ᠱᠢᠨᠬᠤᠸᠠ ᠬᠤᠷᠢᠶᠠᠨ᠎ᠤ ᠪᠡᠭᠡᠵᠢᠩ᠎ᠤᠨ 8 ᠰᠠᠷ᠎ᠠ᠎ᠶ᠋ᠢᠨ 18 ᠤ ᠴᠠᠬᠢᠯᠭᠠᠨ ᠮᠡᠳᠡᠭᠡ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠤᠢ᠍ᠢᠷ᠎ᠠ᠎ᠳᠤ 《ᠲᠥᠪ᠎ᠤᠨ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠬᠦ᠌ ᠲᠤᠬᠠᠢ ᠰᠠᠨᠠᠯ᠎ᠤᠳ》 (ᠳᠣᠷᠣᠭ᠍ᠰᠢ 《ᠰᠠᠨᠠᠯ᠎ᠤᠳ》 ᠭᠡᠵᠦ᠍ ᠳᠥᠭᠦᠮᠴᠢᠯᠡᠨ᠎ᠡ) ᠢ ᠳᠠᠷᠤᠮᠠᠯᠯᠠᠨ ᠲᠠᠷᠬᠠᠭᠠᠪᠠ᠃
《ᠰᠠᠨᠠᠯ᠎ᠤᠳ》 ᠲᠤ᠌᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠬᠦ᠌ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠬᠦ᠌ ᠠᠯᠢ ᠣᠯᠠᠨ ᠲᠥᠷᠥ᠎ᠶ᠋ᠢᠨ ᠪᠣᠳᠣᠯᠭ᠎ᠠ ᠪᠢᠴᠢᠭ ᠮᠠᠲ᠋ᠧᠷᠢᠶᠠᠯ ᠪᠠ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠤᠷᠢᠳ ᠬᠤᠵᠢᠳ ᠨᠡᠢᠲᠡᠯᠡᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠪᠦᠲᠦᠭᠡᠯᠴᠢ ᠴᠢᠨᠠᠷ ᠪᠠ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠦᠴᠦᠲᠡᠶ ᠬᠥᠭ᠌ᠵᠢᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠤᠭ᠍ᠰᠠᠨ ᠪᠣᠯᠪᠠᠴᠤ᠌ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢᠨ ᠲᠠᠯ᠎ᠠ᠎ᠪᠠᠷ ᠮᠥᠨ ᠯᠡ ᠲᠥᠷᠥ᠎ᠶ᠋ᠢᠨ ᠪᠣᠳᠣᠯᠭ᠎ᠠ᠎ᠶ᠋ᠢ ᠪᠤᠳᠠᠳᠠᠢ᠎ᠪᠠᠷ ᠨᠠᠢᠳᠠᠪᠤᠷᠢᠵᠢᠭᠤᠯᠤᠭ᠍ᠰᠠᠨ ᠥᠬᠡᠶ ᠵᠡᠷᠭᠡ ᠠᠰᠠᠭᠤᠳᠠᠯ ᠣᠷᠣᠱᠢᠵᠤ ᠪᠠᠢᠨ᠎ᠠ᠃ ᠡᠳᠡᠭᠡᠷ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠵᠦ᠍᠂ ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠡᠩ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠴᠢᠨᠠᠷ ᠰᠠᠢᠲᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠢᠯᠡᠭᠦᠬᠡᠨ ᠭᠠᠷᠭᠠᠬᠤ᠎ᠶ᠋ᠢ ᠤᠯᠠᠮ ᠴᠢᠨᠠᠭ᠍ᠰᠢᠳᠠ ᠵᠣᠷᠢᠭ᠍ᠵᠢᠭᠤᠯᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦ᠌᠎ᠶ᠋ᠢ ᠪᠡᠶᠡᠯᠡᠭᠦᠯᠬᠦ᠌᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ᠌᠎ᠶ᠋ᠢᠨ ᠲᠥᠯᠥᠭᠡ᠂ ᠲᠥᠪ᠎ᠤᠨ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢ ᠤᠯᠠᠮ ᠴᠢᠨᠠᠭ᠍ᠰᠢᠳᠠ ᠥᠭᠡᠷᠡᠴᠢᠯᠡᠨ ᠲᠡᠭᠦᠯᠳᠡᠷᠵᠢᠭᠦᠯᠬᠦ᠌ ᠴᠢᠬᠤᠯᠠᠲᠠᠢ ᠪᠤᠯᠵᠠᠢ ᠬᠡᠵᠥ᠍ ᠵᠢᠭᠠᠵᠥ᠍ ᠭᠠᠷᠭᠠᠪᠠ᠃
《ᠰᠠᠨᠠᠯ᠎ᠤᠳ》 ᠲᠤ᠌᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢᠨ ᠡᠵᠡᠨ ᠮᠡᠳᠡᠬᠦ᠌ ᠡᠷᠬᠡ᠎ᠶ᠋ᠢ ᠥᠷᠭᠡᠳᠭᠡᠵᠦ᠍᠂ ᠲᠥᠰᠦᠪ᠎ᠢ ᠨᠠᠢᠷᠠᠭᠤᠯᠤᠨ ᠵᠣᠬᠢᠶᠠᠬᠤ᠎ᠶ᠋ᠢ ᠳᠥᠭᠦᠮᠴᠢᠯᠡᠵᠦ᠍᠂ ᠲᠥᠬᠦᠭᠡᠷᠦᠮᠵᠢ᠎ᠶ᠋ᠢᠨ ᠵᠠᠷᠤᠳᠠᠯ᠂ ᠲᠤᠬᠠᠢᠯᠠᠭ᠍ᠰᠠᠨ ᠠᠵᠢᠯ᠎ᠤᠨ ᠵᠠᠷᠤᠳᠠᠯ᠂ ᠬᠥᠳᠡᠯᠮᠦᠷᠢ ᠦᠢᠯᠡᠴᠢᠯᠡᠭᠡᠨ᠎ᠤ ᠵᠠᠷᠤᠳᠠᠯ ᠵᠡᠷᠭᠡ ᠭᠤᠷᠪᠠᠨ ᠶᠡᠭᠡ ᠲᠦᠷᠦᠯ᠎ᠢᠶᠠᠷ ᠱᠢᠭᠤᠳ ᠵᠠᠷᠤᠳᠠᠯ᠎ᠤᠨ ᠲᠥᠰᠦᠪ᠎ᠢ ᠨᠠᠢᠷᠠᠭᠤᠯᠤᠨ ᠵᠣᠬᠢᠶᠠᠬᠤ ᠬᠡᠷᠡᠭ᠌ᠲᠡᠢ; ᠲᠥᠬᠦᠭᠡᠷᠦᠮᠵᠢ᠎ᠶ᠋ᠢᠨ ᠵᠠᠷᠤᠳᠠᠯ᠎ᠤᠨ ᠲᠥᠰᠦᠪ᠎ᠤᠨ ᠲᠣᠬᠢᠷᠠᠭᠤᠯᠭ᠎ᠠ᠎ᠶ᠋ᠢᠨ ᠡᠷᠬᠡ᠎ᠶ᠋ᠢ ᠪᠦᠬᠦᠨ᠎ᠢ ᠲᠥᠷᠥᠯ ᠵᠦᠢᠯ᠎ᠢ ᠳᠠᠭᠠᠭᠠᠨ ᠡᠭᠦᠷᠭᠡᠯᠡᠭ᠌ᠰᠡᠨ ᠨᠢᠭᠡᠴᠢ᠎ᠳᠤ ᠪᠠᠭᠤᠯᠭᠠᠵᠤ᠂ ᠪᠤᠰᠤᠳ ᠵᠠᠷᠤᠳᠠᠯ᠎ᠤᠨ ᠲᠣᠬᠢᠷᠠᠭᠤᠯᠭ᠎ᠠ᠎ᠶ᠋ᠢᠨ ᠡᠷᠬᠡ᠎ᠶ᠋ᠢ ᠪᠦᠬᠦᠨ᠎ᠢ ᠲᠥᠷᠥᠯ ᠵᠦᠢᠯ᠎ᠤᠨ ᠬᠠᠷᠢᠭᠤᠴᠠᠯᠭᠠᠲᠠᠨ᠎ᠳᠤ ᠪᠠᠭᠤᠯᠭᠠᠬᠤ ᠬᠡᠷᠡᠭ᠌ᠲᠡᠢ; ᠵᠠᠷᠤᠳᠠᠯ᠎ᠢ ᠳᠠᠭᠠᠭᠠᠴᠢᠯᠠᠬᠤ ᠲᠦᠷᠢᠮ᠎ᠢ ᠬᠡᠷᠡᠭ᠌ᠵᠢᠭᠦᠯᠬᠦ᠌ ᠬᠡᠪᠴᠢᠶ᠎ᠡ᠎ᠶ᠋ᠢ ᠥᠷᠭᠡᠳᠭᠡᠵᠦ᠍᠂ ᠴᠢᠳᠠᠪᠤᠷᠢᠲᠠᠨ᠎ᠤ ᠲᠦᠷᠦᠯ ᠪᠠ ᠰᠠᠭᠤᠷᠢ ᠰᠤᠳᠤᠯᠭᠠᠨ᠎ᠤ ᠲᠦᠷᠦᠯ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠦᠢᠯᠡᠰ᠎ᠲᠤ ᠵᠠᠷᠤᠳᠠᠯ᠎ᠢ ᠳᠠᠭᠠᠭᠠᠴᠢᠯᠠᠬᠤ ᠲᠦᠷᠢᠮ᠎ᠢ ᠬᠡᠷᠡᠭ᠌ᠵᠢᠭᠦᠯᠦᠨ᠎ᠡ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠤᠨ ᠵᠠᠷᠤᠳᠠᠯ᠎ᠢ ᠪᠠᠭᠤᠯᠭᠠᠵᠥ᠍ ᠦᠭ᠌ᠭᠦ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠵᠠᠷᠤᠳᠠᠯ ᠪᠠᠭᠤᠯᠭᠠᠵᠥ᠍ ᠥᠭ᠌ᠬᠦ ᠲᠥᠯᠥᠪᠯᠡᠭᠡ᠎ᠶ᠋ᠢ ᠵᠦᠢ ᠵᠣᠬᠢᠰᠲᠠᠶ ᠲᠣᠭ᠍ᠲᠠᠭᠠᠵᠤ᠂ ᠵᠠᠷᠤᠳᠠᠯ ᠪᠠᠭᠤᠯᠭᠠᠵᠥ᠍ ᠥᠭ᠌ᠬᠦ ᠠᠬᠢᠴᠠ᠎ᠶ᠋ᠢ ᠲᠦᠷᠭᠡᠳᠭᠡᠨ᠎ᠡ᠃ ᠲᠥᠷᠥᠯ ᠵᠦᠢᠯ᠎ᠤᠨ ᠡᠭᠦᠷᠭᠡ᠎ᠶ᠋ᠢᠨ ᠪᠢᠴᠢᠭ᠎ᠢ ᠲᠣᠭ᠍ᠲᠠᠭ᠍ᠰᠠᠨ᠎ᠤ ᠳᠠᠷᠠᠭ᠎ᠠ 30 ᠡᠳᠦᠷ᠎ᠤᠨ ᠳᠣᠲᠣᠷ᠎ᠠ᠂ ᠲᠥᠷᠥᠯ ᠵᠦᠢᠯ᠎ᠤᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠠᠴᠠ ᠵᠠᠷᠤᠳᠠᠯ᠎ᠢ ᠲᠥᠷᠥᠯ ᠵᠦᠢᠯ᠎ᠢ ᠳᠠᠭᠠᠭᠠᠨ ᠡᠭᠦᠷᠭᠡᠯᠡᠭ᠌ᠰᠡᠨ ᠨᠢᠭᠡᠴᠢ᠎ᠳᠤ ᠪᠠᠭᠤᠯᠭᠠᠵᠥ᠍ ᠥᠭ᠌ᠬᠦ ᠬᠡᠷᠡᠭ᠌ᠲᠡᠶ᠃ ᠲᠥᠷᠥᠯ ᠵᠦᠢᠯ ᠳᠠᠭᠤᠰᠤᠭ᠍ᠰᠠᠨ᠎ᠤ ᠳᠠᠷᠠᠭ᠎ᠠ᠂ ᠦᠯᠡᠳᠡᠪᠦᠷᠢ ᠪᠠᠯᠠ ᠮᠥᠩᠭᠦ᠎ᠶ᠋ᠢ ᠳᠠᠭᠠᠭᠠᠨ ᠡᠭᠦᠷᠭᠡᠯᠡᠭ᠌ᠰᠡᠨ ᠨᠢᠭᠡᠴᠢ᠎ᠳᠤ ᠦᠯᠡᠳᠡᠭᠡᠨ ᠬᠡᠷᠡᠭ᠌ᠯᠡᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠯᠠᠭ᠎ᠠ᠎ᠶ᠋ᠢᠨ ᠱᠢᠭᠤᠳ ᠵᠠᠷᠤᠯᠭ᠎ᠠ᠎ᠳᠤ ᠬᠡᠷᠡᠭ᠌ᠯᠡᠨ᠎ᠡ ᠬᠡᠵᠥ᠍ ᠳᠤᠷᠠᠳᠴᠤ᠌ ᠭᠠᠷᠭᠠᠪᠠ᠃
《ᠰᠠᠨᠠᠯ᠎ᠤᠳ》 ᠲᠤ᠌᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠢ ᠤᠷᠮᠠᠱᠢᠭᠤᠯᠬᠤ ᠡᠷᠴᠢᠮ᠎ᠢᠶᠠᠨ ᠴᠢᠩᠭᠠᠷᠠᠭᠤᠯᠤᠨ᠎ᠠ᠃ ᠳᠠᠮ ᠵᠠᠷᠤᠳᠠᠯ᠎ᠤᠨ ᠬᠠᠷᠢᠴᠠᠯ᠎ᠢ ᠳᠡᠭᠡᠭ᠌ᠰᠢᠯᠡᠭᠦᠯᠵᠦ᠍᠂ ᠲᠣᠭᠠᠨ᠎ᠤ ᠤᠬᠠᠭᠠᠨ ᠵᠡᠷᠭᠡ ᠴᠤᠯ ᠤᠨᠤᠯ᠎ᠤᠨ ᠰᠠᠭᠤᠷᠢ ᠰᠤᠳᠤᠯᠭᠠᠨ᠎ᠤ ᠲᠦᠷᠦᠯ ᠵᠦᠢᠯ᠎ᠳᠤ᠂ ᠳᠠᠮ ᠵᠠᠷᠤᠳᠠᠯ᠎ᠤᠨ ᠬᠠᠷᠢᠴᠠᠯ᠎ᠢ 60% ᠠᠴᠠ ᠬᠡᠲᠦᠷᠡᠭᠦᠯᠬᠦ᠌ ᠦᠬᠡᠢ ᠪᠤᠯᠳᠠᠯ᠎ᠠ ᠳᠡᠬᠡᠭ᠌ᠰᠢᠯᠡᠬᠦᠯᠵᠥ᠍ ᠪᠤᠯᠤᠨ᠎ᠠ; ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠱᠠᠩᠨᠠᠯ᠎ᠤᠨ ᠵᠠᠷᠤᠳᠠᠯ ᠭᠠᠷᠭᠠᠨ ᠠᠪᠬᠤ᠎ᠶ᠋ᠢ ᠳᠤᠬ᠍ᠳᠠᠭᠤᠨ᠎ᠢᠶᠠᠷ ᠳᠡᠮᠵᠢᠬᠦ᠌ ᠲᠤᠷᠱᠢᠯᠲᠠ᠎ᠶ᠋ᠢᠨ ᠴᠡᠭ᠎ᠤᠨ ᠬᠡᠪᠴᠢᠶ᠎ᠡ᠎ᠶ᠋ᠢ ᠥᠷᠭᠡᠳᠭᠡᠨ᠎ᠡ; ᠬᠥᠳᠡᠯᠮᠦᠷᠢ ᠦᠢᠯᠡᠴᠢᠯᠡᠭᠡᠨ᠎ᠤ ᠵᠠᠷᠤᠳᠠᠯ᠎ᠤᠨ ᠵᠠᠷᠤᠯᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍᠂ ᠪᠠᠢᠭᠤᠯᠭ᠎ᠠ ᠨᠢᠭᠡᠴᠢ᠎ᠶ᠋ᠢᠨ ᠲᠤᠱᠢᠶᠠᠭ᠍ᠰᠠᠨ ᠲᠥᠷᠥᠯ ᠵᠦᠢᠯ᠎ᠤᠨ ᠤᠷᠢᠵᠤ ᠬᠡᠷᠡᠭ᠌ᠯᠡᠭ᠌ᠰᠡᠨ ᠬᠥᠮᠦᠰ᠎ᠤᠨ ᠨᠡᠢᠭᠡᠮ᠎ᠤᠨ ᠳᠠᠭᠠᠳᠭᠠᠯ᠎ᠤᠨ ᠨᠥᠬᠦᠪᠥᠷᠢ᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠌ ᠵᠡᠷᠭᠡ᠎ᠶ᠋ᠢ ᠬᠥᠳᠡᠯᠮᠦᠷᠢ ᠦᠢᠯᠡᠴᠢᠯᠡᠭᠡᠨ᠎ᠤ ᠵᠠᠷᠤᠳᠠᠯ᠎ᠤᠨ ᠵᠦᠢᠯ ᠢᠯᠭᠠᠯᠳᠤ ᠣᠷᠣᠭᠤᠯᠤᠨ ᠵᠠᠷᠤᠯᠭ᠎ᠠ ᠪᠣᠯᠭᠠᠨ᠎ᠠ; ᠠᠮᠵᠢᠯᠲᠠ ᠪᠦᠲᠦᠮᠵᠢ᠎ᠶ᠋ᠢᠨ ᠴᠠᠯᠢᠩ᠎ᠤᠨ ᠶᠡᠷᠦᠩᠬᠡᠶ ᠬᠡᠮᠵᠢᠶ᠎ᠡ᠎ᠶ᠋ᠢ ᠵᠦᠶ ᠵᠣᠬᠢᠰᠲᠠᠶ ᠬᠢᠨᠠᠨ ᠲᠣᠭ᠍ᠲᠠᠭᠠᠵᠤ᠂ ᠠᠮᠵᠢᠯᠲᠠ ᠪᠦᠲᠦᠮᠵᠢ᠎ᠶ᠋ᠢᠨ ᠴᠠᠯᠢᠩ᠎ᠤᠨ ᠬᠢᠷᠢ ᠬᠡᠮᠵᠢᠶ᠎ᠡ᠎ᠶ᠋ᠢ ᠬᠥᠳᠡᠯᠦᠩᠭᠦᠶ᠎ᠪᠠᠷ ᠲᠣᠬᠢᠷᠠᠭᠤᠯᠤᠨ᠎ᠠ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠤᠬ᠍ᠰᠠᠨ ᠪᠡᠯᠡᠨ ᠵᠣᠭᠤᠰᠣᠨ᠎ᠤ ᠱᠠᠩᠨᠠᠯ᠎ᠨᠢ ᠪᠠᠢᠭ᠎ᠠ ᠨᠢᠭᠡᠴᠢ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢᠨ ᠴᠠᠯᠢᠩ᠎ᠤᠨ ᠶᠡᠷᠦᠩᠬᠡᠶ ᠬᠡᠮᠵᠢᠶ᠎ᠡ᠎ᠳᠤ ᠬᠢᠵᠠᠭᠠᠷᠯᠠᠭ᠍ᠳᠠᠬᠤ ᠥᠬᠡᠶ᠂ ᠳᠠᠷᠠᠭ᠎ᠠ ᠵᠢᠯ᠎ᠤᠨ ᠠᠵᠢᠯ᠎ᠤᠨ ᠠᠮᠵᠢᠯᠲᠠ ᠪᠦᠲᠦᠮᠵᠢ᠎ᠶ᠋ᠢᠨ ᠴᠠᠯᠢᠩ᠎ᠤᠨ ᠰᠠᠭᠤᠷᠢ ᠲᠤᠭ᠎ᠠ ᠪᠣᠯᠭᠠᠨ ᠬᠢᠨᠠᠨ ᠲᠣᠭ᠍ᠲᠠᠭᠠᠬᠤ ᠥᠬᠡᠶ ᠬᠡᠵᠥ᠍ ᠵᠢᠭᠠᠵᠥ᠍ ᠭᠠᠷᠭᠠᠪᠠ᠃
