ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠴᠢᠨᠠᠭ᠍ᠰᠢᠳᠠ ᠴᠢᠩᠭᠠᠳᠭᠠᠬᠤ ᠲᠤᠬᠠᠢ ᠰᠠᠨᠠᠯ》 ᠎ᠢ ᠳᠠᠷᠤᠮᠠᠯᠯᠠᠨ ᠲᠠᠷᠬᠠᠭᠠᠪᠠ
2021-08-23 10:35:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠴᠢᠨᠠᠭ᠍ᠰᠢᠳᠠ ᠴᠢᠩᠭᠠᠳᠭᠠᠬᠤ ᠲᠤᠬᠠᠢ ᠰᠠᠨᠠᠯ》 ᠎ᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠴᠢᠨᠠᠭ᠍ᠰᠢᠳᠠ ᠴᠢᠩᠭᠠᠳᠭᠠᠬᠤ ᠲᠤᠬᠠᠢ ᠰᠠᠨᠠᠯ》 ᠎ᠤᠨ ᠪᠥᠬᠦ᠌ ᠠᠭᠤᠯᠭ᠎ᠠ᠎ᠨᠢ ᠳᠤᠤᠷᠠᠬᠢ ᠮᠡᠲᠦ᠍᠃

ᠪᠣᠳᠠᠰ᠎ᠤᠨ ᠪᠤᠰᠤ ᠰᠣᠶᠣᠯ᠎ᠤᠨ ᠥᠪ ᠪᠣᠯ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ᠎ᠶ᠋ᠢᠨ ᠪᠣᠯᠪᠠᠰᠤᠨ᠎ᠤ ᠦᠶ᠎ᠠ ᠳᠠᠮᠵᠢᠨ ᠤᠯᠠᠮᠵᠢᠯᠠᠭ᠍ᠳᠠᠬ᠍ᠰᠠᠨ ᠠᠮᠢᠳᠤᠯᠢᠭ ᠭᠡᠷᠡᠴᠢ ᠮᠥᠨ᠂ ᠦᠨᠳᠦᠰᠦᠲᠡᠨ᠎ᠤ ᠬᠠᠢᠷ᠎ᠠ ᠰᠡᠳᠭᠢᠯᠭᠡ᠎ᠶ᠋ᠢ ᠬᠤᠯᠪᠣᠬᠤ᠂ ᠤᠯᠤᠰ ᠣᠷᠣᠨ᠎ᠤ ᠨᠢᠭᠡᠳᠦᠯ᠎ᠢ ᠬᠠᠮᠠᠭᠠᠯᠠᠬᠤ᠎ᠶ᠋ᠢᠨ ᠴᠢᠬᠤᠯᠠ ᠰᠠᠭᠤᠷᠢ ᠮᠥᠨ᠃ ᠪᠣᠳᠠᠰ᠎ᠤᠨ ᠪᠤᠰᠤ ᠰᠣᠶᠣᠯ᠎ᠤᠨ ᠥᠪ᠎ᠢ ᠰᠠᠢᠲᠤᠷ ᠬᠠᠮᠠᠭᠠᠯᠠᠵᠤ᠂ ᠰᠠᠢᠲᠤᠷ ᠤᠯᠠᠮᠵᠢᠯᠠᠵᠤ᠂ ᠰᠠᠢᠲᠤᠷ ᠠᠱᠢᠬ᠍ᠯᠠᠬᠤ᠎ᠨᠢ ᠲᠡᠦᠬᠡ ᠰᠣᠶᠣᠯ᠎ᠤᠨ ᠰᠤᠳᠠᠰᠤ᠎ᠶ᠋ᠢ ᠦᠷᠭᠦᠯᠵᠢᠯᠡᠭᠦᠯᠬᠦ᠂ ᠰᠣᠶᠣᠯ᠎ᠤᠨ ᠢᠲᠡᠭᠡᠯ᠎ᠢ ᠪᠠᠲᠤᠳᠭᠠᠬᠤ᠂ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠢ ᠠᠬᠢᠭᠤᠯᠬᠤ᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠠᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠨᠠᠮ ᠪᠠ ᠵᠠᠰᠠᠭ᠎ᠤᠨ ᠣᠷᠳᠣᠨ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠣᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ ᠢᠯᠡᠳᠲᠡ ᠠᠮᠵᠢᠯᠲᠠ ᠪᠦᠲᠦᠮᠵᠢ ᠤᠯᠪᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠴᠢᠨᠠᠭ᠍ᠰᠢᠲᠠ ᠴᠢᠩᠭᠠᠳᠭᠠᠬᠤ᠎ᠶ᠋ᠢᠨ ᠲᠤᠰᠠᠳᠠ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃

ᠨᠢᠭᠡ᠂ ᠶᠡᠷᠦᠩᠬᠡᠶ ᠱᠠᠭᠠᠷᠳᠠᠯᠭ᠎ᠠ

(ᠨᠢᠭᠡ) ᠵᠢᠯᠣᠭᠤᠳᠭᠤ ᠦᠵᠡᠯ ᠰᠠᠨᠠᠭ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠤᠨ ᠦᠵᠡᠯᠲᠡ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠦ᠍᠂ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ᠂ ᠱᠢᠨ᠎ᠡ᠎ᠶ᠋ᠢ ᠡᠭᠦᠳᠬᠦ᠌ ᠴᠢᠨᠠᠷᠲᠠᠶ᠎ᠪᠠᠷ ᠬᠦᠭ᠌ᠵᠢᠬᠦᠯᠬᠦ᠌᠎ᠶ᠋ᠢ ᠪᠠᠷᠢᠮᠲᠠᠯᠠᠵᠦ᠍᠂ ᠳᠤᠮᠳᠠᠳᠤ᠎ᠶ᠋ᠢᠨ ᠰᠣᠶᠣᠯ᠎ᠤᠨ ᠵᠣᠭ᠍ᠰᠣᠯᠲᠠ᠎ᠶ᠋ᠢ ᠪᠠᠲᠤ ᠰᠠᠬᠢᠵᠤ᠂ ᠳᠤᠮᠳᠠᠳᠤ᠎ᠶ᠋ᠢᠨ ᠰᠣᠶᠣᠯ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ᠂ 《ᠬᠠᠮᠠᠭᠠᠯᠠᠬᠤ᠎ᠪᠠᠷ ᠭᠤᠤᠯ ᠪᠣᠯᠭᠠᠬᠤ᠂ ᠲᠦᠷᠭᠡᠨ ᠠᠪᠤᠷᠠᠬᠤ᠎ᠶ᠋ᠢ ᠲᠦᠷᠦᠬᠦᠨ᠎ᠳᠤ ᠲᠠᠯᠪᠢᠬᠤ᠂ ᠵᠣᠬᠢᠰᠲᠠᠶ ᠠᠱᠢᠬ᠍ᠯᠠᠬᠤ᠂ ᠵᠠᠯᠭᠠᠮᠵᠢᠯᠠᠨ ᠬᠥᠭ᠌ᠵᠢᠭᠦᠯᠬᠦ᠌》 ᠠᠵᠢᠯ᠎ᠤᠨ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠵᠠᠯᠭᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠱᠢᠰᠲ᠋ᠧᠮ᠎ᠲᠠᠢ ᠬᠠᠮᠠᠭᠠᠯᠠᠬᠤ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠵᠦ᠍᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠣᠶᠤᠨ ᠰᠠᠨᠠᠭᠠᠨ᠎ᠤ ᠬᠦᠴᠦᠨ ᠨᠡᠮᠡᠷᠢᠯᠡᠨ᠎ᠡ᠃

(ᠬᠤᠶᠠᠷ) ᠠᠵᠢᠯ᠎ᠤᠨ ᠵᠠᠷᠴᠢᠮ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠬᠤᠷᠢᠶ᠎ᠠ ᠤᠳᠤᠷᠢᠳᠤᠭ᠍ᠰᠠᠨ᠂ ᠵᠠᠰᠠᠭ᠎ᠤᠨ ᠣᠷᠳᠣᠨ ᠬᠠᠷᠢᠭᠤᠴᠠᠭ᠍ᠰᠠᠨ᠂ ᠰᠠᠯᠠᠭ᠎ᠠ ᠮᠥᠴᠢᠷ᠎ᠤᠳ ᠬᠠᠮᠵᠢᠯᠴᠠᠭ᠍ᠰᠠᠨ᠂ ᠨᠡᠢᠭᠡᠮ ᠎ᠤᠨ ᠎ᠬᠢᠨ ᠣᠷᠣᠯᠴᠠᠭ᠍ᠰᠠᠨ ᠠᠵᠢᠯ ᠎ᠤᠨ ᠪᠠᠢᠷᠢᠱᠢᠯ ᠎ᠢ ᠪᠠᠬᠢᠵᠢᠭᠦᠯᠦᠨ᠎ᠡ; ᠮᠠᠷᠺᠰ᠎ᠤᠨ ᠦᠵᠡᠯ᠎ᠤᠨ ᠡᠬᠡ ᠤᠯᠤᠰ᠎ᠤᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠨ᠎ᠠ; ᠠᠷᠠᠳ ᠲᠦᠮᠡᠨ᠎ᠢᠶᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠠᠷᠠᠳ ᠣᠯᠠᠨ᠎ᠤ ᠨᠡᠢᠳᠡᠮ ᠠᠩᠬᠠᠷᠴᠤ᠌ ᠪᠠᠢᠭ᠎ᠠ ᠲᠣᠪᠤᠢᠮ᠎ᠠ ᠠᠰᠠᠭᠤᠳᠠᠯ᠎ᠢ ᠬᠦᠴᠦᠯᠡᠨ ᠱᠢᠢᠳᠪᠤᠷᠢᠯᠡᠵᠦ᠍᠂ ᠠᠷᠠᠳ ᠣᠯᠠᠨ᠎ᠤ ᠣᠷᠣᠯᠴᠠᠬᠤ ᠲᠥᠷᠥᠭ᠌ᠳᠡᠯ᠂ ᠬᠦᠷᠲᠡᠮᠵᠢ᠎ᠶ᠋ᠢᠨ ᠲᠥᠷᠥᠭ᠌ᠳᠡᠯ᠂ ᠬᠠᠮᠳᠦ᠎ᠶ᠋ᠢᠨ ᠲᠠᠨᠢᠯᠳᠠ᠎ᠶ᠋ᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠡ; ᠬᠠᠤᠯᠢ ᠶᠣᠰᠣᠭᠠᠷ ᠬᠠᠮᠠᠭᠠᠯᠠᠬᠤ᠎ᠶ᠋ᠢ ᠪᠠᠷᠢᠮᠲᠠᠯᠠᠵᠤ᠂ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠎ᠠ; ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠨᠳᠦᠰᠦᠨ ᠠᠭᠤᠯᠤᠭ᠍ᠳᠠᠬᠤᠨ᠎ᠢ ᠬᠦᠨᠳᠦᠳᠭᠡᠵᠦ᠍᠂ ᠣᠳᠣ ᠦᠶ᠎ᠡ᠎ᠶ᠋ᠢᠨ ᠥᠷᠲᠡᠭ᠎ᠢ᠎ᠨᠢ ᠪᠠᠳᠠᠷᠠᠭᠤᠯᠤᠨ᠎ᠠ᠃

(ᠭᠤᠷᠪᠠ) ᠭᠤᠣᠯ ᠬᠠᠷᠠᠯᠲᠠ 

2025 ᠤᠨ ᠪᠣᠯᠬᠤ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠲᠥᠷᠥᠯ ᠵᠦᠢᠯ᠎ᠢ ᠪᠦᠲᠦᠮᠵᠢᠲᠡᠶ ᠬᠠᠮᠠᠭᠠᠯᠠᠵᠤ᠂ ᠠᠵᠢᠯ᠎ᠤᠨ ᠲᠦᠷᠢᠮ᠎ᠢ ᠱᠢᠨᠵᠢᠯᠡᠬᠦ᠌ ᠤᠬᠠᠭᠠᠨᠴᠢ ᠵᠢᠷᠤᠮᠵᠢᠯ᠎ᠲᠠᠢ᠂ ᠠᠵᠢᠯᠯᠠᠭᠠᠨ᠎ᠢ ᠪᠦᠲᠦᠮᠵᠢᠲᠡᠶ ᠪᠣᠯᠭᠠᠵᠤ᠂ ᠠᠷᠠᠳ ᠣᠯᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠲᠤ ᠣᠷᠣᠯᠴᠠᠬᠤ ᠲᠥᠷᠥᠭ᠌ᠳᠡᠯ᠂ ᠬᠦᠷᠲᠡᠮᠵᠢ᠎ᠶ᠋ᠢᠨ ᠲᠥᠷᠥᠭ᠌ᠳᠡᠯ᠂ ᠬᠠᠮᠳᠦ᠎ᠶ᠋ᠢᠨ ᠲᠠᠨᠢᠯᠳᠠ᠎ᠶ᠋ᠢ ᠢᠯᠡᠳᠲᠡ ᠨᠡᠮᠡᠭ᠌ᠳᠡᠬᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠲᠣ ᠦᠶ᠎ᠡ᠎ᠳᠤ ᠦᠢᠯᠡᠴᠢᠯᠡᠬᠦ᠂ ᠠᠷᠠᠳ ᠲᠦᠮᠡᠨ᠎ᠳᠤ ᠪᠤᠶᠠᠨ ᠦᠢᠯᠡᠳᠬᠦ᠌ ᠦᠢᠯᠡᠳᠣᠯ᠎ᠢ ᠴᠢᠨᠠᠭ᠍ᠰᠢᠲᠠ ᠪᠠᠳᠠᠷᠠᠭᠤᠯᠤᠨ᠎ᠠ᠃

