— ᠦᠪᠦᠷ ᠮᠤᠩᠭᠤᠯ᠎ᠤᠨ ᠶᠡᠭᠡ ᠰᠤᠷᠭᠠᠭᠤᠯᠢ᠎ᠶ᠋ᠢᠨ ᠮᠤᠩᠭᠤᠯ ᠰᠤᠳᠤᠯᠤᠯ᠎ᠤᠨ ᠳᠡᠬᠡᠳᠤ ᠰᠤᠷᠭᠠᠭᠤᠯᠢ᠎ᠶ᠋ᠢᠨ ᠳᠡᠳ᠋ ᠵᠠᠬᠢᠷᠤᠯ᠂ ᠫᠷᠣᠹᠧᠰᠰᠣᠷ ᠡᠦ ᠶᠢᠩ ᠵᠧᠶ᠋ᠢ ᠰᠤᠷᠪᠤᠯᠵᠢᠯᠠᠭ᠍ᠰᠠᠨ᠎ᠨᠢ
《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠴᠤ᠌ ᠬᠡᠷᠡᠭ᠌ᠯᠡᠬᠦ᠌ ᠴᠢᠬᠤᠯᠠ ᠠᠴᠢᠶᠠᠯᠠᠪᠤᠷᠢ ᠪᠠ ᠪᠦᠲᠦᠮᠵᠢᠲᠡᠢ ᠠᠷᠭ᠎ᠠ ᠵᠠᠮ ᠮᠥᠨ᠃ ᠤᠯᠠᠨ ᠵᠦᠢᠯ᠎ᠤᠨ ᠦᠭᠡ ᠬᠡᠯᠡ ᠦᠰᠦᠭ ᠪᠢᠴᠢᠭ᠎ᠢ ᠡᠵᠡᠮᠱᠢᠭ᠌ᠰᠡᠨ ᠴᠥᠭᠡᠨ ᠲᠣᠭᠠᠲᠤ ᠦᠨᠳᠦᠰᠦᠲᠡᠨ᠎ᠤ ᠪᠠᠭ᠍ᠰᠢ ᠪᠣᠯᠤᠭ᠍ᠰᠠᠨ᠎ᠤ ᠬᠤᠪᠢ᠎ᠳᠤ᠂ ᠮᠢᠨᠦ᠍ ᠦᠵᠡᠬᠦ᠌᠎ᠪᠠᠷ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠨᠢ ᠰᠤᠷᠤᠭ᠍ᠴᠢᠳ᠎ᠢ ᠬᠠᠷᠠᠬᠠᠨ ᠪᠠᠭ᠎ᠠ᠎ᠠᠴᠠ᠎ᠨᠢ ᠰᠠᠢᠨ ᠰᠠᠢᠬᠠᠨ ᠵᠣᠷᠢᠭ ᠰᠠᠨᠠᠭ᠎ᠠ ᠵᠠᠩ ᠠᠷᠠᠨᠱᠢᠨ᠂ ᠶᠣᠰᠣ ᠰᠤᠷᠲᠠᠬᠤᠨ᠎ᠤ ᠬᠡᠪ ᠪᠣᠯᠪᠠᠰᠤᠷᠠᠯ᠎ᠲᠠᠢ ᠪᠣᠯᠭᠠᠬᠤ᠂ ᠵᠥᠪ ᠣᠨᠣᠪᠴᠢᠲᠠᠢ ᠬᠠᠤᠯᠢᠵᠢᠯ᠎ᠤᠨ ᠦᠵᠡᠯᠲᠡ ᠪᠣᠯᠤᠨ ᠨᠡᠢᠭᠡᠮ᠎ᠤᠨ ᠬᠠᠷᠢᠭᠤᠴᠠᠯᠭᠠᠲᠤ ᠰᠡᠳᠭᠢᠯᠭᠡ᠎ᠲᠠᠢ ᠪᠣᠯᠭᠠᠬᠤ᠂ 〈ᠲᠦᠷᠪᠡᠨ ᠢᠲᠡᠭᠡᠯ〉 ᠢ ᠪᠠᠲᠤᠳᠭᠠᠬᠤ᠂ 〈ᠲᠠᠪᠤᠨ ᠬᠠᠮᠲᠤ᠎ᠶ᠋ᠢᠨ ᠲᠠᠨᠢᠯᠲᠠ〉 ᠶ᠋ᠢ ᠨᠡᠮᠡᠭ᠌ᠳᠡᠬᠦᠯᠬᠦ᠌᠎ᠳᠤ ᠠᠱᠢᠭ᠍ᠲᠠᠢ᠂ ᠴᠥᠭᠡᠨ ᠲᠣᠭᠠᠲᠤ ᠦᠨᠳᠦᠰᠦᠲᠡᠨ᠎ᠤ ᠰᠤᠷᠤᠭ᠍ᠴᠢᠳ ᠰᠣᠶᠣᠯ ᠮᠡᠳᠡᠯᠭᠡ᠎ᠶ᠋ᠢ ᠨᠡᠩ ᠰᠠᠢᠨ ᠰᠤᠷᠤᠯᠴᠠᠬᠤ᠂ ᠨᠡᠩ ᠴᠢᠨᠠᠷ ᠰᠠᠢᠲᠠᠢ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠡᠳ᠋ᠯᠡᠬᠦ᠂ ᠨᠡᠢᠭᠡᠮ᠎ᠲᠠᠢ ᠨᠡᠩ ᠰᠠᠢᠨ ᠠᠭᠤᠰᠤᠯᠴᠠᠬᠤ᠎ᠳᠤ ᠠᠱᠢᠭ᠍ᠲᠠᠢ ᠶᠤᠮ》 ᠬᠡᠵᠦ᠍ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠮᠣᠩᠭᠤᠯ ᠰᠤᠳᠤᠯᠤᠯ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ᠂ ᠫᠷᠤᠹᠧᠰᠰᠤᠷ ᠦ᠋ ᠶᠢᠩ ᠵᠧ ᠤᠢ᠍ᠢᠷ᠎ᠠ᠎ᠳᠤ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠶᠠᠷᠢᠵᠤ ᠪᠠᠢᠯ᠎ᠠ᠃
ᠡᠦ ᠶᠢᠩ ᠵᠧ ᠪᠠᠭ᠎ᠠ ᠰᠤᠷᠭᠠᠭᠤᠯᠢ᠎ᠶ᠋ᠢᠨ ᠨᠢᠭᠡᠳᠦᠭᠡᠷ ᠣᠨ᠎ᠠᠴᠠ ᠴᠥᠭᠡᠨ ᠲᠣᠭᠠᠲᠤ ᠦᠨᠳᠦᠰᠦᠲᠡᠨ᠎ᠤ ᠦᠬᠡ ᠬᠡᠯᠡ᠎ᠪᠠᠷ ᠰᠤᠷᠭᠠᠨ ᠬᠦᠮᠦᠵᠢᠯ ᠬᠦᠷᠳᠡᠵᠦ᠍᠂ ᠪᠠᠭ᠎ᠠ ᠰᠤᠷᠭᠠᠭᠤᠯᠢ᠎ᠶ᠋ᠢᠨ ᠭᠤᠷᠪᠠᠳᠤᠭᠠᠷ ᠣᠨ᠎ᠠᠴᠠ ᠡᠬᠢᠯᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠪᠠ᠃ ᠲᠡᠷᠡ᠄ 《ᠡᠨᠡ ᠬᠤᠶᠠᠷ ᠵᠦᠢᠯ᠎ᠤᠨ ᠬᠡᠯᠡ᠂ ᠬᠡᠯᠡᠨ᠎ᠤ ᠲᠦᠷᠦᠯ᠎ᠤᠨ ᠰᠤᠳᠤᠯᠤᠯ ᠳᠡᠭᠡᠷ᠎ᠡ ᠨᠡᠯᠢᠶᠡᠳ ᠶᠡᠭᠡ ᠵᠦᠷᠢᠶ᠎ᠡ᠎ᠲᠠᠢ᠂ ᠠᠳᠠᠯᠢ ᠪᠤᠰᠤ ᠢᠵᠠᠭᠤᠷ ᠬᠡᠯᠡᠨ᠎ᠳᠤ ᠬᠠᠷᠢᠶᠠᠯᠠᠭ᠍ᠳᠠᠨ᠎ᠠ᠃ ᠡᠨᠡ ᠬᠤᠶᠠᠷ ᠵᠦᠢᠯ᠎ᠤᠨ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠱᠢᠬᠦ᠌᠎ᠶ᠋ᠢᠨ ᠲᠥᠯᠥᠭᠡ᠂ ᠪᠢ ᠮᠠᠰᠢ ᠤᠯᠠᠨ ᠴᠠᠭ ᠪᠠ ᠤᠶᠤᠨ ᠴᠢᠳᠠᠯ᠎ᠢᠶᠠᠨ ᠵᠠᠷᠤᠴᠠᠭᠤᠯᠵᠠᠢ᠂ ᠭᠡᠪᠡᠴᠦ᠍ ᠰᠤᠷᠤᠯᠴᠠᠬᠤ ᠶᠠᠪᠤᠴᠠ ᠲᠤᠮᠳᠠ ᠬᠦᠴᠢᠷ᠎ᠠᠴᠠ ᠠᠶᠤᠬᠤ ᠦᠭᠡᠢ᠂ ᠱᠢᠨᠲᠠᠷᠠᠰᠢ ᠦᠭᠡᠢ ᠴᠢᠷᠮᠠᠢᠬᠤ ᠵᠣᠷᠢᠭ ᠰᠠᠨᠠᠭ᠎ᠠ᠎ᠲᠠᠢ ᠪᠣᠯᠵᠤ ᠬᠦᠮᠦᠵᠢᠭ᠌ᠳᠡᠪᠡ᠂ ᠡᠨᠡ᠎ᠨᠢ ᠮᠢᠨᠦ᠍ ᠰᠤᠷᠤᠯᠴᠠᠯᠭ᠎ᠠ᠂ ᠦᠰᠦᠨ ᠪᠤᠢᠵᠢᠯᠲᠠ᠎ᠳᠤ ᠮᠠᠰᠢ ᠶᠡᠭᠡ ᠬᠠᠪᠰᠤᠷᠤᠮᠵᠢ ᠪᠤᠯᠤᠭ᠍ᠰᠠᠨ》 ᠬᠡᠵᠦ᠍ ᠶᠠᠷᠢᠨ᠎ᠠ᠃
1992 ᠣᠨ᠎ᠳᠤ᠂ ᠡᠦ ᠶᠢᠩ ᠵᠧ ᠥᠪᠥᠷ ᠮᠣᠩᠭᠤᠯ᠎ᠤᠨ ᠶᠡᠭᠡ ᠰᠤᠷᠭᠠᠭᠤᠯᠢ᠎ᠳᠤ ᠱᠢᠯᠭᠠᠨ ᠣᠷᠣᠵᠤ᠂ ᠵᠢᠩᠬᠢᠨᠢ ᠠᠩᠬᠢ᠂ ᠠᠰᠫᠢᠷᠠᠨᠲ ᠪᠠ ᠳ᠋ᠣᠺᠲ᠋ᠣᠷᠨᠨᠲᠤᠨ ