ᠶᠡᠷᠦᠩᠬᠡᠶ ᠱᠦᠵᠢ ᠰᠢ᠎ᠶ᠋ᠢᠨ ᠫᠢᠩ 2020 ᠣᠨ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ 《ᠥᠨᠳᠥᠷ ᠪᠦᠲᠦᠮᠵᠢᠲᠡᠶ ᠵᠠᠰᠠᠯᠲᠠ》 ᠶ᠋ᠢᠨ ᠤᠢᠯᠠᠭᠠᠬ᠍ᠳᠠᠬᠤᠨᠢ ᠳᠤᠷᠠᠳᠴᠤ᠌᠂ 《ᠴᠢᠨᠠᠷ ᠰᠠᠢᠲᠠᠶ ᠬᠥᠭ᠌ᠵᠢᠯᠲᠡ᠂ ᠥᠨᠳᠥᠷ ᠪᠦᠲᠦᠮᠵᠢᠲᠡᠶ ᠵᠠᠰᠠᠯᠲᠠ᠎ᠶ᠋ᠢ ᠬᠥᠲᠥᠯᠥᠨ ᠳᠠᠭᠠᠭᠤᠯᠬᠤ ᠴᠢᠨᠠᠷᠲᠠᠶ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ᠎ᠶ᠋ᠢ ᠬᠠᠨᠳᠤᠯᠭᠠᠲᠤ ᠴᠢᠨᠠᠷᠲᠠᠶ᠎ᠪᠠᠷ ᠪᠠᠢᠷᠢᠯᠠᠭᠤᠯᠬᠤ ᠬᠡᠷᠡᠭ᠌ᠲᠡᠢ》 ᠬᠡᠵᠦ᠍ ᠴᠢᠬᠤᠯᠠᠴᠢᠯᠠᠵᠦ᠍᠂ ᠥᠪᠥᠷ ᠮᠣᠩᠭᠤᠯ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠦᠯᠦᠪᠵᠢᠭᠦᠯᠭᠡ ᠴᠢᠨᠠᠭ᠍ᠰᠢᠯᠠᠪᠠᠯ ᠬᠤᠢᠱᠢᠳᠠ᠎ᠶ᠋ᠢᠨ ᠨᠠᠩ ᠣᠷᠳᠣ ᠬᠤᠭᠤᠴᠠᠭᠠᠨ᠎ᠤ ᠠᠵᠢᠯ᠎ᠳᠤ ᠱᠢᠨ᠎ᠡ ᠱᠠᠭᠠᠷᠳᠠᠯᠭ᠎ᠠ ᠪᠠ ᠱᠢᠨ᠎ᠡ ᠬᠦᠰᠡᠯ ᠡᠷᠡᠮᠡᠯᠵᠡᠯ ᠳᠤᠷᠠᠳᠪᠠ᠃
ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠤᠨ ᠨᠠᠢᠳᠠᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠳᠤ ᠲᠤᠭ ᠲᠡᠮᠳᠡᠭ ᠲᠣᠳᠣᠷᠬᠠᠶ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯ ᠰᠡᠳᠦᠪ᠎ᠢ ᠪᠣᠶ ᠪᠣᠯᠭᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠰᠦᠪᠡᠭ᠌ᠴᠢᠯᠡᠨ ᠵᠠᠮᠨᠠᠪᠠ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠳᠥᠷᠪᠡᠳᠦᠭᠡᠷ ᠪᠥᠬᠦᠳᠡ ᠬᠤᠷᠠᠯ᠎ᠠᠴᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠨᠡᠢᠭᠡᠮ᠎ᠤᠨ ᠵᠠᠰᠠᠯᠲᠠ᠎ᠶ᠋ᠢ ᠦᠨᠡᠨ ᠬᠦ᠌ ᠴᠢᠩᠭᠠᠳᠭᠠᠬᠤ ᠬᠡᠷᠡᠭ᠌ᠲᠡᠶ ᠭᠡᠵᠦ᠍ ᠲᠣᠳᠣᠷᠬᠠᠶ ᠳᠤᠷᠠᠳᠤᠭ᠍ᠰᠠᠨ᠎ᠨᠢ ᠴᠥᠮ ᠥᠨᠳᠥᠷ ᠪᠦᠲᠦᠮᠵᠢᠲᠡᠶ ᠵᠠᠰᠠᠯᠲᠠ᠎ᠶ᠋ᠢᠨ ᠣᠢᠯᠠᠭᠠᠭ᠍ᠳᠠᠬᠤᠨ᠎ᠢ ᠭᠦᠶ᠋ᠴᠡᠳ ᠢᠯᠡᠷᠡᠭᠦᠯᠵᠡᠶ᠃
ᠥᠨᠳᠥᠷ ᠪᠦᠲᠦᠮᠵᠢᠲᠡᠶ ᠵᠠᠰᠠᠯᠲᠠ᠎ᠶ᠋ᠢᠨ ᠣᠢᠯᠠᠭᠠᠭ᠍ᠳᠠᠬᠤᠨ᠎ᠢ ᠵᠥᠪ ᠡᠵᠡᠮᠱᠢᠬᠦ᠌ ᠬᠡᠷᠡᠭ᠌ᠲᠡᠶ
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠠᠴᠠ ᠰᠠᠭᠤᠷᠢ᠎ᠪᠠᠨ ᠪᠠᠬᠢᠵᠢᠭᠦᠯᠬᠦ᠂ ᠳᠠᠪᠠᠭᠤᠯᠢᠭ᠎ᠢᠶᠠᠨ ᠪᠠᠳᠠᠷᠠᠭᠤᠯᠬᠤ᠂ ᠳᠤᠲᠠᠭᠤᠳᠠᠯ᠎ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠬᠦ᠌᠎ᠪᠠᠷ ᠬᠦᠴᠦᠯᠡᠨ ᠴᠢᠷᠮᠠᠢᠵᠤ᠂ ᠱᠢᠰᠲ᠋ᠧᠮ᠎ᠨᠢ ᠪᠦᠷᠢᠨ ᠲᠡᠭᠦᠯᠳᠡᠷ᠂ ᠱᠢᠨᠵᠢᠯᠡᠬᠦ᠌ ᠤᠬᠠᠭᠠᠨᠴᠢ ᠵᠢᠷᠤᠮᠵᠢᠯ᠎ᠲᠠᠢ᠂ ᠠᠵᠢᠯᠯᠠᠭᠠᠨ᠎ᠨᠢ ᠪᠦᠲᠦᠮᠵᠢᠲᠡᠶ ᠪᠠᠢᠬᠤ ᠲᠦᠷᠢᠮ᠎ᠤᠨ ᠱᠢᠰᠲ᠋ᠧᠮ᠎ᠢ ᠪᠠᠢᠭᠤᠯᠵᠤ᠂ ᠮᠠᠨ᠎ᠤ ᠤᠯᠤᠰ᠎ᠤᠨ ᠪᠠᠢᠭᠤᠯᠤᠯ᠎ᠤᠨ ᠳᠠᠪᠠᠭᠤᠯᠢᠭ᠎ᠢ ᠤᠯᠤᠰ᠎ᠤᠨ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠨᠠᠩ ᠰᠠᠢᠲᠤᠷ ᠬᠤᠪᠢᠷᠠᠭᠤᠯᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠠᠴᠠ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠶ᠋ᠢ ᠪᠠᠲᠤᠯᠠᠪᠠ᠃ 《ᠤᠯᠤᠰ᠎ᠤᠨ ᠵᠠᠰᠠᠯᠲᠠ᠎ᠶ᠋ᠢᠨ ᠦᠷ᠎ᠡ ᠪᠦᠲᠦᠮᠵᠢ ᠱᠢᠨ᠎ᠡ ᠳᠡᠭᠡᠭ᠌ᠰᠢᠯᠡᠯᠲᠡ᠎ᠲᠠᠢ ᠪᠣᠯᠬᠤ》 ᠶ᠋ᠢ ᠬᠤᠢᠱᠢᠳᠠ᠎ᠶ᠋ᠢᠨ ᠲᠠᠪᠤᠨ ᠵᠢᠯ᠎ᠤᠨ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠬᠠᠷᠠᠯᠲᠠ᠎ᠶ᠋ᠢᠨ ᠨᠢᠭᠡ ᠪᠣᠯᠭᠠᠬ᠍ᠰᠠᠨ᠎ᠨᠢ ᠥᠨᠳᠥᠷ ᠪᠦᠲᠦᠮᠵᠢᠲᠡᠶ ᠵᠠᠰᠠᠯᠲᠠ ᠱᠢᠨ᠎ᠡ ᠴᠠᠭ ᠦᠶ᠎ᠡ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠪᠣᠳᠠᠲᠤ ᠪᠠᠢᠳᠠᠯ᠎ᠳᠤ ᠰᠠᠭᠤᠷᠢᠯᠠᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠪᠣᠳᠣᠯᠬᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠳᠡᠭᠡᠳᠦ ᠬᠡᠮᠵᠢᠶᠡᠨ᠎ᠤ ᠳᠠᠪᠲᠠᠯᠲᠠ ᠬᠢᠭ᠌ᠰᠡᠨ᠎ᠢ ᠢᠯᠡᠷᠡᠭᠦᠯᠵᠦ᠍᠂ ᠠᠰᠠᠭᠤᠳᠠᠯ᠎ᠤᠨ ᠤᠳᠤᠷᠢᠳᠤᠮᠵᠢ᠂ ᠬᠠᠷᠠᠯᠲᠠ᠎ᠶ᠋ᠢᠨ ᠤᠳᠤᠷᠢᠳᠤᠮᠵᠢ᠂ ᠦᠷ᠎ᠡ ᠳ᠋ᠦᠩ᠎ᠤᠨ ᠤᠳᠤᠷᠢᠳᠤᠮᠵᠢ᠎ᠶ᠋ᠢᠨ ᠳᠡᠭᠡᠳᠦ ᠬᠡᠮᠵᠢᠶᠡᠨ᠎ᠤ ᠨᠢᠭᠡᠳᠦᠯ᠎ᠢ ᠢᠯᠡᠷᠡᠭᠦᠯᠪᠡ᠃
