ᠨᠡᠢᠭᠡᠮ᠎ᠤᠨ ᠬᠥᠯ ᠪᠥᠮᠪᠦᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠦ
2021-08-23 10:25:37
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠠᠴᠠ ᠨᠡᠭᠠᠰᠢ ᠠᠮᠢᠵᠢᠷᠠᠯ ᠪᠢᠯᠬᠠᠭ᠍ᠰᠠᠨ ᠬᠥᠯ ᠪᠥᠮᠪᠦᠭᠡᠨ ᠤᠷᠤᠯᠳᠤᠭᠠᠨ᠎ᠨᠢ ᠥᠪᠥᠷ ᠮᠣᠩᠭᠤᠯ᠎ᠤᠨ ᠭᠤᠢᠳᠠ ᠰᠠᠢᠬᠠᠨ ᠦᠵᠡᠮᠵᠢ᠎ᠶ᠋ᠢ ᠪᠦᠷᠢᠯᠳᠦᠬᠦᠯᠪᠡ᠃ ᠮᠠᠨ᠎ᠤ ᠤᠷᠤᠨ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠭᠦᠢᠴᠡᠳ ᠳᠠᠢᠴᠢᠯᠠᠵᠤ᠂ ᠨᠡᠢᠭᠡᠮ᠎ᠤᠨ ᠬᠥᠯ ᠪᠥᠮᠪᠦᠭᠡ᠎ᠶ᠋ᠢᠨ ᠬᠥᠭ᠌ᠵᠢᠯᠲᠡ᠎ᠶ᠋ᠢ ᠶᠡᠭᠡ᠎ᠪᠠᠷ ᠠᠬᠢᠭᠤᠯᠵᠤ᠂ ᠣᠯᠠᠨ ᠲᠦᠮᠡᠨ᠎ᠤ ᠬᠥᠯ ᠪᠥᠮᠪᠦᠭᠡ᠎ᠶ᠋ᠢᠨ ᠬᠦᠳᠡᠯᠬᠡᠬᠡᠨ᠎ᠳᠤ ᠣᠷᠣᠯᠴᠠᠬᠤ ᠤᠷᠮ᠎ᠠ ᠵᠤᠷᠢᠭ᠎ᠢ ᠬᠥᠭ᠌ᠵᠢᠭᠡᠨ᠂ ᠪᠦᠬᠦ᠌ ᠠᠷᠠᠳ᠎ᠤᠨ ᠬᠥᠯ ᠪᠥᠮᠪᠦᠭᠡ᠎ᠶ᠋ᠢ ᠪᠠᠭ᠍ᠠᠷᠬᠠᠬᠤ ᠦᠳᠭᠡᠨ ᠵᠤᠵᠠᠭᠠᠨ ᠠᠭᠤᠷ ᠠᠮᠢᠰᠭᠤᠯ᠎ᠢ ᠪᠣᠢ ᠪᠤᠯᠭᠠᠭ᠍ᠰᠠᠨ ᠪᠠᠢᠨ᠎ᠠ᠃

ᠮᠠᠨ᠎ᠤ ᠤᠷᠤᠨ 《ᠥᠪᠥᠷ ᠮᠣᠩᠭᠤᠯ᠎ᠤᠨ ᠬᠥᠯ ᠪᠥᠮᠪᠦᠭᠡ᠎ᠶ᠋ᠢᠨ ᠨᠡᠢᠭᠡᠮᠯᠢᠭ᠎ᠲᠤ ᠲᠣᠬᠢᠷᠠᠭᠤᠯᠤᠯᠲᠠ ᠥᠭᠡᠷᠡᠴᠢᠯᠡᠯᠳᠠ ᠬᠢᠬᠦ᠌ ᠲᠥᠰᠦᠯ》 ᠵᠡᠷᠭᠡ ᠴᠢᠬᠤᠯᠠ ᠪᠢᠴᠢᠭ ᠮᠠᠲ᠋ᠧᠷᠢᠶᠠᠯ᠎ᠢ ᠵᠠᠯᠭᠠᠭ᠎ᠠ᠎ᠪᠠᠷ ᠨᠡᠢᠲᠡᠯᠡᠵᠦ᠍᠂ ᠬᠥᠯ ᠪᠥᠮᠪᠦᠭᠡ᠎ᠶ᠋ᠢᠨ ᠬᠥᠭ᠌ᠵᠢᠯᠲᠡ᠎ᠶ᠋ᠢᠨ ᠲᠣᠭ᠍ᠲᠠᠴᠠ᠎ᠶ᠋ᠢ ᠲᠠᠰᠤᠷᠠᠯᠲᠠ ᠥᠬᠡᠶ ᠱᠢᠯᠤᠭᠤᠳᠭᠠᠨ᠂ ᠬᠥᠯ ᠪᠥᠮᠪᠦᠭᠡ᠎ᠶ᠋ᠢᠨ ᠥᠭᠡᠷᠡᠴᠢᠯᠡᠯᠲᠡ᠎ᠳᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠬᠠᠩᠭᠠᠪᠠ᠃ ᠪᠥᠬᠦ᠌ ᠣᠷᠣᠨ᠎ᠤ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠨᠡᠢᠭᠡᠮ᠎ᠤᠨ ᠡᠯ᠎ᠡ ᠡᠳᠡᠭᠡᠳ᠎ᠤᠨ᠎ᠬᠢᠨ ᠨᠡᠢᠲᠡ 60 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ᠂ ᠲᠠᠯᠠᠪᠤᠷ ᠭᠠᠵᠠᠷ᠎ᠤᠨ ᠪᠥᠲᠥᠭᠡᠨ ᠪᠠᠢᠭᠤᠯᠤᠯᠲᠠ᠂ ᠤᠷᠤᠯᠳᠤᠭᠠᠨ᠎ᠤ ᠵᠣᠬᠢᠶᠠᠨ ᠪᠠᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ᠌ ᠵᠡᠷᠭᠡ ᠲᠠᠯ᠎ᠠ᠎ᠪᠠᠷ ᠬᠥᠯ ᠪᠥᠮᠪᠦᠭᠡ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢ ᠳᠡᠮᠵᠢᠪᠡ᠃

