8 ᠰᠠᠷ᠎ᠠ᠎ᠶ᠋ᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ᠎ᠤ 《ᠠᠳᠠᠯᠢ ᠳᠠᠪᠲᠠᠮᠵᠢ᠎ᠳᠦ ᠬᠤᠷᠱᠢᠯ᠎ᠤᠨ ᠬᠢᠴᠢᠶᠡᠯᠯᠡᠭᠡ》 ᠰᠦᠯᠵᠢᠶᠡᠨ ᠳᠡᠭᠡᠷᠡᠬᠢ ᠵᠢᠭᠠᠬᠤ᠎ᠶ᠋ᠢ ᠰᠤᠳᠤᠯᠬᠤ ᠲᠠᠪᠴᠠᠩ᠎ᠨᠢ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠬᠢᠴᠢᠶᠡᠯ᠎ᠤᠨ ᠳᠣᠯᠣᠳᠤᠭᠠᠷ ᠣᠨ᠎ᠤ ᠳᠡᠭᠡᠳᠦ ᠳᠡᠪᠲᠡᠷ᠎ᠤᠨ ᠨᠢᠭᠡᠳᠦᠭᠡᠷ ᠨᠢᠭᠡᠴᠢ᠎ᠶ᠋ᠢᠨ ᠬᠠᠮᠲᠤ᠎ᠪᠠᠷ ᠬᠢᠴᠢᠶᠡᠯ ᠪᠡᠯᠡᠳᠭᠡᠬᠦ᠌ ᠠᠵᠢᠯ᠎ᠢ ᠦᠷᠨᠢᠬᠦᠯᠵᠦ᠍᠂ ᠮᠠᠨ᠎ᠤ ᠣᠷᠣᠨ᠎ᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠠᠮᠲᠤᠷᠠᠨ ᠬᠢᠴᠢᠶᠡᠯ ᠪᠡᠯᠡᠳᠭᠡᠬᠦ᠌᠎ᠶ᠋ᠢ ᠵᠢᠯᠣᠭᠤᠳᠭᠤ ᠠᠵᠢᠯ᠎ᠤᠨ ᠬᠦᠱᠢᠭᠡ᠎ᠶ᠋ᠢ ᠢᠷᠠᠪᠠ᠃
ᠣᠢᠯᠠᠭᠠᠭ᠍ᠰᠠᠨ᠎ᠢᠶᠠᠷ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠠᠵᠢᠯ᠎ᠢ ᠭᠦᠨᠵᠡᠭᠡᠶ ᠠᠬᠢᠭᠤᠯᠵᠤ᠂ ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠶ᠋ᠢᠨ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠨ᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌᠎ᠶ᠋ᠢᠨ ᠲᠦᠯᠦᠭᠡ᠂ ᠡᠨᠡ ᠵᠢᠯ᠎ᠤᠨ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ ᠪᠥᠬᠦ᠌ ᠣᠷᠣᠨ᠎ᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠠᠮᠲᠤᠷᠠᠨ ᠬᠢᠴᠢᠶᠡᠯ ᠪᠡᠯᠡᠳᠭᠡᠬᠦ᠌᠎ᠶ᠋ᠢ ᠵᠢᠯᠣᠭᠤᠳᠭᠤ ᠠᠵᠢᠯᠯᠠᠭ᠎ᠠ ᠥᠷᠨᠢᠭᠦᠯᠬᠦ᠌᠎ᠪᠠᠷ ᠪᠤᠯᠪᠠ᠃ ᠡᠯ᠎ᠡ ᠱᠠᠲᠤᠨ᠎ᠤ ᠱᠢᠨᠵᠢᠯᠡᠭᠡᠨ᠎ᠤ ᠨᠡᠷᠡᠲᠦ ᠪᠠᠭ᠍ᠰᠢ᠎ᠶ᠋ᠢᠨ ᠠᠵᠢᠯᠯᠠᠬᠤ ᠭᠠᠵᠠᠷ᠎ᠢᠶᠠᠷ ᠰᠠᠭᠤᠷᠢ ᠪᠣᠯᠭᠠᠨ᠂ ᠲᠤᠬᠠᠶ᠎ᠶ᠋ᠢᠨ ᠭᠠᠵᠠᠷ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠱᠢᠨᠵᠢᠯᠡᠭᠡᠨ᠎ᠤ ᠳᠠᠭᠠᠭᠤᠯᠤᠭ᠍ᠴᠢ᠂ ᠵᠢᠭᠠᠨ ᠰᠤᠷᠭᠠᠬᠤ ᠴᠢᠳᠠᠪᠤᠷᠢᠲᠠᠨ᠂ ᠨᠡᠷᠡᠲᠦ ᠪᠠᠭ᠍ᠰᠢ᠎ᠶ᠋ᠢᠨ ᠠᠵᠢᠯᠯᠠᠬᠤ ᠭᠠᠵᠠᠷ᠎ᠤᠨ ᠪᠦᠷᠢᠯᠳᠦᠬᠦᠨ᠂ 《ᠵᠢᠱ᠌ᠢᠶ᠎ᠡ ᠦᠵᠡᠭᠦᠯᠬᠦ᠌ ᠭᠠᠷᠮᠠᠭᠠᠢ ᠪᠠᠭ᠍ᠰᠢ》 ᠪᠣᠯᠤᠨ ᠬᠠᠪᠰᠤᠷᠤᠨ ᠲᠡᠳᠬᠦᠬᠦ᠌ ᠰᠤᠷᠭᠠᠭᠤᠯᠢ᠎ᠶ᠋ᠢᠨ ᠭᠤᠤᠯᠯᠠᠭ᠍ᠴᠢ ᠪᠠᠭ᠍ᠰᠢ᠎ᠶ᠋ᠢ ᠤᠷᠢᠵᠤ᠂ ᠪᠦᠬᠦ᠌ ᠣᠷᠣᠨ᠎ᠢ ᠪᠦᠷᠬᠦᠭ᠌ᠰᠡᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠢᠴᠢᠶᠡᠯ ᠪᠡᠯᠡᠳᠭᠡᠬᠦ᠌ ᠬᠤᠯᠪᠣᠭᠠᠲᠤ ᠴᠣᠭ᠍ᠴᠠ᠎ᠶ᠋ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠳᠠᠯᠢ ᠳᠠᠪᠲᠠᠮᠵᠢ᠎ᠳᠦ ᠬᠤᠷᠱᠢᠯ᠎ᠤᠨ ᠬᠢᠴᠢᠶᠡᠯᠯᠡᠭᠡ》 ᠰᠦᠯᠵᠢᠶᠡᠨ ᠳᠡᠭᠡᠷᠡᠬᠢ ᠵᠢᠭᠠᠬᠤ᠎ᠶ᠋ᠢ ᠰᠤᠳᠤᠯᠬᠤ ᠲᠠᠪᠴᠠᠩ᠎ᠢ ᠠᠱᠢᠬ᠍ᠯᠠᠨ᠂ ᠥᠪᠡᠷᠲᠡᠭᠡᠨ ᠵᠠᠰᠠᠬᠤ ᠣᠷᠣᠨ — ᠠᠢᠮᠠᠭ ᠬᠤᠲᠠ — ᠬᠤᠱᠢᠭᠤ ᠱᠢᠶᠠᠨ — ᠰᠤᠷᠭᠠᠭᠤᠯᠢ ᠬᠢᠴᠢᠶᠡᠯ᠎ᠠᠴᠠ ᠡᠮᠦᠨ᠎ᠡ ᠬᠠᠮᠲᠤ᠎ᠪᠠᠷ ᠬᠢᠴᠢᠶᠡᠯ ᠪᠡᠯᠡᠳᠭᠡᠬᠦ᠌ ᠠᠵᠢᠯᠯᠠᠭ᠎ᠠ᠎ᠶ᠋ᠢ ᠥᠷᠨᠢᠭᠦᠯᠦᠨ᠎ᠡ᠃ ᠵᠢᠭᠠᠬᠤ᠎ᠶ᠋ᠢ ᠰᠤᠳᠤᠯᠬᠤ ᠪᠦᠯᠬᠦᠮ᠎ᠤᠨ ᠲᠤᠰᠭᠠᠶ ᠮᠡᠷᠭᠡᠵᠢᠯ᠎ᠤᠨ ᠬᠥᠲᠥᠯᠦᠨ ᠳᠠᠭᠠᠭᠤᠯᠬᠤ ᠦᠢᠯᠡᠳᠣᠯ᠎ᠢ ᠭᠦᠢᠴᠡᠳ ᠪᠠᠳᠠᠷᠠᠭᠤᠯᠵᠤ᠂ ᠭᠤᠷᠪᠠᠨ ᠬᠢᠴᠢᠶᠡᠯ ᠲᠥᠷᠥᠯ᠎ᠤᠨ ᠪᠠᠭ᠍ᠰᠢ ᠨᠠᠷ᠎ᠤᠨ ᠬᠢᠴᠢᠶᠡᠯ ᠪᠡᠯᠡᠳᠭᠡᠬᠦ᠌ ᠶᠠᠰᠤ ᠴᠢᠨᠠᠷ᠎ᠢ ᠱᠢᠯᠢᠳᠡᠭ᠌ᠵᠢᠭᠦᠯᠦᠨ᠂ ᠪᠥᠬᠦ᠌ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠂ ᠢᠯᠠᠩᠭᠤᠶ᠎ᠠ ᠪᠤᠢᠳᠠ ᠪᠦᠭ᠌ᠯᠡᠭᠦᠦ ᠮᠠᠯᠵᠢᠬᠤ ᠲᠠᠷᠢᠶᠠᠯᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠳᠤ ᠰᠦᠯᠵᠢᠶᠡᠨ ᠳᠡᠭᠡᠷᠡᠬᠢ ᠱᠢᠯᠢᠳᠡᠭ ᠵᠢᠭᠠᠨ ᠰᠤᠷᠭᠠᠯᠲᠠ᠎ᠶ᠋ᠢᠨ ᠵᠢᠯᠣᠭᠤᠳᠣᠯᠭ᠎ᠠ᠎ᠶ᠋ᠢᠨ ᠦᠢᠯᠡᠴᠢᠯᠡᠭᠡ ᠬᠠᠩᠭᠠᠨ᠎ᠠ᠃
《ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠂ ᠲᠡᠦᠬᠡ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠬᠢᠴᠢᠶᠡᠯ ᠲᠥᠷᠥᠯ᠎ᠳᠤ ᠴᠢᠭ᠌ᠯᠡᠭᠦᠯᠦᠨ᠂ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠳᠤ ᠪᠢᠳᠡ ᠨᠡᠢᠲᠡ 38 ᠬᠤᠭᠤᠴᠠᠭᠠᠨ᠎ᠤ ᠬᠠᠮᠲᠤᠷᠠᠨ ᠬᠢᠴᠢᠶᠡᠯ ᠪᠡᠯᠡᠳᠭᠡᠬᠦ᠌ ᠠᠵᠢᠯᠯᠠᠭ᠎ᠠ ᠲᠣᠬᠢᠷᠠᠭᠤᠯᠪᠠ᠃ ᠬᠢᠴᠢᠶᠡᠯ ᠪᠡᠯᠡᠳᠭᠡᠬᠦ᠌ ᠠᠵᠢᠯᠯᠠᠭ᠎ᠠ᠎ᠨᠢ ᠵᠢᠭᠠᠨ ᠰᠤᠷᠭᠠᠯᠲᠠ᠎ᠶ᠋ᠢᠨ ᠠᠬᠢᠴᠠ᠎ᠶ᠋ᠢ ᠳᠠᠭᠠᠵᠤ᠂ ᠬᠢᠴᠢᠶᠡᠯ ᠪᠡᠯᠡᠳᠭᠡᠬᠦ᠌ ᠪᠦᠯᠬᠦᠮ᠎ᠤᠨ᠎ᠬᠢᠨ ᠵᠢᠭᠠᠨ ᠰᠤᠷᠭᠠᠯᠲᠠ᠎ᠶ᠋ᠢᠨ ᠠᠬᠢᠴᠠ᠎ᠠᠴᠠ ᠡᠮᠦᠨ᠎ᠡ ᠨᠢᠭᠡ ᠭᠠᠷᠠᠭ᠎ᠲᠤ ᠨᠢᠭᠡᠴᠢ᠎ᠶ᠋ᠢᠨ ᠵᠢᠭᠠᠨ ᠰᠤᠷᠭᠠᠯᠲᠠ᠎ᠶ᠋ᠢᠨ ᠵᠢᠯᠣᠭᠤᠳᠣᠯᠭ᠎ᠠ᠂ ᠬᠢᠴᠢᠶᠡᠯ᠎ᠤᠨ ᠴᠠᠭ᠎ᠤᠨ ᠵᠢᠭᠠᠨ ᠰᠤᠷᠭᠠᠯᠲᠠ᠎ᠶ᠋ᠢᠨ ᠲᠦᠰᠦᠪ ᠲᠥᠯᠥᠪᠯᠡᠭᠡ ᠪᠠ ᠲᠤᠰᠭᠠᠶ ᠮᠡᠷᠭᠡᠵᠢᠯᠲᠡᠨ᠎ᠤ ᠦᠨᠡᠯᠡᠯᠲᠡ ᠵᠡᠷᠭᠡ ᠡᠬᠢ ᠪᠠᠶᠠᠯᠢᠭ᠎ᠢ ᠥᠪᠥᠷ ᠮᠣᠩᠭᠤᠯ᠎ᠤᠨ ᠰᠤᠷᠭᠠᠨ ᠬᠥᠮᠦᠵᠢᠯ᠎ᠤᠨ ᠡᠭᠦᠯᠡᠨ ᠲᠠᠪᠴᠠᠩ᠎ᠳᠤ ᠳᠠᠮᠵᠢᠭᠤᠯᠵᠤ᠂ ᠪᠥᠬᠦ᠌ ᠣᠷᠣᠨ᠎ᠤ ᠪᠠᠭ᠍ᠰᠢ ᠨᠠᠷ᠎ᠲᠤ ᠯᠠᠪᠯᠠᠯᠲᠠ ᠪᠣᠯᠭᠠᠨ ᠬᠡᠷᠡᠭ᠌ᠯᠡᠭᠦᠯᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ᠎ᠤᠨ ᠳᠡᠳ᠋ ᠡᠷᠬᠢᠯᠡᠭ᠌ᠴᠢ ᠵᠤᠤ ᠪᠢᠨ ᠶᠠᠷᠢᠵᠤ ᠪᠠᠢᠯ᠎ᠠ᠃