ᠥᠨᠳᠥᠷ ᠪᠦᠲᠦᠮᠵᠢᠲᠡᠶ ᠵᠠᠰᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ ᠬᠠᠷᠢᠯᠴᠠᠨ ᠨᠥᠬᠦᠴᠡᠯᠳᠦᠵᠦ᠍ ᠪᠠᠢᠳᠠᠭ᠃ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠯ ᠮᠠᠨ᠎ᠤ ᠤᠯᠤᠰ᠎ᠤᠨ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠬᠥᠭ᠌ᠵᠢᠯᠲᠡ᠎ᠶ᠋ᠢᠨ ᠰᠡᠳᠭᠢᠴᠡ᠎ᠶ᠋ᠢ ᠲᠣᠭ᠍ᠲᠠᠭᠠᠬᠤ᠂ ᠠᠵᠤ ᠠᠬᠤᠢ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠲᠣᠭ᠍ᠲᠠᠭᠠᠬᠤ᠂ ᠬᠤᠷᠸ᠎ᠠ ᠲᠤᠬᠢᠷᠠᠭᠤᠯᠭ᠎ᠠ ᠡᠵᠡᠮᠱᠢᠯ᠎ᠢ ᠬᠡᠷᠡᠭ᠌ᠵᠢᠭᠦᠯᠬᠦ᠌ ᠦᠨᠳᠦᠰᠦᠨ ᠱᠠᠭᠠᠷᠳᠠᠯᠭ᠎ᠠ ᠪᠣᠯᠤᠨ᠎ᠠ᠃ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠥᠨᠳᠥᠷ ᠪᠦᠲᠦᠮᠵᠢᠲᠡᠢ ᠵᠠᠰᠠᠯᠲᠠ᠎ᠪᠠᠷ ᠰᠠᠭᠤᠷᠢ ᠪᠣᠯᠭᠠᠵᠤ᠂ ᠵᠠᠰᠠᠯᠲᠠ᠎ᠶ᠋ᠢᠨ ᠪᠦᠳᠤᠮᠵᠢᠳᠤ ᠴᠢᠨᠠᠷ᠎ᠢ ᠴᠢᠬᠤᠯᠠᠴᠢᠯᠠᠵᠤ᠂ ᠭᠠᠷᠤᠯᠲᠠ ᠪᠣᠯᠤᠨ ᠦᠷ᠎ᠡ ᠪᠦᠲᠦᠮᠵᠢ᠎ᠶ᠋ᠢᠨ ᠬᠤᠭᠤᠷᠣᠨᠳᠣᠬᠢ ᠠᠭᠤᠰᠤᠯᠴᠠᠯ᠎ᠤᠨ ᠬᠡᠮᠵᠢᠶ᠎ᠡ᠎ᠶ᠋ᠢ ᠨᠡᠮᠡᠭ᠌ᠳᠡᠭᠦᠯᠵᠦ᠍᠂ ᠪᠦᠬᠦ᠌ ᠡᠯᠧᠮᠧᠨ᠋ᠲ᠎ᠤᠨ ᠦᠢᠯᠡᠳᠪᠦᠷᠢᠯᠡᠯ᠎ᠤᠨ ᠨᠤᠷᠮ᠎ᠠ᠎ᠶ᠋ᠢ ᠳᠡᠭᠡᠭ᠌ᠰᠢᠯᠡᠭᠦᠯᠵᠦ᠍᠂ ᠠᠷᠠᠳ ᠲᠦᠮᠡᠨ᠎ᠤ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠬᠡᠷᠡᠭ᠌ᠲᠡᠢ᠃ ᠥᠨᠳᠥᠷ ᠪᠦᠲᠦᠮᠵᠢᠲᠡᠶ ᠵᠠᠰᠠᠯᠲᠠ᠎ᠶ᠋ᠢ ᠪᠡᠶᠡᠯᠡᠭᠦᠯᠬᠦ᠌᠎ᠳᠤ ᠪᠠᠰᠠ ᠴᠢᠨᠠᠷ ᠰᠠᠢᠲᠠᠶ ᠬᠥᠭ᠌ᠵᠢᠯᠲᠡ᠎ᠪᠠᠷ ᠤᠷᠢᠲᠠᠯ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠪᠠᠷ ᠳᠠᠮᠵᠢᠭᠤᠯᠤᠨ ᠥᠨᠳᠥᠷ ᠪᠦᠲᠦᠮᠵᠢᠲᠡᠶ ᠵᠠᠰᠠᠯᠲᠠ᠎ᠶ᠋ᠢᠨ ᠪᠣᠯᠤᠮᠵᠢᠲᠤ ᠴᠢᠨᠠᠷ᠎ᠢ ᠴᠢᠩᠭᠠᠳᠭᠠᠵᠤ᠂ ᠬᠤᠶᠠᠭᠤᠯᠠ᠎ᠪᠠᠨ ᠬᠠᠷᠢᠯᠴᠠᠨ ᠤᠷᠢᠲᠠᠯ ᠪᠠ ᠲᠤᠯᠭᠠᠭᠤᠷᠢᠯᠠᠯ ᠪᠣᠯᠬᠤ ᠬᠡᠷᠡᠭ᠌ᠲᠡᠶ᠃
ᠥᠨᠳᠥᠷ ᠪᠦᠲᠦᠮᠵᠢᠲᠡᠶ ᠵᠠᠰᠠᠯᠲᠠ ᠪᠣᠯ 《ᠭᠤᠷᠪᠠᠨ ᠤᠳᠤᠷᠢᠳᠤᠮᠵᠢ》 ᠶ᠋ᠢᠨ ᠣᠷᠭᠠᠨᠢᠭ ᠨᠢᠭᠡᠳᠦᠯ ᠮᠥᠨ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠬᠤ ᠪᠣᠯ ᠨᠠᠮ᠎ᠤᠨ ᠲᠥᠪ ᠬᠤᠷᠢᠶᠠᠨ᠎ᠤ 2019 ᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ ᠳᠤᠷᠠᠳᠤᠭ᠍ᠰᠠᠨ ᠴᠢᠬᠤᠯᠠ ᠴᠢᠭ᠌ᠯᠡᠯᠲᠡ ᠪᠣᠯᠤᠨ᠎ᠠ᠃ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠳᠤ ᠭᠤᠷᠪᠠᠨ ᠤᠳᠤᠷᠢᠳᠤᠮᠵᠢ᠎ᠶ᠋ᠢ ᠪᠠᠷᠢᠮᠲᠠᠯᠠᠬᠤ ᠴᠢᠬᠤᠯᠠᠲᠠᠢ᠂ ᠪᠤᠰᠤᠳ ᠡᠯ᠎ᠡ ᠲᠠᠯ᠎ᠠ᠎ᠶ᠋ᠢᠨ ᠠᠵᠢᠯ᠎ᠢ ᠰᠠᠢᠲᠤᠷ ᠬᠢᠬᠦ᠌᠎ᠳᠤ ᠴᠦ᠍ ᠡᠢᠮᠦ᠍ ᠪᠠᠢᠬᠤ ᠬᠡᠷᠡᠭ᠌ᠲᠡᠢ᠃ ᠥᠨᠳᠥᠷ ᠪᠦᠲᠦᠮᠵᠢᠲᠡᠶ ᠵᠠᠰᠠᠯᠲᠠ᠎ᠨᠢ ᠠᠰᠠᠭᠤᠳᠠᠯ᠂ ᠬᠠᠷᠠᠯᠲᠠ᠂ ᠦᠷ᠎ᠡ ᠳ᠋ᠦᠩ ᠭᠤᠷᠪᠠ᠎ᠶ᠋ᠢ ᠢᠯᠡᠷᠡᠭᠦᠯᠵᠦ᠍᠂ ᠬᠠᠷᠢᠯᠴᠠᠨ ᠨᠡᠪᠲᠡᠷᠡᠯᠴᠡᠵᠦ᠍᠂ ᠬᠠᠷᠢᠯᠴᠠᠨ ᠵᠣᠯᠭᠠᠯᠴᠠᠵᠦ᠍᠂ ᠬᠠᠷᠢᠯᠴᠠᠨ ᠨᠦᠬᠦᠴᠡᠯᠲᠦᠲᠡᠭ᠃ ᠥᠨᠳᠥᠷ ᠪᠦᠲᠦᠮᠵᠢᠲᠡᠶ ᠵᠠᠰᠠᠯᠲᠠ᠎ᠨᠢ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠠᠰᠠᠭᠤᠳᠠᠯ᠎ᠢ ᠲᠣᠳᠣᠷᠬᠠᠶ ᠵᠢᠭᠠᠵᠤ᠂ ᠣᠳᠣᠬᠢ ᠱᠠᠲᠤᠨ᠎ᠤ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠪᠠᠭᠤᠷᠠᠶ ᠲᠠᠯ᠎ᠠ ᠪᠣᠯᠤᠨ ᠳᠤᠲᠠᠭᠤᠳᠠᠯ᠎ᠢ ᠲᠣᠳᠣᠷᠬᠠᠢᠯᠠᠵᠤ᠂ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠳᠤ ᠠᠷᠭ᠎ᠠ ᠵᠠᠮ ᠬᠠᠩᠭᠠᠭ᠍ᠰᠠᠨ ᠪᠠᠢᠨ᠎ᠠ᠃ ᠦᠢᠯᠡᠳᠦᠯᠭᠡ ᠳᠤᠮᠳᠠ᠂ ᠥᠨᠳᠥᠷ ᠪᠦᠲᠦᠮᠵᠢᠲᠡᠢ ᠵᠠᠰᠠᠯᠲᠠ᠎ᠶ᠋ᠢ ᠠᠬᠢᠭᠤᠯᠬᠤ᠎ᠳᠤ ᠪᠠᠰᠠ 《ᠭᠤᠷᠪᠠᠨ ᠤᠳᠤᠷᠢᠳᠤᠮᠵᠢ》 ᠶ᠋ᠢ ᠪᠠᠷᠢᠮᠲᠠᠯᠠᠵᠤ᠂ ᠠᠰᠠᠭᠤᠳᠠᠯ᠎ᠢ ᠱᠢᠢᠳᠪᠦᠷᠢᠯᠡᠬᠦ᠌᠎ᠪᠠᠷ ᠵᠢᠯᠤᠭᠤᠳᠤᠯᠭ᠎ᠠ ᠪᠣᠯᠭᠠᠵᠤ᠂ ᠪᠦᠬᠦ᠌ ᠬᠦᠴᠦᠨ ᠪᠣᠯᠤᠨ ᠪᠦᠲᠦᠮᠵᠢᠲᠡᠢ ᠡᠬᠢ ᠪᠠᠶᠠᠯᠢᠭ᠎ᠢ ᠲᠥᠪᠯᠡᠷᠡᠭᠦᠯᠦᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠭᠤᠣᠯ ᠵᠥᠷᠢᠴᠡᠯ ᠪᠣᠯᠤᠨ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠠᠳᠭᠤᠨ ᠲᠥᠯᠥᠪᠵᠢᠭᠦᠯᠦᠨ ᠪᠠᠢᠷᠢᠯᠠᠭᠤᠯᠬᠤ ᠬᠡᠷᠡᠭ᠌ᠲᠡᠢ᠃
