ᠯᠢᠨ ᠱᠤᠤ ᠴᠦᠨ ᠶᠠᠷᠢᠶ᠎ᠠ ᠲᠠᠯᠪᠢᠵᠠᠢ
8 ᠰᠠᠷ᠎ᠠ᠎ᠶ᠋ᠢᠨ 19 ᠤ ᠡᠳᠦᠷ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠳᠤᠮᠳᠠ ᠬᠡᠰᠡᠭ ᠤᠷᠤᠨ᠎ᠤ ᠲᠤᠰᠭᠠᠢ ᠰᠡᠳᠦᠪᠲᠦ ᠠᠬᠢᠭᠤᠯᠬᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠤᠷᠭᠠᠨ ᠬᠥᠮᠦᠵᠢᠯ᠎ᠤᠨ ᠠᠵᠢᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ ᠯᠢᠨ ᠱᠤᠤ ᠴᠦᠨ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠠᠶ᠃
ᠬᠤᠷᠠᠯ᠎ᠠᠴᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠪᠣᠯ ᠦᠨᠳᠦᠰᠦᠲᠡᠨ᠎ᠤ ᠭᠠᠵᠠᠷ ᠣᠷᠣᠨ᠎ᠤ ᠠᠵᠢᠯ᠎ᠢ ᠰᠠᠢᠲᠤᠷ ᠬᠢᠬᠦ᠌᠎ᠶ᠋ᠢᠨ ᠤᠷᠳᠤ ᠬᠤᠭᠤᠴᠠᠭᠠᠨ᠎ᠤ ᠠᠷᠭ᠎ᠠ ᠪᠤᠳᠤᠯᠭ᠎ᠠ᠂ ᠰᠠᠭᠤᠷᠢ᠎ᠶ᠋ᠢ ᠪᠠᠬᠢᠵᠢᠭᠦᠯᠬᠦ᠌ ᠠᠷᠭ᠎ᠠ ᠬᠡᠮᠵᠢᠶ᠎ᠡ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ ᠪᠣᠳᠠᠲᠤ ᠠᠵᠢᠯᠯᠠᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠣᠯ ᠱᠢᠵᠢᠮ᠎ᠲᠠᠢ ᠨᠢᠭ᠍ᠲᠠ ᠤᠶᠠᠯᠳᠤᠭᠤᠯᠤᠨ᠂ 《ᠬᠤᠶᠠᠷ᠎ᠢ ᠤᠶᠠᠯᠳᠤᠭᠤᠯᠬᠤ》 ᠶ᠋ᠢ ᠪᠠᠲᠤ ᠡᠵᠡᠮᠳᠡᠵᠦ᠍᠂ ᠦᠨᠳᠦᠰᠦᠲᠡᠨ᠎ᠤ ᠤᠬᠠᠮᠰᠠᠷ ᠡᠷᠬᠡᠪᠰᠢ ᠬᠠᠮᠲᠤ ᠴᠣᠭ᠍ᠴᠠ᠎ᠶ᠋ᠢᠨ ᠤᠬᠠᠮᠰᠠᠷ᠎ᠢ ᠨᠥᠬᠦᠴᠡᠯ ᠦᠭᠡᠢ᠎ᠪᠠᠷ ᠲᠠᠭᠠᠬᠤ ᠪᠠ ᠲᠡᠭᠦᠨ᠎ᠳᠤ ᠦᠢᠯᠡᠴᠢᠯᠡᠬᠦ᠌᠎ᠶ᠋ᠢ ᠵᠥᠪ ᠡᠵᠡᠮᠳᠡᠵᠦ᠍᠂ ᠡᠯ᠎ᠡ ᠦᠨᠳᠦᠰᠦᠲᠡᠨ᠎ᠤ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌᠎ᠶ᠋ᠢ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠪᠠᠨ ᠴᠢᠩᠭᠠᠳᠭᠠᠭ᠍ᠰᠠᠨ ᠰᠠᠭᠤᠷᠢᠨ ᠳᠡᠭᠡᠷ᠎ᠡ ᠶᠠᠪᠤᠭ᠍ᠳᠠᠭᠤᠯᠬᠤ᠎ᠶ᠋ᠢ ᠵᠥᠪ ᠡᠵᠡᠮᠳᠡᠵᠦ᠍᠂ ᠪᠤᠢ ᠪᠦᠬᠦᠢ ᠬᠥᠭ᠌ᠵᠢᠯᠲᠡ᠎ᠨᠢ ᠴᠥᠮ ᠦᠨᠳᠦᠰᠦᠲᠡᠨ᠎ᠤ ᠪᠦᠯᠬᠦᠮᠳᠡᠯ᠂ ᠨᠢᠭᠡᠳᠦᠯ᠎ᠢ ᠬᠠᠮᠠᠭᠠᠯᠠᠵᠤ ᠬᠠᠭᠠᠴᠠᠭᠤᠯᠬᠤ᠎ᠶ᠋ᠢ ᠡᠰᠡᠷᠭᠦᠴᠡᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠤ ᠬᠥᠮᠦᠰ᠎ᠤᠨ ᠰᠡᠳᠭᠢᠯ᠎ᠢ ᠨᠢᠭ᠍ᠲᠠᠷᠠᠭᠤᠯᠬᠤ᠎ᠪᠠᠷ ᠤᠷᠢᠲᠠᠯ ᠪᠣᠯᠭᠠᠬᠤ᠎ᠶ᠋ᠢ ᠵᠦᠪ ᠡᠵᠡᠮᠳᠡᠬᠦ᠌ ᠬᠡᠷᠡᠭ᠌ᠲᠡᠢ᠃ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠦᠵᠢᠭᠦᠯᠦᠨ ᠵᠢᠯᠣᠭᠤᠳᠴᠤ᠌ ᠪᠠᠢᠭᠠᠳ ᠮᠠᠷᠺᠰ᠎ᠤᠨ ᠦᠵᠡᠯ᠎ᠤᠨ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠠᠲᠤ ᠪᠠᠬᠢ ᠪᠣᠶ ᠪᠣᠯᠭᠠᠵᠤ᠂ ᠮᠠᠨ᠎ᠤ ᠥᠷᠭᠡᠨ ᠠᠭᠤᠳᠠᠮ ᠨᠤᠲᠤᠭ ᠳᠡᠪᠢᠰᠭᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠭ᠌ᠰᠡᠨ᠂ ᠥᠨᠢ ᠤᠳᠠᠭᠠᠨ ᠲᠡᠦᠬᠡ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭ᠌ᠯᠡᠭ᠌ᠰᠡᠨ᠂ ᠬᠡᠷᠡᠯ ᠰᠠᠴᠤᠷᠠᠩᠭᠤᠶ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠭ᠌ᠰᠡᠨ᠂ ᠠᠭᠤᠤ ᠶᠡᠭᠡ ᠵᠣᠷᠢᠭ ᠰᠠᠨᠠᠭ᠎ᠠ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠤᠢᠵᠢᠭᠤᠯᠤᠭ᠍ᠰᠠᠨ ᠭᠡᠳᠡᠭ᠎ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠲᠡᠦᠬᠡ᠎ᠶ᠋ᠢ ᠠᠷᠠᠳ ᠲᠦᠮᠡᠨ ᠡᠭᠦᠳᠤᠨ ᠪᠦᠳᠦᠭᠡᠵᠦ᠍᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ ᠳᠠᠪᠱᠢᠯᠲᠠ᠎ᠶ᠋ᠢ ᠠᠬᠢᠭᠤᠯᠬᠤ ᠳᠠᠭᠤᠰᠤᠰᠢ ᠥᠬᠡᠶ ᠬᠥᠳᠡᠯᠭᠡᠬᠦ᠌ ᠬᠦᠴᠦᠨ ᠪᠤᠯᠬᠤ᠎ᠶ᠋ᠢ ᠭᠦᠨᠵᠡᠭᠡᠢ ᠲᠠᠨᠢᠵᠤ᠂ 《ᠭᠤᠷᠪᠠᠨ ᠰᠠᠯᠵᠤ ᠴᠢᠳᠠᠬᠤ ᠥᠬᠡᠶ》᠂ 《ᠲᠠᠪᠤᠨ ᠬᠠᠮᠲᠤ᠎ᠶ᠋ᠢᠨ ᠲᠠᠨᠢᠯᠲᠠ》 ᠶ᠋ᠢ ᠰᠡᠳᠭᠢᠯ ᠵᠢᠷᠦᠬᠡᠨ᠎ᠳᠡᠭᠡᠨ ᠭᠦᠨ ᠬᠠᠳᠠᠩᠱᠢᠭᠤᠯᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