 

QQ图片20210823093610.png

 

ᠤᠢ᠍ᠢᠯᠠᠭᠠᠭ᠍ᠰᠠᠨ᠎ᠢᠶᠠᠷ᠂ ᠣᠳᠣᠬᠠᠨ᠎ᠳᠤ ᠮᠠᠨ᠎ᠤ ᠤᠷᠤᠨ᠎ᠳᠤ ᠬᠥᠯ ᠪᠥᠮᠪᠦᠭᠡ᠎ᠶ᠋ᠢᠨ ᠨᠡᠢᠭᠡᠮᠯᠢᠭ ᠨᠡᠢᠲᠡ 28 ᠪᠠᠢᠵᠦ᠍᠂ 42 ᠬᠤᠱᠢᠭᠤ ᠱᠢᠶᠠᠨ (ᠬᠤᠲᠠ᠂ ᠲᠣᠭᠤᠷᠢᠭ) ᠬᠥᠯ ᠪᠥᠮᠪᠦᠭᠡ᠎ᠶ᠋ᠢᠨ ᠨᠡᠢᠭᠡᠮᠯᠢᠭ ᠪᠠᠢᠭᠤᠯᠵᠤ᠂ ᠬᠥᠯ ᠪᠥᠮᠪᠦᠭᠡ᠎ᠶ᠋ᠢᠨ ᠬᠥᠭ᠌ᠵᠢᠯᠲᠡ᠎ᠶ᠋ᠢ ᠪᠦᠬᠦ᠌ ᠨᠡᠢᠭᠡᠮ᠎ᠤᠨ ᠬᠥᠭ᠌ᠵᠢᠯᠲᠡ᠎ᠶ᠋ᠢᠨ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠ ᠡᠷᠡᠭᠦᠯ ᠮᠡᠨᠳᠦ᠎ᠶ᠋ᠢᠨ ᠦᠢᠯᠡᠰ ᠪᠣᠯᠭᠠᠨ ᠬᠦᠭ᠌ᠵᠢᠭᠦᠯᠦᠭ᠌ᠰᠡᠨ ᠪᠠᠢᠨ᠎ᠠ᠃ 2001 ᠣᠨ᠎ᠤ 4 ᠰᠠᠷ᠎ᠠ᠎ᠳᠤ ᠬᠥᠬᠡᠬᠤᠲᠠ᠎ᠶ᠋ᠢᠨ ᠦ᠋ ᠵᠢᠶᠠᠩ ᠵᠠᠯᠠᠭᠤᠴᠤᠳ ᠪᠠᠭᠠᠴᠤᠳ᠎ᠤᠨ ᠬᠥᠯ ᠪᠥᠮᠪᠦᠭᠡ᠎ᠶ᠋ᠢᠨ ᠺᠯᠦ᠋ᠪ᠂ ᠬᠥᠬᠡᠬᠤᠲᠠ᠎ᠶ᠋ᠢᠨ ᠬᠤᠣ ᠶᠠᠩ ᠬᠥᠯ ᠪᠥᠮᠪᠦᠭᠡ᠎ᠶ᠋ᠢᠨ ᠺᠯᠦ᠋ᠪ ᠵᠡᠷᠭᠡ᠎ᠨᠢ ᠬᠥᠬᠡᠬᠤᠲᠠ᠎ᠶ᠋ᠢᠨ ᠠᠩᠬᠠᠳᠠᠭ᠍ᠴᠢ ᠪᠦᠯᠦᠭ ᠨᠡᠢᠭᠡᠮ᠎ᠤᠨ ᠬᠥᠯ ᠪᠥᠮᠪᠦᠭᠡ᠎ᠶ᠋ᠢᠨ ᠨᠡᠷᠡᠲᠦ ᠪᠣᠯᠪᠠᠰᠤᠷᠠᠭᠤᠯᠬᠤ ᠪᠠᠢᠭᠤᠯᠤᠮᠵᠢ᠎ᠪᠠᠷ ᠨᠡᠷᠡᠢᠳᠦᠭ᠌ᠳᠡᠪᠡ᠃ 2020 ᠣᠨ ᠪᠣᠯᠲᠠᠯ᠎ᠠ ᠺᠯᠦ᠋ᠪ᠎ᠲᠤ ᠲᠠᠩᠰᠠᠯᠠᠭᠤᠯᠤᠭ᠍ᠰᠠᠨ 3 — 16 ᠨᠠᠰᠤᠨ᠎ᠤ ᠵᠠᠯᠠᠭᠤᠴᠤᠳ ᠪᠠᠭᠠᠴᠤᠳ 3000 ᠭᠠᠷᠤᠢ᠂ ᠰᠤᠷᠭᠠᠭ᠍ᠴᠢ 60 ᠭᠠᠷᠤᠢ ᠪᠤᠯᠵᠦ᠍᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠤᠨ ᠴᠡᠴᠡᠷᠯᠢᠭ᠎ᠲᠤ ᠢᠵᠢ ᠪᠦᠷᠢᠳᠦᠭ᠌ᠰᠡᠨ ᠵᠢᠭᠠᠨ ᠰᠤᠷᠭᠠᠯᠲᠠ᠂ ᠬᠥᠯ ᠪᠥᠮᠪᠦᠭᠡ᠎ᠶ᠋ᠢᠨ ᠲᠦᠭᠡᠮᠡᠯᠵᠢᠭᠦᠯᠬᠦ᠌ ᠬᠢᠴᠢᠶᠡᠯ ᠵᠡᠷᠭᠡ ᠦᠢᠯᠡᠴᠢᠯᠡᠭᠡ᠎ᠨᠢ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠬᠦᠷᠢᠶᠡᠯᠡᠯ᠎ᠢ ᠣᠯᠤᠭ᠍ᠰᠠᠨ ᠪᠠᠢᠨ᠎ᠠ᠃ ᠣᠳᠣᠬᠠᠨ᠎ᠳᠤ ᠥᠪᠥᠷ ᠮᠣᠩᠭᠤᠯ᠎ᠳᠤ ᠨᠡᠢᠭᠡᠮ᠎ᠤᠨ ᠬᠥᠯ ᠪᠥᠮᠪᠦᠭᠡ᠎ᠶ᠋ᠢᠨ ᠺᠯᠦ᠋ᠪ 138 ᠪᠠᠢᠵᠤ᠂ ᠥᠪᠥᠷ ᠮᠣᠩᠭᠤᠯ᠎ᠤᠨ ᠬᠥᠯ ᠪᠥᠮᠪᠦᠭᠡ᠎ᠶ᠋ᠢᠨ ᠨᠡᠢᠭᠡᠮᠯᠢᠭ᠎ᠤᠨ ᠱᠢᠰᠲ᠋ᠧᠮ᠎ᠳᠤ ᠳᠠᠩᠰᠠᠯᠠᠭᠤᠯᠤᠭ᠍ᠰᠠᠨ ᠺᠯᠦ᠋ᠪ 93 ᠪᠣᠢ᠃ ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠤᠪᠴᠢᠶ᠎ᠠ᠎ᠶ᠋ᠢᠨ ᠲᠤᠭ᠎ᠠ ᠪᠦᠷᠢᠳᠭᠡᠯ᠎ᠤᠨ ᠪᠠᠢᠴᠠᠭᠠᠯᠲᠠ᠎ᠶ᠋ᠢᠨ ᠠᠯᠪᠠᠨ ᠮᠡᠳᠡᠭᠡ᠎ᠶ᠋ᠢ ᠦᠨᠳᠦᠰᠦᠯᠡᠪᠡᠯ᠂ 2019 ᠣᠨ᠎ᠤ ᠡᠴᠦᠰ ᠪᠣᠯᠲᠠᠯ᠎ᠠ ᠪᠦᠬᠦ᠌ ᠣᠷᠣᠨ᠎ᠳᠤ ᠨᠡᠢᠲᠡ 3530 ᠬᠥᠯ ᠪᠥᠮᠪᠦᠭᠡ᠎ᠶ᠋ᠢᠨ ᠲᠠᠯᠠᠪᠤᠷ ᠪᠤᠢ᠃ ᠡᠬᠦᠨ᠎ᠳᠤ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡ᠎ᠶ᠋ᠢᠨ ᠲᠠᠯᠠᠪᠤᠷ 1604᠂ ᠳᠣᠯᠣᠭᠠᠨ ᠬᠥᠮᠦᠨ᠎ᠤ ᠳᠦᠷᠢᠮᠲᠦ ᠬᠥᠯ ᠪᠥᠮᠪᠦᠭᠡ᠎ᠶ᠋ᠢᠨ ᠲᠠᠯᠠᠪᠤᠷ 997᠂ ᠠᠷᠪᠠᠨ ᠨᠢᠭᠡᠨ ᠬᠥᠮᠦᠨ᠎ᠤ ᠳᠦᠷᠢᠮᠲᠦ ᠬᠥᠯ ᠪᠥᠮᠪᠦᠭᠡ᠎ᠶ᠋ᠢᠨ ᠲᠠᠯᠠᠪᠤᠷ 920 ᠪᠤᠢ᠃ ᠲᠦᠮᠡᠨ ᠬᠥᠮᠦᠨ ᠪᠦᠷᠢ᠎ᠳᠤ 1.4 ᠬᠥᠯ ᠪᠥᠮᠪᠦᠭᠡ᠎ᠶ᠋ᠢᠨ ᠲᠠᠯᠠᠪᠤᠷ᠎ᠲᠠᠢ ᠪᠠᠢᠵᠤ᠂ ᠪᠦᠬᠦ᠌ ᠤᠯᠤᠰ᠎ᠤᠨ ᠲᠡᠷᠢᠭᠦᠨ᠎ᠤ ᠡᠩᠨᠡᠭᠡᠨ᠎ᠳᠤ ᠣᠷᠣᠪᠠ᠃

 

QQ图片20210823093627.png

 

ᠮᠠᠨ᠎ᠤ ᠤᠷᠤᠨ 2014 ᠣᠨ᠎ᠠᠴᠠ ᠪᠦᠬᠦ᠌ ᠤᠯᠤᠰ᠎ᠤᠨ ᠠᠩᠬᠠᠳᠠᠭ᠍ᠴᠢ ᠬᠥᠯ ᠪᠥᠮᠪᠦᠭᠡ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠤᠨ ᠮᠣᠵᠢ ᠣᠷᠣᠨ ᠪᠣᠯᠤᠭ᠍ᠰᠠᠨ᠎ᠠᠴᠠ ᠨᠠᠭᠠᠰᠢ᠂ ᠬᠥᠯ ᠪᠥᠮᠪᠦᠭᠡ᠎ᠶ᠋ᠢᠨ ᠤᠷᠤᠯᠳᠤᠭᠠᠨ᠎ᠤ ᠠᠵᠢᠯᠯᠠᠭ᠎ᠠ ᠡᠳᠦᠷ ᠢᠷᠡᠬᠦᠶ᠎ᠡ ᠡᠯᠪᠡᠭ ᠪᠠᠶᠠᠯᠢᠭ ᠪᠣᠯᠵᠠᠢ᠃ ᠨᠡᠢᠭᠡᠮ᠎ᠤᠨ ᠬᠥᠯ ᠪᠥᠮᠪᠦᠭᠡ᠎ᠶ᠋ᠢᠨ ᠲᠥᠷᠥᠯ᠎ᠤᠨ ᠤᠷᠤᠯᠳᠤᠭᠠᠨ᠎ᠳᠤ ᠭᠤᠣᠯᠳᠠᠭᠤ ᠥᠪᠥᠷ ᠮᠣᠩᠭᠤᠯ᠎ᠤᠨ ᠡᠷᠡᠭ᠌ᠲᠡᠢ᠎ᠶ᠋ᠢᠨ ᠬᠥᠯ ᠪᠥᠮᠪᠦᠭᠡ᠎ᠶ᠋ᠢᠨ ᠳᠡᠰ᠎ᠠᠴᠠ ᠳᠠᠪᠠᠭ᠍ᠰᠠᠨ ᠬᠤᠯᠪᠣᠭᠠᠲᠤ ᠤᠷᠤᠯᠳᠤᠭᠠᠨ᠂ ᠥᠪᠥᠷ ᠮᠣᠩᠭᠤᠯ᠎ᠤᠨ ᠡᠷᠡᠭ᠌ᠲᠡᠢ᠎ᠶ᠋ᠢᠨ ᠬᠥᠯ ᠪᠥᠮᠪᠦᠭᠡ᠎ᠶ᠋ᠢᠨ ᠬᠥᠬᠡ ᠳᠡᠰ᠎ᠤᠨ ᠬᠤᠯᠪᠣᠭᠠᠲᠤ ᠤᠷᠤᠯᠳᠤᠭᠠᠨ᠂ ᠬᠥᠯ ᠪᠥᠮᠪᠦᠭᠡ᠎ᠶ᠋ᠢᠨ ᠮᠠᠩᠯᠠᠢ ᠱᠢᠯᠭᠠᠷᠠᠭᠤᠯᠬᠤ ᠤᠷᠤᠯᠳᠤᠭᠠᠨ᠂ ᠴᠠᠰᠤᠲᠤ ᠭᠠᠵᠠᠷ᠎ᠤᠨ ᠬᠥᠯ ᠪᠥᠮᠪᠦᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ᠂ ᠪᠦᠬᠦ᠌ ᠤᠯᠤᠰ᠎ᠤᠨ ᠱᠢᠩᠭᠡᠯᠢᠭ ᠮᠠᠶᠢᠭ᠎ᠤᠨ ᠬᠥᠯ ᠪᠥᠮᠪᠦᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ ᠵᠡᠷᠭᠡ ᠪᠤᠢ᠃ 《ᠬᠥᠯ ᠪᠥᠮᠪᠦᠭᠡ᠎ᠶ᠋ᠢᠨ ᠲᠠᠯᠠᠪᠤᠷ᠎ᠤᠨ ᠪᠦᠲᠦᠭᠡᠨ ᠪᠠᠢᠭᠤᠯᠤᠯᠲᠠ᠎ᠶ᠋ᠢᠨ ᠲᠤᠭ᠎ᠠ ᠬᠡᠳᠦ᠋ᠢᠪᠡᠷ ᠵᠢᠯ ᠳᠠᠷᠠᠭᠠᠯᠠᠨ ᠨᠡᠮᠡᠭ᠌ᠳᠡᠭ᠌ᠰᠡᠨ ᠪᠣᠯᠪᠠᠴᠤ᠌ ᠬᠥᠭ᠌ᠵᠢᠯᠲᠡ᠎ᠶ᠋ᠢᠨ ᠪᠠᠢᠷᠢᠯᠠᠭᠤᠯᠤᠯᠲᠠ᠎ᠨᠢ ᠲᠡᠩᠴᠡᠭᠦᠷᠢ ᠦᠭᠡᠢ᠂ ᠠᠱᠢᠬ᠍ᠯᠠᠯᠲᠠ᠎ᠶ᠋ᠢᠨ ᠨᠣᠷᠮ᠎ᠠ᠎ᠨᠢ ᠥᠨᠳᠥᠷ ᠪᠤᠰᠤ ᠠᠰᠠᠭᠤᠳᠠᠯ ᠮᠥᠨ ᠯᠡ ᠣᠷᠣᠱᠢᠭ᠍ᠰᠠᠭᠠᠷ ᠪᠠᠢᠨ᠎ᠠ᠃ ᠡᠳᠡᠭᠡᠷ ᠠᠰᠠᠭᠤᠳᠠᠯ᠎ᠨᠢ ᠪᠦᠷ ᠨᠡᠢᠭᠡᠮ᠎ᠤᠨ ᠬᠥᠯ ᠪᠥᠮᠪᠦᠭᠡ᠎ᠶ᠋ᠢᠨ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠲᠥᠯᠥᠪᠵᠢᠭᠦᠯᠭᠡ᠎ᠳᠤ ᠢᠯᠡᠷᠡᠵᠦ᠍ ᠪᠤᠢ᠃ ᠢᠷᠡᠭᠡᠳᠦᠢ᠎ᠶ᠋ᠢᠨ ᠨᠡᠢᠭᠡᠮ᠎ᠤᠨ ᠬᠥᠯ ᠪᠥᠮᠪᠦᠭᠡ᠎ᠶ᠋ᠢ ᠬᠥᠭ᠌ᠵᠢᠭᠦᠯᠬᠦ᠌ ᠮᠠᠨ᠎ᠤ ᠬᠠᠷᠠᠯᠲᠠ ᠪᠣᠯ ᠳᠠᠷᠤᠢ ᠬᠥᠯ ᠪᠥᠮᠪᠦᠭᠡ᠎ᠶ᠋ᠢ ᠨᠡᠢᠭᠡᠮ ᠲᠣᠭᠤᠷᠢᠭ᠎ᠲᠤ ᠰᠠᠭᠤᠷᠢᠯᠠᠭᠤᠯᠵᠤ᠂ ᠴᠡᠴᠡᠷᠯᠢᠭ᠎ᠲᠤ ᠦᠨᠳᠦᠰᠦᠯᠡᠬᠦᠯᠵᠤ᠂ ᠰᠤᠷᠭᠠᠭᠤᠯᠢ᠎ᠶ᠋ᠢᠨ ᠬᠦᠷᠢᠶᠡᠨ᠎ᠳᠤ ᠰᠠᠭᠤᠷᠢᠱᠢᠭᠤᠯᠤᠨ᠂ ᠬᠥᠯ ᠪᠥᠮᠪᠦᠭᠡ᠎ᠶ᠋ᠢᠨ ᠲᠠᠯᠠᠪᠠᠢ ᠣᠷᠳᠣᠨ᠎ᠳᠤ ᠰᠠᠭᠤᠷᠢᠯᠠᠭᠤᠯᠵᠤ᠂ 〈ᠬᠥᠯ ᠪᠥᠮᠪᠦᠭᠡ ᠪᠣᠯ ᠪᠦᠬᠦ᠌ ᠠᠷᠠᠳ᠎ᠤᠨ ᠬᠥᠳᠡᠯᠭᠡᠭᠡᠨ ᠪᠤᠯᠤᠨ᠎ᠠ〉 ᠭᠡᠭᠦ᠌ ᠣᠢᠯᠠᠭᠠᠭ᠍ᠳᠠᠬᠤᠨ᠎ᠢ ᠤᠯᠠᠮ ᠰᠠᠢᠳᠤᠷ ᠤᠬᠠᠭᠤᠯᠵᠤ᠂ ᠵᠠᠯᠠᠭᠤᠴᠤᠳ ᠪᠠᠭᠠᠴᠤᠳ᠎ᠠᠴᠠ ᠢᠳᠡᠷ ᠨᠠᠰᠤᠨ᠎ᠤ ᠬᠦᠮᠦᠰ ᠬᠦᠷᠲᠡᠯ᠎ᠡ ᠪᠦᠮᠪᠦᠭᠡᠨ ᠲᠠᠯᠠᠪᠤᠷ᠎ᠲᠤ ᠪᠥᠮᠪᠦᠭᠡ ᠢᠰᠭᠦᠯᠵᠦ᠍᠂ ᠤᠷᠤᠯᠳᠤᠭᠠᠨ᠎ᠳᠤ ᠤᠷᠤᠯᠴᠠᠬᠤ᠎ᠶ᠋ᠢ ᠠᠬᠢᠭᠤᠯᠤᠨ᠎ᠠ》 ᠭᠡᠵᠦ᠍ ᠥᠪᠥᠷ ᠮᠣᠩᠭᠤᠯ᠎ᠤᠨ ᠬᠥᠯ ᠪᠥᠮᠪᠦᠭᠡ᠎ᠶ᠋ᠢᠨ ᠨᠡᠢᠭᠡᠮᠯᠢᠭ᠎ᠤᠨ ᠳᠡᠳ᠋ ᠲᠡᠷᠢᠭᠦᠯᠡᠭ᠌ᠴᠢ ᠡᠦ ᠭᠠᠩ ᠶᠡᠷᠢᠵᠦ᠍ ᠪᠠᠢᠯ᠎ᠠ᠃

 

QQ图片20210823093643.png

 

ᠤᠢ᠍ᠢᠯᠠᠭᠠᠭ᠍ᠰᠠᠨ᠎ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠣᠯᠠᠨ ᠲᠦᠮᠡᠨᠴᠢ ᠤᠷᠤᠯᠳᠤᠭᠠᠨ᠎ᠤ ᠬᠥᠯ ᠪᠥᠮᠪᠦᠭᠡ᠎ᠶ᠋ᠢᠨ ᠲᠥᠷᠥᠯ ᠵᠦᠢᠯ᠎ᠤᠨ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡ᠎ᠶ᠋ᠢᠨ ᠡᠷᠡᠭ᠌ᠲᠡᠶ᠎ᠶ᠋ᠢᠨ ᠬᠥᠬᠡ ᠳᠤᠭᠤᠢᠯᠠᠩ᠎ᠤᠨ ᠬᠥᠳᠡᠭᠡ ᠲᠣᠰᠭᠤᠨ ᠱᠢᠶᠠᠩ ᠪᠠᠯᠭᠠᠰᠤᠨ᠎ᠤ ᠳᠤᠭᠤᠢᠯᠠᠩ᠎ᠤᠨ ᠱᠢᠶᠳᠪᠦᠷᠢᠲᠦ ᠤᠷᠤᠯᠳᠤᠭᠠᠨ 7 ᠰᠠᠷ᠎ᠠ᠎ᠶ᠋ᠢᠨ 10 ᠎ᠤ ᠡᠳᠦᠷ᠎ᠠᠴᠠ 16 ᠎ᠤ ᠡᠳᠦᠷ ᠪᠣᠯᠲᠠᠯ᠎ᠠ ᠬᠥᠬᠡᠬᠤᠲᠠ᠎ᠳᠤ ᠶᠠᠪᠤᠭ᠍ᠳᠠᠵᠦ᠍᠂ ᠪᠦᠬᠦ᠌ ᠤᠯᠤᠰ᠎ᠤᠨ 8 ᠡᠩᠨᠡᠭᠡ ᠬᠥᠬᠡᠬᠤᠲᠠ᠎ᠳᠤ ᠴᠤᠭ᠍ᠯᠠᠷᠠᠵᠤ᠂ ᠤᠷᠤᠯᠳᠤᠭᠠᠨ᠎ᠳᠤ ᠤᠷᠤᠯᠴᠠᠭ᠍ᠰᠠᠨ ᠪᠢᠯᠡ᠃ ᠡᠭᠦᠨ᠎ᠳᠤ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠠᠩᠭᠢ ᠪᠤᠯᠬᠤ ᠪᠠᠷᠠᠭᠤᠨ ᠦᠵᠦᠮᠦᠴᠢᠨ ᠬᠤᠱᠢᠭᠤᠨ᠎ᠤ ᠬᠥᠯ ᠪᠥᠮᠪᠦᠭᠡ᠎ᠶ᠋ᠢᠨ ᠺᠯᠦ᠋ᠪ ᠤᠷᠤᠯᠳᠤᠭᠠᠨ᠎ᠳᠤ ᠮᠠᠩᠯᠡᠢᠯᠠᠵᠦ᠍᠂ ᠤᠷᠤᠨ ᠨᠤᠲᠤᠭ᠎ᠲᠠᠭᠠᠨ ᠢᠷᠠᠭᠤ ᠠᠯᠳᠠᠷ ᠠᠪᠴᠢᠷᠠᠵᠦ᠍ ᠦᠭ᠌ᠴᠠᠢ᠃

