ᠤᠮᠤᠭ ᠲᠡᠬᠦᠯᠳᠡᠷ᠎ᠢᠶᠠᠷ ᠤᠷᠤᠬ᠍ᠰᠢᠯᠠᠵᠤ ᠦᠪᠤᠷ ᠮᠤᠩᠭᠤᠯ᠎ᠤᠨ ᠰᠤᠶᠤᠯ ᠵᠢᠭᠤᠯᠴᠢᠯᠠᠯ᠎ᠤᠨ ᠴᠢᠨᠠᠷ ᠰᠠᠢᠳᠠᠢ ᠬᠦᠭ᠌ᠵᠢᠯᠳᠠ᠎ᠶ᠋ᠢᠨ ᠱᠢᠨ᠎ᠡ ᠪᠠᠢᠳᠠᠯ᠎ᠢ ᠨᠡᠬᠡᠬᠡᠨ᠎ᠠ
2021-08-23 10:59:11
ᠵᠣᠬᠢᠶᠠᠭ᠍ᠴᠢ᠄
ᠹᠧᠩ ᠱᠢᠤᠸᠠᠢ ᠢᠦᠶ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ᠎ᠶ᠋ᠢ ᠰᠤᠷᠪᠤᠯᠵᠢᠯᠠᠭ᠍ᠰᠠᠨ᠎ᠨᠢ

 

ᠣᠷᠣᠨ ᠳᠠᠶᠠᠭᠠᠷ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ ᠭᠠᠷᠴᠤ᠌ ᠪᠠᠢᠭ᠎ᠠ ᠲᠠᠱᠢᠷᠠᠮ᠎ᠳᠤ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ᠎ᠶ᠋ᠢ ᠰᠤᠷᠪᠤᠯᠵᠢᠯᠠᠪᠠ᠃

ᠵᠧᠩ ᠳ᠋ᠦᠩ ᠪᠥᠸᠧ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ᠎ᠶ᠋ᠢᠨ ᠦᠭᠡ ᠦᠰᠦᠭ᠎ᠲᠤ ᠭᠦᠨ ᠰᠡᠳᠭᠢᠯᠭᠡ ᠱᠢᠩᠭᠡᠵᠦ᠍᠂ ᠦᠭᠡ ᠪᠦᠷᠢ᠎ᠨᠢ ᠬᠥᠮᠦᠰ᠎ᠢ ᠵᠣᠷᠢᠭ᠍ᠵᠢᠭᠤᠯᠤᠨ᠎ᠠ᠃ ᠶᠠᠷᠢᠶ᠎ᠠ᠎ᠨᠢ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠲᠤᠷᠱᠢᠬᠢ ᠭᠠᠢᠬᠠᠮᠱᠢᠭ᠍ᠲᠤ ᠤᠨ ᠰᠠᠷ᠎ᠠ ᠪᠣᠯᠤᠨ ᠠᠭᠤᠤ ᠶᠡᠭᠡ ᠲᠡᠦᠬᠡᠳᠤ ᠥᠩᠭᠡᠷᠡᠯᠲᠡ᠎ᠶ᠋ᠢ ᠭᠦᠨ ᠰᠡᠳᠭᠢᠯᠭᠡ᠎ᠪᠠᠷ ᠡᠷᠭᠢᠴᠡᠭᠦᠯᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠶᠠᠪᠤᠴᠠ᠎ᠳᠤ ᠣᠯᠤᠭ᠍ᠰᠠᠨ ᠲᠡᠦᠬᠡᠨ ᠠᠮᠵᠢᠯᠲᠠ᠂ ᠦᠵᠡᠬᠦᠯᠦᠭ᠌ᠰᠡᠨ ᠲᠡᠦᠬᠡᠨ ᠬᠤᠪᠢ ᠨᠡᠮᠡᠷᠢ᠂ ᠬᠤᠷᠠᠮᠳᠤᠭᠤᠯᠤᠭ᠍ᠰᠠᠨ ᠲᠡᠦᠬᠡᠨ ᠲᠤᠷᠱᠢᠯᠭ᠎ᠠ᠂ ᠤᠯᠤᠬ᠍ᠰᠡᠨ ᠲᠡᠦᠬᠡ᠎ᠶ᠋ᠢᠨ ᠰᠡᠩᠬᠡᠷᠡᠭᠦᠯᠦᠯ᠎ᠢ ᠬᠦᠨᠵᠡᠭᠡᠢ ᠳ᠋ᠦᠡᠭ᠌ᠨᠡᠵᠤ᠂ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠪᠠᠨ ᠪᠡᠶᠡᠯᠡᠭᠦᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠤᠬ᠍ᠰᠡᠨ᠎ᠢ ᠲᠦᠪ ᠴᠢᠩᠭ᠎ᠠ᠎ᠪᠠᠷ ᠲᠤᠩᠬᠠᠬ᠍ᠯᠠᠵᠤ᠂ ᠲᠡᠦᠬᠡ᠎ᠪᠠᠷ ᠲᠣᠯᠢ ᠪᠣᠯᠭᠠᠬᠤ᠂ ᠢᠷᠡᠭᠡᠳᠦᠶ᠎ᠶ᠋ᠢ ᠨᠡᠭᠡᠭᠡᠬᠦ᠌ ᠦᠨᠳᠦᠰᠦᠨ ᠱᠠᠭᠠᠷᠳᠠᠯᠭ᠎ᠠ᠎ᠶ᠋ᠢ ᠬᠦᠨᠵᠡᠭᠡᠢ ᠲᠤᠳᠤᠷᠬᠠᠢᠯᠡᠨ ᠦᠬᠦᠯᠡᠵᠤ᠂ ᠨᠠᠮ ᠪᠠᠢᠭᠤᠯᠤᠭ᠍ᠰᠠᠨ ᠠᠭᠤᠤ ᠶᠡᠭᠡ ᠵᠣᠷᠢᠭ ᠰᠠᠨᠠᠭ᠎ᠠ᠎ᠶ᠋ᠢ ᠳᠤᠷᠠᠳᠴᠤ᠌᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠡᠷᠡᠰ ᠵᠣᠷᠢᠭ᠎ᠢ ᠲᠦᠪ ᠴᠢᠩᠭ᠎ᠠ᠎ᠪᠠᠷ ᠲᠤᠩᠬᠠᠬ᠍ᠯᠠᠵᠠᠢ ᠭᠡᠵᠤ ᠬᠡᠯᠡᠪᠡ᠃

ᠵᠧᠩ ᠳ᠋ᠦᠩ ᠪᠥᠸᠧ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 ·》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠣᠯ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠤᠯᠤᠰ ᠲᠦᠷᠦ᠎ᠶ᠋ᠢᠨ ᠡᠭᠦᠷᠭᠡ ᠮᠥᠨ᠂ ᠤᠨᠤᠯ᠎ᠢᠶᠠᠷ ᠵᠡᠪᠰᠡᠭ᠌ᠯᠡᠬᠦ᠌ ᠠᠵᠢᠯ᠎ᠤᠨ ᠲᠡᠷᠢᠭᠦᠨ ᠴᠢᠬᠤᠯᠠ ᠶᠡᠭᠡ ᠶᠠᠪᠤᠳᠠᠯ ᠮᠥᠨ᠃ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠡᠮᠦᠨ᠎ᠡ ᠹᠷᠣᠨᠲ ᠪᠣᠯᠤᠭ᠍ᠰᠠᠨ᠎ᠤ ᠬᠤᠪᠢ᠎ᠳᠤ᠂ ᠪᠢᠳᠡ ᠪᠦᠬᠦ᠌ ᠣᠷᠣᠨ᠎ᠤ ᠰᠣᠶᠣᠯ ᠪᠠ ᠵᠢᠭᠤᠯᠴᠢᠯᠠᠯ᠎ᠤᠨ ᠱᠢᠰᠲ᠋ᠧᠮ᠎ᠳᠤ ᠰᠤᠷᠤᠯᠴᠠᠬᠤ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠭ᠍ᠰᠠᠨ ᠪᠦᠭᠡᠳ ᠤᠬᠠᠭᠤᠯᠬᠤ ᠠᠵᠢᠯᠯᠠᠭ᠎ᠠ᠎ᠶ᠋ᠢ ᠢᠳᠡᠪᠬᠢᠲᠡᠢ ᠵᠣᠬᠢᠶᠠᠨ ᠪᠠᠢᠭᠤᠯᠪᠠ᠃ ᠨᠢᠭᠡ ᠲᠠᠯ᠎ᠠ᠎ᠪᠠᠷ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠲᠠᠢ ᠤᠶᠠᠯᠳᠤᠭᠤᠯᠤᠨ᠂ ᠰᠤᠷᠤᠯᠴᠠᠬᠤ ᠲᠥᠰᠦᠯ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠱᠢᠭᠤᠳ ᠨᠡᠪᠲᠡᠷᠡᠭᠦᠯᠭᠡ ᠵᠣᠬᠢᠶᠠᠨ ᠪᠠᠢᠭᠤᠯᠵᠤ ᠦᠵᠡᠭᠦᠯᠬᠦ᠂ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠲᠤᠰᠭᠠᠶ ᠰᠡᠳᠦᠪᠲᠦ ᠣᠨᠣᠯ᠎ᠤᠨ ᠱᠢᠯᠭᠠᠯᠲᠠ ᠵᠡᠷᠭᠡ ᠠᠭᠤᠯᠭ᠎ᠠ᠎ᠪᠠᠷ ᠪᠠᠶᠠᠯᠢᠭ᠂ ᠣᠯᠠᠨ ᠬᠡᠯᠪᠡᠷᠢ ᠶᠠᠩᠵᠤ᠎ᠶ᠋ᠢᠨ ᠰᠤᠷᠤᠯᠴᠠᠬᠤ ᠠᠵᠢᠯᠯᠠᠭ᠎ᠠ᠎ᠪᠠᠷ ᠳᠠᠮᠵᠢᠭᠤᠯᠤᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ᠎ᠳᠤ ᠠᠭᠤᠯᠤᠭ᠍ᠳᠠᠵᠤ ᠪᠠᠢᠭ᠎ᠠ ᠴᠢᠬᠤᠯᠠ ᠶᠡᠭᠡ ᠤᠯᠤᠰ ᠲᠥᠷᠥ᠎ᠶ᠋ᠢᠨ ᠠᠴᠢ ᠬᠤᠯᠪᠣᠭ᠍ᠳᠠᠯ᠂ ᠣᠨᠣᠯ᠎ᠤᠨ ᠠᠴᠢ ᠬᠤᠯᠪᠣᠭ᠍ᠳᠠᠯ ᠪᠠ ᠦᠢᠯᠡᠳᠤᠯᠭᠡ᠎ᠶ᠋ᠢᠨ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠪᠠ᠃ ᠨᠥᠭᠦᠭᠡ ᠲᠠᠯ᠎ᠠ᠎ᠪᠠᠷ᠂ ᠱᠢᠨ᠎ᠡ ᠴᠠᠭ ᠦᠶ᠎ᠡ᠎ᠶ᠋ᠢᠨ ᠤᠯᠠᠭᠠᠨᠮᠥ᠋ᠴᠢᠷ᠎ᠤᠨ ᠡᠭᠦᠷᠭᠡ ᠴᠢᠳᠠᠪᠬᠢ᠎ᠪᠠᠨ ᠴᠢᠨᠠᠭ᠍ᠰᠢᠳᠠ ᠰᠠᠢᠲᠤᠷ ᠭᠦᠢᠴᠡᠳᠭᠡᠬᠦ᠌᠎ᠶ᠋ᠢᠨ ᠲᠥᠯᠥᠭᠡ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠤ᠂ ᠰᠣᠶᠣᠯ ᠪᠠ ᠵᠢᠭᠤᠯᠴᠢᠯᠠᠯ᠎ᠤᠨ ᠲᠢᠩᠬᠢᠮ 《ᠶᠡᠷᠦᠩᠬᠡᠶ ᠱᠦᠵᠢ ᠰᠢ᠎ᠶ᠋ᠢᠨ ᠫᠢᠩ᠎ᠤᠨ 〈7 · 1〉 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠬᠠᠭᠤᠯᠤᠨ ᠲᠤᠭᠤᠱᠢᠯᠠᠭᠤᠯᠬᠤ ᠪᠥᠬᠦ᠌ ᠣᠷᠣᠨ᠎ᠤ ᠤᠯᠠᠭᠠᠨᠮᠥ᠋ᠴᠢᠷ᠎ᠤᠨ ᠠᠵᠢᠯᠯᠠᠭ᠎ᠠ᠎ᠶ᠋ᠢᠨ ᠲᠥᠰᠦᠯ》 ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ᠎ᠢ ᠤᠯᠠᠭᠠᠨᠮᠥ᠋ᠴᠢᠷ᠎ᠤᠨ ᠰᠠᠷ᠎ᠠ᠎ᠶ᠋ᠢᠨ ᠠᠵᠢᠯᠯᠠᠭ᠎ᠠ᠂ 《ᠵᠠᠭᠤᠨ ᠪᠦᠯᠬᠦᠮ ᠮᠢᠩᠭᠠᠨ ᠲᠠᠯᠠᠪᠤᠷ》 ᠦᠨᠳᠦᠰᠦᠨ ᠱᠠᠲᠤᠨ᠎ᠳᠤ ᠪᠠᠭᠤᠵᠤ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ ᠭᠠᠷᠭᠠᠬᠤ᠂ 《ᠤᠯᠠᠭᠠᠨᠮᠥ᠋ᠴᠢᠷ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠷᠠᠳ ᠲᠦᠮᠡᠨ᠎ᠤ ᠳᠤᠮᠳᠠ ᠣᠴᠢᠬᠤ》 ᠦᠨᠳᠦᠰᠦᠨ ᠱᠠᠲᠤᠨ᠎ᠤ ᠶᠡᠷᠦᠩᠬᠡᠢᠯᠡᠭ᠌ᠰᠡᠨ ᠦᠢᠯᠡᠴᠢᠯᠡᠭᠡ ᠵᠡᠷᠭᠡ ᠠᠵᠢᠯᠯᠠᠭ᠎ᠠ᠎ᠲᠠᠢ ᠤᠶᠠᠯᠳᠤᠭᠤᠯᠵᠤ᠂ ᠤᠯᠠᠭᠠᠨᠮᠥ᠋ᠴᠢᠷ᠎ᠤᠨ ᠦᠨᠳᠦᠰᠦᠨ ᠱᠠᠲᠤᠨ᠎ᠳᠤ ᠭᠦᠨᠵᠡᠭᠡᠢᠷᠡᠨ ᠲᠣᠭ᠍ᠯᠠᠯᠲᠠ ᠭᠠᠷᠭᠠᠬᠤ᠎ᠶ᠋ᠢ ᠵᠣᠬᠢᠶᠠᠨ ᠪᠠᠢᠭᠤᠯᠵᠤ᠂ ᠥᠷᠭᠡᠨ ᠣᠯᠠᠨ ᠠᠷᠠᠳ ᠲᠦᠮᠡᠨ᠎ᠤ ᠨᠠᠮ᠎ᠤᠨ ᠦᠭᠡ᠎ᠶ᠋ᠢ ᠰᠣᠨᠣᠰᠭᠤ᠂ ᠨᠠᠮ᠎ᠤᠨ ᠠᠴᠢ᠎ᠳᠤ ᠲᠠᠯᠠᠷᠬᠠᠬᠤ᠂ ᠨᠠᠮ᠎ᠢᠶᠠᠨ ᠳᠠᠭᠠᠬᠤ᠎ᠶ᠋ᠢ ᠬᠦᠳᠤᠯᠤᠨ ᠵᠢᠯᠤᠭᠤᠳᠭᠤ᠎ᠶ᠋ᠢ ᠱᠠᠭᠠᠷᠳᠠᠪᠠ ᠭᠡᠵᠤ ᠬᠡᠯᠡᠪᠠ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠱᠢᠰᠲ᠋ᠧᠮ᠎ᠤᠨ᠎ᠬᠢᠨ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠴᠤ᠌ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠵᠧᠩ ᠳ᠋ᠦᠩ ᠪᠥᠸᠧ᠂ ᠰᠣᠶᠣᠯ ᠪᠠ ᠵᠢᠭᠤᠯᠴᠢᠯᠠᠯ᠎ᠤᠨ ᠱᠢᠰᠲ᠋ᠧᠮ᠎ᠨᠢ ᠰᠣᠶᠣᠯ᠎ᠢᠶᠠᠷ ᠬᠥᠮᠦᠨ᠎ᠢ ᠤᠬᠠᠭᠠᠷᠠᠭᠤᠯᠬᠤ᠂ ᠦᠨᠳᠦᠰᠦ᠎ᠶ᠋ᠢ ᠪᠤᠢᠵᠢᠭᠤᠯᠵᠤ ᠰᠦᠭ ᠰᠦᠨᠡᠰᠦ᠎ᠶ᠋ᠢ ᠱᠤᠭᠤᠬᠤ ᠦᠢᠯᠡᠳᠣᠯᠭᠡᠵᠢᠭᠦᠯᠦᠭ᠌ᠴᠢ ᠪᠣᠯᠤᠭ᠍ᠰᠠᠨ᠎ᠤ ᠬᠤᠪᠢ᠎ᠳᠤ᠂ ᠲᠣᠰ ᠪᠡᠶ᠎ᠡ᠎ᠶ᠋ᠢᠨ ᠣᠨᠴᠠᠯᠢᠭ᠎ᠲᠠᠭᠠᠨ ᠰᠠᠭᠤᠷᠢᠯᠠᠨ᠂ 《ᠲᠤᠭ᠎ᠢ ᠮᠠᠨᠳᠤᠭᠤᠯᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ᠂ ᠱᠢᠨ᠎ᠡ ᠬᠥᠮᠦᠨ᠎ᠢ ᠬᠥᠮᠦᠵᠢᠭᠦᠯᠬᠦ᠂ ᠰᠣᠶᠣᠯ᠎ᠢ ᠮᠠᠨᠳᠤᠭᠤᠯᠬᠤ᠂ ᠳᠦᠷᠢ ᠲᠥᠷᠬᠦ᠌᠎ᠶ᠋ᠢ ᠢᠯᠡᠷᠡᠭᠦᠯᠬᠦ᠌》 ᠡᠭᠦᠷᠭᠡ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠡᠭᠦᠷᠭᠡᠯᠡᠵᠦ᠍᠂ ᠨᠠᠮ᠎ᠤᠨ ᠶᠡᠷᠦ᠍ ᠪᠤᠰᠤ᠎ᠶ᠋ᠢᠨ ᠲᠡᠦᠬᠡᠨ ᠶᠠᠪᠤᠴᠠ᠎ᠠᠴᠠ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠤᠷᠢᠬ ᠰᠠᠨᠠᠭ᠎ᠠ᠎ᠶ᠋ᠢᠨ ᠦᠨᠡᠨ ᠶᠣᠰᠣᠨ᠎ᠤ ᠬᠦᠴᠦᠨ ᠴᠢᠳᠠᠯ ᠪᠠ ᠦᠢᠯᠡᠳᠤᠯᠭᠡ᠎ᠶ᠋ᠢᠨ ᠬᠦᠴᠦᠨ᠎ᠢ ᠬᠦᠴᠦᠯᠡᠨ ᠣᠢᠯᠠᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠱᠢᠷᠢᠰ ᠠᠵᠢᠯᠯᠠᠭ᠎ᠠ ᠭᠠᠷᠭᠠᠬᠤ ᠪᠤᠯᠤᠨ᠎ᠡ᠃ ᠨᠢᠭᠡ᠎ᠳᠤ᠂ ᠬᠤᠪᠢᠰᠭᠠᠯ᠎ᠤᠨ ᠭᠤᠣᠯ ᠰᠡᠳᠦᠪ᠎ᠢ 《ᠪᠠᠢᠭᠤᠯᠬᠤ》 ᠎ᠶ᠋ᠢ ᠠᠬᠢᠭᠤᠯᠤᠨ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠢ ᠪᠡᠯᠭᠡᠯᠡᠬᠦ᠌ ᠡᠨᠡᠬᠦ᠌ ᠭᠤᠣᠯ ᠰᠡᠳᠦᠪ ᠭᠤᠣᠯ ᠱᠢᠵᠢᠮ᠎ᠤᠨ ᠲᠣᠭᠤᠷᠢᠨ᠎ᠳᠤ᠂ ᠶᠡᠷᠦᠩᠬᠡᠢ ᠱᠦᠵᠢ᠎ᠶ᠋ᠢᠨ ᠰᠢ᠎ᠶ᠋ᠢᠨ ᠫᠢᠡᠭ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠯ᠎ᠡ ᠲᠦᠷᠦᠯ᠎ᠤᠨ ᠤᠷᠠᠨ ᠰᠠᠢᠬᠠᠨ᠎ᠤ ᠲᠣᠭ᠍ᠯᠠᠯᠲᠠ᠎ᠶ᠋ᠢᠨ ᠨᠠᠢᠷᠠᠭᠤᠯᠭ᠎ᠠ᠂ ᠲᠣᠭ᠍ᠯᠠᠯᠲᠠ᠎ᠳᠤ ᠠᠭᠤᠰᠤᠯᠴᠠᠭᠤᠯᠬᠤ᠎ᠪᠠᠷ ᠬᠦᠴᠦᠯᠡᠨ ᠴᠢᠷᠮᠠᠢᠨ᠎ᠠ᠃ ᠳᠣᠣᠷ᠎ᠠ ᠬᠠᠭᠠᠰ ᠵᠢᠯ᠎ᠳᠤ᠂ ᠪᠥᠵᠢᠭ᠌ᠲᠦ ᠵᠦᠴᠦᠭᠡ 《ᠮᠣᠷᠢᠲᠤ ᠴᠡᠷᠢᠭ》᠂ ᠨᠠᠢᠷᠠᠯ ᠬᠥᠭ᠌ᠵᠢᠮ 《ᠲᠤᠭ》᠂ ᠦᠨᠳᠦᠰᠦᠲᠡᠨ᠎ᠤ ᠦᠯᠢᠶᠡᠪᠦᠷᠢ ᠴᠢᠪᠬᠠᠳᠠᠰᠤᠨ᠎ᠤ ᠬᠥᠭ᠌ᠵᠢᠮ 《ᠲᠡᠮᠡᠴᠡᠯ》 ᠵᠡᠷᠭᠡ ᠵᠠᠭᠤᠨ ᠵᠢᠯ᠎ᠤᠨ ᠵᠠᠭᠤᠨ ᠢᠵᠢ ᠤᠳᠭ᠎ᠠ ᠤᠷᠠᠯᠢᠭ᠎ᠤᠨ ᠪᠦᠲᠦᠭᠡᠯ᠎ᠢ 100 ᠲᠠᠯᠠᠪᠤᠷ ᠲᠣᠭᠤᠷᠢᠨ ᠲᠣᠭ᠍ᠯᠠᠭᠤᠯᠬᠤ᠎ᠪᠠᠷ ᠲᠥᠯᠥᠪᠯᠡᠵᠦ᠍᠂ ᠨᠠᠢᠷᠠᠯ ᠱᠢᠯᠦᠭ ᠵᠢᠷᠤᠭ 《ᠪᠢ ᠡᠭᠡ ᠤᠯᠤᠰ᠎ᠲᠠᠭᠠᠨ ᠠᠮᠢ ᠪᠡᠶ᠎ᠡ᠎ᠪᠠᠨ ᠵᠣᠷᠢᠭᠤᠯᠤᠨ᠎ᠠ》 ᠎ᠶ᠋ᠢ ᠵᠣᠬᠢᠶᠠᠨ ᠪᠠᠢᠭᠤᠯᠤᠨ ᠰᠤᠷᠭᠠᠭᠤᠯᠢ᠎ᠶ᠋ᠢᠨ ᠬᠦᠷᠢᠶᠡᠨ᠎ᠳᠤ 30 ᠲᠠᠯᠠᠪᠠᠢ ᠲᠣᠭ᠍ᠯᠠᠯᠲᠠ ᠭᠠᠷᠭᠠᠵᠤ᠂ 《ᠲᠦᠷᠪᠡᠨ ᠤᠲᠠᠰᠤᠲᠤ ᠬᠤᠭᠤᠷ᠎ᠢᠶᠠᠷ ᠱᠢᠨ᠎ᠡ ᠳᠠᠭᠤᠤ ᠳᠠᠭᠤᠯᠠᠶ᠎ᠠ》᠂ 《ᠨᠣᠭᠤᠭᠠᠨ ᠤᠷᠳᠤ ᠴᠠᠭᠠᠨ ᠬᠡᠷᠡᠮ》 (ᠪᠥᠵᠢᠭ᠂ ᠳᠠᠭᠤᠤ ᠬᠥᠭ᠌ᠵᠢᠮ) ᠵᠡᠷᠭᠡ ᠤᠳᠭ᠎ᠠ ᠤᠷᠠᠯᠢᠭ᠎ᠤᠨ ᠪᠦᠲᠦᠭᠡᠯ᠎ᠢ ᠪᠦᠲᠦᠭᠡᠵᠦ᠍᠂ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠬᠡᠯᠪᠡᠷᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ᠂ ᠠᠭᠤᠤ ᠶᠡᠭᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠱᠢᠯᠭ᠎ᠠ᠎ᠶ᠋ᠢ ᠳᠡᠯᠭᠡᠨ ᠦᠵᠡᠭᠦᠯᠬᠦ᠌᠎ᠪᠠᠷ ᠬᠦᠴᠦᠯᠡᠨ ᠴᠢᠷᠮᠠᠢᠨ᠎ᠠ᠃ ᠬᠤᠶᠠᠷ᠎ᠲᠤ᠌᠂ ᠬᠤᠪᠢᠰᠭᠠᠯ᠎ᠤᠨ ᠠᠭᠤᠷ ᠠᠮᠢᠰᠭᠤᠯ᠎ᠢ 《ᠥᠳᠭᠡᠷᠡᠭᠦᠯᠬᠦ᠌》 ᠎ᠶ᠋ᠢ ᠠᠬᠢᠭᠤᠯᠤᠨ᠎ᠠ᠃ 《ᠵᠢᠷᠭᠤᠭ᠎ᠠ᠎ᠶ᠋ᠢ ᠣᠷᠣᠭᠤᠯᠬᠤ》 ᠦᠵᠡᠮᠵᠢ᠎ᠶ᠋ᠢᠨ ᠣᠷᠣᠨ᠎ᠤ ᠠᠵᠢᠯᠯᠠᠭ᠎ᠠ᠎ᠶ᠋ᠢᠨ ᠲᠣᠭ᠍ᠯᠠᠯᠲᠠ᠎ᠶ᠋ᠢᠨ ᠫᠷᠤᠭ᠌ᠷᠠᠮ᠎ᠳᠤ ᠬᠤᠪᠢᠰᠭᠠᠯ᠎ᠤᠨ ᠭᠤᠣᠯ ᠰᠡᠳᠦᠪ᠎ᠢ ᠲᠤᠪᠤᠢᠯᠭᠠᠨ᠂ 《ᠠᠷᠠᠳ᠎ᠤᠨ ᠵᠦᠴᠦᠭᠡ᠎ᠶ᠋ᠢᠨ ᠲᠢᠶᠠᠲᠷ》 ᠎ᠤᠨ ᠰᠥᠨᠢ᠎ᠶ᠋ᠢᠨ ᠲᠣᠭ᠍ᠯᠠᠯᠲᠠ᠎ᠶ᠋ᠢ ᠨᠡᠮᠡᠨ ᠭᠠᠷᠭᠠᠵᠤ᠂ 《ᠳᠠᠭᠤᠤ ᠬᠥᠭ᠌ᠵᠢᠮ᠎ᠤᠨ ᠨᠠᠮ᠎ᠤᠨ ᠬᠢᠴᠢᠶᠡᠯ》 ᠎ᠤᠨ ᠠᠵᠢᠯᠯᠠᠭ᠎ᠠ᠎ᠶ᠋ᠢ ᠡᠷᠬᠢᠯᠡᠵᠦ᠍᠂ ᠡᠯ᠎ᠡ ᠭᠠᠵᠠᠷ᠎ᠤᠨ ᠤᠯᠠᠨ ᠲᠦᠮᠡᠨ᠎ᠢ ᠵᠣᠬᠢᠶᠠᠨ ᠪᠠᠢᠭᠤᠯᠤᠨ ᠬᠤᠪᠢᠰᠭᠠᠯ᠎ᠤᠨ ᠳᠠᠭᠤᠤ ᠳᠠᠭᠤᠯᠠᠭᠤᠯᠤᠨ᠎ᠠ᠃ 《ᠤᠮᠠᠷᠠᠲᠤ ᠬᠢᠯᠢ᠎ᠪᠠᠨ ᠪᠥᠵᠢᠭ᠌ᠯᠡᠶ᠎ᠡ》 ᠪᠦᠬᠦ᠌ ᠣᠷᠣᠨ᠎ᠤ ᠠᠭᠤᠳᠠᠮ ᠲᠠᠯᠠᠪᠠᠢ᠎ᠶ᠋ᠢᠨ ᠪᠥᠵᠢᠭ᠎ᠤᠨ ᠤᠷᠤᠯᠳᠤᠭᠠᠨ᠂ 《ᠦᠵᠡᠰᠭᠦᠯᠡᠩᠲᠦ ᠰᠠᠢᠬᠠᠨ ᠲᠠᠯ᠎ᠠ ᠨᠤᠲᠤᠭ᠂ ᠦᠵᠡᠰᠭᠦᠯᠡᠩᠲᠦ ᠰᠠᠢᠬᠠᠨ ᠤᠮᠠᠷᠠᠲᠤ ᠬᠢᠯᠢ》 ᠪᠦᠬᠦ᠌ ᠣᠷᠣᠨ᠎ᠤ ᠱᠢᠯᠢᠳᠡᠭ ᠭᠡᠷᠡᠯ ᠵᠢᠷᠤᠭ᠎ᠤᠨ ᠪᠦᠲᠦᠭᠡᠯ᠎ᠤᠨ ᠦᠵᠡᠰᠭᠦᠯᠡᠩ᠎ᠢ ᠵᠣᠬᠢᠶᠠᠨ ᠪᠠᠢᠭᠤᠯᠤᠨ ᠡᠷᠬᠢᠯᠡᠵᠦ᠍᠂ 《ᠨᠤᠳᠤᠭ᠎ᠤᠨ ᠳᠠᠭᠤᠤ᠎ᠪᠠᠨ ᠨᠠᠮ᠎ᠳᠠᠭᠠᠨ ᠡᠷᠭᠦᠨ᠎ᠠ》 ᠪᠦᠬᠦ᠌ ᠣᠷᠣᠨ᠎ᠤ ᠤᠯᠠᠨ ᠲᠦᠮᠡᠨᠴᠢ ᠴᠢᠨᠠᠷᠲᠠᠢ ᠳᠠᠭᠤᠤ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠬᠥᠮᠦᠰ᠎ᠢ ᠳᠠᠢᠴᠢᠯᠠᠨ ᠤᠬᠠᠮᠰᠠᠷ᠎ᠠᠴᠠ᠎ᠪᠠᠨ ᠬᠠᠯᠠᠭᠤᠨ ᠰᠡᠳᠭᠢᠯᠭᠡ᠎ᠪᠠᠨ 《ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠭᠤᠷᠪᠠ᠎ᠳᠤ᠂ ᠬᠤᠪᠢᠰᠭᠠᠯ᠎ᠤᠨ ᠳᠤᠷᠠᠰᠤᠮᠵᠢ᠎ᠶ᠋ᠢ 《ᠭᠡᠷᠡᠯᠳᠦᠬᠦᠯᠬᠦ᠌》 ᠎ᠶ᠋ᠢ ᠠᠬᠢᠭᠤᠯᠤᠨ᠎ᠠ᠃ ᠲᠠᠢᠰᠠᠨ᠎ᠤ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢᠨ ᠲᠣᠭᠤᠷᠢᠨ᠎ᠳᠤ᠂ 《ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢ ᠪᠠᠢᠭᠤᠯᠤᠬ᠍ᠰᠠᠨ》᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭ᠌ᠰᠡᠨ》 ᠵᠡᠷᠭᠡ᠎ᠪᠠᠷ ᠭᠤᠣᠯ ᠰᠡᠳᠦᠪ ᠪᠣᠯᠭᠠᠭ᠍ᠰᠠᠨ ᠤᠳᠭ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠍᠂ ᠨᠢᠭᠡ ᠪᠦᠯᠦᠭ ᠨᠠᠮ᠎ᠤᠨ ᠲᠡᠦᠬᠡ᠎ᠶ᠋ᠢᠨ ᠦᠵᠡᠭ᠌ᠳᠡᠯ᠎ᠤᠨ ᠣᠬᠤᠷ ᠵᠦᠴᠦᠭᠡ᠎ᠶ᠋ᠢ ᠵᠣᠬᠢᠶᠠᠨ ᠪᠦᠲᠦᠭᠡᠵᠦ᠍᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠬᠤᠪᠢᠰᠭᠠᠯᠳᠤ ᠰᠡᠳᠭᠢᠯ᠎ᠢᠶᠠᠷ ᠨᠠᠮ᠎ᠳᠠᠭᠠᠨ ᠬᠠᠨᠳᠤᠭ᠍ᠰᠠᠨ ᠴᠢᠩ ᠦᠨᠡᠨᠴᠢ ᠬᠠᠢᠷ᠎ᠠ ᠰᠡᠳᠭᠢᠯᠭᠡ᠎ᠶ᠋ᠢ ᠭᠦᠢᠴᠡᠳ ᠤᠶᠠᠩᠭᠠᠯᠠᠨ᠎ᠠ᠃ ᠲᠦᠷᠪᠡ᠎ᠳᠤ᠂ ᠬᠤᠪᠢᠰᠭᠠᠯ᠎ᠤᠨ ᠳᠤᠷᠠᠰᠭᠠᠯᠲᠤ ᠵᠤᠭᠠᠴᠠᠯ᠎ᠢ 《ᠬᠥᠭ᠌ᠵᠢᠶᠡᠨᠳᠡᠢ》 ᠪᠣᠯᠭᠠᠬᠤ᠎ᠶ᠋ᠢ ᠠᠬᠢᠭᠤᠯᠤᠨ᠎ᠠ᠃ ᠱᠢᠨ᠎ᠡ ᠵᠠᠭᠤᠴᠢᠯᠠᠭᠤᠷ᠎ᠢ ᠰᠠᠢᠲᠤᠷ ᠬᠡᠷᠡᠭ᠌ᠯᠡᠵᠦ᠍ ᠭᠦᠢᠴᠡᠳ ᠠᠱᠢᠭ᠍ᠯᠠᠵᠤ᠂ ᠬᠤᠪᠢᠰᠭᠠᠯ᠎ᠤᠨ ᠦᠵᠡᠮᠵᠢ᠎ᠶ᠋ᠢᠨ ᠣᠷᠣᠨ᠂ ᠬᠤᠪᠢᠰᠭᠠᠯ᠎ᠤᠨ ᠵᠦᠴᠦᠭᠡ᠂ ᠬᠤᠪᠢᠰᠭᠠᠯ᠎ᠤᠨ ᠳᠤᠷᠠᠰᠭᠠᠯᠲᠤ ᠵᠦᠢᠯᠡᠰ᠎ᠤᠨ ᠡᠬᠢ ᠪᠠᠶᠠᠯᠢᠭ᠎ᠤᠨ ᠲᠣᠭᠤᠷᠢᠨ᠎ᠳᠤ᠂ 30 ᠬᠤᠪᠢᠰᠭᠠᠯ᠎ᠤᠨ ᠰᠣᠶᠣᠯ᠎ᠤᠨ ᠣᠬᠤᠷ ᠸᠢᠳᠢᠣ᠋᠎ᠶ᠋ᠢ ᠨᠠᠷᠢᠯᠢᠭ ᠪᠦᠲᠦᠭᠡᠬᠦ᠌᠎ᠶ᠋ᠢᠨ ᠬᠠᠮᠲᠤ ᠭᠤᠣᠯ ᠵᠠᠭᠤᠴᠢᠯᠠᠭᠤᠷ᠎ᠲᠤ ᠬᠦᠷᠭᠡᠨ᠎ᠡ᠃ ᠪᠥᠬᠦ᠌ ᠣᠷᠣᠨ᠎ᠤ ᠨᠢᠭᠡ ᠪᠦᠯᠦᠭ ᠬᠤᠪᠢᠰᠭᠠᠯ᠎ᠤᠨ ᠳᠤᠷᠠᠰᠭᠠᠯᠲᠤ ᠵᠢᠭᠤᠯᠴᠢᠯᠠᠯ᠎ᠤᠨ ᠭᠤᠤᠯᠳᠠᠯᠭ᠎ᠠ᠎ᠲᠠᠢ ᠲᠥᠷᠥᠯ ᠵᠦᠢᠯ ᠪᠠ ᠬᠥᠳᠡᠭᠡ ᠲᠣᠰᠭᠤᠨ᠎ᠤ ᠵᠢᠭᠤᠯᠴᠢᠯᠠᠯ + ᠬᠤᠪᠢᠰᠭᠠᠯ᠎ᠤᠨ ᠳᠤᠷᠠᠰᠭᠠᠯᠲᠤ ᠵᠢᠭᠤᠯᠴᠢᠯᠠᠯ᠎ᠤᠨ ᠲᠥᠷᠥᠯ ᠵᠦᠢᠯ᠎ᠢ ᠭᠤᠤᠯᠳᠠᠯᠭ᠎ᠠ᠎ᠲᠠᠢ ᠳᠡᠮᠵᠢᠵᠦ᠍᠂ ᠬᠤᠪᠢᠰᠭᠠᠯ᠎ᠤᠨ ᠰᠣᠶᠣᠯ᠎ᠢᠶᠠᠷ ᠭᠤᠤᠯ ᠰᠡᠳᠦᠪ ᠪᠣᠯᠭᠠᠭ᠍ᠰᠠᠨ ᠰᠤᠳᠤᠯᠤᠨ ᠰᠤᠷᠤᠯᠴᠠᠬᠤ ᠵᠢᠭᠤᠯᠴᠢᠯᠠᠯ᠂ ᠪᠡᠶᠡᠴᠢᠯᠡᠨ ᠣᠢᠯᠠᠭᠠᠬᠤ ᠵᠢᠭᠤᠯᠴᠢᠯᠠᠯ᠂ ᠰᠡᠯᠡᠭᠦᠴᠡᠯ᠎ᠤᠨ ᠵᠢᠭᠤᠯᠴᠢᠯᠠᠯ᠎ᠤᠨ ᠲᠥᠷᠥᠯ ᠵᠦᠢᠯ ᠪᠠ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠨᠠᠩ ᠣᠯᠠᠨ ᠭᠠᠷᠭᠠᠵᠤ᠂ ᠠᠷᠠᠳ ᠣᠯᠠᠨ᠎ᠤ ᠬᠤᠪᠢᠰᠭᠠᠯ᠎ᠤᠨ ᠣᠶᠤᠨ ᠰᠠᠨᠠᠭᠠᠨ᠎ᠤ ᠰᠣᠶᠣᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃ ᠲᠠᠪᠤ᠎ᠳᠤ᠂ ᠬᠤᠪᠢᠰᠭᠠᠯ᠎ᠤᠨ ᠳᠤᠷᠠᠰᠭᠠᠯᠲᠤ ᠵᠦᠢᠯᠡᠰ᠎ᠤᠨ 《ᠠᠮᠢᠵᠢᠷᠠᠯ᠎ᠤᠨ ᠬᠦᠴᠦᠨ》 ᠎ᠢ ᠠᠬᠢᠭᠤᠯᠤᠨ᠎ᠠ᠃ ᠥᠪᠥᠷ ᠮᠣᠩᠭᠤᠯ᠎ᠤᠨ ᠬᠤᠪᠢᠰᠭᠠᠯ᠎ᠤᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠳ᠋ᠠᠢᠲ᠋ᠠ ᠬᠥᠮᠥᠷᠭᠡ᠎ᠶ᠋ᠢ ᠪᠠᠢᠭᠤᠯᠵᠤ᠂ ᠬᠤᠪᠢᠰᠭᠠᠯ᠎ᠤᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠡᠬᠢ ᠪᠠᠶᠠᠯᠢᠭ᠎ᠢ ᠪᠠᠢᠴᠠᠭᠠᠨ ᠡᠮᠬᠢᠯᠡᠬᠦ᠂ ᠬᠠᠮᠠᠭᠠᠯᠠᠨ ᠬᠠᠮᠢᠶᠠᠷᠬᠤ᠂ ᠰᠤᠳᠤᠯᠤᠨ ᠤᠯᠠᠮᠵᠢᠯᠠᠬᠤ᠂ ᠤᠯᠠᠮᠵᠢᠯᠠᠨ ᠪᠠᠳᠠᠷᠠᠭᠤᠯᠬᠤ ᠵᠡᠷᠭᠡ ᠡᠯ᠎ᠡ ᠵᠦᠢᠯ᠎ᠤᠨ ᠠᠵᠢᠯ᠎ᠢ ᠰᠠᠢᠲᠤᠷ ᠬᠢᠵᠦ᠍᠂ ᠡᠯ᠎ᠡ ᠭᠠᠵᠠᠷ ᠣᠷᠣᠨ᠎ᠳᠤ ᠬᠠᠢᠵᠤ ᠪᠣᠯᠬᠤ ᠭᠠᠵᠠᠷ᠎ᠲᠠᠢ᠂ ᠦᠵᠡᠵᠦ᠍ ᠪᠣᠯᠬᠤ ᠪᠣᠳᠠᠰ᠎ᠲᠠᠢ᠂ ᠶᠡᠷᠢᠵᠤ ᠪᠤᠯᠬᠤ ᠲᠡᠤᠬᠡ᠎ᠲᠠᠢ᠂ ᠬᠡᠯᠡᠵᠤ ᠪᠤᠯᠬᠤ ᠤᠴᠢᠷ᠎ᠲᠠᠢ ᠪᠠᠢᠬᠤ᠎ᠶ᠋ᠢ ᠠᠬᠢᠭᠤᠯᠤᠨ᠂ ᠥᠪᠥᠷ ᠮᠣᠩᠭᠤᠯ᠎ᠤᠨ ᠢᠯᠭᠠᠨ ᠲᠠᠨᠢᠬᠤ ᠪᠡᠯᠭᠡ ᠲᠡᠮᠳᠡᠭ᠌ᠳᠤ ᠬᠤᠪᠢᠰᠭᠠᠯ᠎ᠤᠨ ᠵᠣᠷᠢᠭ ᠰᠠᠨᠠᠭᠠᠨ᠎ᠤ ᠱᠢᠰᠲ᠋ᠧᠮ᠎ᠢ ᠪᠦᠷᠢᠯᠳᠦᠭᠦᠯᠦᠨ᠎ᠡ᠃ ᠨᠠᠮ᠎ᠤᠨ ᠲᠡᠦᠬᠡ᠎ᠶ᠋ᠢᠨ ᠲᠣᠭᠤᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠵᠡᠷᠭᠡ ᠭᠤᠣᠯ ᠰᠡᠳᠦᠪ᠎ᠢ ᠪᠠᠲᠤ ᠴᠣᠭ᠍ᠴᠠᠯᠠᠵᠤ᠂ 200 ᠬᠤᠪᠢᠰᠭᠠᠯ᠎ᠤᠨ ᠦᠯᠢᠭᠡᠷ᠎ᠢ ᠪᠣᠯᠪᠠᠰᠤᠷᠠᠭᠤᠯᠵᠤ᠂ ᠮᠦᠽᠧᠢ᠎ᠶ᠋ᠢᠨ ᠨᠡᠢᠭᠡᠮ᠎ᠤᠨ ᠰᠤᠷᠭᠠᠨ ᠬᠥᠮᠦᠵᠢᠯ᠎ᠢ ᠥᠷᠨᠢᠭᠦᠯᠬᠦ᠌ ᠪᠣᠷᠣ ᠮᠠᠲ᠋ᠧᠷᠢᠶᠠᠯ ᠪᠣᠯᠭᠠᠵᠤ᠂ ᠵᠠᠭᠤᠨ ᠵᠢᠯ᠎ᠤᠨ ᠬᠤᠪᠢᠰᠭᠠᠯ᠎ᠤᠨ ᠰᠣᠩᠭᠤᠳᠠᠭ ᠦᠯᠢᠭᠡᠷ ᠪᠣᠯᠤᠨ ᠥᠪᠥᠷ ᠮᠣᠩᠭᠤᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠦᠯᠢᠭᠡᠷ᠎ᠢ ᠬᠦᠴᠦᠯᠡᠨ ᠰᠠᠢᠲᠤᠷ ᠶᠠᠷᠢᠨ᠎ᠠ᠃ 《ᠬᠤᠪᠢᠰᠭᠠᠯ᠎ᠤᠨ ᠲᠠᠢᠯᠪᠤᠷᠢᠯᠠᠭ᠍ᠴᠢ ᠵᠠᠭᠤᠨ ᠵᠢᠯ᠎ᠤᠨ ᠨᠠᠮ᠎ᠤᠨ ᠲᠡᠦᠬᠡ᠎ᠶ᠋ᠢ ᠶᠠᠷᠢᠨ᠎ᠠ》 ᠬᠡᠬᠦ᠌ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠬᠤᠪᠢᠰᠭᠠᠯ᠎ᠤᠨ ᠲᠠᠢᠯᠪᠤᠷᠢᠯᠠᠭ᠍ᠴᠢ᠎ᠶ᠋ᠢ ᠵᠣᠬᠢᠶᠠᠨ ᠪᠠᠢᠭᠤᠯᠵᠤ ᠨᠠᠮ ᠵᠠᠰᠠᠭ᠎ᠤᠨ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠎ᠳᠤ ᠭᠦᠨᠵᠡᠭᠡᠢᠷᠡᠭᠦᠯᠦᠨ 100 ᠲᠠᠯᠠᠪᠤᠷ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠬᠤᠪᠢᠰᠭᠠᠯ᠎ᠤᠨ ᠭᠧᠨ᠎ᠤ ᠰᠠᠢᠨ ᠵᠠᠯᠭᠠᠮᠵᠢᠯᠠᠭ᠍ᠴᠢ᠂ ᠤᠬᠠᠭᠤᠯᠤᠭ᠍ᠴᠢ᠂ ᠦᠢᠯᠡᠳᠦᠯᠭᠡᠵᠢᠭᠦᠯᠦᠭ᠌ᠴᠢ ᠪᠣᠯᠤᠨ᠎ᠠ ᠭᠡᠵᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号