ᠤᠯᠤᠰ᠎ᠤᠨ ᠨᠢᠭᠡᠲᠦᠯᠲᠡᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠭᠦᠯᠦᠨ ᠬᠡᠷᠡᠭ᠌ᠯᠡᠬᠦ᠌ ᠪᠠᠷᠠᠭᠤᠨ ᠬᠡᠰᠡᠭ ᠤᠷᠤᠨ᠎ᠤ ᠲᠤᠰᠭᠠᠢ ᠰᠡᠲᠦᠪᠲᠦ ᠠᠬᠢᠭᠤᠯᠬᠤ ᠬᠤᠷᠠᠯ ᠬᠤᠷᠠᠯᠳᠤᠪᠠ
2021-08-21 10:26:45
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

ᠵᠧᠩ ᠬᠤᠩ ᠹᠠᠨ ᠶᠠᠷᠢᠶ᠎ᠠ ᠲᠠᠯᠪᠢᠵᠠᠢ

8 ᠰᠠᠷ᠎ᠠ᠎ᠶ᠋ᠢᠨ 18 ᠎ᠤ ᠦᠲᠡ᠎ᠶ᠋ᠢᠨ ᠬᠤᠢᠨ᠎ᠠ᠂ ᠤᠯᠤᠰ᠎ᠤᠨ ᠨᠢᠭᠡᠲᠦᠯᠲᠡᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠭᠦᠯᠦᠨ ᠬᠡᠷᠡᠭ᠌ᠯᠡᠬᠦ᠌ ᠪᠠᠷᠠᠭᠤᠨ ᠬᠡᠰᠡᠭ ᠤᠷᠤᠨ᠎ᠤ ᠲᠤᠰᠭᠠᠢ ᠰᠡᠲᠦᠪᠲᠦ ᠠᠬᠢᠭᠤᠯᠬᠤ ᠬᠤᠷᠠᠯ ᠦᠬᠠᠢ ᠬᠤᠲᠠ᠎ᠳᠤ ᠬᠤᠷᠠᠯᠳᠤᠪᠠ᠃

ᠦᠪᠡᠷᠲᠡᠭᠡᠨ ᠵᠠᠰᠭᠠᠤ ᠤᠷᠤᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠬᠡᠱᠢᠭᠦᠨ᠂ ᠤᠬᠠᠭᠤᠯᠬᠤ ᠬᠡᠯᠲᠡᠰ᠎ᠤᠨ ᠲᠠᠷᠤᠭ᠎ᠠ᠂ ᠦᠪᠡᠷᠲᠡᠭᠡᠨ ᠵᠠᠰᠭᠠᠤ ᠤᠷᠤᠨ᠎ᠤ ᠨᠠᠮ᠎ᠤᠨ ᠬᠤᠷᠢᠶᠠᠨ᠎ᠤ ᠰᠤᠷᠭᠠᠨ ᠬᠦᠮᠦᠵᠢᠯ᠎ᠤᠨ ᠠᠵᠢᠯ᠎ᠤᠨ ᠤᠲᠤᠷᠢᠳᠭᠤ ᠲᠤᠭᠤᠢᠢᠯᠠᠩ᠎ᠤᠨ ᠲᠡᠳ᠋ ᠲᠠᠷᠤᠭ᠎ᠠ ᠵᠧᠩ ᠬᠤᠩ ᠹᠠᠨ ᠬᠤᠷᠠᠯ᠎ᠳᠤ ᠤᠷᠤᠯᠴᠠᠵᠦ᠍ ᠶᠠᠷᠢᠶ᠎ᠠ ᠲᠠᠯᠪᠢᠪᠠ᠃

ᠵᠧᠩ ᠬᠤᠩ ᠹᠠᠨ᠂ ᠤᠯᠤᠰ᠎ᠤᠨ ᠨᠢᠭᠡᠲᠦᠯᠲᠡᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠭᠦᠯᠦᠨ ᠬᠡᠷᠡᠭ᠌ᠯᠡᠬᠦ᠌᠎ᠨᠢ ᠨᠠᠮ᠎ᠤᠨ ᠲᠦᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠮᠦᠨ᠂ ᠤᠳᠤᠷᠢᠳᠭᠤ ᠺᠠᠳ᠋ᠷ᠎ᠤᠨ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠦᠭ᠌ᠰᠡᠨ ᠡᠰᠡᠬᠦ᠌᠎ᠶ᠋ᠢ ᠱᠢᠯᠭᠠᠬᠤ ᠴᠢᠬᠤᠯᠠ ᠬᠡᠮᠵᠢᠭᠦᠷ ᠮᠦᠨ᠃ ᠡᠯ᠎ᠡ ᠱᠠᠲᠤᠨ᠎ᠤ ᠡᠯ᠎ᠡ ᠰᠠᠯᠠᠭ᠎ᠠ ᠮᠦᠴᠢᠷ᠎ᠤᠨ᠎ᠬᠢᠨ 《ᠤᠯᠤᠰ᠎ᠤᠨ ᠶᠡᠭᠡ ᠶᠠᠪᠤᠲᠠᠯ》 ᠎ᠢ ᠪᠠᠲᠦ ᠴᠡᠭᠡᠵᠢᠯᠡᠵᠦ᠍᠂ ᠤᠯᠤᠰ ᠲᠦᠷᠦ᠎ᠶ᠋ᠢᠨ ᠬᠠᠷᠢᠭᠤᠴᠠᠯᠭ᠎ᠠ᠎ᠶ᠋ᠢ ᠡᠷᠡᠰ ᠪᠠᠲᠤ ᠡᠭᠦᠷᠭᠡᠯᠡᠵᠦ᠍᠂ 《ᠤᠷᠳᠤ ᠬᠤᠭᠤᠴᠠᠭᠠᠨ᠎ᠤ ᠠᠷᠭ᠎ᠠ ᠪᠤᠳᠤᠯᠭ᠎ᠠ》 《ᠦᠨᠳᠦᠰᠦ᠎ᠶ᠋ᠢ ᠪᠠᠬᠢᠵᠢᠭᠦᠯᠬᠦ᠌ ᠠᠷᠭ᠎ᠠ ᠬᠡᠮᠵᠢᠶ᠎ᠡ》 ᠎ᠶ᠋ᠢᠨ ᠤᠯᠤᠰ ᠲᠦᠷᠦ᠎ᠶ᠋ᠢᠨ ᠦᠨᠲᠦᠷᠴᠡ᠎ᠠᠴᠠ᠂ ᠨᠠᠮᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠬᠦ᠌ ᠡᠯ᠎ᠡ ᠵᠦᠢᠯ᠎ᠤᠨ ᠪᠡᠯᠡᠳᠭᠡᠯ ᠠᠵᠢᠯ ᠪᠤᠯᠤᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ᠌ ᠠᠵᠢᠯ᠎ᠢ ᠯᠠᠪᠲᠠᠭᠤᠨ ᠪᠠᠲᠤᠲᠠᠢ ᠰᠠᠢᠲᠦᠷ ᠬᠢᠵᠦ᠍᠂ ᠪᠠᠭ᠍ᠰᠢ ᠠᠵᠢᠯᠲᠠᠨ᠎ᠤ ᠶᠡᠭᠡ ᠬᠤᠷᠠᠯ᠂ ᠬᠡᠷ᠎ᠤᠨ ᠠᠬᠠᠮᠠᠳ᠎ᠤᠨ ᠬᠤᠷᠠᠯ᠂ ᠠᠩᠬᠢ᠎ᠶ᠋ᠢᠨ ᠬᠤᠷᠠᠯ ᠪᠤᠯᠤᠨ ᠡᠯ᠎ᠡ ᠲᠦᠷᠦᠯ᠎ᠤᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠪᠠᠷ ᠲᠠᠮᠵᠢᠭᠤᠯᠤᠨ᠂ ᠲᠤᠮᠲᠠᠲᠤ᠎ᠶ᠋ᠢᠨ ᠦᠨᠳᠦᠰᠦᠲᠡᠨ᠎ᠤ ᠬᠠᠮᠲᠦ ᠴᠤᠬ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠬᠤ ᠬᠦᠮᠦᠵᠢᠯ᠎ᠢ ᠬᠦᠨᠵᠡᠭᠡᠢ ᠦᠷᠨᠢᠭᠦᠯᠵᠦ᠍᠂ ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠪᠠᠭ᠍ᠰᠢ᠎ᠶ᠋ᠢᠨ ᠡᠩᠨᠡᠭᠡ᠎ᠶ᠋ᠢ ᠪᠠᠲᠤᠯᠠᠵᠦ᠍᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠪᠦᠲᠦᠮᠵᠢᠲᠡᠢ ᠲᠡᠭᠡᠭ᠌ᠰᠢᠯᠡᠭᠦᠯᠵᠦ᠍᠂ ᠠᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠲᠡᠭᠡᠭ᠌ᠰᠢᠯᠡᠭᠦᠯᠵᠦ᠍᠂ ᠤᠯᠤᠰ᠎ᠤᠨ ᠨᠢᠭᠡᠲᠦᠯᠲᠡᠢ ᠨᠠᠢᠷᠠᠭᠤᠯᠤᠬ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠭᠦᠯᠬᠦ᠌ ᠡᠯ᠎ᠡ ᠵᠦᠢᠯ᠎ᠤᠨ ᠠᠵᠢᠯ᠎ᠢ ᠪᠦᠬᠦ᠌ ᠲᠠᠯ᠎ᠠ᠎ᠪᠠᠷ ᠰᠠᠢᠲᠦᠷ ᠬᠢᠬᠦ᠌ ᠬᠡᠷᠡᠭ᠌ᠲᠡᠢ ᠬᠡᠵᠦ᠍ ᠴᠢᠬᠤᠯᠠᠴᠢᠯᠠᠪᠠ᠃

ᠬᠤᠷᠠᠯ᠎ᠢ ᠸᠢᠳᠢᠣ᠋᠎ᠶ᠋ᠢᠨ ᠬᠡᠯᠪᠡᠷᠢ᠎ᠪᠠᠷ ᠬᠤᠱᠢᠭᠤ ᠱᠢᠶᠡᠨ (ᠬᠤᠲᠠ᠂ ᠲᠤᠭᠤᠷᠢᠭ)  ᠬᠦᠷᠳᠡᠯ᠎ᠡ ᠬᠤᠷᠠᠯᠳᠤᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号