《ᠠᠯᠠᠱᠠ ᠮᠣᠩᠭᠤᠯᠴᠤᠳ᠎ᠤᠨ ᠦᠨᠳᠦᠰᠦᠲᠡᠨ᠎ᠤ ᠵᠠᠩ ᠦᠢᠯᠡ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠦᠵᠡᠬᠦᠯᠬᠡ》 ᠹᠦᠶᠠᠩ ᠬᠤᠲᠠ᠎ᠳᠤ ᠡᠬᠢᠯᠡᠵᠠᠢ
2021-08-25 09:47:59
ᠵᠣᠬᠢᠶᠠᠭ᠍ᠴᠢ᠄
ᠬᠦᠭ᠌ᠵᠢᠯᠳᠤ
ᠣᠩᠱᠢᠭ᠍ᠰᠠᠨ ᠣᠳᠠᠭ᠎ᠠ᠄
★★★☆☆

ᠠᠯᠠᠱᠠ ᠠᠢᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠵᠦ᠍᠂ ᠠᠯᠠᠱᠠ᠎ᠶ᠋ᠢᠨ ᠮᠦᠽᠧᠶ᠂ ᠹᠦᠶᠠᠩ ᠬᠤᠲᠠ᠎ᠶ᠋ᠢᠨ ᠮᠦᠽᠧᠶ᠎ᠠᠴᠠ ᠬᠠᠮᠲᠤᠷᠠᠨ ᠳᠠᠭᠠᠭᠠᠴᠢᠯᠠᠨ ᠡᠷᠭᠢᠯᠡᠭ᠌ᠰᠡᠨ 《ᠠᠯᠠᠱᠠ ᠮᠣᠩᠭᠤᠯᠴᠤᠳ᠎ᠤᠨ ᠦᠨᠳᠦᠰᠦᠲᠡᠨ᠎ᠤ ᠵᠠᠩ ᠦᠢᠯᠡ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠰᠣᠳᠣᠨ ᠪᠦᠲᠦᠭᠡᠯ᠎ᠤᠨ ᠦᠵᠡᠭᠦᠯᠭᠡ》 ᠠᠨᠾᠦ᠋ᠢ ᠮᠤᠵᠢ᠎ᠶ᠋ᠢᠨ ᠹᠦᠶᠠᠩ ᠬᠤᠲᠠ᠎ᠶ᠋ᠢᠨ ᠮᠦᠽᠧᠶ᠎ᠳᠤ ᠡᠬᠢᠯᠡᠪᠡ᠂ ᠦᠵᠡᠬᠦᠯᠬᠡ᠎ᠨᠢ ᠨᠢᠭᠡ ᠰᠠᠷ᠎ᠠ ᠦᠷᠬᠦᠯᠵᠢᠯᠡᠬᠦ᠌ ᠪᠤᠯᠤᠨ᠎ᠠ᠃

ᠲᠣᠰ ᠤᠳᠠᠭ᠎ᠠ᠎ᠶ᠋ᠢᠨ ᠦᠵᠡᠭᠦᠯᠭᠡ᠎ᠳᠤ ᠠᠯᠠᠱᠠ᠎ᠶ᠋ᠢᠨ ᠮᠦᠽᠧᠶ᠎ᠳᠤ ᠬᠠᠳᠠᠭᠠᠯᠠᠭ᠍ᠳᠠᠵᠤ ᠪᠠᠢᠭ᠎ᠠ ᠲᠥᠯᠥᠭᠡᠯᠡᠬᠦ᠌ ᠴᠢᠨᠠᠷ ᠪᠦᠬᠦᠢ ᠦᠨᠳᠦᠰᠦᠲᠡᠨ᠎ᠤ ᠵᠠᠩ ᠦᠢᠯᠡ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ 139 ᠢᠵᠢ ᠰᠤᠳᠤᠨ ᠪᠦᠳᠦᠬᠡᠯ᠎ᠢ ᠳᠡᠯᠭᠡᠨ ᠦᠵᠡᠭᠦᠯᠵᠦ᠍᠂ ᠠᠭᠤᠯᠭ᠎ᠠ᠎ᠨᠢ ᠠᠯᠠᠱᠠ ᠮᠣᠩᠭᠤᠯᠴᠤᠳ᠎ᠤᠨ ᠠᠮᠢᠳᠤᠷᠠᠯ᠎ᠤᠨ ᠵᠠᠩ ᠳᠠᠳᠭᠠᠯ᠂ ᠦᠢᠯᠡᠳᠪᠦᠷᠢᠯᠡᠯ᠎ᠤᠨ ᠵᠠᠩ ᠦᠢᠯᠡ᠂ ᠰᠣᠶᠣᠯ ᠤᠷᠠᠯᠢᠭ᠂ ᠨᠠᠭᠠᠳᠤᠮ ᠲᠣᠭ᠍ᠯᠠᠭᠠᠮ ᠪᠠ ᠱᠠᠱᠢᠨ ᠱᠢᠲᠦᠯᠭᠡ ᠵᠡᠷᠭᠡ ᠣᠯᠠᠨ ᠲᠠᠯ᠎ᠠ᠎ᠶ᠋ᠢ ᠬᠠᠮᠤᠷᠴᠤ᠌᠂ ᠹᠦᠶᠠᠩ ᠬᠤᠲᠠ᠎ᠶ᠋ᠢᠨ ᠤᠯᠠᠨ ᠲᠦᠮᠡᠨ᠎ᠳᠤ ᠠᠯᠠᠱᠠ ᠮᠣᠩᠭᠤᠯᠴᠤᠳ᠎ᠤᠨ ᠦᠨᠳᠦᠰᠦᠲᠡᠨ᠎ᠤ ᠵᠠᠩ ᠦᠢᠯᠡ᠎ᠶ᠋ᠢᠨ ᠪᠠᠶᠠᠯᠢᠭ ᠰᠠᠢᠬᠠᠨ ᠬᠠᠭᠤᠳᠠᠰᠤ᠎ᠶ᠋ᠢ ᠳᠡᠯᠭᠡᠨ ᠦᠵᠡᠭᠦᠯᠵᠡᠶ᠃ ᠦᠵᠡᠬᠦᠯᠬᠡ᠎ᠪᠠᠷ ᠲᠠᠮᠵᠢᠨ ᠮᠦᠽᠧᠢ᠎ᠶ᠋ᠢᠨ ᠬᠤᠭᠤᠷᠣᠨᠳᠣᠬᠢ ᠬᠠᠮᠲᠤᠷᠠᠯᠴᠠᠨ ᠬᠥᠭ᠌ᠵᠢᠬᠦ᠌᠎ᠶ᠋ᠢ ᠤᠯᠠᠮ ᠨᠢᠭᠡ ᠠᠯᠬᠤᠮ ᠠᠬᠢᠭᠤᠯᠤᠭ᠍ᠰᠠᠨ ᠪᠦᠬᠡᠳ ᠮᠦᠽᠧᠶ᠎ᠳᠤ ᠬᠠᠳᠠᠭᠠᠯᠠᠭ᠍ᠳᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ 《ᠠᠮᠢᠯᠠᠭᠤᠯᠵᠤ》᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠤᠨ ᠲᠤᠬᠠᠶ ᠳᠠᠨᠢᠯᠳᠠ᠎ᠶ᠋ᠢ ᠨᠡᠮᠡᠭ᠌ᠳᠡᠭᠦᠯᠦᠨ᠂ ᠠᠯᠠᠱᠠ ᠬᠢᠭᠡᠳ ᠹᠦᠶᠠᠩ ᠬᠤᠶᠠᠷ ᠭᠠᠵᠠᠷ᠎ᠤᠨ ᠬᠤᠭᠤᠷᠣᠨᠳᠣᠬᠢ ᠰᠣᠶᠣᠯ᠎ᠤᠨ ᠰᠣᠯᠢᠯᠴᠠᠭ᠎ᠠ᠎ᠶ᠋ᠢ ᠴᠢᠩᠭᠠᠳᠭᠠᠵᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠨ ᠮᠦᠽᠧᠶ᠎ᠶ᠋ᠢᠨ ᠳᠡᠯᠭᠡᠨ ᠦᠵᠡᠭᠦᠯᠭᠡ᠎ᠶ᠋ᠢ ᠦᠷᠨᠢᠬᠦᠨ ᠬᠦᠭ᠌ᠵᠢᠶᠡᠨ᠎ᠲᠠᠢ ᠪᠤᠯᠭᠠᠬᠤ᠎ᠳᠤ ᠢᠳᠡᠪᠬᠢ ᠦᠢᠯᠡᠳᠦᠯ᠎ᠢ ᠪᠠᠳᠠᠷᠠᠭᠤᠯᠤᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号