《ᠰᠠᠨᠠᠯ᠎ᠤᠳ》 ᠲᠤ᠌᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠠᠵᠢᠯ ᠶᠠᠪᠤᠳᠠᠯ᠎ᠤᠨ ᠴᠢᠨᠠᠷᠲᠠᠶ ᠳᠠᠷᠤᠭᠠᠰᠤ᠎ᠶ᠋ᠢ ᠬᠥᠩᠭᠡᠷᠡᠭᠦᠯᠤᠨᠠ᠃ ᠲᠥᠷᠥᠯ ᠵᠦᠢᠯ᠎ᠢ ᠳᠠᠭᠠᠭᠠᠨ ᠡᠭᠦᠷᠭᠡᠯᠡᠭ᠌ᠰᠡᠨ ᠨᠢᠭᠡᠴᠢ᠎ᠶ᠋ᠢᠨ᠎ᠬᠢᠨ ᠲᠥᠷᠥᠯ ᠵᠦᠢᠯ ᠨᠢᠭᠡ ᠪᠦᠷᠢ᠎ᠳᠤ ᠬᠠᠷᠢᠴᠠᠩᠭᠤᠶ ᠲᠣᠭ᠍ᠲᠠᠮᠠᠯ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠳ᠋᠎ᠤᠨ ᠶᠠᠪᠤᠳᠠᠯ᠎ᠤᠨ ᠲᠤᠰᠠᠯᠠᠭ᠍ᠴᠢ ᠲᠣᠬᠢᠷᠠᠭᠤᠯᠬᠤ᠎ᠶ᠋ᠢ ᠦᠨᠡᠨ ᠬᠦ᠌ ᠪᠠᠲᠤᠯᠠᠵᠤ᠂ ᠬᠡᠷᠡᠭ᠌ᠰᠡᠬᠦ᠌ ᠬᠥᠮᠦᠨ᠎ᠤ ᠬᠦᠴᠦᠨ᠎ᠤ ᠥᠪᠡᠷ᠎ᠤᠨ ᠥᠷᠲᠡᠭ᠎ᠤᠨ ᠵᠠᠷᠤᠳᠠᠯ᠎ᠢ ᠲᠥᠷᠥᠯ ᠵᠦᠢᠯ᠎ᠤᠨ ᠵᠠᠷᠤᠳᠠᠯ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠨᠢᠭᠡᠳᠦᠯᠲᠡᠶ ᠲᠥᠯᠥᠪᠵᠢᠬᠦᠯᠦᠨ ᠱᠢᠢᠳᠪᠤᠷᠢᠯᠡᠵᠦ᠍ ᠪᠣᠯᠤᠨ᠎ᠠ; ᠡᠳ᠋᠎ᠤᠨ ᠶᠠᠪᠤᠳᠠᠯ᠎ᠤᠨ ᠳᠠᠩᠰᠠ ᠲᠠᠢᠯᠬᠤ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢ ᠰᠠᠢᠵᠢᠷᠠᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠢ ᠴᠠᠭᠠᠰᠤᠨ ᠪᠠᠷᠢᠮᠳᠠ ᠬᠡᠷᠡᠭ᠌ᠯᠡᠬᠦ᠌ ᠦᠭᠡᠶ᠎ᠪᠠᠷ ᠳᠠᠩᠰᠠ ᠲᠠᠢᠯᠬᠤ ᠲᠤᠷᠱᠢᠯᠲᠠ᠎ᠶ᠋ᠢᠨ ᠴᠡᠭ᠎ᠤᠨ ᠠᠵᠢᠯ᠎ᠢ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠤᠨ ᠰᠡᠳᠦᠪ᠎ᠢᠶᠠᠨ ᠳᠠᠭᠤᠰᠭᠠᠭ᠍ᠰᠠᠨ ᠡᠳ᠋᠎ᠤᠨ ᠶᠠᠪᠤᠳᠠᠯ᠎ᠤᠨ ᠬᠢᠨᠠᠨ ᠪᠣᠳᠣᠬᠤ᠎ᠶ᠋ᠢ ᠦᠭᠡᠢᠰᠭᠡᠬᠦ᠌ ᠳᠤᠷᠱᠢᠯᠳᠠ᠎ᠶ᠋ᠢᠨ ᠴᠡᠭ᠎ᠤᠨ ᠠᠵᠢᠯ᠎ᠢ ᠦᠷᠨᠢᠬᠦᠯᠵᠥ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠳᠤ ᠬᠡᠷᠡᠭ᠌ᠯᠡᠬᠦ᠌ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ᠎ᠶ᠋ᠢ ᠱᠢᠯᠢᠳᠡᠭ᠌ᠵᠢᠭᠦᠯᠦᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠠᠯᠪᠠᠨ ᠶᠠᠪᠤᠳᠠᠯ᠎ᠢᠶᠠᠷ ᠭᠠᠳᠠᠭᠠᠳᠤ (ᠬᠢᠯᠢ) ᠳᠤ ᠭᠠᠷᠬᠤ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢ ᠬᠠᠯᠠᠨ ᠰᠠᠢᠵᠢᠷᠠᠭᠤᠯᠤᠨ᠎ᠠ᠃ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠣᠷᠣᠭᠤᠯᠤᠯᠲᠠ ᠬᠢᠭᠡᠳ ᠳᠡᠮᠵᠢᠯᠭᠡ᠎ᠶ᠋ᠢᠨ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠬᠤᠱᠢᠭᠤᠷᠠᠵᠤ ᠣᠷᠦ᠋ᠢᠯᠠᠭ᠍ᠰᠠᠨ ᠱᠢᠨᠵᠢᠯᠡᠬᠦ᠌ ᠤᠬᠠᠭᠠᠨᠲᠠᠳ᠎ᠤᠨ ᠳᠡᠮᠵᠢᠯᠭᠡ᠎ᠶ᠋ᠢᠨ ᠠᠷᠭ᠎ᠠ ᠮᠠᠶᠢᠭ᠎ᠤᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠥᠷᠨᠢᠭᠦᠯᠵᠦ᠍᠂ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢᠨ 《ᠲᠥᠰᠦᠪ + ᠨᠠᠵᠠᠭᠠᠢ ᠲᠠᠯ᠎ᠠ᠎ᠶ᠋ᠢᠨ ᠨᠠᠷᠢᠨ ᠳᠠᠩᠰᠠ》 ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠬᠦ᠌᠎ᠶ᠋ᠢ ᠳᠡᠮᠵᠢᠨ᠎ᠡ ᠬᠡᠵᠥ᠍ ᠳᠤᠳᠤᠷᠬᠠᠢᠯᠠᠪᠠ᠃
