《ᠮᠢᠨᠦ᠋ᠲ ᠪᠦᠷᠢ 2 ᠲᠡᠷᠭᠡ ᠠᠳᠡ᠎ᠠᠴᠠ ᠥᠩᠭᠡᠷᠡᠨ᠎ᠡ》 ᠬᠡᠵᠤ ᠥᠪᠥᠷ ᠮᠣᠩᠭᠤᠯ᠎ᠤᠨ ᠬᠢᠯᠢ᠎ᠪᠠᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠯᠲᠠ᠎ᠶ᠋ᠢᠨ ᠶᠡᠷᠦᠩᠬᠡᠢ ᠦᠷᠲᠡᠭᠡ᠎ᠶ᠋ᠢᠨ ᠭᠡᠷᠡᠯᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠡᠳ᠋ ᠳᠠᠷᠤᠭ᠎ᠠ ᠪᠤᠶᠠᠨ ᠲᠠᠨᠢᠯᠴᠠᠭᠤᠯᠤᠨ᠎ᠠ᠃ ᠤᠢᠷ᠎ᠠ᠎ᠶ᠋ᠢᠨ ᠡᠳᠦᠷ᠎ᠤᠳ᠎ᠲᠤ ᠭᠡᠷᠡᠯᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠴᠠᠭ᠍ᠳᠠᠭ᠎ᠠ ᠨᠠᠷ 24 ᠴᠠᠭ᠎ᠢᠶᠠᠷ ᠠᠵᠢᠯ᠎ᠤᠨ ᠪᠠᠢᠷᠢ᠎ᠪᠠᠨ ᠰᠠᠬᠢᠵᠦ᠍ ᠡᠭᠦᠷᠭᠡ ᠬᠠᠷᠢᠭᠤᠴᠠᠯᠭ᠎ᠠ᠎ᠪᠠᠨ ᠬᠦᠢᠴᠡᠳᠭᠡᠨ᠎ᠡ᠃ ᠡᠷᠢᠶᠡᠨ ᠬᠤᠳᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠴᠠᠭᠠᠯᠲᠠ᠎ᠶ᠋ᠢᠨ ᠬᠤᠷᠢᠭᠠᠳᠤ᠂ 《ᠪᠦᠷᠭᠦᠳ ᠴᠠᠭ᠍ᠳᠠᠨ ᠪᠠᠢᠴᠠᠭᠠᠬᠤ》 ᠵᠢᠯᠣᠭᠤᠴᠢ ᠦᠬᠡᠢ ᠨᠢᠰᠭᠡᠯ᠎ᠤᠨ ᠴᠠᠭ᠍ᠳᠠᠭ᠎ᠠ᠎ᠶ᠋ᠢᠨ ᠠᠩᠬᠢ᠎ᠶ᠋ᠢᠨ ᠭᠡᠱᠢᠭᠦᠳ ᠵᠢᠯᠣᠭᠤᠴᠢ ᠦᠬᠡᠢ ᠨᠢᠰᠭᠡᠯ ᠳᠡᠭᠡᠷ᠎ᠡ ᠳᠠᠭᠤᠳᠠᠭᠤᠷ ᠤᠭ᠍ᠰᠠᠷᠠᠵᠤ᠂ ᠠᠶᠠᠯᠠᠯ᠎ᠤᠨ ᠺᠣᠳ᠋᠎ᠢᠶᠠᠨ ᠡᠯᠭᠦᠵᠦ᠍᠂ ᠠᠭᠠᠷ ᠠᠯᠤᠰᠯᠠᠨ ᠦᠭᠡ ᠬᠠᠰᠭᠢᠷᠬᠤ᠂ ᠱᠢᠯᠵᠢᠮᠡᠯ ᠬᠦᠷᠭᠡᠯᠲᠡ᠎ᠪᠠᠷ ᠳᠠᠮᠵᠢᠨ ᠤᠯᠠᠨ ᠲᠦᠮᠡᠨ᠎ᠢ ᠤᠢᠷᠠᠳᠤᠭᠤᠯᠬᠤ ᠦᠬᠡᠢ᠎ᠪᠠᠷ ᠺᠣᠳ᠋ ᠱᠢᠷᠪᠢᠵᠦ᠍ ᠪᠣᠭᠤᠮᠲᠠ᠎ᠪᠠᠷ ᠥᠩᠭᠡᠷᠡᠭᠦᠯᠬᠦ᠌ ᠪᠣᠯᠭᠠᠪᠠ᠃
