— ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶᠠᠨ᠎ᠤ ᠱᠦᠵᠢ ᠴᠧᠨ ᠱᠢᠶᠤᠤ ᠳ᠋ᠦᠩ᠎ᠢ ᠰᠤᠷᠪᠤᠯᠵᠢᠯᠠᠭ᠍ᠰᠠᠨ᠎ᠨᠢ
《ᠶᠡᠷᠦᠩᠬᠡᠢ ᠱᠦᠵᠢ ᠰᠢ᠎ᠶ᠋ᠢᠨ ᠫᠢᠩ᠎ᠤᠨ 〈7 · 1〉 ᠤ ᠴᠢᠬᠤᠯᠠ ᠶᠠᠷᠢᠶ᠎ᠠ᠂ ᠠᠭᠤᠯᠤᠭ᠍ᠳᠠᠬᠤᠨ ᠡᠯᠪᠡᠭ ᠪᠠᠶᠠᠯᠢᠭ᠂ ᠬᠠᠷᠠᠭᠠᠨ ᠬᠡᠪᠴᠢᠶ᠎ᠡ ᠠᠤᠭ᠎ᠠ ᠶᠡᠭᠡ᠂ ᠤᠳᠭ᠎ᠠ ᠠᠭᠤᠯᠭ᠎ᠠ ᠭᠦᠨ ᠭᠦᠨᠵᠡᠭᠡᠶ᠂ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠶ ᠥᠩᠭᠡᠷᠡᠯᠲᠡ᠎ᠶ᠋ᠢ ᠪᠦᠬᠦ᠌ ᠲᠠᠯ᠎ᠠ᠎ᠪᠠᠷ ᠡᠷᠭᠢᠴᠡᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠵᠢᠷᠤᠭ ᠲᠦᠰᠦᠪ᠎ᠢ ᠲᠣᠳᠣᠷᠬᠠᠶ ᠵᠢᠷᠤᠭ᠍ᠯᠠᠵᠤ᠂ ᠴᠢᠬᠤᠯᠠ ᠶᠡᠭᠡ ᠣᠨᠣᠯ ᠪᠠ ᠦᠢᠯᠡᠳᠦᠯᠭᠡ᠎ᠶ᠋ᠢᠨ ᠦᠨ᠎ᠡ ᠥᠷᠲᠡᠭ᠎ᠲᠠᠢ ᠠᠯᠢ ᠣᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ᠎ᠶ᠋ᠢ ᠲᠤᠷᠠᠳᠴᠤ᠌᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌ ᠤᠯᠤᠰ ᠲᠦᠷᠦ᠎ᠶ᠋ᠢᠨ ᠲᠤᠩᠬᠠᠭ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠡᠦᠬᠡ᠎ᠪᠠᠷ ᠲᠣᠯᠢ ᠪᠣᠯᠭᠠᠬᠤ᠂ ᠢᠷᠡᠭᠡᠳᠦᠶ᠎ᠶ᠋ᠢ ᠨᠡᠭᠡᠭᠡᠬᠦ᠌ ᠠᠵᠢᠯᠯᠠᠭᠠᠨ᠎ᠤ ᠵᠦᠭ᠌ᠯᠡᠭᠦᠷ᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠭᠡᠷᠡᠯ ᠰᠠᠴᠤᠷᠠᠩᠭᠤᠶ ᠬᠥᠲᠥᠯᠪᠦᠷᠢ᠎ᠶ᠋ᠢᠨ ᠴᠢᠨᠠᠷᠲᠠᠶ ᠲᠤᠯᠭᠤᠷ ᠪᠢᠴᠢᠭ ᠪᠠᠢᠵᠤ᠂ ᠴᠢᠬᠤᠯᠠ ᠶᠡᠭᠡ ᠤᠯᠤᠰ ᠲᠥᠷᠥ᠎ᠶ᠋ᠢᠨ ᠠᠴᠢ ᠬᠤᠯᠪᠣᠭ᠍ᠳᠠᠯ᠂ ᠲᠡᠦᠬᠡᠲᠦ ᠠᠴᠢ ᠬᠤᠯᠪᠣᠭ᠍ᠳᠠᠯ ᠪᠠ ᠳᠡᠯᠡᠬᠡᠶ᠎ᠶ᠋ᠢᠨ ᠠᠴᠢ ᠬᠤᠯᠪᠣᠭ᠍ᠳᠠᠯ᠎ᠲᠠᠢ᠂ ᠡᠪ ᠬᠠᠮᠲᠤ ᠵᠠᠯᠠᠭᠤᠴᠤᠳ᠎ᠤᠨ ᠡᠪᠯᠡᠯ ᠪᠣᠯᠤᠨ ᠵᠠᠯᠠᠭᠤᠴᠤᠳ᠎ᠤᠨ ᠠᠵᠢᠯ᠎ᠢ ᠪᠠᠭ᠍ᠲᠠᠭᠠᠭ᠍ᠰᠠᠨ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠡᠯ᠎ᠡ ᠵᠦᠢᠯ᠎ᠤᠨ ᠠᠵᠢᠯ ᠦᠢᠯᠡᠰ᠎ᠲᠤ ᠴᠢᠬᠤᠯᠠ ᠶᠡᠭᠡ ᠵᠢᠯᠣᠭᠤᠳᠭᠤ ᠠᠴᠢ ᠬᠤᠯᠪᠣᠭ᠍ᠳᠠᠯ᠎ᠲᠠᠢ ᠶᠤᠮ》 ᠭᠡᠵᠤ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶᠠᠨ᠎ᠤ ᠱᠦᠵᠢ ᠴᠧᠨ ᠱᠢᠶᠤᠤ ᠳ᠋ᠦᠩ ᠣᠢᠷ᠎ᠠ᠎ᠳᠤ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠬᠡᠯᠡᠪᠠ᠃
ᠪᠦᠬᠦ᠌ ᠣᠷᠣᠨ᠎ᠤ ᠡᠪᠯᠡᠯ᠎ᠤᠨ ᠭᠡᠱᠢᠭᠦᠨ ᠵᠠᠯᠠᠭᠤᠴᠤᠳ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠣᠢᠯᠠᠭᠠᠵᠤ ᠨᠠᠢᠳᠠᠪᠤᠷᠢᠵᠢᠭᠤᠯᠬᠤ ᠪᠤᠢ? ᠴᠧᠨ ᠱᠢᠶᠤᠤ ᠳ᠋ᠦᠩ᠂ ᠶᠡᠷᠦᠩᠬᠡᠢ ᠱᠦᠵᠢ ᠰᠢ᠎ᠶ᠋ᠢᠨ ᠫᠢᠩ ᠶᠠᠷᠢᠶᠠᠨ᠎ᠳᠠᠭᠠᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠡᠭᠦᠷᠭᠡ᠎ᠪᠠᠨ ᠪᠣᠯᠭᠠᠵᠤ᠂ ᠳᠤᠮᠳᠠᠳᠤ ᠤᠯᠤᠰ᠎ᠤᠨ ᠬᠥᠮᠦᠨ ᠪᠣᠯᠬᠤ ᠡᠷᠴᠢ ᠵᠣᠷᠢᠭ᠂ ᠰᠥᠰᠥ᠍ ᠵᠣᠷᠢᠭ᠂ ᠢᠲᠡᠭᠡᠯ ᠵᠣᠷᠢᠭ᠎ᠢᠶᠠᠨ ᠴᠢᠩᠭᠠᠳᠭᠠᠵᠤ᠂ ᠴᠠᠭ ᠦᠶ᠎ᠡ᠎ᠳᠤ ᠣᠰᠣᠯᠳᠠᠬᠤ ᠦᠭᠡᠢ᠂ ᠵᠠᠯᠠᠭᠤ ᠨᠠᠰᠤ᠎ᠪᠠᠨ ᠬᠥᠰᠡᠷᠳᠡᠭᠦᠯᠬᠦ᠌ ᠦᠭᠡᠢ᠂ ᠨᠠᠮ ᠪᠣᠯᠤᠨ ᠠᠷᠠᠳ ᠲᠦᠮᠡᠨ᠎ᠤ ᠨᠠᠨᠳᠢᠨ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠬᠤ ᠭᠡᠷᠡᠭ᠌ᠳᠠᠢ ᠭᠡᠵᠦ᠍ ᠴᠢᠬᠤᠯᠠᠴᠢᠯᠠᠪᠠ! ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠬ᠍ᠳᠠᠬ᠍ᠰᠡᠨ ᠵᠠᠭᠤᠨ ᠵᠢᠯ᠎ᠤᠨ ᠤᠢ᠎ᠶ᠋ᠢ ᠪᠡᠯᠭᠡᠯᠡᠬᠦ᠌ ᠶᠣᠰᠣᠯᠠᠯ ᠳᠡᠭᠡᠷ᠎ᠡ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠭᠡᠱᠢᠭᠦᠨ ᠪᠣᠯᠤᠨ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠭᠡᠱᠢᠭᠦᠨ᠎ᠤ ᠲᠥᠯᠥᠭᠡᠯᠡᠭ᠌ᠴᠢ ᠬᠠᠮᠲᠤ᠎ᠪᠠᠷ ᠪᠠᠶᠠᠷ᠎ᠤᠨ ᠦᠭᠡ ᠬᠡᠯᠡᠬᠦ᠌ ᠡᠨᠡ ᠬᠦ᠌ ᠵᠥᠪᠯᠡᠬᠦ᠌ ᠵᠦᠢᠯ᠎ᠢ ᠲᠤᠰᠭᠠᠢᠯᠠᠨ ᠲᠤᠬᠢᠷᠠᠭᠤᠯᠵᠤ᠂ 《ᠨᠠᠮ᠎ᠢ ᠰᠠᠨᠠᠭ᠎ᠠ ᠠᠮᠤᠷ ᠪᠠᠢᠯᠭᠠᠵᠤ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠤ ᠪᠠᠢᠨ᠎ᠡ》 ᠭᠡᠬᠦ᠌ ᠵᠠᠯᠠᠭᠤ ᠨᠠᠰᠤᠨ᠎ᠤ ᠲᠠᠩᠭᠠᠷᠢᠭ᠎ᠢ ᠲᠠᠯᠪᠢᠵᠠᠢ᠃ ᠡᠳᠡᠭᠡᠷ᠎ᠨᠢ ᠴᠥᠮ ᠰᠢ᠎ᠶ᠋ᠢᠨ ᠫᠢᠩ ᠨᠥᠬᠦᠷ᠎ᠢᠶᠠᠷ ᠭᠤᠣᠯ ᠪᠤᠯᠭᠠᠬ᠍ᠰᠡᠨ ᠨᠠᠮ᠎ᠤᠨ ᠲᠥᠪ ᠬᠤᠷᠢᠶᠠᠨ᠎ᠤ ᠵᠠᠯᠠᠭᠤᠴᠤᠳ ᠪᠠᠭᠠᠴᠤᠳ᠎ᠢ ᠥᠩᠭᠡᠷᠡᠭ᠌ᠰᠡᠨ᠎ᠲᠠᠢ᠎ᠪᠠᠨ ᠠᠳᠠᠯᠢ᠎ᠪᠠᠷ ᠬᠠᠯᠠᠮᠵᠢᠯᠠᠨ ᠴᠢᠬᠤᠯᠠᠴᠢᠯᠠᠵᠤ ᠪᠠᠢᠬᠤ᠎ᠶ᠋ᠢ ᠭᠦᠢᠴᠡᠳ ᠬᠠᠷᠠᠭᠤᠯᠵᠤ ᠪᠠᠢᠨ᠎ᠠ᠃ ᠪᠦᠬᠦ᠌ ᠣᠷᠣᠨ᠎ᠤ ᠥᠷᠭᠡᠨ ᠤᠯᠠᠨ ᠡᠪᠯᠡᠯ᠎ᠤᠨ ᠭᠡᠱᠢᠭᠦᠨ ᠵᠠᠯᠠᠭᠤᠴᠤᠳ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠤᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠴᠢᠬᠤᠯᠠ ᠶᠠᠷᠢᠶ᠎ᠠ᠎ᠠᠴᠠ ᠤᠷᠤᠭ᠍ᠰᠢᠯᠠᠯᠲᠠ᠎ᠶ᠋ᠢᠨ ᠬᠦᠴᠦᠨ ᠣᠯᠵᠤ᠂ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬ᠍ᠰᠠᠨ ᠦᠷ᠎ᠡ ᠪᠦᠲᠦᠮᠵᠢ᠎ᠪᠠᠨ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠲᠡᠷᠢᠭᠦᠨ᠎ᠤ᠎ᠬᠢ᠎ᠶ᠋ᠢ ᠡᠭᠦᠳᠴᠦ᠍ ᠱᠢᠯᠢᠳᠡᠭ ᠪᠣᠯᠬᠤ᠎ᠪᠠᠷ ᠴᠢᠷᠮᠠᠢᠵᠤ᠂ ᠨᠢᠭᠡ ᠠᠵᠢᠯ ᠲᠦᠷᠦᠯ᠎ᠢ ᠬᠢᠪᠡᠯ᠂ ᠲᠡᠷᠡ ᠠᠵᠢᠯ ᠲᠦᠷᠦᠯ᠎ᠢᠶᠠᠨ ᠬᠠᠢᠷᠠᠯᠠᠵᠤ᠂ ᠨᠢᠭᠡ ᠠᠵᠢᠯ᠎ᠳᠤ ᠴᠠᠭᠠᠷᠠᠵᠤ᠂ ᠵᠠᠯᠠᠭᠤ ᠨᠠᠰᠤᠨ᠎ᠤ ᠱᠢᠨ᠎ᠡ ᠠᠮᠵᠢᠯᠲᠠ ᠪᠦᠲᠦᠮᠵᠢ᠎ᠶ᠋ᠢ ᠴᠢᠷᠮᠠᠢᠨ ᠡᠭᠦᠳᠬᠦ᠌ ᠬᠡᠷᠡᠭ᠌ᠲᠡᠢ ᠭᠡᠵᠤ ᠬᠡᠯᠡᠪᠡ᠃
ᠴᠧᠨ ᠱᠢᠶᠤᠤ ᠳ᠋ᠦᠩ᠂ ᠨᠠᠮ ᠤᠷᠢᠶᠠᠯᠠᠵᠦ᠍ ᠪᠤᠢ᠂ ᠡᠪᠯᠡᠯ᠎ᠤᠨ ᠵᠤᠬᠢᠶᠠᠠ ᠪᠠᠢᠭᠤᠯᠤᠯᠲᠠ ᠠᠵᠢᠯᠯᠠᠭ᠎ᠠ ᠦᠷᠨᠢᠭᠦᠯᠵᠦ᠍ ᠪᠤᠢ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠪᠦᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠡᠪᠯᠡᠯ᠎ᠤᠨ ᠭᠡᠱᠢᠭᠦᠨ ᠵᠠᠯᠠᠭᠤᠴᠤᠳ᠎ᠤᠨ ᠲᠡᠷᠢᠭᠦᠨ ᠴᠢᠬᠤᠯᠠ ᠤᠯᠤᠰ ᠲᠦᠷᠦ᠎ᠶ᠋ᠢᠨ ᠡᠭᠦᠷᠭᠡ ᠪᠣᠯᠤᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠤᠨ ᠵᠣᠬᠢᠶᠠᠨ ᠪᠠᠢᠭᠤᠯᠤᠯᠲᠠ ᠲᠤᠬᠢᠷᠠᠭᠤᠯᠤᠨ ᠪᠠᠢᠷᠢᠯᠠᠭᠤᠯᠬᠤ᠂ ᠤᠨᠤᠯ᠎ᠤᠨ ᠰᠤᠷᠤᠯᠴᠠᠯᠭ᠎ᠠ᠂ ᠤᠬᠠᠭᠤᠯᠤᠨ ᠲᠠᠢᠯᠪᠤᠷᠢᠯᠠᠬᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠦᠨᠡᠨ ᠬᠦ᠌ ᠬᠦᠴᠦ᠍ ᠣᠷᠣᠭᠤᠯᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠨ᠂ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠦᠬᠦ᠌ ᠣᠷᠣᠨ᠎ᠤ ᠡᠪᠯᠡᠯ᠎ᠤᠨ ᠭᠡᠱᠢᠭᠦᠨ ᠵᠠᠯᠠᠭᠤᠴᠤᠳ᠎ᠤᠨ ᠳᠤᠮᠳᠠ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠬᠡᠯᠡᠪᠡ᠃
ᠨᠢᠭᠡ᠎ᠳᠤ᠂ ᠲᠤᠭ ᠲᠡᠮᠳᠡᠭ ᠲᠣᠳᠣᠷᠬᠠᠢ᠎ᠪᠠᠷ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠬᠡᠷᠡᠭ᠌ᠲᠡᠢ᠃ ᠪᠥᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠤᠨ ᠵᠣᠬᠢᠶᠠᠨ ᠪᠠᠢᠭᠤᠯᠤᠯᠲᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢ ᠪᠠᠷᠢᠮᠲᠠᠯᠠᠬᠤ ᠦᠨᠳᠦᠰᠦᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠥᠷᠥ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠵᠤ᠂ ᠨᠠᠮ᠎ᠤᠨ ᠵᠣᠷᠢᠭ ᠰᠠᠨᠠᠭ᠎ᠠ ᠪᠠ ᠵᠣᠷᠢᠯᠲᠠ᠎ᠶ᠋ᠢ ᠡᠷᠡᠰ ᠲᠤᠭᠤᠱᠢᠯᠠᠭᠤᠯᠵᠤ᠂ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠠ ᠤᠯᠤᠰ ᠲᠥᠷᠥ᠎ᠶ᠋ᠢᠨ ᠶᠣᠰᠣ ᠲᠦᠷᠢᠮ᠎ᠢ ᠴᠢᠩᠭ᠎ᠠ ᠰᠠᠬᠢᠵᠤ᠂ ᠵᠥᠪ ᠪᠤᠷᠤᠭᠤ᠎ᠶ᠋ᠢᠨ ᠡᠮᠦᠨ᠎ᠡ ᠵᠣᠭ᠍ᠰᠣᠯᠲᠠ ᠪᠠᠲᠤ᠌᠂ ᠲᠤᠭ ᠲᠡᠮᠳᠡᠭ ᠲᠣᠳᠣᠷᠬᠠᠶ᠂ ᠵᠠᠩᠭᠢᠯᠠᠭ᠎ᠠ᠎ᠶ᠋ᠢᠨ ᠴᠠᠭ ᠮᠥᠴᠡ᠎ᠳᠤ ᠵᠣᠷᠢᠭ᠍ᠲᠠᠶ᠎ᠪᠠᠷ ᠭᠠᠪᠱᠢᠭᠠᠢᠯᠠᠠ᠂ ᠴᠤᠤᠷᠢᠶᠠᠲᠤᠨ ᠲᠠᠭᠠᠵᠦ᠍ ᠰᠡᠯᠡᠮ᠎ᠠ᠎ᠪᠠᠨ ᠬᠤᠷᠴᠠᠯᠠᠵᠦ᠍᠂ 《ᠳᠥᠷᠪᠡᠨ ᠤᠬᠠᠮᠰᠠᠷ》 ᠢᠶᠠᠨ ᠲᠠᠰᠤᠷᠠᠯᠲᠠ ᠥᠬᠡᠶ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠶ᠃
ᠬᠤᠶᠠᠷ᠎ᠲᠤ᠌᠂ ᠡᠪᠯᠡᠯ᠎ᠤᠨ ᠭᠡᠱᠢᠭᠦᠨ ᠵᠠᠯᠠᠭᠤᠴᠤᠳ᠎ᠤᠨ ᠤᠯᠤᠰ ᠲᠦᠷᠦ᠎ᠶ᠋ᠢᠨ ᠵᠢᠯᠤᠭᠤᠳᠤᠯᠭ᠎ᠠ᠎ᠶ᠋ᠢ ᠬᠦᠴᠦᠯᠡᠨ ᠴᠢᠩᠭᠠᠳᠭᠠᠬᠤ ᠬᠡᠷᠡᠭ᠌ᠲᠡᠢ᠃ ᠪᠥᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠤᠨ ᠵᠣᠬᠢᠶᠠᠨ ᠪᠠᠢᠭᠤᠯᠤᠯᠲᠠ ᠤᠯᠤᠰ ᠲᠥᠷᠥ᠎ᠶ᠋ᠢᠨ ᠵᠢᠯᠣᠭᠤᠳᠣᠯᠭ᠎ᠠ᠎ᠶ᠋ᠢ ᠠᠯᠢᠪᠠ ᠠᠵᠢᠯ᠎ᠤᠨ ᠲᠡᠷᠢᠭᠦᠨ ᠪᠠᠢᠷᠢᠨ᠎ᠳᠤ ᠡᠷᠡᠰ ᠭᠤᠢᠪᠢᠰᠢ ᠥᠬᠡᠶ ᠲᠠᠯᠪᠢᠵᠤ᠂ ᠥᠷᠭᠡᠨ ᠣᠯᠠᠨ ᠡᠪᠯᠡᠯ᠎ᠤᠨ ᠭᠡᠱᠢᠭᠦᠨ ᠵᠠᠯᠠᠭᠤᠴᠤᠳ᠎ᠢ ᠬᠥᠲᠥᠯᠥᠨ ᠵᠢᠯᠣᠭᠤᠳᠴᠤ᠌ ᠪᠠᠢᠭᠠᠳ ᠮᠠᠷᠺᠰ᠎ᠤᠨ ᠦᠵᠡᠯ᠎ᠤᠨ ᠲᠤᠬᠠᠶ ᠢᠲᠡᠭᠡᠯ ᠪᠢᠱᠢᠷᠡᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠶ ᠢᠲᠡᠭᠡᠯ ᠪᠢᠱᠢᠷᠡᠯ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌ ᠢᠲᠡᠭᠡᠯ ᠵᠣᠷᠢᠭ᠎ᠢ᠎ᠨᠢ ᠪᠠᠲᠤᠳᠭᠠᠬᠤ ᠬᠡᠷᠡᠭ᠌ᠲᠡᠶ᠃ ᠡᠪᠯᠡᠯ᠎ᠤᠨ ᠭᠡᠱᠢᠭᠦᠨ ᠵᠠᠯᠠᠭᠤᠴᠤᠳ᠎ᠤᠨ ᠣᠨᠣᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠬᠥᠲᠥᠯᠥᠨ ᠳᠠᠭᠠᠭᠤᠯᠬᠤ ᠬᠦᠴᠦᠨ᠎ᠢ ᠬᠦᠴᠦᠯᠡᠨ ᠳᠡᠭᠡᠭ᠌ᠰᠢᠯᠡᠭᠦᠯᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠷᠭᠦᠯᠵᠢᠯᠡᠨ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠣᠢᠯᠠᠭᠠᠵᠤ ᠪᠣᠳᠠᠲᠠᠢᠵᠢᠭᠤᠯᠬᠤ ᠳᠡᠭᠡᠷ᠎ᠡ ᠬᠦᠴᠦ᠍ ᠲᠠᠯᠪᠢᠵᠤ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢᠨ ᠤᠬᠠᠭᠤᠯᠭ᠎ᠠ ᠬᠥᠮᠦᠵᠢᠯ᠎ᠢ ᠥᠷᠨᠢᠭᠦᠯᠬᠦ᠌ ᠳᠡᠭᠡᠷ᠎ᠡ ᠬᠦᠴᠦ᠍ ᠲᠠᠯᠪᠢᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠭᠦᠨᠵᠡᠭᠡᠢᠷᠡᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠶᠡᠭᠡ᠎ᠪᠠᠷ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠶ᠃
ᠭᠤᠷᠪᠠ᠎ᠳᠤ᠂ ᠡᠪᠯᠡᠯ᠎ᠤᠨ ᠭᠡᠱᠢᠭᠦᠨ ᠵᠠᠯᠠᠭᠤᠴᠤᠳ᠎ᠤᠨ ᠦᠰᠦᠨ ᠪᠤᠢᠵᠢᠵᠤ ᠴᠢᠳᠠᠪᠤᠷᠢᠲᠠᠨ ᠪᠣᠯᠬᠤ᠎ᠳᠤ ᠦᠨᠡᠨᠴᠢ᠎ᠪᠠᠷ ᠦᠢᠯᠡᠴᠢᠯᠡᠬᠦ᠌ ᠬᠡᠷᠡᠭ᠌ᠲᠡᠢ᠃ ᠪᠦᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠤᠨ ᠵᠣᠬᠢᠶᠠᠨ ᠪᠠᠢᠭᠤᠯᠤᠯᠲᠠ ᠵᠠᠯᠠᠭᠤᠴᠤᠳ᠎ᠤᠨ ᠴᠢᠨᠠᠷ ᠰᠠᠢᠲᠠᠢ ᠬᠥᠭ᠌ᠵᠢᠯᠲᠡ᠎ᠳᠤ ᠦᠨᠡᠨ ᠰᠡᠳᠭᠢᠯ᠎ᠠᠴᠠ᠎ᠪᠠᠨ ᠦᠢᠯᠡᠴᠢᠯᠡᠬᠦ᠌ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠨᠵᠡᠭᠡᠢ ᠲᠠᠨᠢᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠳᠤᠮᠳᠠ ᠤᠷᠳᠤ ᠬᠤᠭᠤᠴᠠᠭᠠᠨ᠎ᠤ ᠵᠠᠯᠠᠭᠤᠴᠤᠳ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠢᠲᠡᠭᠡᠯ ᠵᠣᠷᠢᠭ᠎ᠢᠶᠠᠨ ᠪᠠᠲᠤᠳᠭᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠦᠢᠯᠡᠴᠢᠯᠡᠭᠡᠨ᠎ᠤ ᠬᠦᠴᠦᠨ᠎ᠢ ᠬᠦᠴᠦᠯᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠰᠠᠨᠠᠭᠠᠴᠢᠯᠠᠭ᠎ᠠ᠎ᠠᠴᠠ᠎ᠪᠠᠨ ᠵᠠᠯᠠᠭᠤᠴᠤᠳ᠎ᠲᠠᠢ ᠣᠢᠷᠠᠲᠤᠵᠤ᠂ ᠵᠠᠯᠠᠭᠤᠴᠤᠳ᠎ᠤᠨ ᠰᠡᠳᠭᠢᠯ᠎ᠤᠨ ᠦᠭᠡ᠎ᠶ᠋ᠢ ᠬᠢᠨᠠᠮᠠᠭᠠᠢ ᠰᠣᠨᠣᠰᠴᠤ᠌᠂ ᠵᠠᠯᠠᠭᠤᠴᠤᠳ᠎ᠢ ᠦᠨᠡᠨ ᠰᠡᠳᠭᠢᠯ᠎ᠠᠴᠠ᠎ᠪᠠᠨ ᠬᠠᠯᠠᠮᠵᠢᠯᠠᠵᠤ᠂ ᠵᠠᠯᠠᠭᠤᠴᠤᠳ᠎ᠢ ᠬᠠᠢᠷᠠᠯᠠᠨ ᠬᠠᠯᠠᠮᠵᠢᠯᠠᠵᠤ᠂ 《ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠭᠦ》᠂ 《ᠵᠠᠯᠠᠭᠤᠴᠤᠳ᠎ᠲᠤ ᠶᠠᠪᠤᠳᠠᠯ ᠬᠢᠵᠦ᠍ ᠥᠭ᠌ᠭᠦ》᠂ 《ᠪᠢ ᠪᠣᠯ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠭᠡᠱᠢᠭᠦᠨ᠂ ᠲᠠᠨ᠎ᠢ ᠬᠠᠪᠰᠤᠷᠤᠶ᠎ᠡ》 ᠭᠡᠬᠦ᠌ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠵᠠᠯᠠᠭᠤᠴᠤᠳ᠎ᠤᠨ ᠰᠤᠷᠤᠯᠭ᠎ᠠ ᠲᠡᠭᠦᠰᠴᠦ᠍ ᠠᠵᠢᠯ ᠡᠷᠢᠬᠦ᠂ ᠱᠢᠨ᠎ᠡ᠎ᠶ᠋ᠢ ᠡᠭᠦᠳᠴᠦ᠍ ᠦᠢᠯᠡᠰ ᠪᠤᠰᠭᠠᠬᠤ᠂ ᠨᠡᠢᠭᠡᠮ᠎ᠲᠠᠢ ᠠᠭᠤᠰᠤᠯᠴᠠᠬᠤ᠂ ᠤᠷᠤᠭ ᠢᠨᠠᠭ ᠨᠠᠢᠵᠠ ᠪᠣᠯᠤᠯᠴᠠᠬᠤ᠂ ᠨᠠᠰᠤᠲᠠᠢᠴᠤᠳ᠎ᠢ ᠠᠰᠠᠷᠠᠨ ᠲᠡᠵᠢᠭᠡᠬᠦ᠂ ᠦᠷ᠎ᠡ ᠬᠡᠦᠬᠡᠳ᠎ᠤᠨ ᠬᠢᠨᠢ ᠰᠤᠷᠭᠠᠨ ᠬᠥᠮᠦᠵᠢᠯ ᠵᠡᠷᠭᠡ ᠲᠠᠯ᠎ᠠ᠎ᠶ᠋ᠢᠨ 《ᠪᠠᠴᠢᠮᠳᠠᠵᠤ ᠲᠦᠪᠡᠭ᠌ᠳᠡᠵᠦ᠍ ᠵᠤᠪᠠᠨᠢᠵᠤ ᠬᠦᠰᠡᠵᠦ᠍》 ᠪᠠᠢᠭ᠎ᠠ ᠠᠰᠠᠭᠤᠳᠠᠯ᠎ᠢ ᠦᠨᠡᠨ ᠬᠦ᠌ ᠬᠠᠪᠰᠤᠷᠤᠨ ᠱᠢᠢᠳᠪᠦᠷᠢᠯᠡᠵᠦ᠍᠂ ᠵᠠᠯᠠᠭᠤᠴᠤᠳ᠎ᠲᠤ ᠰᠠᠢᠨ ᠰᠠᠢᠬᠠᠨ ᠬᠥᠭ᠌ᠵᠢᠯᠲᠡ᠎ᠶ᠋ᠢᠨ ᠨᠥᠬᠦᠴᠡᠯ ᠪᠦᠷᠢᠯᠳᠦᠭᠦᠯᠵᠦ᠍ ᠥᠭ᠌ᠬᠦ ᠬᠡᠷᠡᠭ᠌ᠲᠡᠢ᠃
ᠳᠥᠷᠪᠡ᠎ᠳᠤ᠂ ᠡᠪᠯᠡᠯ᠎ᠤᠨ ᠭᠡᠱᠢᠭᠦᠨ ᠵᠠᠯᠠᠭᠤᠴᠤᠳ᠎ᠢ ᠳᠠᠭᠠᠭᠤᠯᠤᠨ ᠦᠵᠡᠰᠭᠦᠯᠡᠩᠲᠦ ᠰᠠᠢᠬᠠᠨ ᠤᠮᠠᠷᠠᠲᠤ ᠬᠢᠯᠢ᠎ᠳᠤ ᠭᠠᠪᠢᠶ᠎ᠠ ᠪᠠᠢᠭᠤᠯᠬᠤ ᠬᠡᠷᠡᠭ᠌ᠲᠡᠶ᠃ ᠪᠥᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠤᠨ ᠵᠣᠬᠢᠶᠠᠨ ᠪᠠᠢᠭᠤᠯᠤᠯᠲᠠ᠎ᠶ᠋ᠢᠨ᠎ᠬᠢᠨ ᠥᠪᠥᠷ ᠮᠣᠩᠭᠤᠯ᠎ᠤᠨ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠤᠷᠢᠨ᠎ᠳᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠥᠷᠭᠡᠨ ᠣᠯᠠᠨ ᠵᠠᠯᠠᠭᠤᠴᠤᠳ᠎ᠢ ᠬᠥᠲᠥᠯᠥᠨ ᠳᠠᠭᠠᠭᠤᠯᠵᠤ ᠮᠡᠳᠡᠯᠭᠡ᠎ᠶ᠋ᠢᠨ ᠱᠢᠨ᠎ᠡ ᠡᠭᠦᠳᠦᠯᠳᠡ᠂ ᠮᠡᠷᠭᠡᠵᠢᠯ᠎ᠤᠨ ᠱᠢᠨ᠎ᠡ ᠡᠭᠦᠳᠦᠯᠳᠡ᠂ ᠲᠦᠷᠢᠮ᠎ᠤᠨ ᠱᠢᠨ᠎ᠡ ᠡᠭᠦᠳᠦᠯᠳᠡ᠂ ᠬᠠᠮᠢᠶᠠᠷᠤᠯᠲᠠ᠎ᠶ᠋ᠢᠨ ᠱᠢᠨ᠎ᠡ ᠡᠭᠦᠳᠦᠯᠳᠡ ᠵᠡᠷᠭᠡ ᠲᠠᠯ᠎ᠠ᠎ᠪᠠᠷ ᠴᠤᠭ ᠵᠢᠪᠬᠤᠭ᠎ᠠ᠎ᠶ᠋ᠢ᠎ᠨᠢ ᠢᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠳᠡ᠂ ᠠᠮᠢ ᠠᠬᠤᠶ ᠣᠷᠴᠢᠨ ᠲᠣᠭᠤᠷᠢᠨ᠎ᠢ ᠬᠠᠮᠠᠭᠠᠯᠠᠬᠤ᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠠᠯᠢ ᠱᠢᠯᠢᠳᠡᠭ᠌ᠵᠢᠭᠦᠯᠬᠦ᠂ ᠨᠡᠢᠭᠡᠮ᠎ᠤᠨ ᠵᠠᠰᠠᠯᠲᠠ᠎ᠳᠤ ᠣᠷᠣᠯᠴᠠᠭᠤᠯᠬᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠲᠦᠷᠭᠡᠳᠭᠡᠬᠦ᠌ ᠵᠡᠷᠭᠡ ᠬᠦᠷᠢᠶᠡᠨ᠎ᠳᠤ ᠭᠠᠪᠢᠶ᠎ᠠ ᠪᠠᠢᠭᠤᠯᠤᠨ ᠦᠢᠯᠡᠰ ᠪᠦᠲᠦᠭᠡᠬᠦ᠌ᠢ ᠲᠡᠮᠵᠢᠵᠦ᠍᠂ ᠨᠠᠮ ᠪᠣᠯᠤᠨ ᠠᠷᠠᠳ ᠲᠦᠮᠡᠨ᠎ᠤ ᠬᠠᠮᠤᠭ᠎ᠤᠨ ᠬᠡᠷᠡᠭ᠌ᠴᠡᠭᠡ᠎ᠲᠠᠢ ᠭᠠᠵᠠᠷ᠎ᠲᠤ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠭᠡᠷᠡᠭ᠌ᠳᠠᠢ᠃