《ᠰᠠᠨᠠᠯ᠎ᠤᠳ》 ᠲᠤ᠌᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ ᠪᠠ ᠬᠢᠨᠠᠯᠲᠠ ᠪᠠᠢᠴᠠᠭᠠᠯᠲᠠ᠎ᠶ᠋ᠢ ᠰᠠᠢᠵᠢᠷᠠᠭᠤᠯᠤᠨ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠦᠨᠳᠦ ᠨᠣᠴᠢᠲᠠᠶ ᠢᠲᠡᠭᠡᠯ ᠠᠯᠳᠠᠭ᠍ᠰᠠᠨ ᠦᠢᠯᠡ ᠠᠵᠢᠯᠯᠠᠭ᠎ᠠ᠎ᠳᠤ ᠬᠠᠷᠢᠭᠤᠴᠠᠯᠭ᠎ᠠ ᠨᠡᠬᠡᠮᠵᠢᠯᠡᠬᠦ᠌ ᠪᠠ ᠵᠠᠯᠬᠠᠭᠠᠨ ᠴᠡᠭᠡᠷᠯᠡᠭᠦᠯᠬᠦ᠌᠎ᠶ᠋ᠢ ᠬᠡᠷᠡᠭ᠌ᠵᠢᠭᠦᠯᠬᠦ᠌ ᠬᠡᠷᠡᠭ᠌ᠲᠡᠶ᠃ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢ ᠴᠢᠩᠭᠠᠳᠭᠠᠵᠤ᠂ ᠬᠠᠮᠢᠶ᠎ᠠ ᠪᠦᠬᠦᠢ ᠲᠣᠭ᠍ᠲᠠᠭᠠᠯ᠎ᠢ ᠴᠠᠭ ᠲᠤᠬᠠᠶ᠎ᠳᠤᠨᠢ ᠢᠯᠭᠠᠷᠠᠭᠤᠯᠤᠨ ᠵᠠᠰᠠᠪᠤᠷᠢ ᠣᠷᠣᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠪᠣᠯᠪᠠᠰᠤᠷᠠᠯ᠎ᠤᠨ ᠡᠷᠴᠢᠮ᠎ᠢ ᠴᠢᠩᠭᠠᠷᠠᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠱᠠᠯᠠᠪᠳᠠᠭᠤᠯᠤᠨ ᠵᠢᠯᠣᠭᠤᠳᠭᠤ᠎ᠶ᠋ᠢ ᠴᠢᠩᠭᠠᠷᠠᠭᠤᠯᠵᠤ᠂ ᠵᠤᠬᠢᠰᠳᠠᠢ ᠴᠠᠭ᠎ᠲᠤ ᠬᠤᠯᠪᠣᠭ᠍ᠳᠠᠯ ᠪᠦᠬᠦᠢ ᠲᠤᠷᠱᠢᠯᠲᠠ᠎ᠶ᠋ᠢᠨ ᠴᠡᠭ᠎ᠤᠨ ᠠᠵᠢᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠳ᠋ᠦᠩᠨᠡᠨ ᠦᠨᠡᠯᠡᠵᠦ᠍᠂ ᠬᠡᠷᠡᠭ᠌ᠵᠢᠭᠦᠯᠵᠦ᠍ ᠪᠤᠯᠬᠤᠢ᠍ᠢᠴᠠ ᠪᠦᠲᠦᠮᠵᠢᠲᠡᠶ ᠲᠤᠷᠱᠢᠯᠭ᠎ᠠ ᠪᠠ ᠠᠷᠭ᠎ᠠ ᠪᠠᠷᠢᠯ᠎ᠢ ᠴᠠᠭ ᠲᠤᠬᠠᠶ᠎ᠳᠤᠨᠢ ᠳ᠋ᠦᠩᠨᠡᠨ ᠳᠡᠯᠭᠡᠷᠡᠭᠦᠯᠬᠦ᠌ ᠬᠡᠷᠡᠭ᠌ᠲᠡᠶ ᠬᠡᠵᠥ᠍ ᠴᠢᠬᠤᠯᠠᠴᠢᠯᠠᠪᠠ᠃