ᠲᠡᠬᠦᠨ᠎ᠤ ᠬᠡᠯᠡᠬᠦ᠌᠎ᠪᠠᠷ᠂ ᠡᠨᠡ᠎ᠨᠢ ᠭᠤᠣᠯᠳᠠᠭᠤ ᠭᠤᠷᠪᠠᠨ ᠬᠢᠴᠢᠶᠡᠯ ᠲᠦᠷᠦᠯ᠎ᠤᠨ ᠪᠠᠭ᠍ᠰᠢ ᠨᠠᠷ᠎ᠤᠨ ᠵᠢᠭᠠᠨ ᠰᠤᠷᠭᠠᠯᠲᠠ᠎ᠶ᠋ᠢᠨ ᠪᠣᠳᠠᠲᠠᠢ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠶᠤᠮ᠃
ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ᠎ᠠᠴᠠ ᠡᠯ᠎ᠡ ᠭᠠᠵᠠᠷ ᠡᠯ᠎ᠡ ᠰᠤᠷᠭᠠᠭᠤᠯᠢᠶ᠋ᠢᠨᠬᠢᠨᠢ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠦᠯᠵᠢᠶᠡᠨ᠎ᠤ ᠡᠭᠦᠯᠡᠨ ᠲᠠᠪᠴᠠᠩ ᠪᠠ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ᠎ᠤᠨ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠰᠠᠢᠲᠤᠷ ᠭᠦᠢᠴᠡᠳ ᠠᠱᠢᠬ᠍ᠯᠠᠵᠤ᠂ ᠲᠠᠪᠴᠠᠩ᠎ᠤᠨ ᠬᠠᠩᠭᠠᠭ᠍ᠰᠠᠨ ᠬᠢᠴᠢᠶᠡᠯ᠎ᠤᠨ ᠰᠤᠷᠤᠯᠴᠠᠯᠭ᠎ᠠ᠂ ᠲᠤᠰᠭᠠᠶ ᠰᠡᠳᠦᠪᠲᠦ ᠰᠤᠷᠭᠠᠨ ᠬᠥᠮᠦᠵᠢᠯ ᠵᠡᠷᠭᠡ ᠰᠤᠩᠭᠤᠳᠠᠭ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠰᠤᠳᠤᠯᠤᠨ ᠤᠩᠱᠢᠵᠤ᠂ ᠰᠣᠷᠣᠭ᠍ᠰᠠᠨ᠎ᠢᠶᠠᠨ ᠪᠤᠳᠠᠳᠠᠢ᠎ᠳᠤ ᠬᠡᠷᠡᠭ᠌ᠯᠡᠬᠦ᠌᠎ᠶ᠋ᠢ ᠦᠨᠡᠨ ᠬᠦ᠌ ᠪᠡᠶᠡᠯᠡᠭᠦᠯᠵᠦ᠍᠂ ᠭᠤᠷᠪᠠᠨ ᠬᠢᠴᠢᠶᠡᠯ ᠲᠥᠷᠥᠯ᠎ᠤᠨ ᠪᠠᠭ᠍ᠰᠢ ᠨᠠᠷ᠎ᠤᠨ ᠬᠢᠴᠢᠶᠡᠯ ᠪᠡᠯᠡᠳᠭᠡᠬᠦ᠌ ᠡᠬᠢ ᠪᠠᠶᠠᠯᠢᠭ᠎ᠢ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠳᠤ᠎ᠪᠠᠨ ᠬᠡᠷᠡᠭ᠌ᠯᠡᠬᠦ᠌᠎ᠶ᠋ᠢ ᠵᠢᠯᠣᠭᠤᠳᠭᠤ ᠬᠡᠷᠡᠭ᠌ᠲᠡᠶ ᠭᠡᠵᠦ᠍ ᠱᠠᠭᠠᠷᠳᠠᠪᠠ᠃