ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠨ ᠬᠡᠷᠡᠭ᠌ᠯᠡᠵᠦ᠍ ᠰᠣᠶᠣᠯ᠎ᠤᠨ ᠰᠣᠯᠢᠯᠴᠠᠭ᠎ᠠ ᠪᠠ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ
2021-08-24 10:50:46
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠦᠭᠡ ᠬᠡᠯᠨᠨ᠎ᠤ ᠤᠯᠠᠮᠵᠢᠯᠠᠯ ᠬᠦᠭ᠌ᠵᠢᠯ᠎ᠤᠨ ᠵᠢᠮ᠎ᠡ ᠶᠣᠰᠣ᠎ᠶ᠋ᠢ ᠬᠦᠨᠳᠦᠳᠭᠡᠬᠦ᠌᠎ᠨᠢ ᠨᠡᠢᠭᠡᠮ᠎ᠤᠨ ᠬᠠᠷᠢᠯᠴᠠᠭᠠᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠤᠯᠤᠰ᠎ᠤᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠤ ᠠᠱᠢᠭ᠍ᠲᠠᠢ ᠶᠤᠮ》᠃ ᠣᠢᠷ᠎ᠠ᠎ᠳᠤ᠂ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠨᠠᠮ᠎ᠤᠨ ᠬᠤᠷᠢᠶᠠᠨ᠎ᠤ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠰᠡᠴᠡᠩᠭᠤᠸ᠎ᠠ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠤᠬᠠᠮᠰᠠᠷ᠂ ᠠᠷᠠᠳ ᠢᠷᠭᠡᠨ᠎ᠤ ᠤᠬᠠᠮᠰᠠᠷ᠂ ᠬᠠᠤᠯᠢ ᠴᠠᠭᠠᠵᠠ᠎ᠶ᠋ᠢᠨ ᠤᠬᠠᠮᠰᠠᠷ ᠵᠡᠷᠭᠡ ᠭᠤᠷᠪᠠᠨ ᠲᠠᠯ᠎ᠠ᠎ᠠᠴᠠ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠵᠢᠭᠠᠨ ᠰᠤᠷᠭᠠᠯᠲᠠ᠎ᠶ᠋ᠢᠨ ᠠᠵᠢᠯ᠎ᠢ ᠳᠡᠯᠭᠡᠷᠡᠭᠦᠯᠬᠦ᠌᠎ᠶ᠋ᠢᠨ ᠴᠢᠬᠤᠯᠠ ᠠᠴᠢ ᠬᠤᠯᠪᠣᠭ᠍ᠳᠠᠯ᠎ᠢ ᠣᠢᠯᠠᠭᠠᠬᠤ ᠬᠡᠷᠡᠭ᠌ᠲᠡᠶ ᠬᠡᠪᠡ᠃ ᠲᠡᠷᠡ᠎ᠪᠠᠷ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠣᠯ ᠪᠦᠬᠦ᠌ ᠳᠤᠮᠳᠠᠳᠤ ᠤᠯᠤᠰ᠎ᠤᠨ ᠪᠦᠬᠦ᠌ ᠨᠡᠢᠭᠡᠮ᠎ᠤᠨ ᠬᠠᠮᠲᠤ᠎ᠶ᠋ᠢᠨ ᠦᠭᠡ ᠬᠡᠯᠡ ᠦᠰᠦᠭ ᠪᠢᠴᠢᠭ ᠮᠥᠨ᠂ ᠮᠠᠨ᠎ᠤ ᠤᠯᠤᠰ᠎ᠤᠨ 56 ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠠᠮᠲᠤ᠎ᠶ᠋ᠢᠨ ᠬᠤᠯᠪᠣᠭᠠᠰᠤ ᠮᠥᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠣᠯ ᠦᠨᠳᠦᠰᠦᠨ ᠬᠠᠤᠯᠢ᠎ᠳᠤ ᠲᠣᠭ᠍ᠲᠠᠭᠠᠭ᠍ᠰᠠᠨ ᠬᠠᠷᠢᠭᠤᠴᠠᠯᠭ᠎ᠠ ᠮᠥᠨ᠂ ᠪᠠᠰᠠ ᠴᠤ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠠᠷᠭ᠎ᠠ ᠵᠠᠮ ᠮᠥᠨ ᠬᠡᠵᠦ᠍ ᠪᠠᠢᠯ᠎ᠠ᠃ 

ᠰᠡᠴᠡᠩᠭᠤᠸ᠎ᠠ ᠪᠣᠯ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠮᠣᠩᠭᠤᠯ ᠰᠤᠳᠤᠯᠤᠯ᠎ᠤᠨ ᠳᠡᠭᠡᠳᠦ ᠰᠤᠷᠭᠠᠭᠤᠯᠢ᠎ᠶ᠋ᠢᠨ ᠮᠣᠩᠭᠤᠯ ᠰᠣᠶᠣᠯ ᠰᠤᠳᠤᠯᠬᠤ ᠭᠠᠵᠠᠷ᠎ᠤᠨ ᠳᠡᠳ᠋ ᠰᠤᠳᠤᠯᠤᠭᠠᠴᠢ᠂ ᠱᠠᠱᠢᠨ᠎ᠤ ᠤᠬᠠᠭᠠᠨ᠎ᠤ ᠲᠤᠰᠭᠠᠢ ᠮᠡᠷᠭᠡᠵᠢᠯ᠎ᠤᠨ ᠠᠰᠫᠢᠷᠠᠨᠲ᠎ᠤᠨ ᠵᠢᠯᠤᠭᠤᠳᠤᠭ᠍ᠴᠢ ᠪᠠᠭ᠍ᠰᠢ᠃ ᠣᠳᠣᠬᠠᠨ᠎ᠳᠤ᠂ ᠲᠡᠭᠦᠨ᠎ᠤ ᠭᠤᠣᠯ ᠰᠤᠳᠤᠯᠭᠠᠨ᠎ᠤ ᠭᠦᠷᠢᠶ᠎ᠡ ᠪᠤᠯ ᠮᠣᠩᠭᠤᠯ ᠦᠨᠳᠦᠰᠦᠲᠡᠨ᠎ᠤ ᠱᠠᠱᠢᠨ ᠰᠤᠷᠲᠠᠬᠤᠨ᠎ᠤ ᠰᠣᠶᠣᠯ᠂ ᠮᠠᠷᠺᠰ᠎ᠤᠨ ᠦᠵᠡᠯ᠎ᠤᠨ ᠱᠠᠱᠢᠨ ᠰᠤᠷᠲᠠᠬᠤᠨ᠎ᠤ ᠦᠵᠡᠯᠲᠡ ᠵᠢᠴᠢ ᠨᠠᠮ᠎ᠤᠨ ᠱᠠᠱᠢᠨ ᠰᠤᠷᠲᠠᠬᠤᠨ᠎ᠤ ᠲᠦᠷᠦ᠎ᠶ᠋ᠢᠨ ᠪᠤᠳᠤᠯᠭ᠎ᠠ ᠪᠣᠯᠤᠨ᠎ᠠ᠃ ᠲᠡᠷᠡ ᠤᠷᠳᠤ ᠬᠤᠭᠤᠴᠠᠭ᠎ᠠ᠎ᠪᠠᠷ ᠮᠣᠩᠭᠤᠯ ᠬᠢᠲᠠᠳ ᠣᠷᠴᠢᠭᠤᠯᠭ᠎ᠠ᠎ᠶ᠋ᠢᠨ ᠤᠨᠤᠯ ᠬᠢᠭᠡᠳ ᠦᠢᠯᠡᠳᠦᠯᠭᠡ᠎ᠶ᠋ᠢᠨ ᠬᠦᠷᠢᠶᠡᠨ᠎ᠳᠤ ᠵᠢᠭᠠᠨ ᠰᠤᠷᠭᠠᠯᠲᠠ ᠪᠤᠯᠤᠨ ᠡᠷᠳᠡᠮ ᠱᠢᠨᠵᠢᠯᠡᠭᠡᠨ᠎ᠤ ᠠᠵᠢᠯ ᠬᠢᠭ᠌ᠰᠡᠬᠡᠷ ᠢᠷᠡᠵᠡᠢ᠃ 

ᠲᠣᠰ ᠤᠳᠠᠭᠠᠨ᠎ᠤ ᠰᠤᠷᠪᠤᠯᠵᠢᠯᠠᠭ᠎ᠠ᠎ᠳᠤ᠂ ᠰᠡᠴᠡᠩᠭᠤᠸ᠎ᠠ ᠲᠣᠰ ᠪᠡᠶ᠎ᠡ᠎ᠶ᠋ᠢᠨ ᠵᠢᠭᠠᠨ ᠰᠤᠷᠭᠠᠯᠲᠠ ᠪᠠ ᠡᠷᠳᠡᠮ ᠱᠢᠨᠵᠢᠯᠡᠭᠡᠨ᠎ᠤ ᠰᠤᠳᠤᠯᠭᠠᠨ᠎ᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠴᠢᠳᠠᠪᠤᠷᠢᠲᠠᠨ ᠬᠥᠮᠦᠵᠢᠭᠦᠯᠬᠦ᠂ ᠰᠣᠶᠣᠯ᠎ᠤᠨ ᠰᠣᠯᠢᠯᠴᠠᠭ᠎ᠠ ᠪᠠ ᠨᠡᠢᠭᠡᠮ᠎ᠤᠨ ᠦᠢᠯᠡᠴᠢᠯᠡᠭᠡ ᠵᠡᠷᠭᠡ ᠲᠠᠯ᠎ᠠ᠎ᠠᠴᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠷᠡᠭ᠌ᠯᠡᠬᠦ᠌᠎ᠶ᠋ᠢᠨ ᠴᠢᠬᠤᠯᠠ ᠴᠢᠨᠠᠷ ᠪᠠ ᠴᠢᠬᠤᠯᠠ ᠠᠴᠢ ᠬᠤᠯᠪᠣᠭ᠍ᠳᠠᠯ᠎ᠢ ᠲᠣᠳᠣᠷᠬᠠᠢᠯᠠᠨ ᠶᠠᠷᠢᠵᠠᠢ᠃ ᠰᠡᠴᠡᠩᠭᠤᠸ᠎ᠠ᠎ᠶ᠋ᠢᠨ ᠦᠵᠡᠬᠦ᠌᠎ᠪᠠᠷ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠡᠩ ᠲᠡᠷᠢᠭᠦᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠪᠠᠯ ᠵᠣᠬᠢᠨ᠎ᠠ᠂ ᠡᠨᠡ᠎ᠨᠢ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠠᠨ ᠰᠤᠷᠴᠤ᠌ ᠬᠡᠷᠡᠭ᠌ᠯᠡᠬᠦ᠌᠎ᠲᠠᠢ ᠵᠥᠷᠢᠴᠡᠯ ᠦᠭᠡᠢ ᠶᠤᠮ᠃ ᠦᠭᠡ ᠬᠡᠯᠡ ᠨᠡᠪᠲᠡᠷᠡᠯᠴᠡᠬᠦ᠌ ᠪᠣᠯ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠪᠦᠷᠢᠯᠳᠦᠭᠦᠯᠬᠦ᠌᠎ᠶ᠋ᠢᠨ ᠵᠠᠩᠭᠢᠯᠠᠭ᠎ᠠ ᠪᠣᠯᠤᠨ᠎ᠠ᠃ ᠲᠡᠷᠡ᠂ ᠴᠥᠭᠡᠨ ᠲᠣᠭᠠᠲᠤ ᠦᠨᠳᠦᠰᠦᠲᠡᠨ᠎ᠤ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠶ᠋ᠢ ᠰᠠᠨᠠᠭᠠᠴᠢᠯᠠᠵᠤ ᠪᠠᠢᠳᠠᠭ᠃ ᠡᠨᠡ᠎ᠨᠢ ᠲᠡᠳᠡᠨ᠎ᠤ ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠰᠣᠶᠣᠯ ᠮᠡᠳᠡᠯᠭᠡ᠎ᠶ᠋ᠢ ᠬᠦᠯᠢᠶᠡᠨ ᠠᠪᠬᠤ᠂ ᠨᠡᠢᠭᠡᠮ᠎ᠲᠠᠢ ᠠᠭᠤᠰᠤᠯᠴᠠᠬᠤ᠎ᠳᠤ ᠴᠥᠮ ᠵᠠᠩᠭᠢᠯᠠᠭ᠎ᠠ᠎ᠶ᠋ᠢᠨ ᠦᠢᠯᠡᠳᠦᠯ ᠦᠵᠡᠬᠦᠯᠳᠡᠭ ᠬᠡᠵᠦ᠍ ᠲᠡᠷᠡ ᠦᠵᠡᠨ᠎ᠡ᠃ 

ᠦᠨᠳᠦᠰᠦᠲᠡᠨ᠎ᠤ ᠭᠠᠵᠠᠷ ᠣᠷᠣᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠬᠦᠷᠳᠡᠬᠦ᠌᠎ᠶ᠋ᠢᠨ ᠴᠢᠬᠤᠯᠠ ᠴᠢᠨᠠᠷ ᠪᠣᠯᠤᠨ ᠴᠢᠬᠤᠯᠠ ᠠᠴᠢ ᠬᠤᠯᠪᠣᠭ᠍ᠳᠠᠯ᠎ᠤᠨ ᠲᠤᠬᠠᠢ ᠶᠠᠷᠢᠬᠤ᠎ᠳᠠᠭᠠᠨ᠂ ᠰᠡᠴᠡᠩᠭᠤᠸ᠎ᠠ᠂ ᠰᠤᠷᠭᠠᠭᠤᠯᠢ᠎ᠨᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠤᠨ ᠦᠨᠳᠦᠰᠦᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶ᠋ᠢ ᠳᠡᠯᠭᠡᠷᠡᠭᠦᠯᠬᠦ᠌ ᠡᠷᠴᠢᠮ᠎ᠢᠶᠠᠨ ᠴᠢᠩᠭᠠᠷᠠᠭᠤᠯᠬᠤ ᠪᠣᠯ ᠨᠠᠮ᠎ᠤᠨ ᠰᠦᠭ ᠰᠦᠨᠡᠰᠦ᠎ᠶ᠋ᠢ ᠱᠤᠭᠤᠵᠤ ᠬᠥᠮᠦᠨ ᠬᠥᠮᠦᠵᠢᠭᠦᠯᠬᠦ᠌ ᠢᠨᠵᠧᠨᠧᠷᠢᠩ᠎ᠢ ᠲᠤᠭᠤᠱᠢᠯᠠᠭᠤᠯᠬᠤ᠂ 《ᠬᠡᠨ᠎ᠤ ᠲᠥᠯᠥᠭᠡ ᠬᠥᠮᠦᠨ ᠬᠥᠮᠦᠵᠢᠭᠦᠯᠬᠦ᠌》 ᠎ᠶ᠋ᠢ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠬᠡᠪᠡ᠃ 

