ᠰᠠᠢᠨ ᠴᠢᠮᠡᠭᠡ! ᠤᠨᠳᠤᠤ ᠮᠤᠵᠢ ᠬᠤᠳᠠ᠎ᠳᠤ ᠡᠮᠨᠡᠬᠦᠯᠦᠭ᠌ᠰᠡᠨ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠬᠤᠱᠢᠭᠤ ᠱᠢᠶᠠᠨ᠎ᠤ ᠱᠠᠳᠤᠨ᠎ᠳᠤ ᠱᠢᠭᠤᠳ ᠳᠠᠰᠤᠯᠤᠨ ᠪᠤᠳᠤᠵᠦ᠍ ᠳᠡᠢᠯᠬᠦ᠌ ᠪᠤᠯᠵᠠᠢ
2021-08-23 16:33:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠮᠠᠨ᠎ᠤ ᠤᠷᠤᠨ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠬᠤᠱᠢᠭᠤ ᠱᠢᠶᠠᠨ᠎ᠤ ᠱᠠᠳᠤᠨ᠎ᠳᠤ ᠮᠤᠵᠢ ᠠᠯᠤᠰᠯᠠᠨ ᠱᠢᠭᠤᠳ ᠳᠠᠰᠤᠯᠤᠨ ᠪᠤᠳᠤᠵᠦ᠍ ᠳᠡᠢᠯᠬᠦ᠌ ᠪᠤᠯᠵᠦ᠍᠂ ᠪᠥᠬᠦ᠌ ᠣᠷᠣᠨ᠎ᠤ 103 ᠬᠤᠱᠢᠭᠤ ᠱᠢᠶᠠᠨ ᠲᠣᠭᠤᠷᠢᠭ᠎ᠲᠤ ᠨᠠᠭᠠᠳᠦ ᠵᠠᠬ᠎ᠠ᠎ᠳᠠᠭᠠᠨ 1 ᠳᠤᠬ᠍ᠳᠠᠬ᠍ᠰᠠᠨ ᠡᠮᠨᠡᠯᠬᠡ᠎ᠶ᠋ᠢᠨ ᠬᠤᠷᠢᠶ᠎ᠠ᠎ᠳᠤ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠪᠠᠭ᠍ᠲᠠᠭᠠᠭ᠍ᠰᠠᠨ ᠡᠮᠴᠢᠯᠡᠭᠡᠨ᠎ᠤ ᠵᠠᠷᠤᠳᠠᠯ᠎ᠢ ᠮᠤᠵᠢ ᠠᠯᠤᠰᠯᠠᠨ ᠱᠢᠭᠤᠳ ᠲᠡᠰᠦᠯᠦᠨ ᠪᠤᠳᠤᠬᠤ ᠦᠢᠯᠡᠴᠢᠯᠡᠭᠡ ᠬᠠᠩᠭᠠᠵᠤ ᠳᠡᠢᠯᠬᠦ᠌ ᠪᠤᠯᠵᠠᠢ᠂ ᠢᠩᠬᠢᠬᠡᠳ ᠤᠯᠤᠰ᠎ᠠᠴᠠ ᠱᠠᠭᠠᠷᠳᠠᠭ᠍ᠰᠠᠨ ᠡᠭᠦᠷᠭᠡ ᠬᠠᠷᠠᠯᠲᠠ᠎ᠶ᠋ᠢ 17 ᠰᠠᠷ᠎ᠠ ᠤᠷᠢᠳᠴᠢᠯᠠᠨ ᠪᠡᠶᠡᠯᠡᠭᠦᠯᠪᠡ᠃

ᠪᠥᠬᠦ᠌ ᠤᠯᠤᠰ᠎ᠤᠨ ᠮᠤᠵᠢ ᠠᠯᠤᠰᠯᠠᠭ᠍ᠰᠠᠨ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠱᠢᠭᠤᠳ ᠲᠡᠰᠦᠯᠦᠨ ᠪᠤᠳᠤᠬᠤ ᠲᠤᠷᠱᠢᠯᠲᠠ᠎ᠶ᠋ᠢᠨ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠮᠠᠨ᠎ᠤ ᠤᠷᠤᠨ 2020 ᠣᠨ᠎ᠤ 11 ᠰᠠᠷ᠎ᠠ᠎ᠠᠴᠠ ᠡᠨᠡᠬᠦ᠌ ᠲᠤᠷᠱᠢᠯᠲᠠ᠎ᠶ᠋ᠢᠨ ᠠᠵᠢᠯ᠎ᠢ ᠡᠬᠢᠯᠡᠭᠦᠯᠪᠡ᠃ ᠤᠯᠤᠰ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠪᠴᠢᠶ᠎ᠠ᠎ᠶ᠋ᠢᠨ ᠱᠠᠭᠠᠷᠳᠠᠯᠭ᠎ᠠ ᠶᠣᠰᠣᠭᠠᠷ᠂ ᠣᠷᠣᠨ᠎ᠤ ᠳᠣᠲᠣᠷᠠᠬᠢ ᠡᠯ᠎ᠡ ᠨᠢᠭᠡᠳᠦᠯᠲᠡᠶ ᠲᠥᠯᠥᠪᠯᠡᠬᠦ᠌ ᠣᠷᠣᠨ᠎ᠢ ᠱᠢᠭᠤᠳ ᠵᠢᠯᠤᠭᠤᠳᠭᠤ᠎ᠶ᠋ᠢᠨ ᠬᠠᠮᠳᠦ ᠲᠤᠷᠱᠢᠯᠲᠠ᠎ᠶ᠋ᠢᠨ ᠴᠢᠬ ᠪᠤᠯᠤᠬ᠍ᠰᠠᠨ ᠡᠮᠴᠢᠯᠡᠭᠡᠨ᠎ᠤ ᠪᠠᠢᠭᠤᠯᠤᠮᠵᠢ᠎ᠳᠤ ᠱᠢᠰᠲ᠋ᠧᠮ᠎ᠤᠨ ᠥᠭᠡᠷᠡᠴᠢᠯᠡᠯᠲᠡ᠎ᠶ᠋ᠢ ᠥᠷᠨᠢᠭᠦᠯᠵᠦ᠍᠂ ᠡᠯ᠎ᠡ ᠨᠢᠭᠡᠳᠦᠯᠲᠡᠶ ᠲᠥᠯᠥᠪᠯᠡᠬᠦ᠌ ᠣᠷᠣᠨ᠎ᠨᠢ ᠳᠠᠭᠠᠳᠭᠠᠯ᠎ᠳᠤ ᠣᠷᠣᠯᠴᠠᠭ᠍ᠰᠠᠨ ᠭᠠᠵᠠᠷ ᠪᠠ ᠡᠪᠡᠳᠴᠢᠨ ᠦᠵᠡᠭᠦᠯᠦᠭ᠌ᠰᠡᠨ ᠭᠠᠵᠠᠷ᠎ᠤᠨ ᠡᠩ᠎ᠤᠨ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠮᠤᠵᠢ ᠠᠯᠤᠰᠯᠠᠨ ᠱᠢᠭᠤᠳ ᠳᠠᠰᠤᠯᠤᠨ ᠪᠤᠳᠤᠬᠤ ᠦᠢᠯᠡᠴᠢᠯᠡᠭᠡ᠎ᠶ᠋ᠢ ᠬᠠᠮᠳᠤ᠎ᠳᠤᠨᠢ ᠶᠠᠪᠤᠭ᠍ᠳᠠᠭᠤᠯᠤᠬ᠍ᠰᠠᠨ ᠪᠠᠢᠨ᠎ᠠ᠃ ᠡᠭᠦᠨ᠎ᠤ ᠬᠠᠮᠲᠤ᠌᠂ ᠭᠠᠳᠠᠷ ᠮᠤᠵᠢ ᠬᠤᠲᠠ᠎ᠶ᠋ᠢᠨ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠯᠠᠭ᠎ᠠ ᠮᠥᠴᠢᠷ᠎ᠲᠠᠢ ᠮᠤᠵᠢ ᠠᠯᠤᠰᠯᠠᠨ ᠬᠤᠯᠪᠣᠭᠠᠯᠠᠨ ᠲᠣᠬᠢᠷᠠᠭᠤᠯᠬᠤ ᠰᠣᠷᠢᠯᠲᠠ ᠬᠢᠵᠦ᠍᠂ ᠳᠠᠭᠠᠳᠭᠠᠯ᠎ᠳᠤ ᠣᠷᠣᠯᠴᠠᠭ᠍ᠰᠠᠨ ᠭᠠᠵᠠᠷ ᠪᠠ ᠡᠪᠡᠳᠴᠢᠨ ᠦᠵᠡᠭᠦᠯᠦᠭ᠌ᠰᠡᠨ ᠭᠠᠵᠠᠷ᠎ᠤᠨ᠎ᠬᠢᠨ ᠣᠯᠠᠨ ᠤᠳᠠᠭ᠎ᠠ ᠬᠤᠤᠰ ᠴᠢᠭ᠌ᠯᠡᠯ᠎ᠢᠶᠠᠷ ᠪᠣᠳᠠᠲᠤ ᠺᠠᠷᠲ᠎ᠤᠨ ᠰᠣᠷᠢᠯᠲᠠ ᠬᠢᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号