《ᠲᠦᠯᠦ᠍》 ᠺᠯᠦ᠋ᠪ ᠪᠤᠯ 2003 ᠣᠨ᠎ᠤ 3 ᠰᠠᠷ᠎ᠠ᠎ᠶ᠋ᠢᠨ 9 ᠎ᠤ ᠡᠳᠦᠷ ᠪᠠᠢᠭᠤᠯᠤᠭ᠍ᠳᠠᠭ᠍ᠰᠠᠨ ᠶᠤᠮ᠃ ᠡᠭᠦᠰᠭᠡᠨ ᠪᠠᠢᠭᠤᠯᠤᠭ᠍ᠴᠢ ᠢᠳᠡᠷᠵᠠᠨ᠎ᠠ᠎ᠶ᠋ᠢᠨ ᠰᠠᠨᠠᠭᠠᠴᠢᠯᠠᠭ᠎ᠠ ᠳᠣᠣᠷ᠎ᠠ᠂ ᠺᠯᠦ᠋ᠪ᠎ᠨᠢ ᠪᠡᠶ᠎ᠡ ᠮᠠᠬᠠᠪᠣᠳ᠎ᠢᠶᠠᠨ ᠳᠠᠪᠲᠠᠨ ᠪᠣᠯᠪᠠᠰᠤᠷᠠᠭᠤᠯᠵᠤ᠂ ᠨᠥᠬᠦᠷᠯᠡᠯ᠎ᠢᠶᠠᠨ ᠵᠤᠵᠠᠭᠠᠳᠭᠠᠬᠤ᠎ᠪᠠᠷ ᠬᠠᠷᠠᠯᠲᠠ ᠪᠣᠯᠭᠠᠵᠤ᠂ ᠪᠠᠷᠠᠭᠤᠨ ᠦᠵᠦᠮᠦᠴᠢᠨ ᠬᠤᠱᠢᠭᠤᠨ᠎ᠤ ᠱᠢᠨ᠎ᠡ ᠨᠢᠭᠡ ᠦᠶ᠎ᠡ᠎ᠶ᠋ᠢᠨ ᠵᠠᠯᠠᠭᠤᠴᠤᠳ᠎ᠤᠨ ᠢᠳᠡᠪᠬᠢᠲᠡᠶ᠎ᠪᠠᠷ ᠥᠭᠡᠳᠡᠯᠡᠨ ᠳᠠᠪᠱᠢᠬᠤ᠂ ᠡᠷᠡᠯᠬᠡᠭ᠌ᠯᠡᠨ ᠲᠡᠮᠡᠴᠡᠬᠦ᠂ ᠪᠦᠯᠬᠦᠮᠳᠡᠨ ᠤᠷᠤᠬ᠍ᠰᠢᠯᠠᠬᠤ ᠵᠣᠷᠢᠭ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠦᠭ᠌ᠰᠡᠨ ᠪᠠᠢᠨ᠎ᠠ᠃

 

QQ图片20210823093701.png

 