ᠲᠠᠪᠤ᠎ᠳᠤ᠂ ᠪᠦᠬᠦ᠌ ᠲᠠᠯ᠎ᠠ᠎ᠪᠠᠷ ᠡᠪᠯᠡᠯ᠎ᠢ ᠴᠢᠩᠭ᠎ᠠ ᠵᠠᠰᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠤᠯᠤᠰ ᠲᠦᠷᠦ᠎ᠶ᠋ᠢᠨ ᠲᠠᠯ᠎ᠠ᠎ᠪᠠᠷ ᠴᠢᠩᠭ᠎ᠠ ᠪᠠᠢᠬᠤ᠎ᠶ᠋ᠢ ᠪᠠᠷᠢᠮᠲᠠᠯᠠᠵᠤ᠂ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠱᠢᠰᠲ᠋ᠧᠮ᠎ᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠢ; ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢᠨ ᠲᠠᠯ᠎ᠠ᠎ᠪᠠᠷ ᠴᠢᠩᠭ᠎ᠠ ᠪᠠᠢᠬᠤ᠎ᠶ᠋ᠢ ᠪᠠᠷᠢᠮᠲᠠᠯᠠᠵᠤ᠂ ᠡᠪᠯᠡᠯ᠎ᠤᠨ ᠺᠠᠳ᠋ᠷ᠎ᠤᠨ ᠡᠩᠨᠡᠭᠡ᠎ᠶ᠋ᠢ ᠴᠢᠩᠭ᠎ᠠ ᠬᠠᠮᠢᠶᠠᠷᠴᠤ᠌᠂ ᠡᠪᠯᠡᠯ᠎ᠤᠨ ᠺᠠᠳ᠋ᠷ᠎ᠤᠨ ᠬᠥᠮᠦᠵᠢᠯ᠂ ᠬᠢᠨᠠᠯᠲᠠ ᠪᠠ ᠬᠠᠮᠢᠶᠠᠷᠤᠯᠲᠠ᠎ᠶ᠋ᠢ ᠴᠢᠩᠭᠠᠳᠭᠠᠵᠤ᠂ ᠡᠪᠯᠡᠯ᠎ᠤᠨ ᠺᠠᠳ᠋ᠷ᠎ᠢ ᠤᠯᠤᠰ ᠲᠦᠷᠦ᠍᠂ ᠦᠵᠡᠯ ᠰᠠᠨᠠᠭ᠎ᠠ᠂ ᠴᠢᠳᠠᠪᠤᠷᠢ᠂ ᠡᠭᠦᠷᠭᠡᠯᠡᠯ᠂ ᠰᠤᠷᠲᠠᠯ᠂ ᠥᠪᠡᠷ᠎ᠢ᠎ᠪᠠᠨ ᠱᠠᠭᠠᠷᠳᠠᠬᠤ ᠲᠠᠯ᠎ᠠ᠎ᠪᠠᠷ ᠬᠦᠴᠦᠷᠬᠡᠭ᠌ᠵᠢᠭᠦᠯᠬᠦ᠌ ᠬᠡᠷᠡᠭ᠌ᠲᠡᠢ; ᠡᠪᠯᠡᠯ᠎ᠤᠨ ᠭᠡᠱᠢᠭᠦᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ ᠴᠢᠩᠭ᠎ᠠ ᠪᠠᠢᠬᠤ᠎ᠶ᠋ᠢ ᠪᠠᠷᠢᠮᠲᠠᠯᠠᠵᠤ᠂ ᠡᠪᠯᠡᠯ᠎ᠤᠨ ᠭᠡᠱᠢᠭᠦᠨ᠎ᠤ ᠬᠥᠭ᠌ᠵᠢᠯᠲᠡ᠎ᠶ᠋ᠢᠨ ᠪᠠᠷᠢᠮᠵᠢᠶ᠎ᠠ᠎ᠶ᠋ᠢ ᠴᠢᠩᠳᠠᠯᠠᠵᠤ᠂ ᠡᠪᠯᠡᠯ᠎ᠳᠤ ᠤᠷᠤᠭ᠍ᠰᠠᠨ᠎ᠤ ᠳᠠᠷᠠᠭᠠᠬᠢ ᠬᠥᠮᠦᠵᠢᠯ ᠦᠢᠯᠡᠳᠦᠯᠭᠡ᠎ᠶ᠋ᠢ ᠰᠠᠢᠲᠤᠷ ᠠᠳᠭᠤᠵᠤ᠂ ᠡᠪᠯᠡᠯ᠎ᠤᠨ ᠭᠡᠱᠢᠭᠦᠨ᠎ᠤ ᠲᠡᠷᠢᠭᠦᠨ᠎ᠤ ᠴᠢᠨᠠᠷ᠎ᠢ ᠬᠦᠴᠦᠯᠡᠨ ᠴᠢᠩᠭᠠᠳᠭᠠᠵᠤ᠂ ᠡᠪᠯᠡᠯ᠎ᠤᠨ ᠭᠡᠱᠢᠭᠦᠨ᠎ᠤ ᠨᠠᠮ᠎ᠢᠶᠠᠨ ᠬᠠᠢᠷᠠᠯᠠᠬᠤ᠂ ᠨᠠᠮ᠎ᠢᠶᠠᠨ ᠬᠦᠷᠢᠶᠡᠯᠡᠬᠦ᠌ ᠡᠮᠦᠨ᠎ᠡ ᠡᠩᠨᠡᠭᠡᠨ᠎ᠳᠤ ᠶᠠᠪᠤᠬᠤ᠂ ᠤᠯᠤᠰ᠎ᠢᠶᠠᠨ ᠬᠠᠢᠷᠠᠯᠠᠵᠤ ᠤᠯᠤᠰ᠎ᠲᠠᠭᠠᠨ ᠵᠢᠳᠬᠦᠬᠦ᠌ ᠡᠮᠦᠨ᠎ᠡ ᠡᠩᠨᠡᠭᠡᠨ᠎ᠳᠤ ᠶᠠᠪᠤᠬᠤ᠂ ᠠᠷᠠᠳ ᠲᠦᠮᠡᠨ᠎ᠳᠤ ᠦᠢᠯᠡᠴᠢᠯᠡᠬᠦ᠂ ᠨᠡᠢᠭᠡᠮ᠎ᠳᠤ ᠬᠤᠪᠢ ᠨᠡᠮᠡᠷᠢ ᠦᠵᠡᠭᠦᠯᠬᠦ᠌᠎ᠶ᠋ᠢᠨ ᠡᠮᠦᠨ᠎ᠡ ᠡᠩᠨᠡᠭᠡᠨ᠎ᠳᠤ ᠶᠠᠪᠤᠬᠤ᠎ᠶ᠋ᠢ ᠬᠦᠳᠦᠯᠦᠨ ᠳᠠᠭᠠᠭᠤᠯᠵᠤ᠂ ᠥᠷᠭᠡᠨ ᠤᠯᠠᠨ ᠵᠠᠯᠠᠭᠤᠴᠤᠳ᠎ᠢ ᠳᠠᠢᠴᠢᠯᠠᠨ ᠬᠠᠮᠲᠤ᠎ᠪᠠᠷ ᠤᠷᠤᠭ᠍ᠰᠢᠯᠠᠭᠤᠯᠬᠤ ᠭᠡᠷᠡᠭ᠌ᠳᠠᠢ᠃ ᠪᠥᠬᠦ᠌ ᠡᠪᠯᠡᠯ᠎ᠤᠨ ᠬᠡᠱᠢᠬᠦᠳ ᠠᠩᠭᠢ ᠳᠠᠭᠠᠭᠤᠯᠤᠨ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠭᠡᠱᠢᠭᠦᠨ᠎ᠤ ᠢᠷᠠᠭᠤ ᠠᠯᠳᠠᠷᠲᠤ ᠲᠥᠷᠥᠭ᠌ᠳᠡᠯ᠎ᠢ ᠴᠢᠷᠮᠠᠢᠨ ᠨᠡᠮᠡᠭ᠌ᠳᠡᠭᠦᠯᠵᠦ᠍᠂ ᠪᠥᠬᠦ᠌ ᠣᠷᠣᠨ᠎ᠤ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠭᠡᠱᠢᠭᠦᠨ᠎ᠢ ᠬᠥᠲᠥᠯᠥᠨ ᠵᠢᠯᠣᠭᠤᠳᠴᠤ᠌ ᠪᠠᠭ᠎ᠠ ᠰᠤᠷᠭᠠᠭᠤᠯᠢ᠎ᠶ᠋ᠢᠨ ᠬᠤᠱᠢᠭᠤᠴᠢ᠂ ᠥᠰᠥᠨ ᠪᠤᠵᠠᠭᠠᠢᠷᠠᠬ᠍ᠰᠠᠨᠤ ᠲᠠᠷᠠᠭᠠᠬᠢ ᠬᠤᠱᠢᠭᠤᠴᠢ ᠪᠣᠯᠭᠠᠬᠤ ᠬᠡᠷᠡᠭ᠌ᠲᠡᠶ᠃
ᠵᠢᠷᠭᠤᠭ᠎ᠠ᠎ᠳᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠭᠡᠷᠡᠴᠢᠯᠡᠯᠲᠡ᠎ᠶ᠋ᠢ ᠴᠥᠬᠦᠷᠡᠰᠢ ᠦᠭᠡᠢ ᠠᠬᠢᠭᠤᠯᠬᠤ ᠬᠡᠷᠡᠭ᠌ᠲᠡᠢ᠃ ᠪᠦᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠤᠨ ᠵᠣᠬᠢᠶᠠᠨ ᠪᠠᠢᠭᠤᠯᠤᠯᠲᠠ ᠡᠮᠦᠨ᠎ᠡ ᠨᠢᠭᠡ ᠱᠠᠲᠤᠨ᠎ᠤ ᠡᠪ ᠬᠠᠮᠲᠤ ᠵᠠᠯᠠᠭᠤᠴᠤᠳ᠎ᠤᠨ ᠡᠪᠯᠡᠯ᠂ ᠵᠠᠯᠠᠭᠤᠴᠤᠳ᠎ᠤᠨ ᠬᠤᠯᠪᠣᠭ᠎ᠠ᠂ ᠰᠤᠷᠤᠭ᠍ᠴᠢᠳ᠎ᠤᠨ ᠬᠤᠯᠪᠣᠭ᠎ᠠ᠂ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ᠎ᠶ᠋ᠢ ᠨᠠᠷᠢᠨ ᠬᠢᠨᠠᠮᠠᠭᠠᠢ ᠳ᠋ᠦᠩᠨᠡᠭ᠌ᠰᠡᠨ ᠰᠠᠭᠤᠷᠢᠨ ᠳᠡᠭᠡᠷ᠎ᠡ᠂ ᠡᠪᠯᠡᠯ᠎ᠤᠨ ᠪᠠᠢᠭᠤᠯᠭ᠎ᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠠᠷ ᠱᠢᠪᠲᠤᠯᠤᠯᠲᠠ᠎ᠶ᠋ᠢᠨ ᠴᠡᠭ ᠪᠣᠯᠭᠠᠵᠤ᠂ ᠡᠪᠯᠡᠯ᠎ᠤᠨ ᠦᠨᠳᠦᠰᠦᠨ ᠱᠠᠲᠤᠨ᠎ᠤ ᠤᠯᠤᠰ ᠲᠦᠷᠦ᠎ᠶ᠋ᠢᠨ ᠴᠢᠳᠠᠮᠵᠢ ᠪᠠ ᠨᠡᠢᠭᠡᠮ᠎ᠤᠨ ᠴᠢᠳᠠᠮᠵᠢ᠎ᠶ᠋ᠢ ᠪᠦᠬᠦ᠌ ᠲᠠᠯ᠎ᠠ᠎ᠪᠠᠷ ᠬᠥᠭ᠌ᠵᠢᠭᠡᠬᠦ᠌᠎ᠪᠠᠷ ᠦᠨᠳᠦᠰᠦᠨ ᠬᠠᠷᠠᠯᠲᠠ ᠪᠣᠯᠭᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠭᠡᠷᠡᠴᠢᠯᠡᠯᠲᠡ᠎ᠶ᠋ᠢ ᠴᠢᠨᠠᠬ᠍ᠰᠢᠳᠠ ᠭᠦᠨᠵᠡᠭᠡᠢᠷᠡᠭᠦᠯᠵᠦ᠍᠂ ᠪᠦᠬᠦ᠌ ᠣᠷᠣᠨ᠎ᠤ ᠡᠪ ᠬᠠᠮᠲᠤ ᠵᠠᠯᠠᠭᠤᠴᠤᠳ᠎ᠤᠨ ᠡᠪᠯᠡᠯ᠎ᠢ ᠨᠡᠩ ᠪᠠᠲᠤ ᠴᠢᠩᠭ᠎ᠠ ᠬᠦᠴᠦᠨ᠎ᠲᠠᠢ᠂ ᠨᠡᠩ ᠠᠮᠢᠵᠢᠷᠠᠯ᠎ᠤᠨ ᠬᠦᠴᠦᠨ᠎ᠲᠠᠢ ᠪᠣᠯᠭᠠᠨ ᠪᠠᠢᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌ ᠠᠤᠭ᠎ᠠ ᠶᠡᠭᠡ ᠵᠠᠯᠠᠭᠤ ᠨᠠᠰᠤᠨ᠎ᠤ ᠬᠦᠴᠦᠨ᠎ᠢ ᠨᠢᠭ᠍ᠲᠠᠷᠠᠭᠤᠯᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ᠃