ᠪᠤᠶᠠᠨ᠄ 《ᠦᠨᠳᠦᠰᠦᠨ ᠱᠠᠲᠤᠨ᠎ᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠳᠤ ᠠᠪᠴᠤ᠌ ᠬᠡᠯᠡᠪᠡᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠷᠭ᠎ᠠ ᠪᠠᠷᠢᠯ᠎ᠢ ᠲᠠᠰᠤᠷᠠᠯᠲᠠ ᠥᠬᠡᠶ ᠴᠢᠩᠭᠠᠳᠭᠠᠨ ᠠᠱᠢᠬ᠍ᠯᠠᠵᠦ᠍᠂ ᠬᠢᠯᠢ᠎ᠶ᠋ᠢᠨ ᠬᠠᠮᠢᠶᠠᠷᠤᠯᠲᠠ ᠡᠵᠡᠮᠳᠡᠯ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠤ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠤᠨ᠂ ᠬᠠᠮᠢᠶᠠᠷᠤᠨ ᠡᠵᠡᠮᠳᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ》 ᠭᠡᠵᠦ᠍ ᠦᠵᠡᠳᠡᠭ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠣᠯ ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠤᠨ ᠴᠢᠬᠤᠯᠠ ᠪᠦᠷᠢᠯᠳᠦᠬᠦᠨ ᠮᠥᠨ᠃ ᠪᠤᠶᠠᠨ᠂ ᠲᠠᠷᠠᠭᠠᠴᠢ᠎ᠶ᠋ᠢᠨ ᠠᠵᠢᠯ᠎ᠳᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠲᠣᠮᠣ ᠳ᠋ᠠᠢᠲ᠋ᠠ ᠪᠣᠯᠤᠨ ᠨᠡᠢᠭᠡᠮ᠎ᠤᠨ ᠵᠠᠰᠠᠯᠲᠠ᠎ᠶ᠋ᠢᠨ ᠭᠦᠨᠵᠡᠭᠡᠶ ᠠᠭᠤᠰᠤᠯᠴᠠᠯ᠎ᠢ ᠬᠦᠴᠦᠯᠡᠨ ᠠᠬᠢᠭᠤᠯᠵᠤ᠂ ᠬᠢᠯᠢ ᠬᠢᠵᠠᠭᠠᠷ ᠣᠷᠣᠨ᠎ᠤ ᠠᠮᠤᠷ᠎ᠢ ᠬᠠᠮᠠᠭᠠᠯᠠᠬᠤ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠠᠰᠤᠷᠠᠯᠲᠠ ᠥᠬᠡᠶ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠨᠠᠩ ᠥᠨᠳᠥᠷ ᠲᠦᠪᠱᠢᠨ ᠪᠥᠬᠦᠶ ᠠᠮᠤᠷ ᠠᠮᠤᠭᠤᠯᠠᠩ ᠥᠪᠥᠷ ᠮᠣᠩᠭᠤᠯ᠎ᠢ ᠪᠥᠲᠥᠭᠡᠨ ᠪᠠᠢᠭᠤᠯᠬᠤ᠎ᠳᠤ ᠱᠢᠨ᠎ᠡ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ᠍ ᠢᠯᠡᠷᠭᠡᠢᠯᠡᠨᠡ᠃