2035 ᠤᠨ ᠪᠣᠯᠬᠤ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠥᠬᠦ᠌ ᠲᠠᠯ᠎ᠠ᠎ᠪᠠᠷ ᠪᠦᠲᠦᠮᠵᠢᠲᠡᠶ ᠬᠠᠮᠠᠭᠠᠯᠠᠵᠤ᠂ ᠤᠯᠠᠮᠵᠢᠯᠠᠨ ᠵᠠᠯᠭᠠᠮᠵᠢᠯᠠᠬᠤ ᠠᠮᠢᠵᠢᠷᠠᠯ᠎ᠤᠨ ᠬᠦᠴᠦᠨ᠎ᠢ ᠢᠯᠡᠳᠲᠡ ᠴᠢᠩᠭᠠᠷᠠᠭᠤᠯᠵᠤ᠂ ᠠᠵᠢᠯ᠎ᠤᠨ ᠲᠦᠷᠢᠮ᠎ᠢ ᠨᠠᠩ ᠲᠡᠭᠦᠯᠳᠡᠷᠵᠢᠭᠦᠯᠵᠦ᠍᠂ ᠤᠯᠠᠮᠵᠢᠯᠠᠨ ᠵᠠᠯᠭᠠᠮᠵᠢᠯᠠᠬᠤ ᠱᠢᠰᠲ᠋ᠧᠮ᠎ᠢ ᠨᠠᠩ ᠪᠦᠷᠢᠨᠱᠢᠭᠦᠯᠵᠦ᠍᠂ ᠬᠠᠮᠠᠭᠠᠯᠠᠬᠤ ᠣᠢᠯᠠᠭᠠᠭ᠍ᠳᠠᠬᠤᠨ᠎ᠢ ᠬᠥᠮᠦᠰ᠎ᠤᠨ ᠰᠡᠳᠭᠢᠯ᠎ᠳᠤ ᠤᠯᠠᠮ ᠨᠢᠭᠡ ᠠᠯᠬᠤᠮ ᠬᠠᠳᠠᠩᠱᠢᠭᠤᠯᠵᠦ᠍᠂ ᠳᠡᠯᠡᠬᠡᠶ ᠳᠡᠭᠡᠷᠡᠬᠢ ᠨᠥᠯᠥᠭᠡᠯᠡᠬᠦ᠌ ᠬᠦᠴᠦᠨ᠎ᠢ ᠢᠯᠡᠳᠲᠡ ᠳᠡᠭᠡᠭ᠌ᠰᠢᠯᠡᠭᠦᠯᠵᠦ᠍᠂ ᠠᠵᠤ ᠠᠬᠤᠶ ᠨᠡᠢᠭᠡᠮ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠪᠠ ᠤᠯᠤᠰ᠎ᠤᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ᠌ ᠦᠢᠯᠡᠳᠣᠯ᠎ᠢ ᠨᠠᠩ ᠢᠯᠡᠷᠬᠡᠶ ᠪᠣᠯᠭᠠᠨ᠎ᠠ᠃

ᠬᠤᠶᠠᠷ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠱᠢᠰᠲ᠋ᠧᠮ᠎ᠢ ᠪᠦᠷᠢᠨᠱᠢᠭᠦᠯᠦᠨ᠎ᠡ

(ᠳᠥᠷᠪᠡ) ᠪᠠᠢᠴᠠᠭᠠᠨ ᠲᠡᠮᠳᠡᠭ᠌ᠯᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠪᠦᠬᠦ᠌ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠤᠨ ᠪᠠᠢᠴᠠᠭᠠᠯᠲᠠ ᠥᠷᠨᠢᠭᠦᠯᠵᠦ᠍᠂ ᠲᠠᠩᠰᠠ ᠡᠪᠬᠡᠮᠡᠯ᠎ᠢ ᠲᠦᠷᠢᠮ᠎ᠢ ᠲᠡᠭᠦᠯᠳᠡᠷᠵᠢᠭᠦᠯᠦᠨ᠂ ᠲᠠᠩᠰᠠ ᠡᠪᠬᠡᠮᠡᠯ᠎ᠢ ᠲᠤᠭᠠᠴᠢᠯᠠᠬᠤ ᠪᠠᠢᠭᠤᠯᠤᠯᠲᠠ᠎ᠶ᠋ᠢ ᠴᠢᠩᠭᠠᠳᠭᠠᠵᠤ᠂ ᠬᠤᠯᠪᠣᠭ᠍ᠳᠠᠯ ᠪᠦᠬᠦᠢ ᠪᠣᠳᠠᠲᠤ ᠪᠣᠳᠠᠰ᠂ ᠮᠠᠲ᠋ᠧᠷᠢᠶᠠᠯ᠎ᠢ ᠲᠣᠬᠢᠲᠠᠢ ᠬᠠᠳᠠᠭᠠᠯᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠲᠡᠮᠳᠡᠭ᠌ᠯᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠣᠳᠣ ᠦᠶ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭ᠌ᠯᠡᠨ᠂ ᠲᠤᠰᠭᠠᠶ ᠮᠡᠷᠭᠡᠵᠢᠯ᠎ᠤᠨ ᠲᠡᠮᠳᠡᠭ᠌ᠯᠡᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠨᠡᠢᠭᠡᠮ ᠨᠡᠢᠲᠡ᠎ᠪᠠᠷ᠎ᠢᠶᠠᠨ ᠲᠡᠮᠳᠡᠭ᠌ᠯᠡᠬᠦ᠌᠎ᠶ᠋ᠢ ᠥᠷᠭᠡᠨ᠎ᠢᠶᠠᠷ ᠳᠠᠢᠴᠢᠯᠠᠨ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠲᠥᠷᠥᠯ ᠵᠦᠢᠯ ᠪᠣᠯᠤᠨ ᠲᠥᠯᠥᠭᠡᠯᠡᠬᠦ᠌ ᠴᠢᠨᠠᠷᠲᠠᠶ ᠵᠠᠯᠭᠠᠮᠵᠢᠯᠠᠭ᠍ᠴᠢ᠎ᠶ᠋ᠢ ᠪᠦᠬᠦ᠌ ᠲᠠᠯ᠎ᠠ᠎ᠪᠠᠷ ᠱᠢᠰᠲ᠋ᠧᠮ᠎ᠲᠠᠢ ᠲᠡᠮᠳᠡᠭ᠌ᠯᠡᠨ᠎ᠡ᠃ ᠪᠦᠬᠦ᠌ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠨᠡᠢᠳᠭᠡᠨ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠭ᠎ᠠ ᠪᠠᠷᠢᠮᠲᠠ᠎ᠶ᠋ᠢ ᠬᠠᠤᠯᠢ ᠶᠤᠰᠤᠭᠠᠷ ᠨᠡᠢᠭᠡᠮ᠎ᠳᠤ ᠴᠢᠯᠥᠭᠡᠲᠡᠶ ᠨᠡᠭᠡᠭᠡᠬᠦ᠌᠎ᠶ᠋ᠢ ᠴᠢᠨᠠᠭ᠍ᠰᠢᠲᠠ ᠠᠬᠢᠭᠤᠯᠵᠤ᠂ ᠳᠠᠩᠰᠠ ᠡᠪᠬᠡᠮᠡᠯ ᠪᠣᠯᠤᠨ ᠲᠡᠮᠳᠡᠭ᠌ᠯᠡᠭ᠌ᠰᠡᠨ ᠦᠷ᠎ᠡ ᠪᠦᠲᠦᠭᠡᠯ᠎ᠤᠨ ᠨᠡᠢᠭᠡᠮ᠎ᠤᠨ ᠠᠱᠢᠬ᠍ᠯᠠᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠨ᠎ᠠ ᠃

(ᠲᠠᠪᠤ) ᠲᠥᠯᠥᠭᠡᠯᠡᠬᠦ᠌ ᠴᠢᠨᠠᠷᠲᠠᠶ ᠲᠥᠷᠥᠯ ᠵᠦᠢᠯ᠎ᠤᠨ ᠳᠦᠷᠢᠮ᠎ᠢ ᠲᠡᠭᠦᠯᠳᠡᠷᠵᠢᠭᠦᠯᠦᠨ᠎ᠡ᠃ ᠨᠡᠩ ᠱᠢᠨᠵᠢᠯᠡᠬᠦ᠌ ᠤᠬᠠᠭᠠᠨᠴᠢ᠂ ᠵᠦᠢ ᠵᠣᠬᠢᠰᠲᠠᠶ ᠲᠥᠯᠥᠭᠡᠯᠡᠬᠦ᠌ ᠴᠢᠨᠠᠷᠲᠠᠶ ᠲᠥᠷᠥᠯ ᠵᠦᠢᠯ᠎ᠤᠨ ᠲᠥᠷᠥᠯ ᠬᠤᠪᠢᠶᠠᠬᠤ ᠱᠢᠰᠲ᠋ᠧᠮ᠎ᠢ ᠪᠠᠢᠭᠤᠯᠤᠨ᠎ᠠ᠃ ᠤᠯᠤᠰ᠂ ᠮᠤᠵᠢ᠂ ᠬᠤᠲᠠ᠂ ᠱᠢᠶᠠᠨ᠎ᠤ ᠲᠥᠯᠥᠭᠡᠯᠡᠬᠦ᠌ ᠴᠢᠨᠠᠷᠲᠠᠢ ᠲᠦᠷᠦᠯ ᠵᠦᠢᠯ᠎ᠤᠨ ᠨᠡᠷᠡᠰ᠎ᠤᠨ ᠵᠢᠭ᠍ᠰᠠᠭᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠲᠥᠯᠥᠭᠡᠯᠡᠬᠦ᠌ ᠴᠢᠨᠠᠷᠲᠠᠶ ᠲᠥᠷᠥᠯ ᠵᠦᠢᠯ᠎ᠤᠨ ᠬᠠᠳᠠᠭᠠᠯᠠᠬ᠍ᠳᠠᠵᠦ᠍ ᠦᠷᠭᠦᠯᠵᠢᠯᠡᠵᠦ᠍ ᠪᠠᠢᠭ᠎ᠠ ᠪᠠᠢᠳᠠᠯ᠎ᠤᠨ ᠦᠨᠡᠯᠡᠯᠳᠠ᠎ᠶ᠋ᠢ ᠴᠢᠩᠭᠠᠳᠭᠠᠵᠤ᠂ ᠬᠥᠳᠡᠯᠦᠩᠭᠦᠶ᠎ᠪᠠᠷ ᠲᠣᠬᠢᠷᠠᠭᠤᠯᠤᠯᠳᠠ ᠬᠢᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠲᠥᠯᠥᠭᠡᠯᠡᠬᠦ᠌ ᠴᠢᠨᠠᠷᠲᠠᠶ ᠲᠥᠷᠥᠯ ᠵᠦᠢᠯ᠎ᠢ ᠬᠠᠮᠠᠭᠠᠯᠠᠬᠤ ᠨᠢᠭᠡᠴᠢ᠎ᠶ᠋ᠢᠨ ᠬᠠᠷᠢᠭᠤᠴᠠᠯᠭ᠎ᠠ᠎ᠶ᠋ᠢ ᠪᠠᠲᠤᠳᠭᠠᠵᠤ᠂ ᠠᠵᠢᠯ᠎ᠤᠨ ᠠᠮᠵᠢᠯᠲᠠ ᠪᠦᠲᠦᠮᠵᠢ᠎ᠶ᠋ᠢᠨ ᠦᠨᠡᠯᠡᠯᠳᠡ ᠪᠠ ᠬᠥᠳᠡᠯᠦᠩᠭᠦᠶ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠲᠥᠯᠥᠭᠡᠯᠡᠬᠦ᠌ ᠴᠢᠨᠠᠷᠲᠠᠢ ᠲᠦᠷᠦᠯ ᠵᠦᠢᠯ᠎ᠲᠠᠢ ᠬᠤᠯᠪᠣᠭ᠍ᠳᠠᠬᠤ ᠰᠣᠶᠣᠯ᠎ᠤᠨ ᠣᠷᠣᠨ ᠵᠠᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠤᠨ ᠵᠢᠬ᠍ᠰᠠᠭᠠᠯᠳᠠ᠎ᠶ᠋ᠢᠨ ᠲᠥᠷᠥᠯ ᠵᠦᠢᠯ᠎ᠳᠤ ᠮᠡᠳᠡᠭᠦᠯᠬᠦ᠌ ᠪᠠ ᠭᠡᠷ᠎ᠡ᠎ᠪᠠᠨ ᠭᠦᠢᠴᠡᠳᠭᠡᠬᠦ᠌ ᠠᠵᠢᠯ᠎ᠢ ᠢᠳᠡᠪᠬᠢᠲᠡᠶ ᠰᠠᠢᠲᠤᠷ ᠬᠢᠨ᠎ᠠ᠃

