ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ᠎ᠶ᠋ᠢᠨ 《ᠢᠵᠢᠯ ᠲᠥᠪᠲᠦ ᠲᠣᠭᠤᠷᠢᠭ》 ᠎ᠢ ᠰᠠᠢᠲᠤᠷ ᠵᠢᠷᠤᠭ᠍ᠯᠠᠨ᠎ᠠ
2021-08-21 11:06:29
ᠵᠣᠬᠢᠶᠠᠭ᠍ᠴᠢ᠄
​ ᠠᠨ ᠬᠤᠸᠠ ᠬᠤᠢ
ᠣᠩᠱᠢᠭ᠍ᠰᠠᠨ ᠣᠳᠠᠭ᠎ᠠ᠄
★★★☆☆

《ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠨᠡᠢᠭᠡᠮ᠎ᠤᠨ ᠵᠠᠰᠠᠯᠲᠠ᠎ᠶ᠋ᠢ ᠦᠨᠡᠨ ᠬᠦ᠌ ᠴᠢᠩᠭᠠᠳᠭᠠᠬᠤ ᠬᠡᠷᠡᠭ᠌ᠲᠡᠢ》 《ᠴᠢᠨᠠᠷ ᠰᠠᠢᠲᠠᠢ ᠬᠥᠭ᠌ᠵᠢᠯᠲᠡ᠎ᠪᠠᠷ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠲᠦᠯᠦᠪᠵᠢᠭᠦᠯᠭᠡ᠎ᠶ᠋ᠢ ᠰᠠᠢᠢᠲᠤᠷ ᠡᠬᠢᠯᠡᠬᠦᠯᠬᠦ᠌ ᠬᠡᠷᠡᠭ᠌ᠲᠡᠢ》 《ᠨᠠᠮ᠎ᠤᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌᠎ᠪᠠᠷ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠦᠨᠳᠦᠰᠦᠨ ᠱᠠᠲᠤᠨ᠎ᠤ ᠵᠠᠰᠠᠯᠲᠠ᠎ᠶ᠋ᠢ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠡᠷᠡᠭ᠌ᠲᠡᠢ》 ᠁ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠦᠬᠦᠳᠠ ᠬᠤᠷᠠᠯ᠎ᠠᠴᠠ ᠨᠡᠢᠭᠡᠮ᠎ᠤᠨ ᠵᠠᠰᠠᠯᠲᠠ᠎ᠶ᠋ᠢ ᠴᠢᠨᠠᠭ᠍ᠰᠢᠳᠠ ᠴᠢᠩᠭᠠᠳᠭᠠᠬᠤ ᠲᠤᠬᠠᠢ ᠱᠢᠨ᠎ᠡ ᠱᠠᠭᠠᠷᠳᠠᠯᠭ᠎ᠠ ᠳᠤᠷᠠᠳᠴᠠᠢ᠃ ᠬᠥᠬᠡᠬᠤᠲᠠ᠎ᠶ᠋ᠢᠨ ᠶᠡᠭᠡ ᠰᠤᠷᠭᠠᠭᠤᠯᠢ᠎ᠶ᠋ᠢᠨ ᠪᠠᠷᠠᠭᠤᠨ ᠵᠠᠮ᠎ᠤᠨ ᠵᠡᠭᠡᠯᠢ ᠭᠤᠳᠤᠮᠵᠢ᠎ᠶ᠋ᠢᠨ ᠴᠢᠶᠠᠨ᠎ᠶ᠋ᠢᠨ ᠱᠢᠶᠠᠩ ᠨᠡᠢᠭᠡᠮ ᠲᠣᠭᠤᠷᠢᠭ᠎ᠤᠨ ᠨᠠᠮ᠎ᠤᠨ ᠶᠡᠷᠦᠩᠬᠡᠢ ᠡᠭᠦᠷ᠎ᠤᠨ ᠱᠦᠵᠢ ᠱᠢᠶᠤᠤ ᠵᠢᠩ᠎ᠤᠨ ᠦᠵᠡᠬᠦ᠌᠎ᠪᠠᠷ᠂ ᠡᠳᠡᠭᠡᠷ ᠱᠠᠭᠠᠷᠳᠠᠯᠭ᠎ᠠ᠎ᠨᠢ ᠴᠥᠮ ᠠᠳᠠᠯᠢ ᠨᠢᠭᠡᠨ ᠬᠠᠷᠠᠯᠲᠠ ᠲᠡᠢᠰᠢ ᠴᠢᠭ᠌ᠯᠡᠪᠠ᠂ ᠳᠠᠷᠤᠢ ᠥᠨᠳᠥᠷ ᠪᠦᠲᠦᠮᠵᠢᠲᠡᠢ ᠵᠠᠰᠠᠯᠲᠠ ᠪᠤᠯᠤᠨ᠎ᠠ ᠬᠡᠪᠠ᠃

ᠨᠡᠢᠭᠡᠮ ᠲᠣᠭᠤᠷᠢᠭ᠎ᠤᠨ ᠥᠨᠳᠥᠷ ᠪᠦᠲᠦᠮᠵᠢᠲᠡᠶ ᠵᠠᠰᠠᠯᠲᠠ ᠪᠣᠯ ᠨᠡᠢᠭᠡᠮ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠴᠢᠬᠤᠯᠠ ᠠᠭᠤᠯᠭ᠎ᠠ ᠮᠥᠨ᠂ ᠨᠡᠢᠭᠡᠮ ᠲᠣᠭᠤᠷᠢᠭ ᠪᠣᠯ ᠬᠤᠲᠠ᠎ᠶ᠋ᠢᠨ ᠵᠠᠰᠠᠯᠲᠠ᠎ᠶ᠋ᠢᠨ ᠦᠨᠳᠦᠰᠦᠨ ᠨᠢᠭᠡᠴᠢ ᠪᠤᠯᠤᠨ᠎ᠠ᠃ ᠱᠢᠶᠤᠤ ᠵᠢᠩ᠂ ᠣᠢᠷ᠎ᠠ᠎ᠶ᠋ᠢᠨ ᠵᠢᠯ᠎ᠤᠳ᠎ᠲᠤ᠌᠂ ᠶᠡᠭᠡ ᠰᠤᠷᠭᠠᠭᠤᠯᠢ᠎ᠶ᠋ᠢᠨ ᠪᠠᠷᠠᠭᠤᠨ ᠵᠠᠮ᠎ᠤᠨ ᠵᠡᠭᠡᠯᠢ ᠭᠤᠳᠤᠮᠵᠢ᠎ᠶ᠋ᠢᠨ ᠴᠢᠶᠠᠨ᠎ᠶ᠋ᠢᠨ ᠱᠢᠶᠠᠩ ᠨᠡᠢᠭᠡᠮ ᠲᠣᠭᠤᠷᠢᠭ᠎ᠨᠢ ᠨᠠᠮ᠎ᠤᠨ ᠪᠠᠢᠭᠤᠯᠤᠯᠲᠠ᠎ᠪᠠᠷ ᠳᠠᠮᠵᠢᠨ ᠲᠤᠤᠷᠵᠢᠭ᠍ᠰᠠᠨ ᠵᠠᠰᠠᠯᠲᠠ᠎ᠶ᠋ᠢ ᠬᠥᠲᠥᠯᠥᠨ ᠳᠠᠭᠠᠭᠤᠯᠵᠤ᠂ ᠨᠡᠢᠭᠡᠮ ᠲᠣᠭᠤᠷᠢᠭ᠎ᠤᠨ ᠰᠠᠭᠤᠭᠠᠯᠢ ᠠᠷᠠᠳ ᠢᠳᠡᠪᠬᠢᠲᠡᠶ᠎ᠪᠠᠷ ᠬᠠᠮᠵᠢᠯᠴᠠᠨ ᠣᠷᠣᠯᠴᠠᠭ᠍ᠰᠠᠨ ᠨᠡᠢᠭᠡᠮ ᠲᠣᠭᠤᠷᠢᠭ᠎ᠤᠨ ᠲᠤᠤᠷᠵᠢᠭ᠍ᠰᠠᠨ ᠬᠠᠮᠢᠶᠠᠷᠤᠯᠲᠠ᠎ᠶ᠋ᠢᠨ ᠵᠠᠭ᠍ᠪᠤᠷ᠎ᠢ ᠠᠩᠬ᠎ᠠ ᠠᠯᠬᠤᠮ ᠪᠠᠢᠭᠤᠯᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠬᠠᠨᠤᠮᠵᠢ᠎ᠶ᠋ᠢᠨ ᠲᠥᠷᠥᠭ᠌ᠳᠡᠯ ᠪᠠ ᠵᠣᠯ ᠵᠢᠷᠭᠠᠯᠲᠤ ᠲᠥᠷᠥᠭ᠌ᠳᠡᠯ᠎ᠢ ᠲᠦᠢᠯ᠎ᠤᠨ ᠶᠡᠭᠡ᠎ᠪᠠᠷ ᠳᠡᠭᠡᠭ᠌ᠰᠢᠯᠡᠭᠦᠯᠪᠡ ᠭᠡᠵᠡᠶ᠃

《ᠬᠠᠷᠠᠯᠲᠠ ᠪᠠ ᠰᠡᠳᠭᠢᠴᠡ ᠲᠣᠳᠣᠷᠬᠠᠶ ᠪᠣᠯᠤᠭ᠍ᠰᠠᠨ᠎ᠤ ᠳᠠᠷᠠᠭ᠎ᠠ᠂ ᠠᠵᠢᠯᠯᠠᠭ᠎ᠠ ᠪᠣᠯ ᠵᠠᠩᠭᠢᠯᠠᠭ᠎ᠠ ᠪᠣᠯᠤᠨ᠎ᠠ᠃》 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠪᠣᠯᠤᠭ᠍ᠰᠠᠨ᠎ᠤ ᠬᠤᠪᠢ᠎ᠳᠤ᠂ ᠱᠢᠶᠤᠤ ᠵᠢᠩ᠂ ᠲᠠᠷᠠᠭᠠᠴᠢ᠎ᠶ᠋ᠢᠨ ᠠᠯᠬᠤᠮ᠎ᠳᠤ ᠨᠡᠢᠭᠡᠮ ᠲᠣᠭᠤᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠢ ᠨᠢᠭ᠍ᠲᠠ ᠤᠶᠠᠯᠳᠤᠭᠤᠯᠵᠦ᠍᠂ 《ᠨᠠᠮ᠎ᠤᠨ ᠪᠠᠢᠭᠤᠯᠤᠯᠲᠠ᠎ᠶ᠋ᠢᠨ ᠬᠤᠯᠪᠣᠭᠠᠲᠤ ᠴᠣᠭ᠍ᠴᠠ + ᠣᠯᠠᠨ ᠡᠱᠢᠲᠦ ᠵᠠᠰᠠᠯᠲᠠ᠎ᠶ᠋ᠢᠨ ᠨᠢᠭᠡᠴᠢ + ᠦᠨᠳᠦᠰᠦᠨ ᠱᠠᠲᠤᠨ᠎ᠤ ᠲᠤᠤᠷᠵᠢᠯ》 ᠎ᠤᠨ ᠨᠠᠮ᠎ᠤᠨ ᠪᠠᠢᠭᠤᠯᠤᠯᠲᠠ᠎ᠶ᠋ᠢ ᠲᠦᠷᠭᠡᠳᠭᠡᠬᠦ᠌᠎ᠪᠠᠷ ᠳᠠᠮᠵᠢᠭᠤᠯᠤᠨ ᠣᠯᠠᠨ ᠡᠱᠢᠲᠦ ᠵᠠᠰᠠᠯᠲᠠ᠎ᠶ᠋ᠢᠨ ᠬᠠᠮᠲᠤ ᠴᠣᠭ᠍ᠴᠠ᠎ᠶ᠋ᠢ ᠬᠥᠲᠥᠯᠥᠨ ᠳᠠᠭᠠᠭᠤᠯᠵᠦ᠍᠂ ᠦᠨᠳᠦᠰᠦᠨ ᠱᠠᠲᠤᠨ᠎ᠤ ᠨᠡᠢᠭᠡᠮ ᠲᠣᠭᠤᠷᠢᠭ᠎ᠤᠨ ᠣᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠬᠢᠨᠠᠮᠠᠭᠠᠶ ᠰᠣᠨᠣᠰᠴᠤ᠌᠂ ᠨᠡᠢᠭᠡᠮ᠎ᠤᠨ ᠡᠯ᠎ᠡ ᠲᠠᠯ᠎ᠠ᠎ᠶ᠋ᠢᠨ ᠬᠦᠴᠦᠨ᠎ᠢ ᠳᠠᠢᠴᠢᠯᠠᠨ ᠠᠷᠠᠳ ᠣᠯᠠᠨ᠎ᠤ ᠰᠡᠳᠭᠢᠯ ᠲᠠᠯᠪᠢᠵᠤ ᠪᠠᠢᠭ᠎ᠠ ᠳᠣᠪᠤᠢᠮ᠎ᠠ ᠠᠰᠠᠭᠤᠳᠠᠯ᠎ᠢ ᠱᠢᠶ᠋ᠳᠪᠦᠷᠢᠯᠡᠠ᠂ ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ᠎ᠶ᠋ᠢᠨ 《ᠢᠵᠢᠯ ᠲᠥᠪᠲᠦ ᠲᠣᠭᠤᠷᠢᠭ》 ᠎ᠢ ᠰᠠᠢᠲᠤᠷ ᠵᠢᠷᠤᠭ᠍ᠯᠠᠨ᠎ᠠ ᠬᠡᠵᠦ᠍ ᠢᠯᠡᠷᠬᠡᠢᠯᠡᠨ᠎ᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号