ᠥᠨᠳᠥᠷ ᠪᠦᠲᠦᠮᠵᠢᠲᠡᠶ ᠵᠠᠰᠠᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠮᠠᠨ᠎ᠤ ᠤᠯᠤᠰ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ᠎ᠤ ᠳᠠᠷᠠᠭ᠎ᠠ᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠯᠠᠯ᠎ᠢᠶᠠᠨ ᠡᠬᠢᠯᠡᠭᠦᠯᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠪᠠᠰᠠ ᠴᠤ᠌ ᠥᠪᠥᠷ ᠮᠣᠩᠭᠤᠯ᠎ᠤᠨ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠨᠠᠩ ᠶᠡᠭᠡ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠭᠡᠪᠡᠴᠦ᠍ ᠪᠦᠬᠦ᠌ ᠣᠷᠣᠨ᠎ᠤ ᠶᠡᠷᠦᠩᠬᠡᠢᠯᠡᠭ᠌ᠰᠡᠨ ᠬᠥᠭ᠌ᠵᠢᠯᠲᠡ᠎ᠶ᠋ᠢᠨ ᠲᠦᠪᠱᠢᠨ᠎ᠨᠢ ᠴᠢᠨᠠᠷ ᠰᠠᠢᠲᠠᠢ ᠬᠥᠭ᠌ᠵᠢᠯᠲᠡ᠎ᠶ᠋ᠢᠨ ᠱᠠᠭᠠᠷᠳᠠᠯᠭ᠎ᠠ᠎ᠯᠤᠭ᠎ᠠ ᠪᠠᠰᠠ ᠵᠦᠷᠢᠶ᠎ᠡ᠎ᠲᠠᠢ ᠪᠠᠢᠵᠤ᠂ ᠠᠮᠢ ᠠᠬᠤᠢ᠎ᠶ᠋ᠢᠨ ᠵᠠᠰᠠᠯᠲᠠ᠎ᠶ᠋ᠢᠨ ᠡᠭᠦᠷᠭᠡ ᠪᠡᠷᠬᠡ ᠬᠠᠲᠠᠭᠤᠵᠢᠯᠲᠠᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠲᠠᠯ᠎ᠠ᠎ᠪᠠᠷ ᠬᠦᠷᠦᠯᠴᠡᠬᠦ᠌ ᠦᠭᠡᠢ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠲᠦᠷᠭᠡᠨ ᠰᠠᠢᠵᠢᠷᠠᠭᠤᠯᠬᠤ ᠴᠢᠬᠤᠯᠠᠲᠠᠢ ᠵᠡᠷᠭᠡ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠭᠦᠨ ᠳᠠᠪᠬᠤᠷᠭ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠠᠰᠠᠭᠤᠳᠠᠯ ᠪᠣᠯᠤᠨ ᠪᠠᠢᠭᠤᠯᠤᠮᠵᠢ᠎ᠶ᠋ᠢᠨ ᠴᠢᠨᠠᠷᠲᠠᠢ ᠵᠥᠷᠢᠴᠡᠯ᠎ᠢ ᠪᠠᠰᠠ ᠱᠢᠢᠳᠪᠦᠷᠢᠯᠡᠬᠦ᠌ ᠴᠢᠬᠤᠯᠠᠲᠠᠢ᠂ ᠡᠳᠡᠭᠡᠷ᠎ᠨᠢ ᠪᠦᠷ ᠪᠦᠬᠦ᠌ ᠣᠷᠣᠨ᠎ᠤ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠳᠤ ᠨᠡᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃
ᠭᠤᠣᠯᠳᠠᠯᠭ᠎ᠠ᠎ᠲᠠᠢ ᠬᠦᠷᠢᠶ᠎ᠠ ᠴᠠᠷᠠᠭ᠎ᠠ᠎ᠳᠤ ᠴᠢᠭ᠌ᠯᠡᠭᠦᠯᠦᠨ᠂ ᠵᠠᠩᠭᠢᠯᠠᠭ᠎ᠠ᠎ᠶ᠋ᠢ ᠠᠳᠭᠤᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠥᠪᠥᠷ ᠮᠣᠩᠭᠤᠯ᠎ᠤᠨ ᠬᠥᠭ᠌ᠵᠢᠯᠲᠡ᠎ᠳᠤ ᠣᠷᠣᠱᠢᠵᠤ ᠪᠠᠢᠭ᠎ᠠ ᠱᠠᠳᠤᠴᠢ ᠴᠢᠨᠠᠷᠲᠠᠢ ᠣᠨᠴᠠᠯᠢᠭᠲᠤ ᠰᠠᠭᠤᠷᠢᠯᠠᠵᠤ᠂ 《ᠬᠤᠶᠠᠷ ᠬᠠᠯᠬᠠᠪᠴᠢ》 《ᠬᠤᠶᠠᠷ ᠰᠠᠭᠤᠷᠢᠨ》 ᠪᠠ 《ᠨᠢᠭᠡ ᠪᠠᠬᠢᠯᠡᠯᠲᠡ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠂ ᠠᠮᠢ ᠠᠬᠤᠢ᠎ᠶ᠋ᠢᠨ ᠬᠠᠮᠠᠭᠠᠯᠠᠯᠲᠠ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠡᠷᠭᠡ ᠵᠠᠰᠠᠯᠲᠠ᠎ᠶ᠋ᠢᠨ ᠭᠤᠣᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠠᠳᠭᠤᠵᠤ᠂ ᠭᠦᠨᠵᠡᠭᠡᠢ ᠰᠦᠪᠡᠭ᠌ᠴᠢᠯᠡᠵᠦ᠍᠂ ᠱᠠᠯᠠᠪᠳᠠᠨ ᠱᠢᠪᠲᠤᠯᠤᠯᠲᠠ ᠭᠠᠷᠭᠠᠵᠤ᠂ ᠠᠮᠤᠷ ᠲᠦᠪᠱᠢᠨ ᠬᠥᠭ᠌ᠵᠢᠯᠲᠡ᠎ᠶ᠋ᠢ ᠴᠠᠭ ᠢᠮᠠᠭ᠍ᠲᠠ ᠬᠥᠭ᠌ᠵᠢᠯᠲᠡ᠎ᠶ᠋ᠢᠨ ᠡᠯ᠎ᠡ ᠬᠦᠷᠢᠶ᠎ᠡ ᠪᠠ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠢ; ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠨ ᠠᠵᠤ ᠦᠶ᠋ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠤᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠶ; ᠪᠣᠳᠠᠲᠤ ᠪᠠᠢᠳᠠᠯ᠎ᠳᠤ ᠨᠡᠢᠴᠡᠭ᠌ᠰᠡᠨ᠂ ᠱᠢᠰᠲ᠋ᠧᠮ᠎ᠨᠢ ᠪᠦᠷᠢᠨ ᠲᠡᠭᠦᠯᠳᠡᠷ᠂ ᠠᠵᠢᠯᠯᠠᠭᠠᠨ᠎ᠨᠢ ᠪᠦᠲᠦᠮᠵᠢᠲᠡᠢ ᠳᠦᠷᠢᠮ᠎ᠤᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠪᠦᠬᠦ᠌ ᠨᠡᠢᠭᠡᠮ᠎ᠤᠨ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠨᠡᠩ ᠶᠡᠭᠡ ᠬᠡᠮᠵᠢᠶ᠎ᠡ᠎ᠪᠠᠷ ᠬᠥᠭ᠌ᠵᠢᠭᠡᠬᠦ᠌ ᠬᠡᠷᠡᠭ᠌ᠲᠡᠢ᠃
ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠵᠣᠷᠢᠯᠲᠠ ᠪᠠ ᠲᠤᠰᠤᠯᠳᠠ ᠮᠥᠨ᠂ ᠪᠠᠰᠠ ᠴᠤ᠌ ᠥᠨᠳᠥᠷ ᠪᠦᠲᠦᠮᠵᠢᠲᠡᠢ ᠵᠠᠰᠠᠯᠲᠠ᠎ᠶ᠋ᠢᠨ ᠡᠴᠦᠰ᠎ᠤᠨ ᠬᠠᠷᠠᠯᠲᠠ ᠮᠥᠨ᠃ ᠨᠡᠩ ᠰᠠᠢᠨ ᠰᠤᠷᠭᠠᠨ ᠬᠥᠮᠦᠵᠢᠯ᠂ ᠨᠡᠩ ᠲᠣᠭ᠍ᠲᠠᠭᠤᠨ ᠠᠵᠢᠯ ᠤᠯᠭᠤᠯᠲᠠ᠂ ᠨᠡᠩ ᠬᠠᠨᠤᠮᠵᠢᠲᠠᠢ ᠣᠷᠣᠯᠭ᠎ᠠ᠂ ᠨᠡᠩ ᠨᠠᠢᠳᠠᠪᠤᠷᠢᠲᠠᠢ ᠨᠡᠢᠭᠡᠮ᠎ᠤᠨ ᠪᠠᠲᠤᠯᠠᠭ᠎ᠠ᠂ ᠨᠡᠩ ᠥᠨᠳᠥᠷ ᠲᠦᠪᠱᠢᠨ ᠪᠦᠬᠦᠢ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡ᠂ ᠨᠡᠩ ᠲᠠᠭᠠᠯᠠᠮᠵᠢᠲᠠᠢ ᠣᠷᠣᠨ ᠰᠠᠭᠤᠴᠠ᠎ᠶ᠋ᠢᠨ ᠨᠥᠬᠦᠴᠡᠯ᠂ ᠨᠡᠩ ᠭᠤᠢᠳᠠ ᠰᠠᠢᠬᠠᠨ ᠣᠷᠴᠢᠨ ᠲᠣᠭᠤᠷᠢᠨ᠂ ᠨᠡᠩ ᠪᠠᠶᠠᠯᠢᠭ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠣᠳᠣᠯᠬᠢᠯᠠᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠲᠤᠪᠤᠢᠢᠮ᠎ᠠ ᠠᠰᠠᠭᠤᠳᠠᠯ᠎ᠢ ᠵᠢᠭ᠍ᠰᠠᠭᠠᠨ ᠪᠠᠢᠴᠠᠭᠠᠵᠤ ᠱᠢᠢᠳᠪᠦᠷᠢᠯᠡᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠦᠳᠦᠭᠡᠨ ᠪᠠᠢᠭᠤᠯᠤᠯᠲᠠ᠎ᠲᠠᠢ ᠣᠷᠭᠠᠨᠢᠭ᠎ᠢᠶᠠᠷ ᠵᠣᠯᠭᠠᠭᠤᠯᠵᠤ᠂ ᠪᠠᠢᠭᠤᠯᠤᠮᠵᠢ ᠲᠣᠭ᠍ᠲᠠᠴᠠ᠎ᠶ᠋ᠢᠨ ᠲᠠᠯ᠎ᠠ᠎ᠠᠴᠠ ᠤᠯᠠᠨ ᠲᠦᠮᠡᠨ᠎ᠤ ᠬᠠᠮᠤᠭ᠎ᠠᠴᠠ ᠠᠩᠬᠠᠷᠴᠤ᠌ ᠪᠠᠢᠭ᠎ᠠ ᠬᠠᠮᠤᠭ᠎ᠤᠨ ᠱᠢᠭᠤᠳ ᠬᠠᠮᠤᠭ᠎ᠤᠨ ᠪᠣᠳᠠᠲᠠᠢ ᠠᠱᠢᠭ ᠲᠤᠰᠠ᠎ᠶ᠋ᠢᠨ ᠠᠰᠠᠭᠤᠳᠠᠯ᠎ᠢ ᠱᠢᠢᠳᠪᠦᠷᠢᠯᠡᠵᠦ᠍᠂ ᠪᠦᠬᠦ᠌ ᠣᠷᠣᠨ᠎ᠤ ᠠᠷᠠᠳ ᠲᠦᠮᠡᠨ᠎ᠢ ᠨᠡᠩ ᠵᠣᠯ ᠵᠢᠷᠭᠠᠯ᠎ᠲᠠᠢ ᠰᠠᠢᠨ ᠰᠠᠢᠬᠠᠨ ᠠᠮᠢᠳᠤᠷᠠᠭᠤᠯᠬᠤ ᠬᠡᠷᠡᠭ᠌ᠲᠡᠢ᠃
ᠱᠢᠰᠲ᠋ᠧᠮᠲᠦ ᠰᠡᠳᠭᠢᠬᠦᠶ᠎ᠶ᠋ᠢ ᠴᠢᠬᠤᠯᠠᠴᠢᠯᠠᠵᠤ᠂ ᠨᠢᠭᠡᠳᠦᠯᠲᠡᠶ ᠲᠥᠯᠥᠪᠵᠢᠭᠦᠯᠦᠨ ᠨᠡᠢᠲᠡ᠎ᠳᠤᠨᠢ ᠬᠠᠷᠠᠭᠠᠯᠵᠠᠵᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠥᠪᠥᠷ ᠮᠣᠩᠭᠤᠯ᠎ᠤᠨ 2035 ᠣᠨ᠎ᠤ ᠠᠯᠤᠰ᠎ᠤᠨ ᠬᠠᠷᠠᠯᠲᠠ᠎ᠳᠠᠬᠢ 《ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌》 《ᠳᠠᠪᠠᠭᠤᠯᠢᠭ ᠣᠨᠴᠠᠯᠢᠭ᠎ᠲᠠᠢ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠱᠢᠰᠲ᠋ᠧᠮ ᠪᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ ᠤᠳᠤ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠂ ᠱᠢᠨ᠎ᠡ ᠮᠠᠶᠢᠭ᠎ᠤᠨ ᠬᠤᠲᠠ ᠪᠠᠯᠭᠠᠰᠤᠨ᠎ᠤ ᠱᠢᠰᠲ᠋ᠧᠮ᠂ ᠰᠠᠭᠤᠷᠢ ᠲᠥᠬᠦᠭᠡᠷᠦᠮᠵᠢ᠎ᠶ᠋ᠢᠨ ᠱᠢᠰᠲ᠋ᠧᠮ᠎ᠢ ᠪᠥᠬᠦ᠌ ᠲᠠᠯ᠎ᠠ᠎ᠪᠠᠷ ᠪᠠᠢᠭᠤᠯᠬᠤ》 《ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌》 《ᠠᠮᠤᠷ ᠠᠮᠤᠭᠤᠯᠠᠩ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠬᠦ᠌》 《ᠪᠥᠬᠦ᠌ ᠨᠡᠢᠭᠡᠮ᠎ᠤᠨ ᠪᠣᠯᠪᠠᠰᠤᠨ᠎ᠤ ᠬᠡᠮᠵᠢᠶ᠎ᠡ᠎ᠶ᠋ᠢ ᠱᠢᠨ᠎ᠡ ᠦᠨᠳᠦᠷᠴᠡ᠎ᠳᠤ ᠬᠦᠷᠭᠡᠬᠦ᠌》 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢ ᠦᠨᠳᠦᠰᠦᠨ᠎ᠳᠡᠭᠡᠨ ᠪᠠᠢᠭᠤᠯᠬᠤ》 《ᠤᠯᠤᠰ᠎ᠤᠨ ᠳᠣᠲᠣᠭᠠᠳᠤ᠎ᠶ᠋ᠢᠨ ᠣᠷᠣᠨ ᠪᠦᠰᠡ᠎ᠶ᠋ᠢᠨ ᠬᠠᠮᠲᠤᠷᠠᠯᠴᠠᠭ᠎ᠠ ᠪᠣᠯᠤᠨ ᠤᠮᠠᠷᠠᠰᠢ ᠨᠡᠭᠡᠭᠡᠯᠲᠡ ᠬᠢᠬᠦ᠌ ᠱᠢᠨ᠎ᠡ ᠪᠠᠢᠷᠢᠱᠢᠯ᠎ᠢ ᠪᠦᠷᠢᠯᠳᠦᠭᠦᠯᠬᠦ᠌》 ᠵᠡᠷᠭᠡ᠎ᠨᠢ ᠴᠥᠮ ᠱᠢᠰᠲ᠋ᠧᠮ᠎ᠤᠨ ᠣᠢᠯᠠᠭᠠᠭ᠍ᠳᠠᠬᠤᠨ᠎ᠠᠴᠠ ᠡᠭᠦᠰᠴᠤ᠌᠂ ᠠᠵᠤ ᠠᠬᠤᠶ᠂ ᠨᠡᠢᠭᠡᠮ᠂ ᠠᠮᠢ ᠠᠬᠤᠶ᠂ ᠰᠣᠶᠣᠯ᠂ ᠠᠷᠠᠳ᠎ᠤᠨ ᠠᠮᠢᠳᠤᠷᠠᠯ᠂ ᠠᠮᠤᠷ ᠲᠦᠪᠱᠢᠨ ᠵᠡᠷᠭᠡ ᠲᠠᠯ᠎ᠠ᠎ᠠᠴᠠ ᠳᠤᠷᠠᠳᠤᠭ᠍ᠰᠠᠨ ᠱᠢᠨ᠎ᠡ ᠱᠠᠭᠠᠷᠳᠠᠯᠭ᠎ᠠ ᠪᠤᠯᠤᠨ᠎ᠠ᠃ ᠭᠠᠭ᠍ᠴᠠ ᠬᠦ᠌ ᠱᠢᠰᠲ᠋ᠧᠮᠲᠦ ᠰᠡᠳᠭᠢᠬᠦᠢ᠎ᠶ᠋ᠢ ᠬᠡᠷᠡᠭ᠌ᠯᠡᠪᠡᠯ ᠰᠠᠶᠢ ᠨᠢᠭᠡᠳᠦᠯᠲᠡᠢ ᠲᠥᠯᠥᠪᠯᠡᠨ ᠨᠡᠢᠳᠡ᠎ᠳᠤᠨᠢ ᠬᠠᠷᠠᠭᠠᠯᠵᠠᠵᠤ᠂ ᠪᠦᠬᠦᠯᠢ ᠴᠣᠭ᠍ᠴᠠ᠎ᠪᠠᠷ᠎ᠨᠢ ᠠᠬᠢᠭᠤᠯᠵᠤ᠂ ᠨᠡᠩ ᠴᠢᠨᠠᠷ ᠰᠠᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠤᠣᠯᠴᠢ᠂ ᠨᠡᠩ ᠦᠷᠭᠦᠯᠵᠢᠯᠡᠬᠦᠢᠴᠡ᠂ ᠨᠡᠩ ᠠᠮᠤᠷ ᠲᠦᠪᠱᠢᠨ ᠬᠥᠭ᠌ᠵᠢᠯᠲᠡ᠎ᠶ᠋ᠢ ᠦᠨᠡᠨ ᠬᠦ᠌ ᠪᠡᠶᠡᠯᠡᠭᠦᠯᠵᠦ᠍ ᠴᠢᠳᠠᠨ᠎ᠠ᠃
(ᠵᠣᠬᠢᠶᠠᠭ᠍ᠴᠢ᠎ᠶ᠋ᠢᠨ ᠪᠠᠢᠢᠭᠤᠯᠭ᠎ᠠ᠄ ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠣᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠰᠤᠳᠤᠯᠭᠠᠨ᠎ᠤ ᠭᠠᠵᠠᠷ)