ᠭᠠᠯ ᠬᠠᠯᠠᠭᠤᠨ ᠰᠡᠳᠭᠢᠯᠭᠡ᠎ᠪᠠᠷ ᠬᠥᠯ ᠪᠥᠮᠪᠦᠭᠡ᠎ᠳᠤ ᠣᠷᠣᠯᠴᠠᠬᠤ᠎ᠶ᠋ᠢ ᠬᠦᠰᠡᠨ ᠰᠠᠨᠠᠭᠠᠴᠢᠯᠠᠵᠤ ᠺᠯᠦ᠋ᠪ᠎ᠤᠨ ᠨᠡᠷ᠎ᠡ᠎ᠪᠠᠨ 《ᠳᠥᠯᠥ᠍》 ᠬᠡᠵᠦ᠍ ᠨᠡᠷᠡᠯᠡᠭ᠌ᠰᠡᠨ ᠶᠤᠮ᠃ ᠠᠩᠬ᠎ᠠ ᠡᠬᠢᠨ᠎ᠳᠡᠭᠡᠨ ᠲᠤᠰ ᠺᠯᠦ᠋ᠪ᠎ᠨᠢ ᠠᠷᠪᠠᠨ ᠬᠡᠳᠦᠭᠡᠨ ᠲᠠᠮᠢᠷᠴᠢᠨ᠎ᠲᠠᠢ ᠪᠠᠢᠭ᠍ᠰᠠᠨ᠎ᠠᠴᠠ ᠣᠳᠣ ᠨᠢᠭᠡᠨᠲᠡ 100 ᠭᠠᠷᠤᠶ ᠬᠥᠯ ᠪᠥᠮᠪᠦᠭᠡ᠎ᠶ᠋ᠢᠨ ᠲᠠᠮᠢᠷᠴᠢᠨ᠎ᠲᠠᠢ ᠡᠩᠨᠡᠭᠡ ᠪᠣᠯᠵᠤ ᠬᠥᠭ᠌ᠵᠢᠵᠡᠶ᠃ 2014 ᠣᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠮᠠᠨ᠎ᠤ ᠤᠯᠤᠰ᠎ᠤᠨ ᠬᠥᠯ ᠪᠥᠮᠪᠦᠭᠡ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠭᠠᠵᠠᠷ ᠪᠤᠯᠪᠠ᠂ ᠡᠭᠦᠨᠴᠡ ᠦᠪᠦᠷ ᠮᠤᠩᠭᠤᠯ ᠬᠥᠯ ᠪᠥᠮᠪᠦᠭᠡ᠎ᠶ᠋ᠢᠨ ᠬᠥᠭ᠌ᠵᠢᠯᠲᠡ᠎ᠶ᠋ᠢᠨ ᠲᠦᠷᠭᠡᠨ ᠵᠠᠮ᠎ᠢᠶᠠᠷ ᠵᠠᠮᠨᠠᠵᠤ᠂ ᠬᠥᠯ ᠪᠥᠮᠪᠦᠭᠡ᠎ᠶ᠋ᠢᠨ ᠲᠠᠯᠠᠪᠤᠷ᠎ᠨᠢ ᠥᠪᠥᠷ ᠮᠣᠩᠭᠤᠯ᠎ᠤᠨ ᠪᠥᠬᠦ᠌ ᠣᠷᠣᠨ᠎ᠳᠤ ᠣᠳᠣᠨ ᠮᠡᠴᠢᠳ ᠱᠢᠭ ᠲᠦᠭᠡᠵᠦ᠍᠂ ᠬᠥᠯ ᠪᠥᠮᠪᠦᠭᠡ᠎ᠶ᠋ᠢᠨ ᠤᠷᠤᠯᠳᠤᠭᠠᠨ ᠴᠤ᠌ ᠬᠥᠷ ᠬᠥᠭ᠌ᠵᠢᠶᠡᠨ᠎ᠲᠠᠢ ᠶᠠᠪᠤᠭ᠍ᠳᠠᠵᠤ᠂ ᠣᠯᠠᠨ ᠠᠷᠪᠢᠨ ᠬᠥᠮᠦᠨ ᠬᠥᠯ ᠪᠥᠮᠪᠦᠭᠡ᠎ᠶ᠋ᠢᠨ ᠬᠥᠳᠡᠯᠭᠡᠭᠡᠨ᠎ᠳᠤ ᠣᠷᠣᠯᠴᠠᠬᠤ ᠪᠤᠯᠪᠠ᠃ ᠱᠢᠯᠢᠩᠬᠤᠲᠠ᠎ᠶ᠋ᠢᠨ ᠬᠥᠯ ᠪᠥᠮᠪᠦᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ ᠣᠳᠣ ᠪᠣᠯᠲᠠᠯ᠎ᠠ 14 ᠬᠤᠭᠤᠴᠠᠭ᠎ᠠ ᠶᠠᠪᠤᠭ᠍ᠳᠠᠵᠤ᠂ ᠡᠨᠡ ᠬᠦ᠌ ᠱᠢᠷᠢᠰ ᠤᠷᠤᠯᠳᠤᠭᠠᠨ᠎ᠳᠤ ᠪᠠᠷᠠᠭᠤᠨ ᠦᠵᠦᠮᠦᠴᠢᠨ ᠬᠤᠱᠢᠭᠤᠨ 《ᠲᠦᠯᠦ᠍》 ᠬᠥᠯ ᠪᠥᠮᠪᠦᠭᠡ᠎ᠶ᠋ᠢᠨ ᠺᠯᠦ᠋ᠪ ᠨᠡᠢᠲᠡ 8 ᠤᠳᠠᠭ᠎ᠠ ᠮᠠᠩᠯᠠᠢᠯᠠᠵᠤ᠂ 5 ᠤᠳᠠᠭ᠎ᠠ ᠳᠡᠳ᠋ᠯᠡᠪᠡ᠃

 

QQ图片20210823093715.png

 

