ᠥᠨᠳᠥᠷ ᠪᠦᠲᠦᠮᠵᠢᠲᠠᠢ ᠵᠠᠰᠠᠯᠲᠠ᠎ᠶ᠋ᠢᠨ ᠬᠠᠤᠯᠢᠵᠢᠯ᠎ᠤᠨ ᠰᠠᠭᠤᠷᠢ᠎ᠶ᠋ᠢ ᠪᠠᠬᠢᠵᠢᠭᠦᠯᠦᠨ᠎ᠡ
2021-08-21 11:06:19
ᠵᠣᠬᠢᠶᠠᠭ᠍ᠴᠢ᠄
​ ᠠᠨ ᠬᠤᠸᠠ ᠬᠤᠢ
ᠣᠩᠱᠢᠭ᠍ᠰᠠᠨ ᠣᠳᠠᠭ᠎ᠠ᠄
★★★☆☆

《ᠬᠡᠷᠪᠡ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠠᠳᠭᠤᠬᠤ ᠦᠭᠡᠶ ᠪᠣᠯ ᠶᠠᠮᠠᠷ ᠰᠠᠢᠨ ᠴᠢᠭ᠌ᠯᠡᠯᠲᠡ᠂ ᠲᠥᠷᠥ᠎ᠶ᠋ᠢᠨ ᠪᠣᠳᠣᠯᠭ᠎ᠠ᠂ ᠠᠷᠭ᠎ᠠ ᠬᠡᠮᠵᠢᠶ᠎ᠡ ᠴᠦᠮ ᠬᠤᠭᠤᠰᠣᠨ ᠪᠣᠯᠤᠨ᠎ᠠ᠃ ᠭᠠᠭ᠍ᠴᠠ ᠬᠦ᠌ ᠥᠨᠳᠥᠷ ᠪᠦᠲᠦᠮᠵᠢᠲᠡᠶ ᠵᠠᠰᠠᠯᠲᠠ᠎ᠶ᠋ᠢᠨ ᠬᠠᠤᠯᠢᠵᠢᠯ᠎ᠤᠨ ᠰᠠᠭᠤᠷᠢ᠎ᠶ᠋ᠢ ᠪᠠᠬᠢᠵᠢᠭᠦᠯᠵᠦ᠍᠂ ᠡᠯ᠎ᠡ ᠵᠦᠶ᠋ᠯ᠎ᠤᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠪᠣᠳᠠᠲᠠᠶ ᠨᠠᠢᠳᠠᠪᠤᠷᠢᠵᠢᠭᠤᠯᠪᠠᠯ ᠰᠠᠶᠢ ᠠᠷᠠᠳ ᠣᠯᠠᠨ᠎ᠳᠤ ᠨᠠᠩ ᠣᠯᠠᠨ ᠬᠥᠭ᠌ᠵᠢᠯᠲᠡ᠎ᠶ᠋ᠢᠨ ᠠᠱᠢᠭ ᠬᠦᠷᠲᠡᠭᠡᠵᠦ᠍ ᠴᠢᠳᠠᠨ᠎ᠠ᠃》 ᠡᠢᠨ ᠬᠦ᠌ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠭ᠍ᠰᠠᠨ᠎ᠤ ᠳᠠᠷᠠᠭ᠎ᠠ᠂ ᠪᠤᠭᠤᠲᠤ ᠬᠤᠲᠠ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠵᠥᠪᠯᠡᠯ᠎ᠤᠨ ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ᠎ᠶ᠋ᠢᠨ ᠰᠠᠯᠠᠭ᠎ᠠ᠎ᠶ᠋ᠢᠨ ᠸᠠᠩ ᠱᠥ᠍ ᠮᠢᠨ ᠭᠦᠨ ᠰᠠᠭᠤᠭ᠍ᠳᠠᠯ᠎ᠲᠠᠢ ᠪᠣᠯᠵᠠᠶ᠃

ᠸᠠᠩ ᠱᠥ᠍ ᠮᠢᠨ᠄ 《ᠶᠡᠷᠦᠩᠬᠡᠶ ᠱᠦᠵᠢ ᠰᠢ᠎ᠶ᠋ᠢᠨ ᠫᠢᠩ᠎ᠤᠨ ᠱᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠤᠯᠤᠨ ᠲᠣᠰ ᠤᠳᠠᠭᠠᠨ᠎ᠤ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠤᠢᠯᠠᠭᠠᠨ ᠣᠨᠣᠪᠴᠢᠲᠠᠶ ᠡᠵᠡᠮᠱᠢᠵᠦ᠍᠂ ᠣᠨᠣᠯ᠎ᠤᠨ ᠬᠡᠪ ᠪᠣᠯᠪᠠᠰᠤᠷᠠᠯ᠂ ᠦᠶ᠋ᠯᠡᠳᠦᠯᠭᠡ᠎ᠶ᠋ᠢᠨ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ; ᠭᠤᠤᠯ ᠠᠵᠢᠯ᠎ᠤᠨ ᠲᠣᠭᠤᠷᠢᠨ᠎ᠳᠤ ᠶᠡᠭᠡ ᠲᠠᠯ᠎ᠠ᠎ᠳᠤ ᠦᠶ᠋ᠯᠡᠴᠢᠯᠡᠬᠦ᠌᠎ᠶ᠋ᠢ ᠪᠠᠷᠢᠮᠲᠠᠯᠠᠵᠤ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠡᠭᠦᠷᠭᠡ ᠴᠢᠳᠠᠪᠬᠢ᠎ᠶ᠋ᠢᠨ ᠦᠶ᠋ᠯᠡᠳᠦᠯ᠎ᠢᠶᠠᠨ ᠢᠳᠡᠪᠬᠢᠲᠡᠶ ᠪᠠᠳᠠᠷᠠᠭᠤᠯᠤᠨ᠂ ᠬᠤᠲᠠ᠎ᠶ᠋ᠢᠨ ᠬᠡᠪᠴᠢᠶᠡᠨ᠎ᠤ ᠨᠡᠢᠭᠡᠮ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠵᠤ᠂ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠳᠤ ᠬᠦᠴᠦᠨ ᠪᠦᠬᠦᠢ ᠤᠯᠤᠰ ᠲᠥᠷᠥ᠍ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠪᠠ ᠪᠠᠲᠤᠯᠠᠭ᠎ᠠ ᠬᠠᠩᠭᠠᠬᠤ ᠬᠡᠷᠡᠭ᠌ᠲᠡᠶ》 ᠬᠡᠵᠦ᠍ ᠦᠵᠡᠳᠡᠭ᠃

ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ ᠳᠡᠭᠡᠷ᠎ᠡ᠎ᠪᠠᠨ ᠨᠠᠩ ᠰᠠᠢᠲᠤᠷ ᠨᠠᠢᠳᠠᠪᠤᠷᠢᠵᠢᠭᠤᠯᠬᠤ᠎ᠶ᠋ᠢᠨ ᠲᠥᠯᠥᠭᠡ᠂ 8 ᠰᠠᠷ᠎ᠠ᠎ᠶ᠋ᠢᠨ 6 ᠎ᠤ ᠡᠳᠦᠷ᠂ ᠸᠠᠩ ᠱᠥ᠍ ᠮᠢᠨ ᠭᠦᠶᠡᠩ ᠱᠢᠶᠠᠨ᠎ᠤ᠎ᠶ᠋ᠢᠨ ᠱᠠᠨ ᠪᠠᠯᠭᠠᠰᠤᠨ᠎ᠤ ᠸᠠᠨ ᠱᠧᠩ ᠬᠤᠤ ᠲᠣᠰᠭᠤᠨ᠎ᠤ ᠨᠠᠮ᠎ᠤᠨ ᠬᠡᠱᠢᠬᠦᠨ ᠪᠠ ᠣᠯᠠᠨ ᠲᠦᠮᠡᠨ᠎ᠤ ᠦᠶ᠋ᠯᠡᠴᠢᠯᠡᠭᠡᠨ᠎ᠤ ᠲᠥᠪ᠎ᠲᠤ ᠬᠦᠷᠴᠦ᠍᠂ ᠨᠡᠢᠭᠡᠮ ᠲᠣᠭᠤᠷᠢᠭ᠎ᠤᠨ ᠲᠤᠤᠷᠵᠢᠭᠤᠯᠬᠤ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠨᠠᠷᠢᠨ ᠣᠢᠯᠠᠭᠠᠪᠠ᠃ ᠲᠡᠷᠡ᠂ ᠠᠵᠢᠯ᠎ᠢᠶᠠᠨ ᠪᠣᠳᠠᠲᠠᠢ ᠬᠢᠬᠦ᠌᠎ᠳᠤ ᠡᠷᠬᠡᠪᠰᠢ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠤᠯᠠᠨ ᠲᠦᠮᠡᠨ᠎ᠤ ᠬᠡᠷᠡᠭ᠌ᠴᠡᠭᠡ᠎ᠪᠠᠷ ᠤᠳᠤᠷᠢᠳᠤᠮᠵᠢ ᠪᠣᠯᠭᠠᠵᠤ᠂ ᠲᠡᠷᠢᠭᠦᠨ᠎ᠤ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠪᠦᠬᠦ᠌ ᠬᠦᠴᠦᠨ᠎ᠢᠶᠠᠷ᠎ᠢᠶᠠᠨ ᠪᠤᠢ ᠪᠣᠯᠭᠠᠬᠤ᠂ ᠵᠥᠷᠢᠴᠡᠯ ᠵᠢᠭᠤᠷᠠᠯᠳᠤᠭᠠᠨ᠎ᠢ ᠤᠯᠠᠨ ᠡᠱᠢᠴᠢᠯᠡᠨ ᠱᠢᠢᠳᠪᠦᠷᠢᠯᠡᠬᠦ᠌᠎ᠶ᠋ᠢ ᠭᠦᠨᠵᠡᠭᠡᠢ ᠠᠬᠢᠭᠤᠯᠬᠤ ᠵᠡᠷᠭᠡ ᠲᠠᠯ᠎ᠠ᠎ᠪᠠᠷ ᠤᠨᠢᠨ ᠳᠡᠭᠡᠷ᠎ᠡ᠎ᠨᠢ ᠬᠦᠴᠦᠯᠡᠬᠦ᠌ ᠬᠡᠷᠡᠭ᠌ᠲᠡᠢ ᠬᠡᠵᠦ᠍ ᠢᠯᠡᠷᠬᠡᠢᠯᠡᠨ᠎ᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号