(ᠵᠢᠷᠭᠤᠭ᠎ᠠ) ᠲᠥᠯᠥᠭᠡᠯᠡᠬᠦ᠌ ᠴᠢᠨᠠᠷᠲᠠᠶ ᠵᠠᠯᠭᠠᠮᠵᠢᠯᠠᠭ᠍ᠴᠢ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠤᠯᠤᠰ᠂ ᠮᠤᠵᠢ᠂ ᠬᠤᠲᠠ᠂ ᠱᠢᠶᠠᠨ᠎ᠤ ᠲᠥᠯᠥᠭᠡᠯᠡᠬᠦ᠌ ᠴᠢᠨᠠᠷᠲᠠᠶ ᠵᠠᠯᠭᠠᠮᠵᠢᠯᠠᠭ᠍ᠴᠢ᠎ᠶ᠋ᠢ ᠨᠤᠳᠠᠯᠠᠨ ᠲᠣᠭ᠍ᠲᠠᠭᠠᠬᠤ ᠪᠠ ᠬᠠᠮᠢᠶᠠᠷᠬᠤ ᠲᠦᠷᠢᠮ᠎ᠢ ᠪᠦᠷᠢᠨᠱᠢᠬᠦᠯᠵᠤ᠂ ᠤᠯᠠᠮᠵᠢᠯᠠᠨ ᠵᠠᠯᠭᠠᠮᠵᠢᠯᠠᠬᠤ᠎ᠪᠠᠷ ᠭᠤᠤᠯ ᠪᠣᠯᠭᠠᠨ ᠲᠠᠨᠢᠯᠴᠠᠭᠤᠯᠬᠤ ᠪᠠ ᠨᠤᠳᠠᠯᠠᠨ ᠲᠣᠭ᠍ᠲᠠᠭᠠᠬᠤ ᠠᠵᠢᠯ᠎ᠢ ᠪᠣᠯᠭᠤᠮᠵᠢᠲᠠᠶ ᠥᠷᠨᠢᠭᠦᠯᠦᠨ᠎ᠡ᠃ ᠬᠠᠮᠲᠤ᠎ᠪᠠᠷ ᠤᠯᠠᠮᠵᠢᠯᠠᠨ ᠵᠠᠯᠭᠠᠮᠵᠢᠯᠠᠵᠤ᠂ ᠣᠯᠠᠨ᠎ᠢᠶᠠᠷ᠎ᠢᠶᠠᠨ ᠦᠢᠯᠡᠳᠣᠯᠭᠡᠵᠢᠭᠦᠯᠦᠭ᠌ᠰᠡᠨ ᠲᠥᠷᠥᠯ ᠵᠦᠢᠯ᠎ᠳᠤ᠂ ᠲᠥᠯᠥᠭᠡᠯᠡᠬᠦ᠌ ᠴᠢᠨᠠᠷᠲᠠᠶ ᠤᠯᠠᠮᠵᠢᠯᠠᠨ ᠵᠠᠯᠭᠠᠮᠵᠢᠯᠠᠬᠤ ᠪᠦᠯᠬᠦᠮ (ᠪᠦᠯᠬᠦᠮ ᠨᠡᠢᠲᠡ) ᠎ᠢ ᠬᠠᠢᠨ ᠰᠦᠪᠡᠭ᠌ᠴᠢᠯᠡᠵᠤ ᠨᠤᠳᠠᠯᠠᠨ ᠲᠤᠭ᠍ᠳᠠᠭᠠᠨ᠎ᠠ᠃ ᠲᠥᠯᠥᠭᠡᠯᠡᠬᠦ᠌ ᠴᠢᠨᠠᠷᠲᠠᠶ ᠵᠠᠯᠭᠠᠮᠵᠢᠯᠠᠭ᠍ᠴᠢ᠎ᠶ᠋ᠢ ᠦᠨᠡᠯᠡᠬᠦ᠌ ᠪᠠ ᠬᠥᠳᠡᠯᠦᠩᠭᠦᠶ ᠬᠠᠮᠢᠶᠠᠷᠬᠤ᠎ᠶ᠋ᠢ ᠴᠢᠩᠭᠠᠳᠭᠠᠵᠤ᠂ ᠵᠢᠬ᠍ᠰᠠᠭᠠᠯᠳᠠ᠎ᠠᠴᠠ ᠭᠠᠷᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠠᠯᠭᠠᠮᠵᠢᠯᠠᠭ᠍ᠴᠢ᠎ᠶ᠋ᠢᠨ ᠰᠤᠳᠤᠯᠤᠨ ᠰᠤᠷᠤᠯᠴᠠᠵᠤ ᠪᠣᠯᠪᠠᠰᠤᠷᠠᠭᠤᠯᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠵᠠᠯᠭᠠᠮᠵᠢᠯᠠᠭ᠍ᠴᠢ᠎ᠶ᠋ᠢᠨ ᠤᠷ᠎ᠠ ᠮᠡᠷᠭᠡᠱᠢᠯ᠎ᠤᠨ ᠴᠢᠳᠠᠪᠤᠷᠢ᠎ᠶ᠋ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠦᠨ᠎ᠡ᠃ ᠤᠯᠠᠮᠵᠢᠯᠠᠨ ᠵᠠᠯᠭᠠᠮᠵᠢᠯᠠᠬᠤ ᠱᠠᠲᠤᠯᠵᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠠᠮᠵᠢᠯᠠᠯᠲᠤ ᠵᠠᠯᠭᠠᠮᠵᠢᠯᠠᠬᠤ ᠠᠷᠭ᠎ᠠ ᠮᠠᠶᠢᠭ ᠪᠠ ᠤᠳᠤ ᠦᠶ᠎ᠡ᠎ᠶ᠋ᠢᠨ ᠰᠤᠷᠭᠠᠨ ᠬᠥᠮᠦᠵᠢᠯ᠎ᠤᠨ ᠱᠢᠰᠲ᠋ᠧᠮ᠎ᠤᠨ ᠤᠶᠠᠯᠳᠤᠯ᠎ᠢ ᠠᠬᠢᠭᠤᠯᠤᠨ᠂ ᠴᠢᠳᠠᠪᠤᠷᠢᠲᠠᠨ᠎ᠢ ᠬᠥᠮᠦᠵᠢᠭᠦᠯᠬᠦ᠌ ᠠᠷᠭ᠎ᠠ ᠵᠠᠮ᠎ᠢ ᠥᠷᠭᠡᠳᠭᠡᠵᠦ᠍᠂ ᠤᠯᠠᠮᠵᠢᠯᠠᠨ ᠵᠠᠯᠭᠠᠮᠵᠢᠯᠠᠬᠤ ᠡᠩᠨᠡᠭᠡ᠎ᠶ᠋ᠢ ᠲᠠᠰᠤᠷᠠᠯᠳᠠ ᠦᠭᠡᠢ ᠪᠤᠵᠠᠭᠠᠢᠷᠠᠭᠤᠯᠤᠨ᠎ᠠ᠃

(ᠳᠣᠯᠤᠭ᠎ᠠ) ᠣᠷᠣᠨ ᠪᠦᠰᠡ᠎ᠶ᠋ᠢᠨ ᠴᠢᠨᠠᠷᠲᠠᠶ ᠪᠦᠬᠦᠯᠢ ᠴᠣᠭ᠍ᠴᠠ᠎ᠶ᠋ᠢᠨ ᠬᠠᠮᠠᠭᠠᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠥᠪ ᠵᠢᠴᠢ ᠲᠡᠭᠦᠨ᠎ᠢ ᠪᠤᠢᠵᠢᠭᠤᠯᠵᠤ ᠬᠥᠭ᠌ᠵᠢᠭᠦᠯᠦᠭ᠌ᠰᠡᠨ ᠰᠣᠶᠣᠯ ᠪᠣᠯᠤᠨ ᠪᠠᠢᠭᠠᠯᠢ᠎ᠶ᠋ᠢᠨ ᠠᠮᠢ ᠠᠬᠤᠶ ᠣᠷᠴᠢᠨ ᠲᠣᠭᠤᠷᠢᠨ᠎ᠢ ᠪᠦᠬᠦᠯᠢ ᠴᠣᠭ᠍ᠴᠠ᠎ᠪᠠᠷ᠎ᠨᠢ ᠬᠠᠮᠠᠭᠠᠯᠠᠵᠤ᠂ ᠣᠷᠣᠨ ᠪᠦᠰᠡ ᠪᠣᠯᠤᠨ ᠦᠨᠳᠦᠰᠦᠲᠡᠨ᠎ᠤ ᠣᠨᠴᠠᠯᠢᠭ᠎ᠢ ᠲᠣᠪᠤᠢᠯᠭᠠᠨ᠂ ᠰᠣᠶᠣᠯ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠬᠤᠯᠪᠣᠭ᠍ᠳᠠᠯ ᠪᠦᠬᠦᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠎ᠠ᠃ ᠰᠣᠶᠣᠯ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ ᠬᠢᠭᠡᠳ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢᠭᠤᠯᠤᠯᠲᠠ᠎ᠶ᠋ᠢ ᠪᠦᠲᠦᠮᠵᠢᠲᠡᠶ ᠵᠣᠯᠭᠠᠭᠤᠯᠵᠤ᠂ ᠣᠷᠣᠨ ᠪᠦᠰᠡ᠎ᠶ᠋ᠢᠨ ᠴᠢᠨᠠᠷᠲᠠᠶ ᠪᠦᠬᠦᠯᠢ ᠴᠣᠭ᠍ᠴᠠ᠎ᠶ᠋ᠢᠨ ᠬᠠᠮᠠᠭᠠᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠳᠤᠮᠳᠠᠳᠤ ᠤᠯᠤᠰ᠎ᠤᠨ ᠠᠷᠠᠳ᠎ᠤᠨ ᠰᠣᠶᠣᠯ ᠤᠷᠠᠯᠢᠭ᠎ᠤᠨ ᠨᠤᠲᠤᠭ᠂ ᠳᠤᠮᠳᠠᠳᠤ ᠤᠯᠤᠰ᠎ᠤᠨ ᠤᠯᠠᠮᠵᠢᠯᠠᠯᠲᠤ ᠠᠢᠯ ᠲᠣᠰᠭᠤᠨ᠂ ᠳᠤᠮᠳᠠᠳᠤ ᠤᠯᠤᠰ᠎ᠤᠨ ᠦᠵᠡᠰᠭᠦᠯᠡᠩᠲᠦ ᠰᠠᠢᠬᠠᠨ ᠰᠡᠯᠡᠭᠦᠴᠡᠯ᠎ᠤᠨ ᠬᠥᠳᠡᠭᠡ ᠲᠣᠰᠭᠤᠨ᠂ ᠪᠦᠬᠦ᠌ ᠤᠯᠤᠰ᠎ᠤᠨ ᠬᠥᠳᠡᠭᠡ ᠲᠤᠰᠭᠤᠨ᠎ᠤ ᠵᠢᠭᠤᠯᠴᠢᠯᠠᠯ᠎ᠤᠨ ᠭᠤᠣᠯᠳᠠᠯᠭ᠎ᠠ᠎ᠲᠠᠢ ᠲᠣᠰᠭᠤᠨ᠂ ᠲᠡᠦᠬᠡ ᠰᠣᠶᠣᠯ᠎ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠭᠤᠨ᠂ ᠪᠦᠬᠦ᠌ ᠤᠯᠤᠰ᠎ᠤᠨ 《ᠨᠢᠭᠡ ᠲᠣᠰᠭᠤᠨ ᠨᠢᠭᠡ ᠦᠢᠯᠡᠳᠬᠦᠨ》 ᠎ᠤ ᠵᠢᠱ᠌ᠢᠶ᠎ᠡ ᠦᠵᠡᠭᠦᠯᠬᠦ᠌ ᠲᠣᠰᠭᠤᠨ ᠪᠠᠯᠭᠠᠰᠤ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠠᠭᠤᠳᠠᠯᠵᠤ᠂ ᠨᠤᠲᠤᠭ᠎ᠤᠨ ᠰᠣᠶᠣᠯ᠎ᠤᠨ ᠠᠭᠤᠯᠤᠭ᠍ᠳᠠᠬᠤᠨ᠎ᠢ ᠳᠡᠭᠡᠭ᠌ᠰᠢᠯᠡᠭᠦᠯᠦᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭ᠍ᠲᠤ ᠲᠣᠰᠭᠤᠨ ᠪᠠᠯᠭᠠᠰᠤ᠂ ᠵᠡᠭᠡᠯᠢ ᠲᠣᠭᠤᠷᠢᠭ᠎ᠢ ᠪᠥᠲᠥᠭᠡᠨ ᠪᠠᠢᠭᠤᠯᠤᠨ᠎ᠠ᠃ ᠱᠢᠨ᠎ᠡ ᠮᠠᠶᠢᠭ᠎ᠤᠨ ᠬᠤᠲᠠ ᠪᠠᠯᠭᠠᠰᠤᠵᠢᠯᠲᠠ᠎ᠶ᠋ᠢᠨ ᠪᠦᠲᠦᠭᠡᠨ ᠪᠠᠢᠭᠤᠯᠤᠯᠲᠠ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ 《ᠪᠣᠳᠠᠰ᠎ᠤᠨ ᠪᠤᠰᠤ ᠰᠣᠶᠣᠯ᠎ᠤᠨ ᠥᠪ᠎ᠢ ᠨᠡᠢᠭᠡᠮ ᠲᠣᠭᠤᠷᠢᠭ᠎ᠲᠤ ᠪᠠᠢᠯᠭᠠᠬᠤ》 ᠠᠵᠢᠯ᠎ᠢ ᠪᠦᠬᠦ᠌ ᠲᠠᠯ᠎ᠠ᠎ᠪᠠᠷ ᠠᠬᠢᠭᠤᠯᠤᠨ᠎ᠠ᠃

(ᠨᠠᠢ᠍ᠮᠠ) ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠢᠯᠠᠭᠠᠬᠤ ᠲᠦᠬᠦᠭᠡᠷᠤᠮᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠣᠳᠣ᠎ᠶ᠋ᠢᠨ ᠪᠠᠢᠭ᠎ᠠ ᠰᠠᠭᠤᠷᠢᠨ ᠳᠡᠭᠡᠷ᠎ᠡ᠂ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠪᠦᠲᠦᠭᠡᠨ ᠪᠠᠢᠭᠤᠯᠵᠤ ᠠᠱᠢᠬ᠍ᠯᠠᠨ᠂ ᠨᠥᠬᠦᠴᠡᠯ᠎ᠲᠠᠢ ᠭᠠᠵᠠᠷ ᠣᠷᠣᠨ᠎ᠤ᠎ᠬᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ ᠪᠦᠲᠦᠭᠡᠨ ᠪᠠᠢᠭᠤᠯᠬᠤ᠎ᠶ᠋ᠢ ᠵᠤᠷᠢᠭ᠍ᠵᠢᠭᠤᠯᠵᠤ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠲᠥᠷᠥᠯ ᠵᠦᠢᠯ᠎ᠢ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠢᠯᠠᠭᠠᠬᠤ ᠲᠥᠪ᠎ᠢ ᠢᠵᠢ ᠪᠦᠷᠢᠳᠦᠭᠦᠯᠦᠨ ᠦᠭᠡᠷᠡᠴᠢᠯᠡᠨ ᠪᠠᠢᠭᠤᠯᠵᠤ ᠱᠢᠨ᠎ᠡ᠎ᠪᠠᠷ ᠪᠠᠢᠭᠤᠯᠬᠤ᠎ᠶ᠋ᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ᠂ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠢᠯᠠᠭᠠᠬᠤ ᠲᠥᠪ (ᠭᠠᠵᠠᠷ᠂ ᠴᠡᠭ) ᠵᠡᠷᠭᠡ᠎ᠶ᠋ᠢ ᠪᠠᠭ᠍ᠲᠠᠭᠠᠭ᠍ᠰᠠᠨ ᠤᠯᠠᠮᠵᠢᠯᠠᠨ ᠵᠠᠯᠭᠠᠮᠵᠢᠯᠠᠬᠤ᠂ ᠪᠡᠶᠡᠴᠢᠯᠡᠨ ᠣᠢᠯᠠᠭᠠᠬᠤ᠂ ᠰᠤᠷᠭᠠᠨ ᠬᠥᠮᠦᠵᠢᠯ᠂ ᠪᠣᠯᠪᠠᠰᠤᠷᠠᠯ᠂ ᠵᠢᠭᠤᠯᠴᠢᠯᠠᠯ ᠵᠡᠷᠭᠡ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠢᠯᠠᠭᠠᠬᠤ ᠲᠦᠬᠦᠷᠦᠮᠵᠢ᠎ᠶ᠋ᠢᠨ ᠱᠢᠰᠲ᠋ᠧᠮ᠎ᠢ ᠪᠦᠷᠢᠯᠳᠦᠬᠦᠯᠦᠨ᠎ᠠ᠃ ᠨᠡᠢᠭᠡᠮ᠎ᠤᠨ ᠬᠦᠴᠦᠨ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠢᠯᠠᠭᠠᠬᠤ ᠲᠥᠬᠦᠭᠡᠷᠦᠮᠵᠢ ᠡᠷᠬᠢᠯᠡᠬᠦ᠌᠎ᠶ᠋ᠢ ᠵᠣᠷᠢᠭ᠍ᠵᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ᠎ᠤ ᠬᠠᠮᠢᠶᠠᠷᠤᠯᠲᠠ᠎ᠶ᠋ᠢᠨ ᠳᠦᠷᠢᠮ᠎ᠢ ᠰᠤᠳᠤᠯᠤᠨ ᠲᠡᠭᠦᠯᠳᠡᠷᠵᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠳᠣᠨ᠎ᠢ ᠳᠠᠩᠰᠠᠯᠠᠬᠤ ᠪᠠ ᠦᠨᠡᠯᠡᠨ ᠵᠢᠱ᠌ᠢᠵᠦ᠍ ᠳᠡᠰ ᠲᠣᠭ᠍ᠲᠠᠭᠠᠬᠤ ᠳᠦᠷᠢᠮ᠎ᠢ ᠪᠠᠢᠭᠤᠯᠤᠨ᠎ᠠ᠃

(ᠶᠢᠰᠦ) ᠤᠨᠤᠯ᠎ᠤᠨ ᠰᠤᠳᠤᠯᠭᠠᠨ᠎ᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠡᠮᠬᠢᠳᠭᠡᠨ ᠨᠡᠢᠳᠭᠡᠵᠦ᠍᠂ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠰᠭᠠᠶ ᠰᠤᠳᠤᠯᠭᠠᠨ᠎ᠤ ᠬᠦᠴᠦᠨ᠎ᠢ ᠴᠢᠩᠭᠠᠳᠭᠠᠨ᠂ ᠨᠢᠭᠡ ᠪᠦᠯᠦᠭ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠤᠳᠤᠯᠭᠠᠨ᠎ᠤ ᠰᠠᠭᠤᠷᠢᠨ᠎ᠢ ᠪᠠᠢᠭᠤᠯᠤᠨ᠎ᠠ᠃ ᠤᠯᠤᠰ᠎ᠤᠨ ᠴᠢᠬᠤᠯᠠ ᠶᠡᠭᠡ ᠪᠠᠢᠯᠳᠤᠬᠤ ᠪᠣᠳᠣᠯᠭ᠎ᠠ᠂ ᠴᠢᠬᠤᠯᠠ ᠶᠡᠭᠡ ᠰᠣᠶᠣᠯ᠎ᠤᠨ ᠢᠨᠵᠧᠨᠧᠷᠢᠩ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠲᠤ ᠬᠤᠯᠪᠣᠭ᠍ᠳᠠᠬᠤ ᠴᠢᠬᠤᠯᠠ ᠶᠡᠭᠡ ᠠᠰᠠᠭᠤᠳᠠᠯ ᠵᠡᠷᠭᠡ᠎ᠪᠠᠷ ᠭᠤᠤᠯᠳᠠᠭᠤᠯᠤᠨ᠂ ᠣᠯᠠᠨ ᠱᠢᠨᠵᠢᠯᠡᠭᠡᠨ᠎ᠤ ᠰᠠᠯᠠᠭᠠᠨ᠎ᠤ ᠰᠤᠳᠤᠯᠭᠠᠨ᠎ᠤ ᠲᠠᠪᠴᠠᠩ᠎ᠢ ᠪᠠᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠤᠣᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠷᠳᠡᠮ ᠱᠢᠨᠵᠢᠯᠡᠭᠡᠨ᠎ᠤ ᠬᠤᠭᠤᠴᠠᠭᠠᠲᠤ ᠰᠡᠳᠬᠦᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠬᠡᠪᠯᠡᠯ᠎ᠤᠨ ᠠᠵᠢᠯ᠎ᠢ ᠴᠢᠩᠭᠠᠳᠭᠠᠨ᠎ᠠ᠃ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠤᠨ᠎ᠤ ᠬᠤᠷᠠᠯ᠂ ᠡᠷᠳᠡᠮ ᠱᠢᠨᠵᠢᠯᠡᠭᠡᠨ᠎ᠤ ᠬᠤᠷᠠᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠨ᠎ᠠ᠃

ᠭᠤᠷᠪᠠ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠦᠪᠱᠢᠨ᠎ᠢ ᠳᠡᠭᠡᠭ᠌ᠰᠢᠯᠡᠭᠦᠯᠦᠨ᠎ᠠ

(ᠠᠷᠪᠠ) ᠲᠥᠷᠥᠯ ᠬᠤᠪᠢᠶᠠᠨ ᠬᠠᠮᠠᠭᠠᠯᠠᠬᠤ᠎ᠶ᠋ᠢ ᠴᠢᠩᠭᠠᠳᠭᠠᠨ᠎ᠠ᠃ ᠠᠷᠠᠳ᠎ᠤᠨ ᠤᠷᠠᠨ ᠵᠣᠬᠢᠶᠠᠯ᠎ᠤᠨ ᠴᠠᠭ ᠦᠶ᠎ᠡ᠎ᠶ᠋ᠢᠨ ᠦᠨ᠎ᠡ ᠥᠷᠲᠡᠭ᠂ ᠨᠡᠢᠭᠡᠮ᠎ᠤᠨ ᠦᠢᠯᠡᠳᠣᠯ᠎ᠢ ᠲᠠᠢᠯᠪᠤᠷᠢᠯᠠᠨ ᠠᠭᠤᠳᠠᠯᠵᠤ᠂ ᠢᠯᠡᠷᠡᠭᠦᠯᠬᠦ᠌ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠦᠨ᠎ᠡ᠃ ᠤᠯᠠᠮᠵᠢᠯᠠᠯᠲᠤ ᠳᠠᠭᠤᠤ ᠬᠥᠭ᠌ᠵᠢᠮ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠰᠢ ᠵᠦᠴᠦᠭᠡ᠂ ᠲᠠᠭᠤᠤᠷᠢᠯᠢᠭ᠂ ᠼᠢᠷᠺ᠎ᠤᠨ ᠦᠢᠯᠡᠳᠤᠯᠭᠡ᠎ᠶ᠋ᠢᠨ ᠳᠠᠪᠲᠠᠮᠵᠢ ᠪᠠ ᠲᠣᠭ᠍ᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠰᠢ ᠵᠦᠴᠦᠭᠡ᠎ᠶ᠋ᠢ ᠬᠥᠭ᠌ᠵᠢᠭᠦᠯᠦᠨ ᠮᠠᠨᠳᠤᠭᠤᠯᠬᠤ ᠢᠨᠵᠧᠨᠧᠷᠢᠩ᠂ ᠲᠠᠭᠤᠷᠢᠯᠢᠬ᠎ᠢ ᠤᠯᠠᠮᠵᠢᠯᠠᠨ ᠵᠠᠯᠭᠠᠮᠵᠢᠯᠠᠵᠤ ᠬᠥᠭ᠌ᠵᠢᠭᠦᠯᠬᠦ᠌ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠦᠨ᠂ ᠱᠢᠯᠢᠳᠡᠭ ᠵᠦᠴᠦᠭᠡ᠎ᠶ᠋ᠢᠨ ᠵᠣᠬᠢᠶᠠᠯ᠂ ᠲᠠᠭᠤᠷᠢᠯᠢᠬ᠎ᠤᠨ ᠵᠣᠬᠢᠶᠠᠯ᠎ᠢ ᠵᠣᠬᠢᠶᠠᠨ ᠪᠦᠲᠦᠭᠡᠬᠦ᠌᠎ᠶ᠋ᠢ ᠲᠡᠳᠬᠦᠬᠦ᠌ ᠡᠷᠴᠢᠮ᠎ᠢᠶᠠᠨ ᠴᠢᠩᠭᠠᠷᠠᠭᠤᠯᠵᠤ᠂ ᠲᠣᠭ᠍ᠯᠠᠯᠲᠠ᠎ᠶ᠋ᠢᠨ ᠤᠷᠠᠯᠢᠭ᠎ᠤᠨ ᠲᠥᠷᠥᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠢᠵᠢᠷᠠᠯ᠎ᠤᠨ ᠬᠦᠴᠦᠨ᠎ᠢ ᠴᠢᠩᠭᠠᠷᠠᠭᠤᠯᠤᠨ᠎ᠠ᠃ ᠤᠯᠠᠮᠵᠢᠯᠠᠯᠲᠤ ᠪᠡᠶ᠎ᠡ᠎ᠶ᠋ᠢᠨ ᠲᠠᠮᠢᠷ᠂ ᠨᠠᠢᠷ ᠨᠠᠭᠠᠳᠤᠮ᠎ᠢ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠳᠤ ᠣᠷᠣᠭᠤᠯᠬᠤ᠎ᠶ᠋ᠢ ᠠᠬᠢᠭᠤᠯᠤᠨ᠎ᠠ᠃ ᠳᠤᠮᠳᠠᠳᠤ ᠤᠯᠤᠰ᠎ᠤᠨ ᠤᠯᠠᠮᠵᠢᠯᠠᠯᠲᠤ ᠭᠠᠷ ᠤᠷᠠᠯᠠᠯ᠎ᠢ ᠬᠥᠭ᠌ᠵᠢᠭᠦᠯᠦᠨ ᠮᠠᠨᠳᠤᠭᠤᠯᠬᠤ ᠲᠥᠯᠥᠪᠯᠡᠭᠡ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠤᠨ ᠤᠯᠠᠮᠵᠢᠯᠠᠯᠲᠤ ᠱᠢᠯᠢᠳᠡᠭ ᠭᠠᠷ ᠤᠷᠠᠯᠠᠯ᠎ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ᠎ᠶ᠋ᠢ ᠴᠢᠩᠭᠠᠳᠭᠠᠨ᠂ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ ᠭᠠᠷ ᠤᠷᠠᠯᠠᠯ᠂ ᠬᠢᠲᠠᠳ ᠡᠮ ᠨᠠᠢᠷᠠᠭᠤᠯᠬᠤ ᠵᠢᠴᠢ ᠪᠤᠰᠤᠳ ᠤᠯᠠᠮᠵᠢᠯᠠᠯᠲᠤ ᠭᠠᠷ ᠤᠷᠠᠯᠠᠯ᠎ᠢ ᠤᠳᠤ ᠦᠶ᠎ᠡ᠎ᠶ᠋ᠢᠨ ᠠᠮᠢᠳᠤᠷᠠᠯ ᠳᠤᠮᠳᠠ ᠥᠷᠭᠡᠨ᠎ᠢᠶᠠᠷ ᠬᠡᠷᠡᠭ᠌ᠯᠡᠬᠦ᠌᠎ᠶ᠋ᠢ ᠠᠬᠢᠭᠤᠯᠤᠨ᠎ᠠ᠃ ᠨᠥᠬᠦᠴᠡᠯ᠎ᠳᠤ ᠨᠡᠢᠴᠡᠬᠦ᠌ ᠤᠯᠠᠮᠵᠢᠯᠠᠯᠲᠤ ᠭᠠᠷ ᠤᠷᠠᠯᠠᠯ᠎ᠤᠨ ᠠᠵᠤ ᠠᠬᠤᠢᠯᠠᠯ᠎ᠢ ᠳᠤᠮᠳᠠᠳᠤ᠎ᠶ᠋ᠢᠨ ᠤᠯᠠᠮᠵᠢᠯᠠᠯᠳᠤ ᠨᠠᠷᠠᠲᠤ ᠲᠡᠮᠳᠡᠭ᠌ᠲᠦ᠎ᠶ᠋ᠢᠨ ᠨᠡᠷᠡᠰ᠎ᠤᠨ ᠵᠢᠬ᠍ᠰᠠᠭᠠᠯᠳᠠ᠎ᠳᠤ ᠣᠷᠣᠭᠤᠯᠵᠤ᠂ ᠨᠥᠬᠦᠴᠡᠯ᠎ᠳᠤ ᠨᠡᠢᠴᠡᠬᠦ᠌ ᠤᠯᠠᠮᠵᠢᠯᠠᠯᠲᠤ ᠡᠮ ᠡᠮᠨᠡᠯᠭᠡ᠎ᠶ᠋ᠢᠨ ᠲᠥᠷᠥᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠤᠯᠠᠮᠵᠢᠯᠠᠨ ᠵᠠᠯᠭᠠᠮᠵᠢᠯᠠᠭ᠍ᠴᠢ᠎ᠶ᠋ᠢᠨ ᠬᠠᠤᠯᠢ ᠶᠣᠰᠣᠭᠠᠷ ᠡᠮᠴᠢ᠎ᠶ᠋ᠢᠨ ᠬᠢᠷᠢ ᠬᠡᠮ ᠤᠯᠬᠤ᠎ᠶ᠋ᠢ ᠳᠡᠮᠵᠢᠨ᠎ᠠ᠃ ᠤᠯᠠᠮᠵᠢᠯᠠᠯᠲᠤ ᠪᠠᠶᠠᠷ᠎ᠤᠨ ᠡᠳᠦᠷ᠂ ᠠᠷᠠᠳ᠎ᠤᠨ ᠵᠠᠩ ᠦᠢᠯᠡ᠎ᠶ᠋ᠢᠨ ᠠᠵᠢᠯᠯᠠᠭ᠎ᠠ᠎ᠶ᠋ᠢᠨ ᠠᠭᠤᠯᠭ᠎ᠠ ᠪᠠ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠳᠤᠮᠳᠠᠳᠤ ᠤᠯᠤᠰ᠎ᠤᠨ ᠤᠯᠠᠮᠵᠢᠯᠠᠯᠲᠤ ᠪᠠᠶᠠᠷ᠎ᠤᠨ ᠡᠳᠦᠷ᠎ᠢ ᠬᠥᠭ᠌ᠵᠢᠭᠦᠯᠦᠨ ᠮᠠᠨᠳᠤᠭᠤᠯᠬᠤ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠦᠨ᠎ᠡ᠃

(ᠠᠷᠪᠠᠨ ᠨᠢᠭᠡ) ᠤᠯᠤᠰ᠎ᠤᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠳᠤ ᠠᠭᠤᠰᠤᠯᠴᠠᠨ᠎ᠠ᠃ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠨ ᠬᠥᠭ᠌ᠵᠢᠬᠦ᠂ ᠬᠥᠬᠡᠮᠥ᠋ᠷᠡᠨ᠎ᠤ ᠠᠵᠤ ᠠᠬᠤᠶ᠎ᠶ᠋ᠢᠨ ᠪᠦᠰᠡ᠎ᠶ᠋ᠢᠨ ᠬᠥᠭ᠌ᠵᠢᠯᠲᠡ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠪᠥᠲᠥᠭᠡᠨ ᠪᠠᠢᠭᠤᠯᠤᠯᠲᠠ᠂ ᠬᠥᠬᠡᠮᠥ᠋ᠷᠡᠨ᠎ᠤ ᠭᠤᠷᠪᠠᠯᠵᠢᠨ ᠬᠤᠢᠭ᠎ᠤᠨ ᠨᠢᠭᠡ ᠴᠣᠭ᠍ᠴᠠᠵᠢᠭ᠍ᠰᠠᠨ ᠬᠥᠭ᠌ᠵᠢᠯᠲᠡ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠂ ᠬᠠᠢᠨᠠᠨ᠎ᠤ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠵᠡᠷᠭᠡ ᠤᠯᠤᠰ᠎ᠤᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠶ᠋ᠢ ᠴᠢᠩᠭᠠᠳᠭᠠᠵᠦ᠍᠂ ᠣᠷᠣᠨ ᠪᠦᠰᠡ᠎ᠶ᠋ᠢᠨ ᠬᠠᠮᠠᠭᠠᠯᠠᠯᠲᠠ᠎ᠶ᠋ᠢᠨ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠲᠤᠰᠭᠠᠶ ᠰᠡᠳᠦᠪᠲᠦ ᠰᠤᠳᠤᠯᠭᠠᠨ᠎ᠢ ᠴᠢᠩᠭᠠᠳᠭᠠᠵᠤ᠂ ᠲᠥᠷᠥᠯ ᠲᠡᠮᠳᠡᠭ᠎ᠤᠨ ᠠᠵᠢᠯᠯᠠᠭ᠎ᠠ ᠡᠷᠭᠢᠯᠡᠨ᠎ᠡ᠃ ᠬᠠᠳᠤᠨ ᠭᠤᠤᠯ᠎ᠤᠨ ᠰᠠᠪᠠ ᠭᠠᠵᠠᠷ᠎ᠤᠨ ᠡᠯᠪᠡᠭ ᠪᠠᠶᠠᠯᠢᠭ ᠣᠯᠠᠨ ᠶᠠᠩᠵᠤ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠤᠯᠠᠮᠵᠢᠯᠠᠨ ᠵᠠᠯᠭᠠᠮᠵᠢᠯᠠᠵᠤ ᠠᠱᠢᠬ᠍ᠯᠠᠬᠤ᠎ᠶ᠋ᠢ ᠴᠢᠩᠭᠠᠳᠭᠠᠨ᠎ᠠ᠃ ᠱᠢᠶᠦ᠋ᠩ ᠠᠨ ᠱᠢᠨ᠎ᠡ ᠲᠣᠭᠤᠷᠢᠭ᠂ ᠪᠡᠭᠡᠵᠢᠩ ᠬᠤᠳᠠ᠎ᠶ᠋ᠢᠨ ᠳᠡᠳ᠋ ᠲᠥᠪ ᠵᠢᠴᠢ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠳᠦᠭᠡᠨ ᠪᠠᠢᠭᠤᠯᠤᠯᠲᠠ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠰᠣᠶᠣᠯ᠎ᠤᠨ ᠥᠪᠡᠷᠮᠢᠴᠡ ᠡᠭᠦᠳᠦᠯᠲᠡ᠂ ᠦᠷᠳᠡᠭ᠎ᠤᠨ ᠣᠢᠯᠠᠭᠠᠭ᠍ᠳᠠᠬᠤᠨ ᠪᠣᠯᠤᠨ ᠢᠯᠡ ᠲᠣᠳᠣ ᠣᠨᠴᠠᠯᠢᠭ᠎ᠢ ᠠᠮᠢᠳᠤᠯᠢᠭ᠎ᠢᠶᠠᠷ ᠢᠯᠡᠷᠡᠭᠦᠯᠵᠦ᠍᠂ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠦᠨ᠎ᠡ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠪᠠ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠦᠲᠦᠭᠡᠨ ᠪᠠᠢᠭᠤᠯᠤᠯᠲᠠ ᠳᠤᠮᠳᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ᠎ᠳᠤ ᠦᠢᠯᠡᠴᠢᠯᠡᠬᠦ᠌ ᠦᠢᠯᠡᠳᠣᠯ᠎ᠢ ᠪᠠᠳᠠᠷᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠂ ᠲᠠᠷᠢᠶᠠᠯᠠᠬᠤ ᠰᠣᠶᠣᠯ᠎ᠤᠨ ᠬᠠᠮᠠᠭᠠᠯᠠᠯᠲᠠ᠂ ᠬᠤᠲᠠ᠎ᠶ᠋ᠢᠨ ᠪᠦᠲᠦᠭᠡᠨ ᠪᠠᠢᠭᠤᠯᠤᠯᠲᠠ᠎ᠲᠠᠢ ᠤᠶᠠᠯᠳᠤᠭᠤᠯᠵᠤ᠂ ᠰᠣᠶᠣᠯ᠎ᠤᠨ ᠤᠯᠠᠮᠵᠢᠯᠠᠯ᠎ᠢ ᠬᠠᠮᠠᠭᠠᠯᠠᠵᠤ᠂ ᠰᠣᠶᠣᠯ᠎ᠤᠨ ᠦᠨᠳᠦᠰᠦ ᠰᠤᠷᠪᠤᠯᠵᠢ᠎ᠶ᠋ᠢ ᠰᠠᠬᠢᠨ᠎ᠠ᠃

(ᠠᠷᠪᠠᠨ ᠬᠤᠶᠠᠷ) ᠵᠦᠶ ᠵᠣᠬᠢᠰᠲᠠᠶ ᠠᠱᠢᠬ᠍ᠯᠠᠬᠤ᠎ᠶ᠋ᠢ ᠠᠬᠢᠭᠤᠯᠤᠨ᠎ᠠ᠃ ᠪᠦᠲᠦᠮᠵᠢᠲᠡᠶ ᠬᠠᠮᠠᠭᠠᠯᠠᠬᠤ ᠤᠷᠢᠲᠠᠯ ᠳᠤᠤᠷ᠎ᠠ᠂ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠂ ᠴᠢᠨᠠᠷ ᠰᠠᠢᠲᠠᠶ ᠬᠥᠭ᠌ᠵᠢᠬᠦ᠌᠎ᠶ᠋ᠢ ᠠᠬᠢᠭᠤᠯᠤᠨ᠎ᠠ᠃ ᠬᠥᠳᠡᠭᠡ ᠲᠣᠰᠭᠤᠨ᠎ᠤ ᠵᠢᠭᠤᠯᠴᠢᠯᠠᠯ᠎ᠤᠨ ᠬᠡᠷᠡᠭ᠌ᠯᠡᠭᠡ᠎ᠶ᠋ᠢᠨ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠠᠱᠢᠬ᠍ᠯᠠᠨ ᠬᠥᠳᠡᠭᠡ ᠲᠣᠰᠭᠤᠨ᠎ᠤ ᠵᠢᠭᠤᠯᠴᠢᠯᠠᠯ ᠵᠡᠷᠭᠡ ᠡᠵᠡᠩᠨᠡᠯᠲᠡ᠎ᠶ᠋ᠢᠨ ᠪᠠᠢᠳᠠᠯ᠎ᠢ ᠬᠥᠭ᠌ᠵᠢᠭᠦᠯᠬᠦ᠌᠎ᠶ᠋ᠢ ᠳᠡᠮᠵᠢᠵᠦ᠍᠂ ᠰᠣᠶᠣᠯ᠎ᠢᠶᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠵᠦ᠍᠂ ᠨᠢᠭᠡ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠢᠯᠠ ᠳᠤᠳᠤ ᠣᠨᠴᠠᠯᠢᠭ ᠪᠥᠬᠦᠶ ᠭᠤᠤᠯ ᠰᠡᠳᠦᠪᠲᠦ ᠵᠢᠭᠤᠯᠴᠢᠯᠠᠯ᠎ᠤᠨ ᠵᠠᠮ ᠱᠤᠭᠤᠮ᠎ᠢ ᠭᠠᠷᠭᠠᠵᠤ᠂ ᠵᠢᠭᠤᠯᠴᠢᠯᠠᠯ᠎ᠤᠨ ᠦᠢᠯᠡᠳᠬᠦᠨ ᠪᠠ ᠲᠣᠭ᠍ᠯᠠᠯᠲᠠ᠎ᠶ᠋ᠢᠨ ᠪᠦᠲᠦᠭᠡᠯ᠎ᠢ ᠰᠤᠳᠤᠯᠤᠨ ᠰᠤᠷᠤᠯᠴᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠦᠵᠡᠮᠵᠢ᠎ᠶ᠋ᠢᠨ ᠣᠷᠣᠨ᠂ ᠠᠮᠠᠷᠠᠯᠲᠠ᠎ᠶ᠋ᠢᠨ ᠣᠷᠣᠨ᠎ᠲᠠᠢ ᠣᠷᠭᠠᠨᠢᠭ᠎ᠢᠶᠠᠷ ᠠᠭᠤᠰᠤᠯᠴᠠᠭᠤᠯᠬᠤ᠎ᠶ᠋ᠢ ᠳᠡᠮᠵᠢᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭ᠍ᠲᠤ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠵᠦᠢ ᠵᠣᠬᠢᠰᠲᠠᠶ ᠠᠱᠢᠬ᠍ᠯᠠᠨ ᠤᠳᠭ᠎ᠠ ᠤᠷᠠᠯᠢᠭ᠎ᠤᠨ ᠵᠣᠬᠢᠶᠠᠨ ᠪᠦᠲᠦᠭᠡᠬᠦ᠌ ᠪᠠ ᠰᠣᠶᠣᠯ᠎ᠤᠨ ᠡᠭᠦᠳᠦᠨ ᠪᠦᠲᠦᠭᠡᠬᠦ᠌ ᠵᠢᠷᠤᠭ ᠲᠥᠯᠥᠪᠯᠡᠭᠡ ᠬᠢᠵᠦ᠍᠂ ᠶᠠᠰᠤ ᠴᠢᠨᠠᠷ ᠪᠣᠯᠤᠨ ᠰᠣᠶᠣᠯ᠎ᠤᠨ ᠠᠭᠤᠯᠤᠭ᠍ᠳᠠᠬᠤᠨ᠎ᠢ ᠳᠡᠭᠡᠭ᠌ᠰᠢᠯᠡᠭᠦᠯᠬᠦ᠌᠎ᠶ᠋ᠢ ᠵᠣᠷᠢᠭ᠍ᠵᠢᠭᠤᠯᠤᠨ᠎ᠠ᠃ ᠢᠨᠲ᠋ᠧᠷ ᠰᠦᠯᠵᠢᠶᠡᠨ᠎ᠤ ᠲᠠᠪᠴᠠᠩ᠎ᠢ ᠠᠱᠢᠬ᠍ᠯᠠᠨ᠂ ᠬᠤᠯᠪᠣᠭ᠍ᠳᠠᠯ ᠪᠦᠬᠦᠢ ᠦᠢᠯᠡᠳᠬᠦᠨ᠎ᠢ ᠳᠡᠯᠭᠡᠷᠡᠭᠦᠯᠬᠦ᠌ ᠪᠠ ᠪᠣᠷᠣᠯᠠᠭᠤᠯᠬᠤ ᠠᠷᠭ᠎ᠠ ᠵᠠᠮ᠎ᠢ ᠥᠷᠭᠡᠳᠭᠡᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠠᠵᠤ ᠠᠬᠤᠢᠯᠠᠯ᠎ᠤᠨ ᠣᠯᠠᠨ ᠤᠯᠤᠰ᠎ᠤᠨ ᠵᠠᠬ᠎ᠠ ᠳᠡᠯᠭᠡᠭᠦᠷ᠎ᠢᠶᠠᠨ ᠥᠷᠭᠡᠳᠭᠡᠬᠦ᠌᠎ᠶ᠋ᠢ ᠵᠣᠷᠢᠭ᠍ᠵᠢᠭᠤᠯᠵᠤ᠂ ᠦᠢᠯᠡᠳᠬᠦᠨ ᠪᠠ ᠦᠢᠯᠡᠴᠢᠯᠡᠭᠡ᠎ᠪᠠᠨ ᠭᠠᠳᠠᠭᠠᠳᠤ᠎ᠳᠤ ᠭᠠᠷᠭᠠᠬᠤ᠎ᠶ᠋ᠢ ᠳᠡᠮᠵᠢᠨ᠎ᠡ᠃

(ᠠᠷᠪᠠᠨ ᠭᠤᠷᠪᠠ) ᠬᠤᠪᠢᠰᠭᠠᠯ᠎ᠤᠨ ᠡᠷᠳᠡ ᠴᠢᠯᠦᠭᠡᠯᠡᠭ᠌ᠳᠡᠭ᠌ᠰᠡᠨ ᠤᠷᠤᠨ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ᠎ᠠᠴᠠ ᠠᠩᠭᠢᠵᠢᠷᠠᠬ᠍ᠰᠠᠨ ᠭᠠᠵᠠᠷ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠶ᠋ᠢ ᠴᠢᠩᠭᠠᠳᠭᠠᠨ᠎ᠠ᠃ ᠵᠡᠭᠦᠨ ᠳᠤᠮᠳᠠ ᠪᠠᠷᠠᠭᠤᠨ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠵᠡᠭᠦᠨ ᠣᠷᠣᠨ᠎ᠤ᠎ᠬᠢᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠢ ᠬᠠᠮᠵᠢᠯᠴᠠᠨ ᠬᠠᠪᠰᠤᠷᠤᠨ ᠲᠡᠳᠬᠦᠬᠦ᠌ ᠠᠵᠢᠯᠯᠠᠭ᠎ᠠ᠎ᠪᠠᠨ ᠴᠢᠩᠭᠠᠳᠭᠠᠬᠤ᠎ᠶ᠋ᠢ ᠵᠣᠷᠢᠭ᠍ᠵᠢᠭᠤᠯᠤᠨ᠎ᠠ᠃ ᠬᠤᠪᠢᠰᠭᠠᠯ᠎ᠤᠨ ᠡᠷᠳᠡ ᠴᠢᠯᠦᠭᠡᠯᠡᠭ᠌ᠳᠡᠭ᠌ᠰᠡᠨ ᠤᠷᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠤᠯᠠᠮᠵᠢᠯᠠᠨ ᠵᠠᠯᠭᠠᠮᠵᠢᠯᠠᠭ᠍ᠴᠢ᠎ᠶ᠋ᠢᠨ ᠬᠤᠪᠢᠰᠭᠠᠯ᠎ᠤᠨ ᠰᠣᠶᠣᠯ᠎ᠢᠶᠠᠷ ᠭᠤᠣᠯ ᠰᠡᠳᠦᠪ ᠪᠣᠯᠭᠠᠭ᠍ᠰᠠᠨ ᠪᠦᠲᠦᠭᠡᠯ᠎ᠢ ᠵᠣᠬᠢᠶᠠᠨ ᠪᠦᠲᠦᠭᠡᠬᠦ᠌᠎ᠶ᠋ᠢ ᠵᠣᠷᠢᠭ᠍ᠵᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠪᠣᠳᠠᠰ᠎ᠤᠨ ᠪᠤᠰᠤ ᠰᠣᠶᠣᠯ ᠎ᠤᠨ ᠥᠪ ᠎ᠢ ᠬᠠᠮᠠᠭᠠᠯᠠᠨ ᠤᠯᠠᠮᠵᠢᠯᠠᠬᠤ ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠦᠨᠳᠦᠰᠦᠲᠡᠨ᠎ᠤ ᠲᠦᠷᠢ ᠲᠥᠷᠬᠦ᠌᠎ᠶ᠋ᠢ ᠪᠤᠢ ᠪᠣᠯᠭᠠᠨ ᠲᠤᠪᠤᠢᠯᠭᠠᠨ᠎ᠠ᠃ ᠬᠢᠯᠢ ᠬᠢᠵᠠᠭᠠᠷ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠤᠨ ᠪᠠᠢᠴᠠᠭᠠᠯᠲᠠ᠎ᠶ᠋ᠢ ᠥᠷᠨᠢᠭᠦᠯᠦᠨ᠎ᠡ᠃ ᠡᠷᠬᠢᠨ ᠲᠣᠭᠤᠷᠢᠨ᠎ᠤ ᠤᠯᠤᠰ᠎ᠯᠤᠭ᠎ᠠ ᠬᠠᠮᠲᠤᠷᠠᠨ ᠬᠠᠮᠠᠭᠠᠯᠠᠬᠤ ᠠᠵᠢᠯᠯᠠᠭ᠎ᠠ ᠥᠷᠨᠢᠭᠦᠯᠬᠦ᠌᠎ᠶ᠋ᠢ ᠠᠬᠢᠭᠤᠯᠤᠨ᠎ᠠ᠃ ᠶᠠᠳᠠᠭᠤ᠎ᠠᠴᠠ ᠠᠩᠭᠢᠵᠢᠷᠠᠬ᠍ᠰᠠᠨ ᠭᠠᠵᠠᠷ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠳᠤ ᠦᠵᠡᠭᠦᠯᠬᠦ᠌ ᠲᠤᠰᠭᠠᠢ ᠳᠡᠮᠵᠢᠯᠭᠡ᠎ᠪᠠᠨ ᠴᠢᠩᠭᠠᠳᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌᠎ᠶ᠋ᠢ ᠤᠯᠠᠮ ᠴᠢᠨᠠᠭ᠍ᠰᠢᠳᠠ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ ᠣᠯᠭᠤᠬᠤ ᠦᠢᠯᠡᠳᠭᠡᠯ᠎ᠤᠨ ᠭᠠᠵᠠᠷ ᠪᠠᠢᠭᠤᠯᠬᠤ᠎ᠶ᠋ᠢ ᠵᠣᠷᠢᠭ᠍ᠵᠢᠭᠤᠯᠵᠤ᠂ ᠲᠤᠬᠠᠢ᠎ᠶ᠋ᠢᠨ ᠭᠠᠵᠠᠷ᠎ᠤᠨ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃

ᠳᠥᠷᠪᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠳᠠᠮᠵᠢᠭᠤᠯᠭ᠎ᠠ ᠳᠡᠯᠭᠡᠷᠡᠭᠦᠯᠬᠦ᠌ ᠡᠷᠴᠢᠮ᠎ᠢ ᠴᠢᠩᠭᠠᠷᠠᠭᠤᠯᠤᠨ᠎ᠠ

(ᠠᠷᠪᠠᠨ ᠳᠥᠷᠪᠡ) ᠥᠷᠭᠡᠨ᠎ᠢᠶᠠᠷ ᠳᠡᠯᠭᠡᠷᠡᠬᠦᠯᠬᠦ᠌᠎ᠶ᠋ᠢ ᠠᠬᠢᠭᠤᠯᠤᠨ᠎ᠠ᠃ ᠵᠠᠭᠤᠴᠢᠯᠠᠭᠤᠷ᠎ᠤᠨ ᠭᠦᠨᠵᠡᠭᠡᠢ ᠠᠭᠤᠰᠤᠯᠴᠠᠬᠤ ᠬᠠᠨᠳᠤᠰᠢ᠎ᠳᠤ ᠵᠣᠬᠢᠴᠠᠭᠤᠯᠤᠨ᠂ ᠳᠠᠮᠵᠢᠭᠤᠯᠭ᠎ᠠ᠎ᠶ᠋ᠢᠨ ᠠᠷᠭ᠎ᠠ ᠪᠠᠷᠢᠯ᠎ᠢ ᠪᠠᠶᠠᠯᠢᠭ᠍ᠵᠢᠭᠤᠯᠵᠤ᠂ ᠳᠠᠮᠵᠢᠭᠤᠯᠭ᠎ᠠ᠎ᠶ᠋ᠢᠨ ᠠᠷᠭ᠎ᠠ ᠵᠠᠮ᠎ᠢ ᠥᠷᠭᠡᠳᠭᠡᠨ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠰᠭᠠᠢ ᠰᠡᠳᠦᠪ᠂ ᠲᠤᠰᠭᠠᠢ ᠪᠤᠯᠤᠩ ᠵᠡᠷᠭᠡ᠎ᠶ᠋ᠢ ᠤᠬᠠᠭᠠᠯᠨᠨ ᠭᠠᠷᠭᠠᠬᠤ᠎ᠶ᠋ᠢ ᠵᠣᠷᠢᠭ᠍ᠵᠢᠭᠤᠯᠵᠤ᠂ ᠬᠤᠯᠪᠣᠭ᠍ᠳᠠᠯ ᠪᠦᠬᠦᠢ ᠰᠡᠳᠦᠪᠲᠦ ᠪᠠᠷᠢᠮᠲᠠᠲᠤ ᠹᠢᠯᠢᠮ ᠵᠣᠬᠢᠶᠠᠨ ᠪᠦᠲᠦᠭᠡᠬᠦ᠌᠎ᠶ᠋ᠢ ᠴᠢᠩᠭᠠᠳᠭᠠᠬᠤ᠎ᠶ᠋ᠢ ᠳᠡᠮᠵᠢᠵᠦ᠍᠂ ᠬᠤᠯᠪᠣᠭ᠍ᠳᠠᠯ ᠪᠦᠬᠦᠢ ᠱᠢᠯᠢᠳᠡᠭ ᠫᠷᠤᠭ᠌ᠷᠠᠮ᠎ᠢ ᠰᠠᠢᠲᠤᠷ ᠡᠷᠬᠢᠯᠡᠵᠦ᠍᠂ ᠡᠯ᠎ᠡ ᠲᠦᠷᠦᠯ᠎ᠤᠨ ᠱᠢᠨ᠎ᠡ ᠵᠠᠭᠤᠴᠢᠯᠠᠭᠤᠷ᠎ᠤᠨ ᠲᠠᠪᠴᠠᠩ᠎ᠤᠨ ᠬᠤᠯᠪᠣᠭ᠍ᠳᠠᠯ ᠪᠦᠬᠦᠢ ᠳᠠᠮᠵᠢᠭᠤᠯᠬᠤ ᠠᠵᠢᠯ᠎ᠢ ᠰᠠᠢᠲᠤᠷ ᠬᠢᠬᠦ᠌᠎ᠶ᠋ᠢ ᠵᠣᠷᠢᠭ᠍ᠵᠢᠭᠤᠯᠤᠨ᠎ᠠ᠃ ᠰᠣᠶᠣᠯ᠎ᠤᠨ ᠣᠷᠳᠣᠨ (ᠥᠷᠲᠡᠭᠡ)᠂ ᠨᠣᠮ᠎ᠤᠨ ᠰᠠᠩ᠂ ᠮᠦᠽᠧᠶ᠂ ᠤᠷᠠᠨ ᠵᠢᠷᠤᠭ᠎ᠤᠨ ᠣᠷᠳᠣᠨ ᠵᠡᠷᠭᠡ ᠣᠯᠠᠨ ᠨᠡᠢᠲᠡ᠎ᠶ᠋ᠢᠨ ᠰᠣᠶᠣᠯ᠎ᠤᠨ ᠲᠦᠬᠦᠭᠡᠷᠦᠮᠵᠢ᠎ᠶ᠋ᠢ ᠠᠱᠢᠬ᠍ᠯᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠪᠣᠯᠪᠠᠰᠤᠷᠠᠯ᠂ ᠦᠵᠡᠭᠦᠯᠭᠡ᠂ ᠲᠠᠢᠯᠤᠮᠵᠢ᠂ ᠡᠷᠳᠡᠮ ᠱᠢᠨᠵᠢᠯᠡᠭᠡᠨ᠎ᠤ ᠰᠣᠯᠢᠯᠴᠠᠭ᠎ᠠ ᠵᠡᠷᠭᠡ ᠠᠵᠢᠯᠯᠠᠭ᠎ᠠ᠎ᠶ᠋ᠢ ᠥᠷᠨᠢᠭᠦᠯᠦᠨ᠎ᠡ᠃ ᠤᠯᠠᠮᠵᠢᠯᠠᠯᠲᠤ ᠪᠠᠶᠠᠷ᠎ᠤᠨ ᠡᠳᠦᠷ᠂ ᠰᠣᠶᠣᠯ ᠪᠠ ᠪᠠᠢᠭᠠᠯᠢ᠎ᠶ᠋ᠢᠨ ᠥᠪ᠎ᠤᠨ ᠡᠳᠦᠷ᠎ᠤᠨ ᠬᠤᠭᠤᠴᠠᠭᠠᠨ᠎ᠳᠤ ᠡᠯᠪᠡᠭ ᠪᠠᠶᠠᠯᠢᠭ ᠤᠬᠠᠭᠤᠯᠭ᠎ᠠ ᠦᠵᠡᠭᠦᠯᠭᠡ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ᠎ᠠ᠃ ᠲᠤᠰᠭᠠᠢᠵᠢᠭ᠍ᠰᠠᠨ᠂ ᠣᠷᠣᠨ ᠪᠦᠰᠡ᠎ᠶ᠋ᠢᠨ ᠴᠢᠨᠠᠷᠲᠠᠶ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ᠌ ᠲᠣᠭ᠍ᠯᠠᠯᠲᠠ᠎ᠶ᠋ᠢ ᠴᠢᠩᠭᠠᠳᠭᠠᠵᠤ᠂ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠭᠦᠯᠡᠩ᠎ᠤᠨ ᠴᠤᠬ᠍ᠯᠠᠭᠠᠨ᠂ ᠳᠤᠮᠳᠠᠳᠤ ᠤᠯᠤᠰ᠎ᠤᠨ ᠴᠧᠩᠳᠦ᠋ᠶ᠋ᠢᠨ ᠣᠯᠠᠨ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠠᠢᠷ ᠵᠡᠷᠭᠡ ᠠᠵᠢᠯᠯᠠᠭ᠎ᠠ᠎ᠶ᠋ᠢ ᠰᠠᠢᠲᠤᠷ ᠡᠷᠬᠢᠯᠡᠨ᠎ᠡ᠃

(ᠠᠷᠪᠠᠨ ᠲᠠᠪᠤ) ᠤᠯᠤᠰ ᠠᠷᠠᠳ᠎ᠤᠨ ᠰᠤᠷᠭᠠᠨ ᠬᠥᠮᠦᠵᠢᠯ᠎ᠤᠨ ᠱᠢᠰᠲ᠋ᠧᠮ᠎ᠳᠤ ᠠᠭᠤᠰᠤᠯᠴᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠭᠤᠯᠭ᠎ᠠ᠎ᠶ᠋ᠢ ᠤᠯᠤᠰ ᠠᠷᠠᠳ᠎ᠤᠨ ᠰᠤᠷᠭᠠᠨ ᠬᠥᠮᠦᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠢᠴᠢᠶᠡᠯ᠎ᠤᠨ ᠱᠢᠰᠲ᠋ᠧᠮ ᠪᠠ ᠵᠢᠭᠠᠬᠤ ᠮᠠᠲ᠋ᠧᠷᠢᠶᠠᠯ᠎ᠤᠨ ᠱᠢᠰᠲ᠋ᠧᠮ᠎ᠢ ᠪᠠᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠶᠡᠷᠦᠩᠬᠡᠢᠯᠡᠭ᠌ᠰᠡᠨ ᠮᠡᠳᠡᠯᠭᠡ᠎ᠶ᠋ᠢᠨ ᠰᠤᠷᠭᠠᠨ ᠬᠥᠮᠦᠵᠢᠯ᠎ᠤᠨ ᠤᠩᠱᠢᠬᠤ ᠪᠢᠴᠢᠭ᠎ᠢ ᠬᠡᠪᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭ᠍ᠲᠤ ᠬᠢᠴᠢᠶᠡᠯ ᠨᠡᠭᠡᠭᠡᠵᠦ᠍᠂ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠲᠥᠷᠥᠯ ᠵᠦᠢᠯ᠎ᠤᠨ ᠣᠨᠴᠠᠯᠢᠭ᠍ᠲᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠤᠯᠠᠮᠵᠢᠯᠠᠨ ᠵᠠᠯᠭᠠᠮᠵᠢᠯᠠᠬᠤ ᠰᠠᠭᠤᠷᠢᠨ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠱᠢᠨᠵᠢᠯᠡᠭᠡᠨ᠎ᠤ ᠱᠢᠰᠲ᠋ᠧᠮ ᠪᠣᠯᠤᠨ ᠲᠤᠰᠭᠠᠶ ᠮᠡᠷᠭᠡᠵᠢᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠥᠬᠦᠴᠡᠯ᠎ᠲᠠᠢ ᠶᠡᠭᠡ ᠳᠡᠭᠡᠳᠦ ᠰᠤᠷᠭᠠᠭᠤᠯᠢ᠎ᠨᠤᠭᠤᠳ᠎ᠤᠨ ᠪᠡᠶ᠎ᠡ᠎ᠪᠠᠨ ᠳᠠᠭᠠᠭᠠᠵᠤ ᠠᠰᠫᠢᠷᠠᠨᠲ᠎ᠤᠨ ᠴᠡᠭ ᠪᠣᠯᠤᠨ ᠳ᠋ᠣᠺᠲ᠋ᠤᠷ᠎ᠤᠨ ᠴᠡᠭ ᠨᠡᠮᠡᠵᠦ᠍ ᠪᠠᠢᠭᠤᠯᠬᠤ᠎ᠶ᠋ᠢ ᠳᠡᠮᠵᠢᠨ᠎ᠡ᠃ ᠠᠵᠢᠯ ᠮᠡᠷᠭᠡᠵᠢᠯ᠎ᠤᠨ ᠰᠤᠷᠭᠠᠭᠤᠯᠢ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠬᠠᠮᠢᠶ᠎ᠠ ᠪᠦᠬᠦᠢ ᠲᠤᠰᠭᠠᠶ ᠮᠡᠷᠭᠡᠵᠢᠯ ᠪᠠ ᠬᠢᠴᠢᠶᠡᠯ ᠨᠡᠭᠡᠭᠡᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠭ᠍ᠰᠢ᠎ᠶ᠋ᠢᠨ ᠡᠩᠨᠡᠭᠡ᠎ᠶ᠋ᠢ ᠬᠥᠮᠦᠵᠢᠭᠦᠯᠬᠦ᠌ ᠡᠷᠴᠢᠮ᠎ᠢ ᠴᠢᠩᠭᠠᠷᠠᠭᠤᠯᠵᠤ᠂ ᠲᠥᠯᠥᠭᠡᠯᠡᠬᠦ᠌ ᠴᠢᠨᠠᠷᠲᠠᠢ ᠵᠠᠯᠭᠠᠮᠵᠢᠯᠠᠭ᠍ᠴᠢ᠎ᠶ᠋ᠢᠨ ᠰᠤᠷᠭᠠᠭᠤᠯᠢ᠎ᠳᠤ ᠬᠢᠴᠢᠶᠡᠯ ᠣᠷᠣᠬᠤ ᠪᠠ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠳᠤ ᠣᠷᠣᠯᠴᠠᠬᠤ᠎ᠶ᠋ᠢ ᠲᠡᠮᠵᠢᠨ᠎ᠡ᠃ ᠨᠡᠢᠭᠡᠮ᠎ᠤᠨ ᠬᠦᠴᠦᠨ᠎ᠢ ᠬᠥᠲᠥᠯᠥᠨ ᠵᠢᠯᠣᠭᠤᠳᠴᠤ᠌ ᠪᠠᠢᠭᠠᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠥᠮᠦᠵᠢᠯ ᠪᠣᠯᠪᠠᠰᠤᠷᠠᠯ᠎ᠳᠤ ᠣᠷᠣᠯᠴᠠᠭᠤᠯᠵᠤ᠂ ᠨᠡᠢᠭᠡᠮ᠎ᠤᠨ ᠦᠢᠯᠡᠳᠤᠯᠭᠡ ᠪᠣᠯᠤᠨ ᠰᠤᠳᠤᠯᠤᠨ ᠰᠤᠷᠤᠯᠴᠠᠬᠤ ᠠᠵᠢᠯᠯᠠᠭ᠎ᠠ᠎ᠶ᠋ᠢ ᠥᠷᠭᠡᠨ ᠳᠡᠯᠭᠡᠷ ᠥᠷᠨᠢᠭᠦᠯᠦᠨ᠎ᠡ᠃ ᠨᠢᠭᠡ ᠪᠦᠯᠦᠭ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠬᠥᠮᠦᠵᠢᠯ᠎ᠤᠨ ᠦᠢᠯᠡᠳᠦᠯᠭᠡ᠎ᠶ᠋ᠢᠨ ᠰᠠᠭᠤᠷᠢᠨ᠎ᠢ ᠪᠠᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭᠠᠭᠤᠯᠢ᠎ᠶ᠋ᠢᠨ ᠬᠦᠷᠢᠶᠡᠨ᠎ᠳᠤ ᠣᠷᠣᠭᠤᠯᠬᠤ᠎ᠶ᠋ᠢ ᠵᠣᠷᠢᠭ᠍ᠵᠢᠭᠤᠯᠤᠨ᠎ᠠ᠃