ᠪᠠᠷᠠᠭᠤᠨ ᠦᠵᠦᠮᠦᠴᠢᠨ ᠬᠤᠱᠢᠭᠤᠨ᠎ᠤ ᠬᠥᠯ ᠪᠥᠮᠪᠦᠭᠡ᠎ᠶ᠋ᠢᠨ ᠺᠯᠦ᠋ᠪ᠎ᠨᠢ 2017 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡ᠎ᠶ᠋ᠢᠨ ᠤᠷᠤᠯᠳᠤᠭᠠᠨ᠎ᠤ ᠮᠠᠩᠯᠠᠶ᠂ 2018 — 2019 ᠣᠨ᠎ᠤ ᠥᠪᠥᠷ ᠮᠣᠩᠭᠤᠯ᠎ᠤᠨ ᠬᠥᠯ ᠪᠥᠮᠪᠦᠭᠡ᠎ᠶ᠋ᠢᠨ ᠨᠡᠢᠭᠡᠮᠯᠢᠭ᠎ᠤᠨ ᠡᠷᠡᠭ᠌ᠲᠡᠶ᠎ᠶ᠋ᠢᠨ 11 ᠬᠥᠮᠦᠨ᠎ᠤ ᠳᠦᠷᠢᠮᠲᠦ ᠬᠥᠯ ᠪᠥᠮᠪᠦᠭᠡ᠎ᠶ᠋ᠢᠨ ᠤᠷᠤᠯᠳᠤᠭᠠᠨ᠎ᠤ ᠪᠥᠬᠦ᠌ ᠣᠷᠣᠨ᠎ᠤ ᠭᠤᠳᠠᠭᠠᠷ ᠨᠠᠷᠡᠰ᠂ 2019 ᠣᠨ᠎ᠤ 《ᠤᠮᠠᠷᠠᠲᠤ᠎ᠶ᠋ᠢᠨ ᠪᠡᠶ᠎ᠡ᠎ᠶ᠋ᠢᠨ ᠲᠠᠮᠢᠷ᠎ᠤᠨ ᠮᠠᠩᠯᠠᠶ ᠬᠤᠨᠳᠠᠭᠠᠲᠤ》 ᠪᠥᠬᠦ᠌ ᠤᠯᠤᠰ᠎ᠤᠨ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ᠎ᠤ ᠲᠦᠷᠦᠭᠦᠦ ᠨᠠᠶᠮᠠᠨ ᠨᠡᠷ᠎ᠡ᠎ᠳᠤ ᠲᠤᠰ ᠲᠤᠰ ᠲᠤᠳᠤᠷᠠᠭ᠍ᠰᠠᠨ ᠪᠦᠭᠡᠳ 2021 ᠣᠨ᠎ᠤ 4 ᠰᠠᠷ᠎ᠠ᠎ᠳᠤ ᠨᠠᠩ ᠴᠤ᠌ ᠪᠥᠬᠦ᠌ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠤᠯᠠᠨ ᠲᠦᠮᠡᠨᠴᠢ ᠤᠷᠤᠯᠳᠤᠭᠠᠨ᠎ᠤ ᠬᠥᠯ ᠪᠥᠮᠪᠦᠭᠡ᠎ᠶ᠋ᠢᠨ ᠲᠥᠷᠥᠯ ᠵᠦᠢᠯ᠎ᠤᠨ ᠥᠪᠥᠷ ᠮᠣᠩᠭᠤᠯ᠎ᠤᠨ ᠱᠢᠯᠭᠠᠷᠠᠭᠤᠯᠬᠤ ᠤᠷᠤᠯᠳᠤᠭᠠᠨ (ᠬᠥᠳᠡᠭᠡ ᠲᠣᠰᠭᠤᠨ ᠱᠢᠶᠠᠩ ᠪᠠᠯᠭᠠᠰᠤᠨ᠎ᠤ ᠳᠤᠭᠤᠢᠯᠠᠩ) ᠎ᠳᠤ ᠮᠠᠩᠯᠠᠢᠯᠠᠪᠠ᠃ ᠡᠨᠡ ᠵᠢᠯ᠎ᠤᠨ ᠪᠥᠬᠦ᠌ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠣᠯᠠᠨ ᠲᠦᠮᠡᠨᠴᠢ ᠤᠷᠤᠯᠳᠤᠭᠠᠨ᠎ᠤ ᠲᠠᠪᠤᠨ ᠬᠥᠮᠦᠨ᠎ᠤ ᠳᠦᠷᠢᠮᠲᠦ ᠬᠥᠯ ᠪᠥᠮᠪᠦᠭᠡ᠎ᠶ᠋ᠢᠨ ᠤᠷᠤᠯᠳᠤᠭᠠᠨ᠎ᠤ ᠪᠥᠬᠦ᠌ ᠤᠯᠤᠰ᠎ᠤᠨ ᠶᠡᠷᠦᠩᠬᠡᠶ   ᠱᠢᠢᠳᠪᠤᠷᠢᠳᠤ ᠤᠷᠤᠯᠳᠤᠭᠠᠨ᠎ᠳᠤ ᠪᠠᠷᠠᠭᠤᠨ ᠦᠵᠦᠮᠦᠴᠢᠨ ᠬᠤᠱᠢᠭᠤᠨ᠎ᠤ ᠬᠥᠯ ᠪᠥᠮᠪᠦᠭᠡ᠎ᠶ᠋ᠢᠨ ᠺᠯᠦ᠋ᠪ᠎ᠤᠨ 25 ᠬᠥᠮᠦᠨ ᠤᠷᠤᠯᠴᠠᠵᠦ᠍᠂ ᠮᠠᠩᠯᠠᠢ ᠱᠢᠭᠦᠷᠦᠭ᠌ᠰᠡᠨ᠎ᠨᠢ ᠡᠨᠡ ᠪᠢᠯᠡ᠃

《ᠠᠷᠠᠳ ᠲᠦᠮᠡᠨ᠎ᠤ ᠬᠥᠯ ᠪᠥᠮᠪᠦᠭᠡ ᠠᠷᠠᠳ ᠲᠦᠮᠡᠨ᠎ᠤ ᠲᠥᠯᠥᠭᠡ᠂ ᠠᠷᠠᠳ ᠲᠦᠮᠡᠨ᠎ᠤ ᠬᠥᠯ ᠪᠥᠮᠪᠦᠭᠡ ᠠᠷᠠᠳ ᠲᠦᠮᠡᠨ᠎ᠳᠤ ᠲᠦᠱᠢᠭ᠌ᠯᠡᠨ᠎ᠡ》᠃ ᠥᠭᠡᠷᠡᠴᠢᠯᠡᠯᠲᠡ ᠬᠥᠭ᠌ᠵᠢᠯᠲᠡ᠎ᠶ᠋ᠢᠨ ᠱᠢᠨ᠎ᠡ ᠪᠠᠢᠳᠠᠯ ᠪᠠ ᠬᠡᠷᠡᠭ᠌ᠴᠡᠭᠡ ᠱᠠᠭᠠᠷᠳᠠᠯᠭ᠎ᠠ᠎ᠳᠤ ᠵᠤᠬᠢᠴᠠᠨ᠂ ᠪᠥᠬᠦ᠌ ᠨᠡᠢᠭᠡᠮ᠎ᠤᠨ ᠬᠦᠴᠦᠨ᠎ᠢ ᠲᠥᠪᠯᠡᠷᠡᠭᠦᠯᠤᠨ ᠬᠥᠯ ᠪᠥᠮᠪᠦᠭᠡ᠎ᠶ᠋ᠢᠨ ᠦᠢᠯᠡᠰ ᠤᠯᠠᠮ᠎ᠠᠴᠠ ᠤᠯᠠᠮ ᠦᠷᠨᠢᠭᠦᠨ ᠭᠦᠭ᠌ᠵᠢᠯ᠎ᠤᠨ ᠵᠠᠮ᠎ᠢᠶᠠᠷ ᠵᠠᠮᠨᠠᠨ᠎ᠠ᠃

ᠭᠡᠷᠡᠯ ᠵᠢᠷᠤᠭ᠎ᠤᠳ᠎ᠢ ᠢᠤᠢ ᠲᠤᠤ ᠰᠡᠬᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号