ᠬᠤᠷᠠᠯ᠎ᠠᠴᠠ᠂ ᠴᠥᠭᠡᠨ ᠲᠣᠭᠠᠲᠤ ᠦᠨᠳᠦᠰᠦᠲᠡᠨ᠎ᠤ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠠᠢᠲᠤᠷ ᠬᠡᠷᠡᠭ᠌ᠯᠡᠬᠦ᠌᠎ᠨᠢ ᠠᠵᠢᠯ ᠣᠯᠭᠤᠬᠤ᠂ ᠣᠲᠣ ᠦᠶ᠎ᠡ᠎ᠶ᠋ᠢᠨ ᠱᠢᠨᠵᠢᠯᠡᠬᠦ᠌ ᠤᠬᠠᠭᠠᠨ ᠰᠣᠶᠣᠯ᠎ᠤᠨ ᠮᠡᠳᠡᠯᠭᠡ᠎ᠶ᠋ᠢ ᠭᠥᠯᠢᠶᠡᠨ ᠠᠪᠬᠤ᠂ ᠨᠡᠢᠭᠡᠮ᠎ᠳᠤ ᠠᠭᠤᠰᠤᠯᠴᠠᠬᠤ᠎ᠳᠤ ᠴᠥᠮ ᠠᠱᠢᠭ᠍ᠲᠠᠶ ᠪᠥᠭᠡᠳ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠪᠥᠬᠦ᠌ ᠤᠯᠤᠰ᠎ᠯᠤᠭ᠎ᠠ ᠵᠡᠷᠭᠡ᠎ᠪᠠᠷ ᠣᠳᠣᠬᠢᠴᠢᠯᠠᠯᠳᠠ ᠵᠦᠭ ᠤᠷᠤᠭ᠍ᠰᠢᠯᠠᠬᠤ᠎ᠳᠤ ᠠᠱᠢᠭ᠍ᠲᠠᠶ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠠᠬᠢ ᠪᠤᠢ ᠪᠣᠯᠭᠠᠨ ᠭᠦᠨᠵᠡᠭᠡᠢ ᠦᠢᠯᠡᠳᠦᠯᠭᠡᠵᠢᠭᠦᠯᠵᠦ᠍᠂ ᠤᠯᠠᠨ ᠲᠦᠮᠡᠨ᠎ᠤ ᠠᠵᠢᠯ᠎ᠢ ᠰᠡᠳᠭᠢᠯ ᠲᠠᠯᠪᠢᠨ ᠬᠦᠴᠦ᠍ ᠣᠷᠣᠭᠤᠯᠤᠨ ᠰᠠᠢᠲᠤᠷ ᠬᠢᠵᠦ᠍᠂ ᠤᠯᠠᠨ ᠲᠦᠮᠡᠨ᠎ᠳᠤ ᠬᠠᠷᠢᠭᠤᠴᠠᠬᠤ᠂ ᠤᠯᠤᠰ ᠤᠷᠤᠨ᠎ᠳᠤ ᠬᠠᠷᠢᠭᠤᠴᠠᠬᠤ ᠳᠡᠭᠡᠳᠦ ᠬᠡᠮᠵᠢᠶᠡᠨ᠎ᠤ ᠬᠠᠷᠢᠭᠤᠴᠠᠯᠭᠠᠲᠤ ᠰᠡᠳᠭᠢᠯᠭᠡ᠎ᠪᠠᠷ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠡᠨᠡ ᠬᠦ᠌ ᠠᠯᠤᠰ ᠢᠷᠡᠭᠡᠳᠦᠢ᠎ᠳᠤ ᠠᠱᠢᠭ᠍ᠲᠠᠢ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠡᠷᠡᠰ ᠰᠠᠢᠲᠤᠷ ᠪᠡᠶᠡᠯᠡᠭᠦᠯᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ ᠨᠢᠭᠡᠴᠢ᠂ ᠬᠥᠬᠡᠬᠤᠲᠠ᠎ᠳᠤ ᠰᠠᠭᠤᠭ᠎ᠠ ᠬᠡᠰᠡᠭ ᠶᠡᠭᠡ ᠳᠡᠭᠡᠳᠦ ᠰᠤᠷᠭᠠᠭᠤᠯᠢ᠂ ᠬᠥᠬᠡᠬᠤᠲᠠ᠂ ᠪᠤᠭᠤᠲᠤ᠌᠂ ᠤᠯᠠᠭᠠᠨᠴᠠᠪ᠂ ᠣᠷᠳᠣᠰ ᠬᠤᠲᠠ ᠵᠢᠴᠢ ᠡᠯ᠎ᠡ ᠬᠤᠱᠢᠭᠤ ᠱᠢᠶᠠᠨ ᠬᠤᠲᠠ᠎ᠶ᠋ᠢᠨ ᠲᠣᠭᠤᠷᠢᠭ᠎ᠤᠨ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠭᠤᠤᠯ ᠬᠠᠷᠢᠭᠤᠴᠠᠯᠭᠠᠲᠠᠨ ᠨᠥᠬᠦᠳ ᠬᠤᠷᠠᠯ᠎ᠳᠤ ᠣᠷᠣᠯᠴᠠᠵᠠᠶ᠃