ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠯᠢᠭᠡᠷ᠎ᠢ ᠰᠠᠢᠬᠠᠨ ᠶᠠᠷᠢᠶ᠎ᠠ (2013 ᠤᠨ᠎ᠤ 9 ᠰᠠᠷ᠎ᠡ — 2020 ᠤᠨ᠎ᠤ 9 ᠰᠠᠷ᠎ᠡ)
2021-08-23 10:59:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠬᠠᠮᠠᠳ ᠪᠠᠭᠠᠲᠤᠷ ᠵᠠᠩ ᠹᠦ᠋ ᠴᠢᠩ 60 ᠭᠠᠷᠤᠢ ᠵᠢᠯ ᠨᠡᠷ᠎ᠡ ᠠᠯᠳᠠᠷ᠎ᠢᠶᠠᠨ ᠨᠢᠭᠤᠵᠤ᠂ ᠨᠠᠰᠤᠨ ᠲᠤᠷᠱᠢᠳᠠ ᠤᠭ ᠰᠠᠨᠠᠭ᠎ᠠ᠎ᠪᠠᠨ ᠪᠠᠲᠤ ᠰᠠᠬᠢᠵᠤ᠂ ᠤᠭ ᠴᠢᠨᠠᠷ᠎ᠢᠶᠠᠨ ᠬᠤᠪᠢᠷᠠᠭᠤᠯᠤᠭ᠍ᠰᠠᠨ ᠦᠭᠡᠢ᠂ ᠲᠡᠭᠦᠨ᠎ᠤ ᠦᠢᠯᠡ ᠠᠵᠢᠯᠯᠠᠭ᠎ᠠ ᠬᠥᠮᠦᠨ᠎ᠤ ᠰᠡᠳᠭᠢᠯ᠎ᠢ ᠳᠣᠭ᠍ᠳᠣᠯᠤᠭᠤᠯᠤᠨ᠎ᠠ᠃ ᠴᠡᠷᠢᠭ ᠠᠩᠭᠢ᠎ᠳᠤ ᠲᠡᠷᠡ ᠤᠯᠤᠰ ᠭᠡᠷ᠎ᠢᠶᠠᠨ ᠬᠠᠮᠠᠭᠠᠯᠠᠨ᠎ᠠ; ᠣᠷᠣᠨ ᠨᠤᠲᠤᠭ᠎ᠲᠤ ᠣᠴᠢᠪᠠᠯ ᠲᠡᠷᠡ ᠠᠷᠠᠳ ᠲᠦᠮᠡᠨ᠎ᠳᠤ ᠪᠤᠶᠠᠨ ᠦᠢᠯᠡᠳᠦᠨ᠎ᠡ᠃ ᠲᠡᠷᠡ ᠥᠪᠡᠷ᠎ᠤᠨ ᠡᠭᠡᠯ ᠪᠣᠷᠣᠭ᠍ᠵᠢᠭᠤᠨ ᠴᠡᠪᠡᠷ ᠴᠠᠢᠯᠭᠠᠨ᠂ ᠨᠡᠷ᠎ᠡ ᠠᠱᠢᠭ᠎ᠢ ᠦᠯᠦ᠍ ᠬᠥᠭᠡᠭᠡᠴᠡᠯᠳᠦᠬᠦ᠌ ᠦᠵᠡᠯ ᠰᠠᠨᠠᠭ᠎ᠠ᠎ᠪᠠᠷ ᠭᠤᠢᠳᠠ ᠰᠠᠢᠬᠠᠨ ᠠᠮᠢᠳᠤᠷᠠᠯ᠎ᠢᠶᠠᠨ ᠪᠢᠴᠢᠭ᠌ᠯᠡᠵᠦ᠍᠂ ᠥᠷᠭᠡᠨ ᠤᠯᠠᠨ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢ ᠪᠣᠯᠤᠨ ᠴᠡᠷᠢᠭ᠎ᠠᠴᠠ ᠬᠠᠯᠠᠭ᠍ᠳᠠᠭ᠍ᠰᠠᠳ᠎ᠤᠨ ᠰᠤᠷᠤᠯᠴᠠᠬᠤ ᠳᠠᠭᠤᠷᠢᠶᠠᠯ ᠪᠣᠯᠵᠠᠢ᠃ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠶ᠋ᠢ ᠢᠳᠡᠪᠬᠢᠲᠡᠢ ᠪᠠᠳᠠᠷᠠᠭᠤᠯᠵᠤ᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ᠂ ᠱᠢᠨ᠎ᠡ ᠴᠠᠭ ᠦᠶ᠎ᠡ᠎ᠳᠤ ᠡᠷᠡᠯᠬᠡᠭ᠌ᠯᠡᠨ ᠲᠡᠮᠡᠴᠡᠬᠦ᠌ ᠬᠦᠴᠦᠷᠬᠡᠭ ᠶᠡᠭᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃

(2019 ᠣᠨ᠎ᠤ 4 ᠰᠠᠷ᠎ᠠ᠎ᠶ᠋ᠢᠨ 21 ᠎ᠤ ᠡᠳᠦᠷ ᠵᠠᠩ ᠹᠦ᠋ ᠴᠢᠩ ᠨᠥᠬᠦᠷ᠎ᠤᠨ ᠲᠡᠷᠢᠭᠦᠨ᠎ᠤ ᠦᠢᠯᠡ ᠠᠵᠢᠯᠯᠠᠭ᠎ᠠ᠎ᠶ᠋ᠢᠨ ᠲᠤᠬᠠᠢ ᠭᠠᠷᠭᠠᠭ᠍ᠰᠠᠨ ᠵᠢᠭᠠᠪᠤᠷᠢ)

ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠎ᠶ᠋ᠢ ᠰᠤᠷᠤᠯᠴᠠᠵᠤ᠂ ᠨᠠᠮ᠎ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢᠨ ᠡᠷᠬᠢᠮ ᠨᠠᠨᠳᠢᠨ᠎ᠢ ᠣᠢᠯᠠᠭᠠᠵᠤ᠂ ᠨᠠᠮ᠎ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠪᠠᠲᠤ ᠰᠠᠬᠢᠬᠤ᠎ᠶ᠋ᠢᠨ ᠴᠢᠬᠤᠯᠠ ᠴᠢᠨᠠᠷ᠎ᠢ ᠣᠢᠯᠠᠭᠠᠬᠤ ᠬᠡᠷᠡᠭ᠌ᠲᠡᠢ᠃ ᠶᠦᠨᠨᠠᠨ᠎ᠳᠤ ᠢᠷᠠᠭᠤ ᠠᠯᠳᠠᠷᠲᠤ ᠬᠤᠪᠢᠰᠭᠠᠯ᠎ᠤᠨ ᠤᠯᠠᠮᠵᠢᠯᠠᠯ᠎ᠲᠠᠢ᠂ ᠬᠥᠮᠦᠰ᠎ᠤᠨ ᠰᠡᠳᠭᠢᠯ᠎ᠢ ᠬᠥᠳᠡᠯᠭᠡᠮ᠎ᠡ ᠮᠠᠰᠢ ᠤᠯᠠᠨ ᠦᠯᠢᠭᠡᠷ ᠪᠠᠢᠳᠠᠭ᠃ ᠡᠲᠡᠭᠡᠷ ᠥᠯᠢᠭᠡᠷ᠎ᠢᠶᠠᠷ 《ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠬᠥᠮᠦᠵᠢᠯ᠎ᠤᠨ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠤᠳᠴᠤ᠌ ᠪᠠᠢᠭᠠᠳ ᠣᠭ ᠰᠠᠨᠠᠭ᠎ᠠ᠎ᠪᠠᠨ ᠲᠠᠰᠤᠷᠠᠯᠲᠠ ᠥᠬᠡᠶ ᠪᠠᠢᠴᠠᠭᠠᠨ ᠱᠢᠨᠵᠢᠵᠦ᠍᠂ ᠣᠭ ᠰᠠᠨᠠᠭ᠎ᠠ᠎ᠪᠠᠨ ᠤᠮᠳᠠᠯᠠᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌ ᠤᠯᠤᠰ ᠲᠥᠷᠥ᠎ᠶ᠋ᠢᠨ ᠬᠡᠪ ᠴᠢᠨᠠᠷ᠎ᠢᠶᠠᠨ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠬᠤ ᠬᠡᠷᠡᠭ᠌ᠲᠡᠶ᠃ 

(2020 ᠣᠨ᠎ᠤ 1 ᠰᠠᠷ᠎ᠠ᠎ᠶ᠋ᠢᠨ 19 ᠎ᠠᠴᠠ 21 ᠎ᠤ ᠡᠳᠦᠷ ᠪᠣᠯᠲᠠᠯ᠎ᠠ᠂ ᠴᠠᠭᠠᠨ ᠰᠠᠷ᠎ᠠ᠎ᠠᠴᠠ ᠡᠮᠦᠨ᠎ᠡ ᠶᠦᠨᠨᠠᠨ᠎ᠳᠤ ᠬᠦᠷᠴᠦ᠍ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠪᠣᠯᠭᠤᠭᠠᠨ ᠲᠣᠬᠤᠨᠢᠭᠤᠯᠬᠤ᠎ᠳᠠᠭᠠᠨ ᠬᠡᠯᠡᠭ᠌ᠰᠡᠨ ᠦᠭᠡ)