(ᠠᠷᠪᠠᠨ ᠵᠢᠷᠭᠤᠭ᠎ᠠ) ᠭᠠᠳᠠᠭᠠᠳᠤ ᠪᠤᠯᠤᠨ ᠱᠢᠶᠠᠩᠭᠠᠩ ᠣᠣᠮᠧᠨ ᠲᠠᠢᠸᠠᠨ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠨ᠎ᠠ᠃ ᠴᠢᠬᠤᠯᠠ ᠠᠵᠢᠯᠯᠠᠭ᠎ᠠ᠂ ᠪᠠᠶᠠᠷ ᠳᠤᠷᠠᠰᠭᠠᠯ᠂ ᠬᠤᠷᠠᠯ ᠵᠡᠷᠭᠡ᠎ᠲᠠᠢ ᠵᠤᠬᠢᠴᠠᠯᠳᠠᠭᠤᠯᠤᠨ᠂ ᠭᠠᠳᠠᠭᠠᠳᠤ ᠪᠤᠯᠤᠨ ᠱᠢᠶᠠᠩᠭᠠᠩ ᠣᠣᠮᠧᠨ ᠲᠠᠢᠸᠠᠨ᠎ᠯᠤᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠯᠢᠯᠴᠠᠭ᠎ᠠ ᠳᠠᠮᠵᠢᠭᠤᠯᠭ᠎ᠠ᠎ᠶ᠋ᠢᠨ ᠠᠵᠢᠯᠯᠠᠭ᠎ᠠ᠎ᠶ᠋ᠢ ᠡᠷᠬᠢᠯᠡᠨ᠎ᠡ᠃ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ ᠵᠡᠷᠭᠡ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠯᠤᠭ᠎ᠠ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠵᠠᠰᠠᠭ᠎ᠤᠨ ᠣᠷᠳᠣᠨ᠎ᠤ ᠬᠤᠭᠤᠷᠣᠨᠳᠣᠬᠢ ᠤᠯᠠᠨ ᠲᠠᠯᠠᠲᠤ᠌᠂ ᠬᠤᠶᠠᠷ ᠲᠠᠯᠠᠲᠤ ᠬᠠᠮᠲᠤᠷᠠᠯᠴᠠᠭᠠᠨ᠎ᠤ ᠠᠷᠭ᠎ᠠ ᠵᠠᠮ᠎ᠢ ᠥᠷᠭᠡᠳᠭᠡᠨ᠂ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠦᠳᠦᠭᠡᠨ ᠪᠠᠢᠭᠤᠯᠬᠤ ᠤᠯᠤᠰ ᠪᠠ ᠭᠠᠵᠠᠷ ᠣᠷᠣᠨ᠎ᠯᠦᠭᠡ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠯᠢᠯᠴᠠᠭ᠎ᠠ᠎ᠪᠠᠨ ᠴᠢᠩᠭᠠᠳᠭᠠᠵᠤ᠂ ᠤᠯᠠᠨ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠦᠷᠢᠶᠡᠨ᠎ᠳᠠᠬᠢ ᠮᠠᠨ᠎ᠤ ᠤᠯᠤᠰ᠎ᠤᠨ ᠦᠭᠡ ᠬᠡᠯᠡᠬᠦ᠌ ᠡᠷᠬᠡ᠎ᠶ᠋ᠢ ᠳᠡᠭᠡᠭ᠌ᠰᠢᠯᠡᠭᠦᠯᠦᠨ᠂ ᠤᠯᠤᠰ᠎ᠤᠨ ᠡᠷᠬᠡ ᠮᠡᠳᠡᠯ ᠪᠠ ᠰᠣᠶᠣᠯ᠎ᠤᠨ ᠠᠮᠤᠷ ᠲᠦᠪᠱᠢᠨ᠎ᠢ ᠬᠠᠮᠠᠭᠠᠯᠠᠨ᠎ᠠ᠃ ᠤᠯᠠᠨ ᠤᠯᠤᠰ᠎ᠤᠨ ᠰᠣᠶᠣᠯ᠎ᠤᠨ ᠲᠤᠰᠭᠠᠢ ᠮᠡᠷᠭᠡᠵᠢᠯᠲᠡᠨ᠎ᠤ ᠡᠩᠨᠡᠭᠡᠨ᠎ᠤ ᠪᠠᠢᠭᠤᠯᠤᠯᠲᠠ ᠪᠠ ᠳᠤᠮᠳᠠᠳᠤ ᠭᠠᠳᠠᠭᠠᠳᠤ᠎ᠶ᠋ᠢᠨ ᠤᠶᠤᠨ᠎ᠤ ᠬᠥᠮᠥᠷᠭᠡ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠤᠯᠠᠨ ᠤᠯᠤᠰ᠎ᠤᠨ ᠡᠷᠳᠡᠮ ᠱᠢᠨᠵᠢᠯᠡᠭᠡᠨ᠎ᠤ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃ ᠭᠠᠳᠠᠭᠠᠳᠤ᠎ᠳᠤ ᠰᠠᠭᠤᠭ᠎ᠠ ᠡᠯ᠎ᠡ ᠡᠯᠴᠢᠨ ᠰᠠᠢᠳ᠎ᠤᠨ ᠶᠠᠮᠤᠨ᠂ ᠺᠤᠨᠰᠦ᠋ᠯ᠎ᠤᠨ ᠭᠠᠵᠠᠷ᠂ ᠭᠠᠳᠠᠭᠠᠳᠤ᠎ᠳᠤ ᠰᠠᠭᠤᠭ᠎ᠠ ᠳᠤᠮᠳᠠᠳᠤ ᠤᠯᠤᠰ᠎ᠤᠨ ᠰᠣᠶᠣᠯ᠎ᠤᠨ ᠲᠥᠪ᠂ ᠭᠠᠳᠠᠭᠠᠳᠤ᠎ᠳᠤ ᠰᠠᠭᠤᠭ᠎ᠠ ᠵᠢᠭᠤᠯᠴᠢᠯᠠᠯ᠎ᠤᠨ ᠬᠡᠷᠡᠭ ᠡᠷᠬᠢᠯᠡᠬᠦ᠌ ᠭᠠᠵᠠᠷ᠂ ᠳᠤᠮᠳᠠᠳᠤ᠎ᠶ᠋ᠢᠨ ᠪᠡᠯᠡᠳᠤ ᠠᠵᠤ ᠠᠬᠤᠢᠯᠠᠯ ᠵᠢᠴᠢ ᠭᠠᠳᠠᠭᠠᠳᠤ᠎ᠳᠤ ᠰᠠᠭᠤᠭ᠎ᠠ ᠬᠠᠷᠢᠶᠠᠲᠤ ᠨᠡᠷ ᠪᠠ ᠭᠠᠳᠠᠭᠠᠳᠤ᠎ᠳᠤ ᠰᠤᠷᠤᠯᠴᠠᠵᠤ ᠪᠠᠢᠭ᠎ᠠ ᠰᠤᠷᠤᠬ᠍ᠴᠢ ᠵᠡᠷᠭᠡ᠎ᠶ᠋ᠢᠨ ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠬᠠᠭᠤᠯᠤᠨ ᠳᠡᠯᠭᠡᠷᠡᠭᠦᠯᠬᠦ᠌ ᠠᠵᠢᠯ᠎ᠢ ᠢᠳᠡᠪᠬᠢᠲᠡᠢ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠭᠠᠳᠠᠭ᠍ᠰᠢ ᠤᠬᠠᠭᠤᠯᠤᠨ ᠳᠠᠮᠵᠢᠭᠤᠯᠬᠤ᠎ᠪᠠᠷ ᠭᠤᠣᠯ ᠠᠭᠤᠯᠭ᠎ᠠ ᠪᠣᠯᠭᠠᠭ᠍ᠰᠠᠨ ᠺᠢᠨᠣ᠋ ᠲᠧᠯᠸᠢᠰ ᠵᠦᠴᠦᠭᠡ᠂ ᠪᠠᠷᠢᠮᠲᠠᠲᠤ ᠺᠢᠨᠣ᠋᠂ ᠤᠬᠠᠭᠤᠯᠭ᠎ᠠ᠎ᠶ᠋ᠢᠨ ᠹᠢᠯᠢᠮ᠂ ᠲᠠᠢᠰᠠᠨ᠎ᠤ ᠵᠦᠴᠦᠭᠡ᠂ ᠣᠬᠤᠷ ᠸᠢᠳᠢᠣ᠋ ᠵᠡᠷᠭᠡ ᠱᠢᠯᠢᠳᠡᠭ ᠪᠦᠲᠦᠭᠡᠯ᠎ᠢ ᠪᠦᠳᠤᠬᠡᠨ᠎ᠠ᠃ ᠳᠤᠮᠳᠠᠳᠤ ᠭᠠᠳᠠᠭᠠᠳᠤ᠎ᠶ᠋ᠢᠨ ᠰᠤᠶᠤᠯ ᠢᠷᠬᠡᠨᠱᠢᠯ᠎ᠤᠨ ᠰᠣᠯᠢᠯᠴᠠᠭᠠᠨ᠎ᠤ ᠠᠵᠢᠯᠯᠠᠭ᠎ᠠ ᠵᠡᠷᠭᠡ ᠬᠡᠯᠪᠡᠷᠢ᠎ᠪᠠᠷ ᠳᠠᠮᠵᠢᠭᠤᠯᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠲᠡᠷᠢᠭᠦᠨ᠎ᠤ ᠲᠤᠷᠱᠢᠯᠭ᠎ᠠ᠎ᠶ᠋ᠢ ᠰᠣᠯᠢᠯᠴᠠᠵᠤ᠂ ᠳᠡᠯᠡᠬᠡᠢ ᠨᠡᠢᠭᠡᠮ᠎ᠳᠤ ᠮᠠᠨ᠎ᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠬᠠᠭᠤᠯᠤᠨ ᠲᠠᠨᠢᠯᠴᠠᠭᠤᠯᠤᠨ᠎ᠠ᠃ ᠳᠣᠲᠣᠷ᠎ᠠ ᠭᠠᠵᠠᠷ ᠪᠣᠯᠤᠨ ᠱᠢᠶᠠᠩᠭᠠᠩ ᠣᠣᠮᠧᠨ᠂ ᠡᠬᠡ ᠬᠠᠭᠤᠷᠠᠢ ᠪᠣᠯᠤᠨ ᠲᠠᠢᠸᠠᠨ ᠣᠷᠣᠨ᠎ᠤ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠢᠳᠡᠪᠬᠢᠲᠡᠢ ᠠᠬᠢᠭᠤᠯᠵᠤ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠰᠣᠶᠣᠯ᠎ᠤᠨ ᠬᠠᠮᠳᠦ᠎ᠶ᠋ᠢᠨ ᠲᠠᠨᠢᠯᠳᠠ᠎ᠶ᠋ᠢ ᠨᠡᠮᠡᠭ᠌ᠳᠡᠭᠦᠯᠬᠦ᠂ ᠤᠯᠤᠰ᠎ᠤᠨ ᠨᠢᠭᠡᠳᠦᠯ᠎ᠢ ᠬᠠᠮᠠᠭᠠᠯᠠᠬᠤ ᠳᠤᠮᠳᠠᠬᠢ ᠥᠪᠡᠷᠮᠢᠴᠡ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃

ᠲᠠᠪᠤ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ

(ᠠᠷᠪᠠᠨ ᠳᠣᠯᠤᠭ᠎ᠠ) ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠨ᠎ᠠ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ᠎ᠬᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ᠎ᠶ᠋ᠢᠨ ᠠᠵᠢᠯ᠎ᠤᠨ ᠴᠢᠬᠤᠯᠠ ᠴᠢᠨᠠᠷ᠎ᠤᠨ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠮᠢᠶ᠎ᠠ ᠪᠦᠬᠦᠢ ᠲᠥᠯᠥᠪᠵᠢᠭᠦᠯᠭᠡ᠎ᠳᠡᠭᠡᠨ ᠣᠷᠣᠭᠤᠯᠵᠤ᠂ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠳᠤ ᠣᠷᠣᠭᠤᠯᠬᠤ ᠬᠡᠷᠡᠭ᠌ᠲᠡᠶ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠤᠨ ᠬᠠᠮᠲᠤᠷᠠᠭ᠍ᠰᠠᠨ ᠬᠤᠷᠠᠯ᠎ᠤᠨ ᠳᠦᠷᠢᠮ᠎ᠢ ᠪᠦᠷᠢᠨᠱᠢᠭᠦᠯᠦᠨ᠎ᠠ᠃ ᠨᠡᠢᠭᠡᠮ᠎ᠤᠨ ᠬᠦᠴᠦᠨ᠎ᠢ ᠬᠥᠲᠥᠯᠥᠨ ᠵᠢᠯᠣᠭᠤᠳᠴᠤ᠌ ᠪᠠᠢᠭᠠᠳ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠳᠤ ᠣᠷᠣᠯᠴᠠᠭᠤᠯᠵᠤ᠂ ᠠᠵᠢᠯ ᠲᠥᠷᠥᠯ᠎ᠢᠶᠠᠷ ᠵᠣᠬᠢᠶᠠᠨ ᠪᠠᠢᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠎ᠶ᠋ᠢᠨ᠎ᠬᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠬᠠᠤᠯᠢ ᠶᠣᠰᠣᠭᠠᠷ ᠵᠦᠢ ᠵᠣᠬᠢᠰᠲᠠᠶ ᠠᠱᠢᠬ᠍ᠯᠠᠬᠤ᠎ᠶ᠋ᠢ ᠵᠣᠷᠢᠭ᠍ᠵᠢᠭᠤᠯᠵᠤ᠂ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠳᠤ ᠠᠱᠢᠭ᠍ᠲᠠᠶ ᠪᠠᠢᠭᠤᠯᠤᠮᠵᠢ ᠲᠣᠭ᠍ᠲᠠᠴᠠ ᠪᠣᠯᠤᠨ ᠨᠡᠢᠭᠡᠮ᠎ᠤᠨ ᠣᠷᠴᠢᠨ ᠲᠣᠭᠤᠷᠢᠨ᠎ᠢ ᠪᠣᠶ ᠪᠣᠯᠭᠠᠨ᠎ᠠ᠃

(ᠠᠷᠪᠠᠨ ᠨᠠᠢ᠍ᠮᠠ) ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠲᠡᠭᠦᠯᠳᠡᠷᠵᠢᠭᠦᠯᠦᠨ᠎ᠡ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》 ᠎ᠶ᠋ᠢ ᠰᠤᠳᠤᠯᠤᠨ ᠵᠠᠰᠠᠪᠤᠷᠢ ᠣᠷᠣᠭᠤᠯᠵᠤ᠂ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ ᠪᠣᠯᠤᠨ ᠳᠦᠷᠢᠮ ᠲᠣᠭ᠍ᠲᠠᠭᠠᠯ᠎ᠢ ᠲᠡᠭᠦᠯᠳᠡᠷᠵᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ ᠳᠦᠷᠢᠮ᠎ᠢ ᠤᠯᠠᠮ ᠨᠢᠭᠡ ᠠᠯᠬᠤᠮ ᠪᠦᠷᠢᠨᠱᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠣᠯᠬᠤ ᠪᠠ ᠠᠱᠢᠭ ᠲᠤᠰᠠ᠎ᠶ᠋ᠢ ᠬᠤᠪᠢᠶᠠᠯᠴᠠᠨ ᠡᠳ᠋ᠯᠡᠬᠦ᠌ ᠳᠦᠷᠢᠮ᠎ᠢ ᠪᠠᠢᠭᠤᠯᠤᠨ᠎ᠠ᠃ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ ᠬᠡᠷᠡᠭ᠌ᠵᠢᠭᠦᠯᠦᠯᠲᠡ᠎ᠳᠤ ᠪᠠᠢᠴᠠᠭᠠᠯᠲᠠ ᠬᠢᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠵᠣᠬᠢᠶᠠᠯ ᠪᠦᠲᠦᠭᠡᠯ᠎ᠤᠨ ᠡᠷᠬᠡ᠂ ᠲᠠᠸᠠᠷ᠎ᠤᠨ ᠲᠡᠮᠳᠡᠭ᠎ᠤᠨ ᠡᠷᠬᠡ᠂ ᠲᠤᠰᠭᠠᠶ ᠠᠱᠢᠭ᠎ᠤᠨ ᠡᠷᠬᠡ᠂ ᠭᠠᠵᠠᠷ ᠵᠦᠶ᠎ᠶ᠋ᠢᠨ ᠢᠯᠡᠷᠭᠡᠢᠯᠡᠯᠳᠦ ᠲᠡᠮᠳᠡᠭ ᠵᠡᠷᠭᠡ ᠣᠯᠠᠨ ᠵᠦᠢᠯ᠎ᠤᠨ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ ᠲᠦᠭᠡᠮᠡᠯᠵᠢᠭᠦᠯᠬᠦ᠌ ᠬᠥᠮᠦᠵᠢᠯ᠎ᠢ ᠴᠢᠩᠭᠠᠳᠭᠠᠨ᠎ᠠ᠃

(ᠠᠷᠪᠠ ᠶᠢᠰᠦ) ᠡᠳ᠋᠎ᠤᠨ ᠵᠠᠰᠠᠭ ᠭᠠᠢᠯᠢ ᠮᠥᠩᠭᠦᠨ ᠭᠦᠢᠯᠭᠡᠭᠡᠨ᠎ᠤ ᠳᠡᠮᠵᠢᠯᠭᠡ᠎ᠶ᠋ᠢ ᠴᠢᠩᠭᠠᠳᠭᠠᠨ᠎ᠠ᠃ ᠱᠢᠶᠠᠨ᠎ᠤ ᠱᠠᠲᠤᠨ᠎ᠠᠴᠠ ᠳᠡᠭᠡᠭ᠌ᠰᠢᠬᠢ ᠵᠠᠰᠠᠭ᠎ᠤᠨ ᠣᠷᠳᠣᠨ᠎ᠤ᠎ᠬᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠵᠠᠷᠤᠳᠠᠯ᠎ᠢ ᠲᠤᠰ ᠱᠠᠲᠤᠨ᠎ᠤ ᠲᠥᠰᠦᠪ᠎ᠲᠡᠭᠡᠨ ᠬᠠᠤᠯᠢ ᠶᠣᠰᠣᠭᠠᠷ ᠣᠷᠣᠭᠤᠯᠵᠤ᠂ ᠪᠡᠯᠡ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠤᠨ᠎ᠠ᠃ ᠲᠥᠰᠦᠪ᠎ᠤᠨ ᠨᠢᠭᠡᠴᠢ᠎ᠶ᠋ᠢᠨ᠎ᠬᠢᠨ ᠠᠵᠢᠯ᠎ᠤᠨ ᠬᠡᠷᠡᠭ᠌ᠴᠡᠭᠡ᠎ᠪᠠᠨ ᠦᠨᠳᠦᠰᠦᠯᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠦᠢᠯᠡᠳᠬᠦᠨ ᠪᠠ ᠦᠢᠯᠡᠴᠢᠯᠡᠭᠡ ᠬᠤᠳᠠᠯᠳᠤᠨ ᠠᠪᠬᠤ᠎ᠶ᠋ᠢ ᠵᠣᠷᠢᠭ᠍ᠵᠢᠭᠤᠯᠤᠨ᠎ᠠ᠃ ᠬᠠᠨᠳᠤᠯᠭ᠎ᠠ᠎ᠲᠠᠢ᠎ᠪᠠᠷ ᠲᠤᠰᠠᠯᠠᠬᠤ᠂ ᠳᠠᠮ ᠬᠦᠦ᠎ᠲᠠᠢ ᠵᠢᠭᠡᠯᠡᠯᠭᠡ ᠥᠭ᠌ᠬᠦ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠠᠪᠴᠤ᠌᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠠᠭᠤᠷᠢ ᠲᠦᠬᠦᠬᠡᠷᠤᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠳᠡᠮᠵᠢᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠠᠵᠤ ᠠᠬᠤᠢᠯᠠᠯ᠎ᠤᠨ ᠲᠣᠭ᠍ᠲᠠᠭᠠᠯ ᠶᠣᠰᠣᠭᠠᠷ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠬᠦᠷᠲᠡᠬᠦ᠌᠎ᠶ᠋ᠢ ᠳᠡᠮᠵᠢᠨ᠎ᠠ᠃ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢ᠎ᠬᠢᠨ ᠪᠣᠳᠠᠰ᠎ᠤᠨ ᠪᠤᠰᠤ ᠰᠣᠶᠣᠯ᠎ᠤᠨ ᠥᠪ᠎ᠳᠠᠬᠢ ᠮᠥᠩᠭᠦᠨ ᠭᠦᠢᠯᠭᠡᠭᠡᠨ᠎ᠤ ᠦᠢᠯᠡᠴᠢᠯᠡᠭᠡ᠎ᠪᠠᠨ ᠦᠷᠭᠦᠯᠵᠢᠯᠡᠨ ᠴᠢᠩᠭᠠᠳᠭᠠᠬᠤ᠎ᠶ᠋ᠢ ᠵᠤᠷᠢᠬ᠍ᠵᠢᠭᠤᠯᠬᠤ ᠪᠠ ᠬᠦᠳᠤᠯᠤᠨ ᠵᠢᠯᠤᠭᠤᠳᠤᠨ᠎ᠠ᠃ ᠠᠷᠠᠳ ᠢᠷᠭᠡᠨ᠂ ᠬᠠᠤᠯᠢ᠎ᠶ᠋ᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠢᠭᠤᠯᠤᠯᠲᠠ᠎ᠶ᠋ᠢᠨ ᠬᠠᠨᠳᠢᠪᠯᠠᠬᠤ᠂ ᠡᠳ᠋ ᠮᠥᠩᠭᠦ᠎ᠪᠠᠷ ᠲᠤᠰᠠᠯᠠᠬᠤ᠂ ᠬᠠᠤᠯᠢ ᠶᠣᠰᠣᠭᠠᠷ ᠰᠠᠭᠤᠷᠢ ᠮᠥᠩᠭᠦᠨ᠎ᠤ ᠨᠡᠢᠭᠡᠮᠯᠢᠭ ᠪᠠᠢᠭᠤᠯᠬᠤ ᠵᠡᠷᠭᠡ ᠬᠡᠯᠪᠡᠷᠢ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠬᠤ᠎ᠳᠤ ᠣᠷᠣᠯᠴᠠᠬᠤ᠎ᠶ᠋ᠢ ᠳᠡᠮᠵᠢᠬᠦ᠌ ᠪᠠ ᠬᠥᠲᠥᠯᠥᠨ ᠵᠢᠯᠣᠭᠤᠳᠤᠨ᠎ᠠ᠃

(ᠬᠤᠷᠢ) ᠪᠠᠢᠭᠤᠯᠤᠮᠵᠢ᠎ᠶ᠋ᠢᠨ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ᠎ᠬᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶᠠᠷᠤᠯᠲᠠ᠎ᠶ᠋ᠢᠨ ᠡᠭᠦᠷᠭᠡ ᠴᠢᠳᠠᠪᠬᠢᠳᠤ ᠰᠠᠯᠠᠭ᠎ᠠ ᠮᠥᠴᠢᠷ᠎ᠢ ᠬᠠᠤᠯᠢ ᠶᠣᠰᠣᠭᠠᠷ ᠲᠣᠳᠣᠷᠬᠠᠢᠯᠠᠵᠤ᠂ ᠣᠷᠣᠨ ᠲᠣᠭᠠᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠬᠦᠯᠤᠨ ᠬᠡᠷᠡᠭ᠌ᠯᠡᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠤᠨ ᠬᠦᠴᠦᠨ᠎ᠢ ᠡᠭᠦᠷᠭᠡᠯᠡᠵᠦ᠍ ᠪᠦᠬᠦᠢ ᠡᠭᠦᠷᠭᠡ ᠬᠠᠷᠢᠭᠤᠴᠠᠯᠭ᠎ᠠ᠎ᠯᠦᠭᠡ ᠵᠤᠬᠢᠴᠠᠯᠳᠤᠭᠤᠯᠤᠨ᠎ᠠ᠃ ᠪᠦᠬᠦ᠌ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠴᠢᠳᠠᠪᠤᠷᠢᠲᠠᠨ᠎ᠤ ᠡᠩᠨᠡᠭᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠳᠠ᠎ᠶ᠋ᠢ ᠬᠤᠯᠪᠣᠭ᠍ᠳᠠᠯ ᠪᠦᠬᠦᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠯᠲᠠ᠎ᠶ᠋ᠢᠨ ᠲᠤᠰᠭᠠᠶ ᠮᠡᠷᠭᠡᠵᠢᠯ᠎ᠤᠨ ᠴᠣᠯᠠ᠎ᠶ᠋ᠢ ᠬᠢᠨᠠᠨ ᠲᠣᠭ᠍ᠲᠠᠭᠠᠬᠤ ᠳᠦᠷᠢᠮ᠎ᠢ ᠲᠡᠭᠦᠯᠳᠡᠷᠵᠢᠭᠦᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠶᠤᠨ᠎ᠤ ᠬᠥᠮᠥᠷᠭᠡ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠲᠤᠰᠭᠠᠢ ᠮᠡᠷᠭᠡᠵᠢᠯᠲᠡᠨ᠎ᠤ ᠯᠠᠪᠯᠠᠭ᠎ᠠ ᠥᠭ᠌ᠬᠦ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠬᠤ ᠳᠤᠮᠳᠠ ᠢᠯᠡᠳᠲᠡ ᠬᠤᠪᠢ ᠨᠡᠮᠡᠷᠢ ᠦᠵᠡᠭᠦᠯᠦᠭ᠌ᠰᠡᠨ ᠵᠣᠬᠢᠶᠠᠨ ᠪᠠᠢᠭᠤᠯᠤᠯᠲᠠ ᠪᠠ ᠬᠤᠪᠢ ᠬᠥᠮᠦᠨ᠎ᠢ ᠤᠯᠤᠰ᠎ᠤᠨ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号