《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠦᠭᠦᠳᠡ ᠬᠤᠷᠠᠯ᠎ᠨᠢ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠂ ᠠᠮᠢ ᠠᠬᠤᠶ ᠣᠷᠴᠢᠨ ᠲᠣᠭᠤᠷᠢᠨ᠎ᠤ ᠥᠨᠳᠥᠷ ᠲᠦᠪᠱᠢᠨ ᠪᠥᠬᠦᠶ ᠬᠠᠮᠠᠭᠠᠯᠠᠯᠲᠠ᠂ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠂ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠥᠨᠳᠥᠷ ᠪᠦᠲᠦᠮᠵᠢᠲᠡᠶ ᠵᠠᠰᠠᠯᠲᠠ᠎ᠶ᠋ᠢ ᠪᠡᠶᠡᠯᠡᠭᠦᠯᠬᠦ᠌᠎ᠪᠠᠷ 〈ᠳᠥᠷᠪᠡᠨ ᠬᠥᠳᠡᠯᠭᠡᠭᠦᠷ〉 ᠪᠣᠯᠭᠠᠬᠤ᠎ᠶ᠋ᠢ ᠪᠠᠷᠢᠮᠲᠠᠯᠠᠵᠤ᠂ ᠣᠳᠣᠬᠢᠴᠢᠯᠠᠭ᠍ᠰᠠᠨ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠴᠦ᠍᠂ ᠥᠨᠳᠥᠷ ᠪᠦᠲᠦᠮᠵᠢᠲᠡᠶ ᠵᠠᠰᠠᠯᠲᠠ᠎ᠶ᠋ᠢ ᠪᠡᠶᠡᠯᠡᠭᠦᠯᠬᠦ᠌ ᠢᠲᠡᠭᠡᠯ ᠵᠣᠷᠢᠭ᠎ᠢ ᠪᠠᠲᠤᠳᠭᠠᠵᠠᠢ》 ᠬᠡᠵᠦ᠍ ᠪᠠᠶᠠᠨᠨᠠᠭᠤᠷ ᠬᠤᠲᠠ᠎ᠶ᠋ᠢᠨ ᠦᠶᠤᠸᠠᠨ ᠱᠢᠶᠠᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠤᠨ ᠳᠡᠳ᠋ ᠳᠠᠷᠤᠭ᠎ᠠ ᠶᠠᠨ ᠸᠧᠶ ᠡᠦ ᠬᠡᠯᠡᠨ᠎ᠡ᠃
ᠤᠢᠷ᠎ᠠ᠎ᠶ᠋ᠢᠨ ᠵᠢᠯ᠎ᠠᠴᠠ ᠨᠠᠭᠠᠰᠢ᠂ ᠦᠶᠤᠸᠠᠨ ᠱᠢᠶᠠᠨ᠎ᠤ᠎ᠬᠢᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠎ᠤ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ᠌ ᠬᠥᠳᠡᠭᠡ ᠲᠣᠰᠭᠤᠨ᠎ᠤ ᠵᠠᠰᠠᠯᠲᠠ᠎ᠶ᠋ᠢᠨ ᠪᠠᠢᠷᠢᠱᠢᠯ᠎ᠢ ᠪᠦᠷᠢᠯᠳᠦᠭᠦᠯᠵᠡᠢ᠃ ᠡᠭᠦᠨ᠎ᠤ ᠵᠡᠷᠭᠡ᠎ᠪᠠᠷ᠂ ᠦᠶᠤᠸᠠᠨ ᠱᠢᠶᠠᠨ ᠲᠣᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢ ᠲᠡᠳᠬᠦᠬᠦ᠌ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ 《ᠴᠢᠰᠤ ᠪᠦᠲᠦᠭᠡᠬᠦ᠌》 ᠴᠢᠳᠠᠮᠵᠢ᠎ᠶ᠋ᠢ ᠴᠢᠩᠭᠠᠳᠭᠠᠵᠤ᠂ ᠲᠣᠰᠭᠤᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠤᠯᠠᠨ ᠲᠦᠮᠡᠨ᠎ᠳᠤ ᠦᠢᠯᠡᠴᠢᠯᠡᠬᠦ᠌ ᠴᠢᠳᠠᠪᠤᠷᠢ᠎ᠲᠠᠢ᠂ ᠡᠬᠢ ᠪᠠᠶᠠᠯᠢᠬ᠎ᠲᠠᠢ ᠪᠠᠢᠢᠬᠤ᠎ᠶ᠋ᠢ ᠦᠨᠡᠨ ᠬᠦ᠌ ᠪᠠᠲᠤᠯᠠᠪᠠ᠃
ᠶᠠᠨ ᠸᠧᠶ ᠡᠦ᠄ 《ᠥᠨᠳᠥᠷ ᠪᠦᠲᠦᠮᠵᠢᠲᠡᠶ ᠵᠠᠰᠠᠯᠲᠠ᠎ᠶ᠋ᠢ ᠭᠦᠨᠵᠡᠭᠡᠶ ᠨᠠᠷᠢᠯᠢᠭ ᠨᠠᠢᠳᠠᠪᠤᠷᠢᠵᠢᠭᠤᠯᠬᠤ᠎ᠳᠤ᠂ ᠡᠷᠬᠡᠪᠰᠢ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠲᠤᠤᠷᠵᠢᠬ᠍ᠰᠠᠨ ᠵᠠᠰᠠᠯᠲᠠ᠂ ᠨᠠᠮ ᠪᠠ ᠣᠯᠠᠨ ᠲᠦᠮᠡᠨ᠎ᠤ ᠬᠠᠷᠢᠯᠴᠠᠭ᠎ᠠ᠂ ᠳᠥᠭᠦᠮ ᠳᠥᠲᠡ ᠥᠨᠳᠥᠷ ᠪᠦᠲᠦᠮᠵᠢᠲᠡᠶ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠦ᠍ ᠬᠠᠮᠲᠤ᠎ᠪᠠᠷ ᠡᠳ᠋ᠯᠡᠬᠦ᠌ ᠣᠢᠯᠠᠭᠠᠭ᠍ᠳᠠᠬᠤᠨ᠎ᠢ ᠪᠠᠷᠢᠮᠳᠠᠯᠠᠵᠤ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠨᠡᠢᠭᠡᠮ᠎ᠠᠴᠠ ᠣᠷᠣᠯᠴᠠᠬᠤ ᠪᠠᠢᠡᠭ᠌ᠭᠤᠵᠢᠬ᠍ᠰᠠᠨ ᠲᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠪᠦᠷᠢᠨ ᠲᠡᠬᠦᠯᠳᠡᠷ ᠱᠢᠰᠲ᠋ᠧᠮ᠎ᠲᠠᠢ᠂ ᠱᠢᠨᠵᠢᠯᠡᠬᠦ᠌ ᠤᠬᠠᠭᠠᠨᠴᠢ ᠵᠢᠷᠤᠮᠵᠢᠯ᠎ᠲᠠᠢ᠂ ᠪᠦᠳᠦᠮᠵᠢᠳᠡᠢ ᠠᠵᠢᠯᠯᠠᠭᠠᠨ᠎ᠲᠠᠢ ᠦᠨᠳᠦᠰᠦᠨ ᠱᠠᠲᠤᠨ᠎ᠤ ᠵᠠᠰᠠᠯᠲᠠ᠎ᠶ᠋ᠢᠨ ᠳᠦᠷᠢᠮ᠎ᠤᠨ ᠱᠢᠰᠲ᠋ᠧᠮ᠎ᠢ ᠪᠠᠢᠢᠭᠤᠯᠵᠤ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ 〈ᠬᠢᠭ᠌ᠰᠡᠨ ᠡᠰᠡᠬᠦ᠌〉 ᠠᠴᠠ 〈ᠱᠢᠯᠢᠳᠡᠭ ᠡᠰᠡᠬᠦ᠌〉 ᠲᠡᠢᠰᠢ ᠲᠡᠰ ᠳᠡᠪᠱᠢᠭᠦᠯᠬᠦ᠌᠎ᠶ᠋ᠢ ᠬᠦᠳᠦᠯᠦᠨ ᠲᠠᠭᠠᠭᠤᠯᠬᠤ᠎ᠶ᠋ᠢ ᠠᠬᠢᠭᠤᠯᠬᠤ ᠬᠡᠷᠡᠭ᠌ᠲᠡᠢ》 ᠭᠡᠵᠦ᠍ ᠦᠵᠡᠳᠡᠭ᠃