ᠣᠲᠣᠬᠢᠴᠢᠯᠠᠯᠲᠠ᠎ᠶ᠋ᠢᠨ ᠵᠠᠮ᠎ᠳᠤ ᠬᠠᠮᠠᠭᠠᠯᠠᠯᠲᠠ᠎ᠶ᠋ᠢ ᠬᠠᠶᠠᠵᠦ᠍ ᠪᠣᠯᠬᠤ ᠦᠭᠡᠢ
2021-08-23 11:38:36
ᠵᠣᠬᠢᠶᠠᠭ᠍ᠴᠢ᠄
ᠸᠠᠩ ᠱᠢᠶᠣᠣ ᠮᠢᠩ
ᠣᠩᠱᠢᠭ᠍ᠰᠠᠨ ᠣᠳᠠᠭ᠎ᠠ᠄
★★★☆☆

ᠮᠠᠯᠵᠢᠬᠤ ᠣᠷᠣᠨ᠎ᠤ ᠣᠲᠣᠬᠢᠴᠢᠯᠠᠯᠲᠠ ᠪᠣᠯ ᠮᠠᠨ᠎ᠤ ᠣᠷᠣᠨ᠎ᠤ ᠬᠦᠲᠡᠭᠡ ᠲᠣᠰᠭᠤᠨ᠎ᠢ ᠬᠦᠭ᠌ᠵᠢᠬᠦᠯᠦᠨ ᠮᠠᠨᠲᠣᠭᠤᠯᠬᠤ ᠪᠠᠢᠯᠲᠣᠬᠤ ᠪᠣᠲᠣᠯᠭ᠎ᠠ᠎ᠶ᠋ᠢᠨ ᠴᠢᠬᠤᠯᠠ ᠨᠢᠭᠡ ᠠᠭᠤᠯᠭ᠎ᠠ ᠪᠣᠯᠬᠤ ᠮᠦᠷᠲᠡᠭᠡᠨ ᠮᠠᠯᠴᠢᠨ ᠲᠦᠮᠡᠨ᠎ᠤ ᠦᠢᠯᠡᠳᠪᠦᠷᠢᠯᠡᠯ ᠠᠮᠢᠲᠣᠷᠠᠯ᠎ᠤᠨ ᠨᠦᠬᠦᠴᠡᠯ᠎ᠢ ᠴᠢᠨᠠᠭ᠍ᠰᠢᠳᠠ ᠰᠠᠢᠵᠢᠷᠠᠭᠤᠯᠵᠦ᠍᠂ ᠨᠡᠢᠬᠡᠮ ᠵᠢᠷᠤᠮᠳᠤ ᠤᠳᠤᠬᠢᠴᠢᠯᠠᠭ᠍ᠰᠠᠨ ᠦᠪᠤᠷ ᠮᠤᠩᠭᠤᠯ᠎ᠢ ᠪᠦᠳᠦᠬᠡᠨ ᠪᠠᠢᠭᠤᠯᠬᠤ᠎ᠶ᠋ᠢᠨ ᠲᠣᠯᠭᠠᠮ ᠱᠠᠭᠠᠷᠲᠠᠯᠭ᠎ᠠ ᠪᠤᠯᠤᠨ᠎ᠠ᠃ ᠡᠢᠨ ᠬᠦ᠌ ᠮᠠᠯᠵᠢᠬᠤ ᠣᠷᠣᠨ᠎ᠤ ᠣᠲᠣᠬᠢᠴᠢᠯᠠᠯᠲᠠ᠎ᠨᠢ ᠦᠷᠭᠡᠨ ᠣᠯᠠᠨ ᠮᠠᠯᠴᠢᠨ ᠲᠦᠮᠡᠨ᠎ᠲᠠᠢ ᠬᠤᠯᠪᠣᠬ᠍ᠲᠠᠬᠤ᠎ᠪᠠᠷ ᠪᠠᠷᠠᠬᠤ ᠦᠭᠡᠢ ᠪᠠᠰᠠ ᠪᠦᠬᠦ᠌ ᠣᠷᠣᠨ᠎ᠤ ᠣᠲᠣᠬᠢᠴᠢᠯᠠᠯᠲᠠ ᠪᠤᠯᠤᠨ ᠬᠦᠲᠡᠭᠡ ᠲᠣᠰᠭᠤᠨ᠎ᠢ ᠬᠦᠭ᠌ᠵᠢᠬᠦᠯᠦᠨ ᠮᠠᠨᠲᠣᠭᠤᠯᠬᠤ᠎ᠲᠠᠢ ᠬᠤᠯᠪᠣᠬ᠍ᠲᠠᠬᠤ ᠠᠤᠭ᠎ᠠ ᠦᠢᠯᠡᠰ ᠪᠣᠯᠬᠤ ᠶᠣᠮ᠃