ᠰᠡᠴᠡᠩᠭᠤᠸ᠎ᠠ ᠰᠤᠷᠪᠤᠯᠵᠢᠯᠠᠭ᠍ᠴᠢ᠎ᠳᠤ ᠲᠠᠨᠢᠯᠴᠠᠭᠤᠯᠤᠬ᠍ᠰᠠᠨ᠎ᠨᠢ᠂ ᠤᠳᠤ ᠲᠡᠷᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠪᠥᠬᠦ᠌ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠰᠤᠷᠤᠭ᠍ᠴᠢᠳ᠎ᠲᠤ ᠶᠡᠷᠦ᠎ᠶ᠋ᠢᠨ ᠮᠡᠳᠡᠯᠭᠡ᠎ᠶ᠋ᠢᠨ ᠬᠥᠮᠦᠵᠢᠯ᠎ᠤᠨ ᠰᠣᠩᠭᠤᠨ ᠰᠤᠷᠬᠤ ᠬᠢᠴᠢᠶᠡᠯ 《ᠪᠤᠷᠬᠠᠨ᠎ᠤ ᠱᠠᠱᠢᠨ᠎ᠤ ᠰᠣᠶᠣᠯ᠎ᠤᠨ ᠤᠳᠤᠷᠢᠳᠭᠠᠯ》 ᠎ᠢ ᠵᠢᠭᠠᠵᠤ᠂ ᠮᠣᠩᠭᠤᠯ ᠰᠤᠳᠤᠯᠤᠯ᠎ᠤᠨ ᠳᠡᠭᠡᠳᠦ ᠰᠤᠷᠭᠠᠭᠤᠯᠢ᠎ᠶ᠋ᠢᠨ ᠱᠠᠱᠢᠨ ᠰᠤᠷᠲᠠᠬᠤᠨ᠎ᠤ ᠲᠤᠰᠭᠠᠶ ᠮᠡᠷᠭᠡᠵᠢᠯ᠎ᠤᠨ ᠠᠰᠫᠢᠷᠠᠨᠲ᠎ᠲᠤ 《ᠮᠠᠷᠺᠰ᠎ᠤᠨ ᠦᠵᠡᠯ᠎ᠤᠨ ᠱᠠᠱᠢᠨ ᠰᠤᠷᠲᠠᠬᠤᠨ᠎ᠤ ᠦᠵᠡᠯᠲᠡ ᠪᠠ ᠨᠠᠮ᠎ᠤᠨ ᠱᠠᠱᠢᠨ ᠰᠤᠷᠲᠠᠬᠤᠨ᠎ᠤ ᠲᠥᠷᠥ᠎ᠶ᠋ᠢᠨ ᠪᠣᠳᠣᠯᠭ᠎ᠠ》 ᠎ᠶ᠋ᠢᠨ ᠬᠢᠴᠢᠶᠡᠯ᠎ᠢ ᠵᠢᠭᠠᠵᠤ ᠪᠤᠢ᠃ ᠡᠳᠡᠭᠡᠷ ᠬᠢᠴᠢᠶᠡᠯ᠎ᠢ ᠵᠢᠭᠠᠬᠤ᠎ᠪᠠᠷ ᠳᠠᠮᠵᠢᠨ᠂ ᠰᠤᠷᠤᠭ᠍ᠴᠢᠳ᠎ᠤᠨ ᠵᠥᠪ ᠬᠦᠰᠡᠯᠡᠩ ᠢᠲᠡᠭᠡᠯ ᠪᠢᠱᠢᠷᠡᠯ᠎ᠢ ᠪᠤᠢ ᠪᠤᠯᠭᠠᠵᠤ᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ ᠵᠢᠴᠢ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠵᠤ᠂ 《ᠭᠤᠷᠪᠠᠨ ᠰᠠᠯᠵᠤ ᠴᠢᠳᠠᠬᠤ ᠦᠭᠡᠢ》 ᠦᠵᠡᠯ ᠰᠠᠨᠠᠭ᠎ᠠ᠎ᠶ᠋ᠢ ᠪᠤᠢ ᠪᠣᠯᠭᠠᠵᠤ᠂ 《ᠲᠠᠪᠤᠨ ᠬᠠᠮᠲᠤ᠎ᠶ᠋ᠢᠨ ᠲᠠᠨᠢᠯᠲᠠ》 ᠎ᠶ᠋ᠢ ᠴᠢᠩᠭᠠᠳᠭᠠᠬᠤ᠎ᠶ᠋ᠢ ᠲᠡᠷᠡ ᠬᠦᠳᠦᠯᠦᠨ ᠵᠢᠯᠤᠭᠤᠳᠳᠠᠭ᠃ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠬᠡᠪᠯᠡᠭ᠌ᠰᠡᠨ ᠨᠣᠮ ᠪᠢᠴᠢᠭ ᠪᠠ ᠰᠤᠷᠪᠤᠯᠵᠢ ᠪᠢᠴᠢᠭ᠎ᠢ ᠢᠯᠡᠬᠦᠭᠡᠨ ᠤᠩᠱᠢᠵᠤ᠂ ᠨᠡᠩ ᠥᠷᠭᠡᠨ ᠳᠡᠯᠭᠡᠷ ᠬᠠᠷᠠᠭᠠᠰᠤ᠎ᠠᠴᠠ ᠨᠡᠢᠭᠡᠮ᠎ᠳᠤ ᠬᠠᠨᠳᠤᠨ᠂ ᠥᠪᠡᠷ᠎ᠤᠨ ᠬᠥᠭ᠌ᠵᠢᠯᠲᠡ᠎ᠶ᠋ᠢᠨ ᠣᠷᠣᠨ ᠵᠠᠢ᠎ᠪᠠᠨ ᠥᠷᠭᠡᠳᠭᠡᠬᠦ᠌᠎ᠶ᠋ᠢ ᠲᠡᠷᠡ ᠰᠠᠨᠠᠭᠠᠴᠢᠯᠠᠳᠠᠭ᠃ ᠮᠣᠩᠭᠤᠯ ᠰᠤᠳᠤᠯᠤᠯ᠎ᠤᠨ ᠳᠡᠭᠡᠳᠦ ᠰᠤᠷᠭᠠᠭᠤᠯᠢ᠎ᠶ᠋ᠢᠨ ᠬᠥᠮᠦᠵᠢᠭᠦᠯᠦᠭ᠌ᠰᠡᠨ ᠦᠨᠳᠦᠰᠦᠨ ᠠᠩᠬᠢ᠎ᠶ᠋ᠢᠨ ᠣᠶᠤᠲᠠᠨ᠂ ᠠᠰᠫᠢᠷᠠᠨᠲ᠎ᠤᠨ ᠣᠯᠠᠩᠬᠢ᠎ᠨᠢ ᠰᠣᠨᠢᠨ᠎ᠤ ᠬᠤᠷᠢᠶ᠎ᠠ᠂ ᠲᠧᠯᠸᠢᠰ ᠬᠤᠷᠢᠶ᠎ᠠ᠂ ᠰᠡᠳᠬᠦᠯ᠎ᠤᠨ ᠬᠤᠷᠢᠶ᠎ᠠ᠂ ᠬᠡᠪᠯᠡᠯ᠎ᠤᠨ ᠬᠤᠷᠢᠶ᠎ᠠ ᠪᠣᠯᠤᠨ ᠵᠠᠷᠢᠮ ᠠᠵᠤ ᠠᠬᠤᠢᠯᠠᠯ᠎ᠳᠤ ᠣᠷᠴᠢᠭᠤᠯᠭ᠎ᠠ᠎ᠶ᠋ᠢᠨ ᠠᠵᠢᠯ ᠬᠢᠵᠦ᠍ ᠪᠤᠢ᠃ ᠳᠡᠳᠡ ᠨᠠᠷ ᠶᠡᠭᠡ ᠲᠠᠯ᠎ᠠ᠎ᠶ᠋ᠢᠨ ᠤᠬᠠᠮᠰᠠᠷ᠎ᠲᠠᠢ ᠪᠠᠢᠵᠤ᠂ ᠢᠮᠠᠭ᠍ᠲᠠ ᠥᠪᠡᠷ ᠥᠪᠡᠷ᠎ᠤᠨ᠎ᠢᠶᠠᠨ ᠬᠦᠷᠢᠶᠡᠨ᠎ᠳᠤ ᠳᠤᠮᠳᠠᠳᠤ ᠤᠯᠤᠰ᠎ᠤᠨ ᠲᠠᠭᠤᠨ᠎ᠢ ᠳᠠᠮᠵᠢᠭᠤᠯᠵᠤ᠂ ᠳᠤᠮᠳᠠᠳᠤ ᠤᠯᠤᠰ᠎ᠤᠨ ᠦᠯᠢᠬᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠨᠥᠯᠥᠭᠡᠯᠡᠬᠦ᠌ ᠬᠦᠴᠦᠨ᠎ᠢ ᠴᠢᠩᠭᠠᠳᠭᠠᠵᠤ᠂ ᠦᠨᠳᠦᠰᠦᠲᠡᠨ᠎ᠤ ᠪᠦᠯᠬᠦᠮᠳᠡᠯ ᠪᠣᠯᠤᠨ ᠤᠯᠤᠰ᠎ᠤᠨ ᠨᠢᠭᠡᠳᠦᠯ᠎ᠳᠤ ᠢᠳᠡᠪᠬᠢᠲᠡᠢ ᠦᠢᠯᠡᠳᠦᠯ ᠦᠵᠡᠭᠦᠯᠵᠦ᠍ ᠪᠠᠢᠳᠠᠭ᠃ 

ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢᠨ ᠬᠠᠯᠠᠮᠵᠢᠯᠠᠯ ᠳᠣᠣᠷ᠎ᠠ ᠦᠰᠦᠨ ᠪᠤᠢᠵᠢᠭ᠍ᠰᠠᠨ ᠡᠷᠳᠡᠮᠲᠡᠨ ᠪᠣᠯᠤᠭ᠍ᠰᠠᠨ᠎ᠤ ᠬᠤᠪᠢ᠎ᠳᠤ᠂ ᠰᠡᠴᠡᠩᠭᠤᠸ᠎ᠠ ᠪᠠᠭ᠎ᠠ ᠰᠤᠷᠭᠠᠭᠤᠯᠢ᠎ᠠᠴᠠ ᠳ᠋ᠣᠺᠲ᠋ᠣᠷᠨᠨᠲ ᠲᠡᠬᠦᠰᠳᠡᠯ᠎ᠡ ᠮᠣᠩᠭᠤᠯ ᠦᠬᠡ ᠬᠡᠯᠡ ᠦᠰᠦᠭ ᠪᠢᠴᠢᠭ᠎ᠢᠶᠠᠷ ᠰᠤᠷᠤᠯᠴᠠᠭ᠍ᠰᠠᠭᠠᠷ ᠢᠷᠡᠭ᠌ᠰᠡᠨ ᠪᠤᠯᠪᠠᠴᠤ᠌ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠬᠡᠷᠡᠭ᠌ᠯᠡᠯᠳᠡ᠎ᠠᠴᠠ ᠶᠡᠷᠦᠨᠢ ᠰᠠᠯᠤᠭ᠎ᠠ ᠦᠭᠡᠢ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭ᠌ᠯᠡᠬᠦ᠌᠎ᠨᠢ ᠲᠡᠭᠦᠨ᠎ᠤ ᠬᠤᠪᠢ ᠬᠥᠮᠦᠨ᠎ᠤ ᠦᠰᠦᠨ ᠪᠤᠢᠵᠢᠯᠲᠠ᠎ᠶ᠋ᠢᠨ ᠶᠠᠪᠤᠴᠠ᠎ᠳᠤ ᠲᠦᠢᠯ᠎ᠤᠨ ᠴᠢᠬᠤᠯᠠ ᠦᠢᠯᠡᠳᠦᠯ ᠦᠵᠡᠭᠦᠯᠪᠡ᠂ ᠳᠡᠷᠡ ᠨᠡᠩ ᠤᠯᠠᠨ ᠨᠣᠮ ᠤᠩᠱᠢᠵᠤ᠂ ᠤᠴᠢᠷ ᠶᠠᠪᠤᠳᠠᠯ᠎ᠢ ᠨᠡᠩ ᠬᠦᠨᠵᠡᠬᠡᠢ ᠤᠢ᠍ᠢᠯᠠᠭᠠᠨ ᠰᠡᠳᠭᠢᠬᠦ᠌ ᠪᠤᠯᠵᠤ᠂ ᠨᠡᠩ ᠤᠯᠠᠨ ᠭᠠᠵᠠᠷ᠎ᠢᠶᠠᠷ ᠶᠠᠪᠤᠬᠤ᠎ᠳᠤ ᠲᠦᠬᠦᠮ ᠪᠤᠯᠪᠠ᠃ 

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠡᠯ᠎ᠡ ᠦᠨᠳᠦᠰᠦᠲᠡᠨ᠎ᠤ ᠰᠣᠶᠣᠯ᠎ᠤᠨ ᠤᠯᠠᠮᠵᠢᠯᠠᠯ᠎ᠳᠤ ᠦᠵᠡᠬᠦᠯᠬᠦ᠌ ᠴᠢᠬᠤᠯᠠ ᠦᠢᠯᠡᠳᠦᠯ᠎ᠤᠨ ᠲᠤᠬᠠᠢ ᠰᠡᠴᠡᠩᠭᠤᠸ᠎ᠠ ᠥᠪᠡᠷ᠎ᠤᠨ ᠦᠵᠡᠯᠲᠡ᠎ᠪᠠᠨ ᠶᠠᠷᠢᠪᠠ᠃ ᠲᠡᠭᠦᠨ᠎ᠤ ᠦᠵᠡᠬᠦ᠌᠎ᠪᠠᠷ᠂ ᠦᠭᠡ ᠬᠡᠯᠡ ᠦᠰᠦᠭ ᠪᠢᠴᠢᠭ ᠪᠣᠯ ᠰᠣᠶᠣᠯ᠎ᠤᠨ ᠴᠢᠬᠤᠯᠠ ᠠᠴᠢᠶᠠᠯᠠᠪᠤᠷᠢ ᠪᠦᠭᠡᠳ ᠤᠯᠠᠮᠵᠢᠯᠠᠨ ᠵᠠᠯᠭᠠᠮᠵᠢᠯᠠᠬᠤ ᠪᠠᠭᠠᠵᠢ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠨᠢ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠰᠣᠶᠣᠯ᠎ᠢ ᠬᠠᠮᠠᠭᠠᠯᠠᠬᠤ᠂ ᠬᠥᠭ᠌ᠵᠢᠭᠦᠯᠬᠦ᠌ ᠪᠠ ᠤᠯᠠᠮᠵᠢᠯᠠᠬᠤ᠎ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ᠌᠎ᠪᠠᠷ ᠪᠠᠷᠠᠬᠤ ᠦᠭᠡᠢ᠂ ᠪᠠᠰᠠ ᠴᠤ᠌ ᠡᠯ᠎ᠡ ᠴᠥᠭᠡᠨ ᠲᠣᠭᠠᠲᠤ ᠦᠨᠳᠦᠰᠦᠲᠡᠨ᠎ᠤ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠶ᠋ᠢᠨ ᠵᠠᠢᠯᠠᠰᠢ ᠦᠭᠡᠢ ᠵᠠᠮ ᠪᠣᠯᠤᠨ᠎ᠠ᠃ 

ᠨᠢᠭᠡᠳᠦᠮᠡᠯ ᠹᠷᠣᠨᠲ᠎ᠤᠨ ᠠᠵᠢᠯ᠎ᠢ ᠬᠢᠵᠦ᠍ ᠪᠠᠢᠭ᠎ᠠ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂  ᠰᠡᠴᠡᠩᠭᠤᠸ᠎ᠠ᠂ ᠨᠢᠭᠡᠳᠦᠮᠡᠯ ᠹᠷᠣᠨᠲ᠎ᠤᠨ ᠴᠢᠬᠤᠯᠠ ᠦᠢᠯᠡᠳᠣᠯ᠎ᠢ ᠭᠦᠢᠴᠡᠳ ᠪᠠᠳᠠᠷᠠᠭᠤᠯᠵᠤ᠂ ᠪᠥᠬᠦ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠭ᠍ᠰᠠᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠍᠂ ᠨᠠᠩ ᠣᠯᠠᠨ ᠴᠥᠭᠡᠨ ᠲᠣᠭᠠᠲᠤ ᠦᠨᠳᠦᠰᠦᠲᠡᠨ᠎ᠤ ᠰᠡᠬᠡᠭᠡᠲᠡᠨ᠎ᠲᠠᠢ ᠪᠦᠯᠬᠦᠮᠳᠡᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠵᠢᠭᠠᠨ ᠰᠤᠷᠭᠠᠯᠲᠠ᠎ᠶ᠋ᠢᠨ ᠠᠵᠢᠯ᠎ᠢ ᠳᠡᠯᠭᠡᠷᠡᠭᠦᠯᠬᠦ᠌᠎ᠳᠤ ᠵᠥᠪ ᠲᠠᠯ᠎ᠠ᠎ᠶ᠋ᠢᠨ ᠦᠢᠯᠡᠳᠣᠯ ᠦᠵᠡᠭᠦᠯᠵᠦ᠍᠂ ᠢᠳᠡᠪᠬᠢ ᠦᠢᠯᠡᠳᠣᠯ᠎ᠢᠶᠠᠨ ᠪᠠᠳᠠᠷᠠᠭᠤᠯᠤᠨ᠎ᠠ ᠬᠡᠵᠦ᠍ ᠢᠯᠡᠳᠭᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号