ᠵᠠᠭᠤᠨ ᠵᠢᠯ᠎ᠤᠨ ᠡᠮᠦᠨ᠎ᠡ᠂ ᠴᠧᠨ ᠸᠠᠩ ᠳ᠋ᠤᠤ ᠨᠥᠬᠦᠷ᠎ᠤᠨ ᠠᠩᠬᠠᠳᠠᠭ᠍ᠴᠢ ᠬᠢᠲᠠᠳ ᠬᠡᠯᠡᠨ᠎ᠤ ᠪᠦᠷᠢᠨ ᠣᠷᠴᠢᠭᠤᠯᠭ᠎ᠠ᠎ᠶ᠋ᠢᠨ 《ᠡᠪ ᠬᠠᠮᠲᠤ ᠨᠠᠮ᠎ᠤᠨ ᠲᠤᠩᠬᠠᠭ》 ᠎ᠨᠢ ᠦᠯᠡᠮᠵᠢ ᠣᠯᠠᠨ ᠴᠢᠩ ᠵᠤᠷᠢᠭ᠍ᠳᠠᠨ᠎ᠢ ᠬᠥᠲᠥᠯᠥᠨ ᠵᠢᠯᠣᠭᠤᠳᠴᠤ᠌ ᠡᠪ ᠬᠠᠮᠲᠤ ᠶᠣᠰᠣᠨ᠎ᠤ ᠠᠯᠤᠰ ᠬᠡᠲᠦ᠎ᠶ᠋ᠢᠨ ᠬᠦᠰᠡᠯᠡᠩ᠎ᠢ ᠪᠣᠶ ᠪᠣᠯᠭᠠᠵᠤ᠂ ᠦᠨᠳᠦᠰᠦᠲᠡᠨ᠎ᠤ ᠴᠢᠯᠥᠭᠡᠯᠡᠯᠲᠡ᠎ᠶ᠋ᠢᠨ ᠦᠶ᠋ᠯᠡᠰ᠎ᠲᠤ ᠣᠷᠣᠯᠴᠠᠭᠤᠯᠬᠤ᠎ᠳᠤ ᠴᠢᠬᠤᠯᠠ ᠦᠢᠯᠡᠳᠦᠯ ᠦᠵᠡᠭᠦᠯᠪᠡ᠃ ᠤᠳᠤᠬᠠᠨ᠎ᠳᠤ ᠲᠠ ᠨᠠᠷ ᠰᠤᠷᠭᠠᠭᠤᠯᠢ᠎ᠶ᠋ᠢᠨ᠎ᠢᠶᠠᠨ ᠠᠬᠠᠮᠠᠳ ᠵᠠᠬᠢᠷᠤᠯ ᠴᠧᠨ ᠸᠠᠩ ᠳ᠋ᠤᠤ ᠨᠥᠬᠦᠷ᠎ᠤᠨ ᠦᠨᠡᠨ ᠶᠣᠰᠣ᠎ᠶ᠋ᠢ ᠡᠷᠢᠯᠬᠢᠯᠡᠭ᠌ᠰᠡᠨ ᠦᠯᠢᠭᠡᠷ᠎ᠢ ᠢᠳᠡᠪᠬᠢᠲᠡᠢ ᠤᠬᠠᠭᠤᠯᠤᠨ ᠲᠠᠢᠯᠪᠤᠷᠢᠯᠠᠵᠤ᠂ ᠮᠠᠷᠺᠰ᠎ᠤᠨ ᠦᠵᠡᠯ᠎ᠤᠨ ᠤᠨᠤᠯ᠎ᠢ ᠤᠯᠠᠮᠵᠢᠯᠠᠬᠤ ᠪᠣᠯ ᠮᠠᠰᠢ ᠶᠡᠭᠡ ᠠᠴᠢ ᠬᠤᠯᠪᠣᠭ᠍ᠳᠠᠯ᠎ᠲᠠᠢ ᠶᠠᠪᠤᠳᠠᠯ ᠮᠥᠨ᠃ ᠲᠠ ᠨᠠᠷ ᠦᠷᠭᠦᠯᠵᠢᠯᠡᠨ ᠬᠢᠵᠦ᠍᠂ ᠨᠡᠩ ᠰᠠᠢᠳᠤᠷ ᠬᠢᠬᠦ᠌᠎ᠶ᠋ᠢ ᠬᠦᠰᠡᠵᠦ᠍ ᠪᠠᠢᠨ᠎ᠠ᠃ 

(2020 ᠣᠨ᠎ᠤ 6 ᠰᠠᠷ᠎ᠠ᠎ᠶ᠋ᠢᠨ 17 ᠎ᠤ ᠡᠳᠦᠷ ᠹᠦᠳᠠᠨ ᠶᠡᠭᠡ ᠰᠤᠷᠭᠠᠭᠤᠯᠢ᠎ᠶ᠋ᠢᠨ ᠵᠠᠯᠠᠭᠤ ᠪᠠᠭ᠍ᠰᠢ ᠰᠤᠷᠤᠬ᠍ᠴᠢ ᠨᠠᠮ᠎ᠤᠨ ᠭᠡᠱᠢᠭᠦᠨ᠎ᠳᠤ ᠦᠭ᠌ᠭᠦᠭ᠌ᠰᠡᠨ ᠬᠠᠷᠢᠭᠤ ᠵᠠᠬᠢᠳᠡᠯ)

















ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号