ᠲᠡᠭᠡᠪᠡᠯ ᠪᠢᠲᠡ ᠮᠠᠯᠵᠢᠬᠤ ᠣᠷᠣᠨ᠎ᠤ ᠣᠲᠣᠬᠢᠴᠢᠯᠠᠯᠲᠠ᠎ᠶ᠋ᠢ ᠬᠡᠷᠬᠢᠨ ᠪᠡᠶᠡᠯᠡᠬᠦᠯᠬᠦ᠌ ᠪᠣᠢ? ᠦᠭᠡᠷ᠎ᠡ ᠪᠣᠰᠣᠳ᠎ᠤᠨ ᠵᠠᠬ᠍ᠪᠣᠷ᠎ᠢ ᠨᠡᠬᠦᠯᠭᠡᠵᠦ᠍ ᠠᠪᠴᠢᠷᠠᠭᠠᠳ ᠲᠣᠬᠤᠬᠤ ᠶᠣᠮ ᠤᠤ? ᠠᠯᠢ ᠡᠰᠡᠬᠦᠯ᠎ᠡ ᠣᠲᠣᠬᠢᠴᠢᠯᠠᠯᠲᠠ᠎ᠶ᠋ᠢᠨ ᠲᠤᠬ᠎ᠢ ᠡᠷᠬᠦᠵᠦ᠍᠂ ᠣᠣᠯ᠎ᠤᠨ᠎ᠬᠢ᠎ᠪᠠᠨ ᠪᠦᠷᠢᠮᠦᠰᠦᠨ ᠦᠭᠡᠷᠡᠴᠢᠯᠡᠬᠦ᠌ ᠶᠣᠮ ᠤᠤ? ᠮᠠᠨ᠎ᠤ ᠣᠯᠣᠰ᠎ᠤᠨ ᠣᠲᠣᠬᠢᠴᠢᠯᠠᠯᠲᠠ ᠪᠣᠯ ᠬᠦᠮᠦᠨ ᠬᠢᠭᠡᠳ ᠡᠭᠡ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠣ ᠣᠷᠣᠱᠢᠬ᠍ᠰᠠᠨ ᠣᠲᠣᠬᠢᠴᠢᠯᠠᠯᠲᠠ ᠮᠦᠨ᠃ ᠡᠨᠡ᠎ᠨᠢ ᠣᠲᠣᠬᠢᠴᠢᠯᠠᠯᠲᠠ ᠪᠣᠯ ᠨᠢᠭᠡ᠎ᠶ᠋ᠢ᠎ᠨᠢ ᠴᠣᠬ᠍ᠴᠠᠯᠠᠭᠠᠳ ᠨᠦᠬᠦᠭᠡ᠎ᠶ᠋ᠢ᠎ᠨᠢ ᠴᠣᠬ᠍ᠴᠠᠯᠠᠬᠤ ᠦᠬᠡᠢ ᠬᠡᠰᠡᠨ ᠶᠠᠪᠣᠲᠠᠯ ᠪᠢᠰᠢ᠂ ᠬᠠᠷᠢᠨ ᠬᠤᠶᠠᠷ᠎ᠢ ᠵᠡᠷᠬᠡ᠎ᠪᠠᠷ ᠠᠳᠭᠤᠵᠤ ᠵᠡᠷᠬᠡ᠎ᠪᠠᠷ ᠴᠤᠭ᠍ᠴᠠᠯᠠᠬᠤ ᠶᠠᠪᠤᠳᠠᠯ ᠪᠤᠯᠤᠨ᠎ᠠ᠃ ᠢᠩᠬᠢᠬᠦ᠌᠎ᠳᠡᠭᠡᠨ ᠮᠠᠯᠵᠢᠬᠤ ᠣᠷᠣᠨ᠎ᠤ ᠣᠲᠣᠬᠢᠴᠢᠯᠠᠯᠲᠠ ᠪᠣᠯ ᠮᠠᠯᠵᠢᠬᠤ ᠣᠷᠣᠨ᠎ᠤ ᠪᠣᠲᠠᠲᠣ ᠪᠠᠢᠲᠠᠯ᠎ᠳᠤ ᠲᠣᠬᠢᠷᠠᠬ᠍ᠰᠠᠨ ᠣᠲᠣᠬᠢᠴᠢᠯᠠᠯᠲᠠ᠂ ᠦᠪᠦᠷ ᠮᠣᠩᠭᠤᠯ᠎ᠤᠨ ᠣᠨᠴᠠᠯᠢᠬ᠎ᠢ ᠬᠠᠷᠠᠭᠤᠯᠤᠭ᠍ᠰᠠᠨ᠂ ᠠᠮᠢ ᠠᠬᠤᠢ᠎ᠶ᠋ᠢ ᠣᠷᠢᠳ᠎ᠢᠶᠠᠷ ᠪᠤᠳᠤᠯᠬᠢᠯᠠᠬᠤ ᠪᠣᠬᠢᠷᠲᠣᠯ ᠦᠭᠡᠢ ᠬᠦᠭ᠌ᠵᠢᠬᠦᠯᠬᠦ᠌᠎ᠪᠠᠷ ᠣᠲᠣᠷᠢᠲᠣᠮᠵᠢ ᠪᠣᠯᠭᠠᠬ᠍ᠰᠠᠨ ᠮᠠᠯᠵᠢᠬᠤ ᠣᠷᠣᠨ᠎ᠤ ᠴᠢᠨᠠᠷ ᠰᠠᠢᠲᠠᠢ ᠬᠦᠭ᠌ᠵᠢᠯᠲᠡ᠎ᠶ᠋ᠢᠨ ᠱᠢᠨ᠎ᠡ ᠵᠠᠮ ᠪᠤᠯᠬᠤ᠎ᠨᠢ ᠭᠠᠷᠴᠠᠭ᠎ᠠ ᠦᠬᠡᠢ᠃ ᠪᠢᠲᠡ ᠣᠲᠣᠬᠢᠴᠢᠯᠠᠯᠲᠠ᠎ᠶ᠋ᠢᠨ ᠠᠶᠠᠨ᠎ᠳᠤ ᠱᠢᠨᠡᠴᠢᠯᠡᠨ ᠰᠠᠢᠵᠢᠷᠠᠭᠤᠯᠬᠤ ᠭᠤᠣᠯ ᠬᠦᠭ ᠠᠢᠵᠠᠮ᠎ᠢ ᠦᠨᠡᠨ ᠬᠦ᠌ ᠴᠢᠩᠭᠠᠳᠭᠠᠬᠤ ᠲᠡᠲᠦᠢ ᠦᠭᠡᠢ ᠪᠠᠰᠠ ᠦᠪᠡᠷᠮᠢᠴᠡ ᠣᠨᠴᠠᠯᠢᠬ᠎ᠢ ᠬᠠᠷᠠᠭᠤᠯᠣᠬ᠍ᠰᠠᠨ ᠵᠦᠢᠯᠡᠰ᠎ᠢᠶᠠᠨ ᠬᠠᠲᠠᠭᠠᠯᠠᠵᠦ᠍ ᠬᠠᠮᠠᠭᠠᠯᠠᠬᠤ ᠭᠡᠷᠡᠭ᠌ᠲᠡᠢ ᠭᠡᠲᠡᠭ᠎ᠢᠶᠠᠨ ᠮᠠᠷᠳᠠᠵᠤ ᠪᠤᠯᠬᠤ ᠦᠬᠡᠢ᠃

ᠣᠲᠣᠬᠢᠴᠢᠯᠠᠯᠲᠠ᠎ᠶ᠋ᠢᠨ ᠬᠠᠷᠠᠯᠲᠠ ᠪᠣᠯ ᠮᠠᠯᠵᠢᠬᠤ ᠣᠷᠣᠨ᠎ᠤ ᠦᠢᠯᠡᠳᠪᠦᠷᠢᠯᠡᠯ ᠠᠮᠢᠲᠣᠷᠠᠯ ᠪᠣᠯᠣᠨ ᠠᠮᠢ ᠠᠬᠤᠢ᠎ᠶ᠋ᠢ ᠣᠯᠠᠮ ᠰᠠᠢᠨ ᠰᠠᠢᠬᠠᠨ ᠪᠣᠯᠭᠠᠬᠤ᠎ᠶ᠋ᠢᠨ ᠲᠦᠯᠦᠭᠡᠨ᠎ᠤ ᠣᠲᠣᠬᠢᠴᠢᠯᠠᠯᠲᠠ ᠪᠠᠢᠵᠦ᠍ ᠲᠠᠭᠠᠷᠠᠨ᠎ᠠ᠃ ᠦᠷᠭᠡᠨ ᠠᠭᠤᠲᠠᠮ ᠲᠠᠯ᠎ᠠ ᠨᠣᠲᠤᠬ ᠪᠣᠯ ᠮᠠᠯᠴᠢᠳ᠎ᠤᠨ ᠤᠷᠤᠱᠢᠨ ᠠᠮᠢᠳᠤᠷᠠᠬᠤ ᠲᠠᠷᠬᠠᠨ ᠦᠯᠦᠬᠡᠢ ᠪᠣᠯᠬᠤ ᠪᠦᠭᠡᠳ ᠪᠠᠰᠠ ᠴᠦ᠍ ᠡᠬᠡ ᠤᠯᠤᠰ᠎ᠤᠨ ᠣᠮᠠᠷᠠᠲᠣ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ ᠪᠣᠯᠬᠤ ᠶᠣᠮ᠃ ᠨᠣᠲᠤᠬ ᠪᠡᠯᠴᠢᠭᠡᠷ᠎ᠨᠢ ᠬᠡᠲᠦᠨ ᠮᠢᠩᠭᠠᠨ ᠵᠢᠯ᠎ᠤᠨ ᠲᠣᠷᠰᠢ ᠮᠠᠯᠵᠢᠬᠤ ᠣᠷᠣᠨ᠂ ᠮᠠᠯ ᠠᠵᠦ᠍ ᠠᠬᠤᠢ ᠬᠢᠭᠡᠳ ᠮᠠᠯᠴᠢᠨ ᠲᠦᠮᠡᠨ᠎ᠤ ᠣᠷᠣᠱᠢᠯ ᠲᠣᠬ᠍ᠲᠠᠨᠢᠯ ᠪᠠ ᠦᠢᠯᠡᠳᠪᠦᠷᠢᠯᠡᠯ ᠠᠮᠢᠲᠣᠷᠠᠯ᠎ᠤᠨ ᠠᠮᠢᠨ ᠰᠣᠲᠠᠰᠣ ᠪᠣᠯᠣᠬ᠍ᠰᠠᠭᠠᠷ ᠢᠷᠡᠵᠡᠢ᠃ ᠡᠢᠨ ᠬᠦ᠌ ᠮᠠᠯᠵᠢᠬᠤ ᠣᠷᠣᠨ᠎ᠤ ᠦᠨᠳᠦᠰᠦ ᠪᠣᠯᠣᠬ᠍ᠰᠠᠨ ᠨᠣᠲᠤᠬ ᠪᠡᠯᠴᠢᠭᠡᠷ᠎ᠢᠶᠠᠨ ᠬᠠᠮᠠᠭᠠᠯᠠᠵᠦ᠍᠂ ᠬᠦᠬᠡ ᠠᠭᠤᠯᠠ ᠬᠦᠭᠡᠮᠲᠦᠭ ᠣᠰᠣ᠎ᠲᠠᠢ᠎ᠨᠢ ᠬᠠᠮᠲᠣ ᠬᠡᠦᠬᠡᠳ ᠠᠴᠢᠷ᠎ᠲᠠᠭᠠᠨ ᠦᠪᠯᠡᠵᠦ᠍ ᠦᠯᠡᠲᠡᠭᠡᠬᠦ᠌᠎ᠨᠢ ᠵᠦᠢ ᠪᠢᠯᠡ᠃

ᠣᠲᠣᠬᠢᠴᠢᠯᠠᠯᠲᠠ᠎ᠶ᠋ᠢᠨ ᠠᠶᠠᠨ᠎ᠳᠤ ᠬᠠᠮᠠᠭᠠᠯᠠᠯᠲᠠ᠎ᠶ᠋ᠢ ᠬᠠᠶᠠᠵᠦ᠍ ᠪᠣᠯᠬᠤ ᠦᠭᠡᠢ᠃ ᠪᠢᠲᠡ ᠮᠠᠯᠵᠢᠬᠤ ᠤᠷᠤᠨ ᠪᠠ ᠮᠠᠯ ᠠᠵᠦ᠍ ᠠᠬᠤᠢ᠎ᠶ᠋ᠢᠨ ᠤᠳᠤᠬᠢᠴᠢᠯᠠᠯᠳᠠ᠎ᠶ᠋ᠢ ᠠᠬᠢᠭᠤᠯᠵᠤ᠂ ᠮᠠᠯ ᠠᠵᠤ ᠠᠬᠤᠢ᠎ᠶ᠋ᠢᠨ ᠮᠠᠱᠢᠨᠴᠢᠯᠠᠯᠲᠠ᠂ ᠠᠵᠦ᠍ ᠦᠢᠯᠡᠰᠵᠢᠯᠲᠠ ᠪᠣᠯᠣᠨ ᠨᠡᠢᠭᠡᠮᠴᠢᠯᠡᠯᠲᠡ᠎ᠶ᠋ᠢ ᠠᠬᠢᠭᠤᠯᠬᠤ᠎ᠪᠠᠷ ᠪᠠᠷᠠᠬᠤ ᠦᠭᠡᠢ ᠨᠡᠩ ᠴᠢᠬᠤᠯᠠ᠎ᠨᠢ ᠨᠣᠲᠤᠬ ᠪᠡᠯᠴᠢᠭᠡᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠴᠢᠬᠤᠯᠠ ᠴᠢᠨᠠᠷ᠎ᠢ ᠬᠦᠢᠴᠡᠳ ᠲᠠᠨᠢᠵᠦ᠍᠂ ᠣᠢ ᠱᠢᠭᠤᠢ᠎ᠶ᠋ᠢ ᠬᠠᠮᠠᠭᠠᠯᠠᠬᠤ᠂ ᠨᠣᠲᠤᠬ ᠪᠡᠯᠴᠢᠭᠡᠷ᠎ᠢ ᠬᠠᠮᠠᠭᠠᠯᠠᠬᠤ᠂ ᠨᠣᠭᠤ ᠭᠠᠵᠠᠷ᠎ᠢ ᠬᠠᠮᠠᠭᠠᠯᠠᠬᠤ᠂ ᠦᠨᠳᠦᠰᠦᠲᠡᠨ᠎ᠤ ᠪᠦᠯᠬᠦᠮᠲᠡᠯ᠎ᠢ ᠬᠠᠮᠠᠭᠠᠯᠠᠬᠤ ᠵᠡᠷᠭᠡ ᠣᠯᠠᠨ ᠬᠠᠮᠠᠭᠠᠯᠠᠯᠲᠠ᠎ᠶ᠋ᠢ ᠴᠢᠩᠭᠠᠳᠭᠠᠵᠦ᠍᠂ ᠣᠬ᠍ᠲᠣᠬᠠᠨ ᠴᠦ᠍ ᠰᠣᠯᠠᠷᠠᠭᠤᠯᠵᠦ᠍ ᠪᠣᠯᠬᠤ ᠦᠭᠡᠢ᠃ ᠲᠡᠷᠡᠴᠢᠯᠡᠨ ᠠᠵᠦ᠍ ᠠᠬᠤᠢ᠎ᠶ᠋ᠢᠨ ᠪᠦᠲᠦᠭᠡᠨ ᠪᠠᠢᠭᠤᠯᠣᠯᠲᠠ ᠪᠣᠯᠣᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ ᠵᠦᠷᠢᠴᠡᠯᠲᠦᠬᠦ᠌ ᠦᠶ᠎ᠡ᠎ᠳᠤ ᠡᠷᠭᠡᠪᠰᠢ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠲᠡᠷᠢᠬᠦᠨ᠎ᠳᠤ ᠲᠠᠯᠪᠢᠵᠦ᠍᠂ ᠮᠠᠯᠵᠢᠬᠤ ᠣᠷᠣᠨ᠎ᠤ ᠣᠲᠣᠬᠢᠴᠢᠯᠠᠯᠲᠠ᠎ᠶ᠋ᠢᠨ ᠦᠨᠳᠦᠰᠦᠨ ᠣᠨᠴᠠᠯᠢᠬ᠎ᠢ ᠢᠯᠡᠷᠡᠬᠦᠯᠬᠦ᠌ ᠴᠢᠬᠤᠯᠠᠳᠠᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号