠᠳᠭᠠᠯ᠎ᠢ ᠬᠥᠮᠦᠵᠢᠭᠦᠯᠬᠦ᠂ ᠰᠤᠷᠭᠠᠨ ᠬᠥᠮᠦᠵᠢᠯ᠎ᠤᠨ ᠴᠢᠨᠠᠷᠲᠠᠶ ᠬᠤᠷᠱᠢᠯᠴᠠᠭ᠎ᠠ᠂ ᠭᠠᠷ ᠤᠲᠠᠰᠤᠨ᠎ᠤ ᠬᠠᠮᠢᠶᠠᠷᠤᠯᠲᠠ ᠪᠠ ᠰᠤᠷᠤᠯᠴᠠᠯᠭ᠎ᠠ᠂ ᠱᠢᠯᠭᠠᠯᠲᠠ᠎ᠠᠴᠠ ᠡᠮᠦᠨᠡᠬᠢ ᠬᠠᠪᠰᠤᠷᠤᠨ ᠵᠢᠯᠣᠭᠤᠳᠣᠯᠭ᠎ᠠ᠂ ᠵᠠᠯᠠᠭᠤᠴᠤᠳ ᠪᠠᠭᠠᠴᠤᠳ᠎ᠤᠨ ᠰᠡᠳᠭᠢᠴᠡ᠎ᠶ᠋ᠢᠨ ᠬᠢᠮᠤᠷᠠᠯ᠎ᠤᠨ ᠠᠩᠬᠠᠨ᠎ᠤ ᠢᠯᠭᠠᠨ ᠲᠠᠨᠢᠯᠲᠠ ᠪᠠ ᠭᠠᠷ ᠳᠦᠷᠦᠯᠲᠡ ᠵᠡᠷᠭᠡ ᠠᠭᠤᠯᠭ᠎ᠠ᠎ᠶ᠋ᠢ ᠬᠠᠮᠤᠷᠴᠠᠢ᠃ ᠲᠤᠰᠭᠠᠶ ᠪᠤᠯᠤᠩ᠎ᠳᠤ ᠪᠠᠰᠠ ᠪᠥᠬᠦ᠌ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠡᠳᠭᠢᠴᠡ᠎ᠶ᠋ᠢᠨ ᠡᠷᠡᠭᠦᠯ ᠮᠡᠨᠳᠦ᠎ᠶ᠋ᠢᠨ ᠱᠢᠯᠢᠳᠡᠭ ᠵᠢᠭᠠᠨ ᠰᠤᠷᠭᠠᠯᠲᠠ᠎ᠶ᠋ᠢᠨ ᠲᠥᠯᠥᠪᠯᠡᠭᠡ᠎ᠶ᠋ᠢᠨ ᠴᠤᠭ᠍ᠯᠠᠭᠤᠯᠤᠭ᠍ᠰᠠᠨ ᠨᠢᠭᠡᠳᠦᠭᠡᠷ ᠳᠡᠰ᠎ᠤᠨ ᠱᠠᠩᠨᠠᠯ᠎ᠤᠨ 71 ᠬᠤᠪᠢ ᠬᠡᠷᠡᠭ᠎ᠤᠨ ᠵᠢᠱ᠌ᠢᠶ᠎ᠠ᠎ᠶ᠋ᠢ ᠬᠠᠩᠭᠠᠵᠤ᠂ ᠰᠤᠷᠤᠯᠭ᠎ᠠ᠎ᠶ᠋ᠢᠨ ᠱᠠᠳᠤ ᠬᠤᠪᠢᠶᠠᠨ ᠭᠤᠤᠯ ᠰᠡᠳᠦᠪ᠎ᠢ ᠢᠯᠡᠷᠡᠭᠦᠯᠵᠦ᠍᠂ ᠪᠠᠭ᠍ᠰᠢ ᠪᠣᠯᠤᠨ ᠠᠩᠭᠢ᠎ᠶ᠋ᠢᠨ ᠡᠷᠬᠢᠯᠡᠭ᠌ᠴᠢ᠎ᠶ᠋ᠢᠨ ᠵᠢᠭᠠᠨ ᠰᠤᠷᠭᠠᠯᠲᠠ᠎ᠳᠤ ᠯᠠᠪᠯᠠᠯᠲᠠ ᠪᠣᠯᠭᠠᠬᠤ᠎ᠳᠤ ᠲᠥᠬᠦᠮ ᠦᠵᠡᠭᠦᠯᠪᠡ᠃ ᠬᠡᠷ᠎ᠤᠨ ᠠᠬᠠᠮᠠᠳ ᠥᠪᠥᠷ ᠮᠣᠩᠭᠤᠯ᠎ᠤᠨ ᠰᠤᠷᠭᠠᠨ ᠬᠥᠮᠦᠵᠢᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ᠎ᠳᠤ ᠭᠠᠷᠴᠤ᠌ ᠰᠤᠷᠤᠯᠴᠠᠵᠤ ᠪᠤᠯᠤᠨ᠎ᠠ᠃

ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ ᠪᠠᠰᠠ ᠬᠡᠷ ᠪᠦᠯᠢ᠎ᠶ᠋ᠢᠨ ᠡᠯ᠎ᠡ ᠲᠥᠷᠥᠯ᠎ᠤᠨ ᠰᠤᠷᠭᠠᠨ ᠬᠥᠮᠦᠵᠢᠯ᠎ᠤᠨ ᠬᠢᠴᠢᠶᠡᠯ᠎ᠢ ᠵᠠᠯᠭᠠᠭ᠎ᠠ᠎ᠪᠠᠷ  ᠦᠢᠯᠡᠳᠴᠦ᠍ ᠨᠡᠪᠲᠡᠷᠡᠭᠦᠯᠬᠦ᠌ ᠪᠣᠯᠤᠨ᠎ᠠ᠃ ᠡᠭᠦᠨ᠎ᠤ ᠬᠠᠮᠲᠤ᠌᠂ ᠨᠡᠢᠭᠡᠮ ᠳᠠᠶᠠᠭᠠᠷ᠎ᠤᠨ ᠬᠡᠷ ᠪᠦᠯᠢ᠎ᠶ᠋ᠢᠨ ᠬᠥᠮᠦᠵᠢᠯ᠎ᠳᠤ ᠣᠷᠣᠯᠴᠠᠬᠤ ᠢᠳᠡᠪᠬᠢᠵᠢᠯ᠎ᠢ ᠤᠯᠠᠮ ᠨᠢᠭᠡ ᠠᠯᠬᠤᠮ ᠳᠠᠢᠴᠢᠯᠠᠵᠤ᠂ ᠬᠡᠷ ᠪᠦᠯᠢ᠎ᠶ᠋ᠢᠨ ᠬᠥᠮᠦᠵᠢᠯ᠎ᠤᠨ ᠡᠬᠢ ᠪᠠᠶᠠᠯᠢᠭ᠎ᠢ ᠪᠠᠶᠠᠯᠢᠭ᠍ᠵᠢᠭᠤᠯᠬᠤ᠎ᠶ᠋ᠢᠨ ᠲᠥᠯᠥᠭᠡ᠂ ᠬᠡᠷ ᠪᠦᠯᠢ᠎ᠶ᠋ᠢᠨ ᠬᠥᠮᠦᠵᠢᠯ᠎ᠤᠨ ᠱᠢᠯᠢᠳᠡᠭ ᠬᠢᠴᠢᠶᠡᠯ ᠡᠯᠰᠡᠬᠦ᠌ ᠠᠵᠢᠯᠯᠠᠭ᠎ᠠ᠎ᠶ᠋ᠢ ᠵᠡᠷᠭᠡ᠎ᠪᠠᠷ ᠥᠷᠨᠢᠭᠦᠯᠵᠦ᠍᠂ ᠪᠥᠬᠦ᠌ ᠣᠷᠣᠨ᠎ᠤ ᠠᠩᠭᠢ᠎ᠶ᠋ᠢᠨ ᠡᠷᠬᠢᠯᠡᠭ᠌ᠴᠢ᠂ ᠶᠣᠰᠣ ᠮᠣᠷᠠᠯ᠎ᠤᠨ ᠬᠥᠮᠦᠵᠢᠯ᠎ᠤᠨ ᠬᠠᠮᠢᠶᠠᠷᠤᠯᠲᠠ᠎ᠶ᠋ᠢᠨ ᠠᠵᠢᠯᠲᠠᠨ ᠪᠠ ᠬᠡᠷ᠎ᠤᠨ ᠠᠬᠠᠮᠠᠳ᠎ᠢ ᠤᠷᠢᠵᠤ ᠬᠡᠷ ᠪᠦᠯᠢ᠎ᠶ᠋ᠢᠨ ᠬᠥᠮᠦᠵᠢᠯ᠎ᠤᠨ ᠲᠠᠭᠤ ᠳᠦᠷᠰᠦ ᠱᠢᠩᠭᠡᠭᠡᠯᠲᠡ᠎ᠶ᠋ᠢᠨ ᠡᠬᠢ ᠪᠠᠶᠠᠯᠢᠭ᠎ᠢ ᠦᠢᠯᠡᠳᠬᠦ᠌᠎ᠳᠤ ᠢᠳᠡᠪᠬᠢᠲᠡᠶ ᠤᠷᠤᠯᠴᠠᠭᠤᠯᠬᠤ᠎ᠪᠠᠷ ᠪᠠᠢᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号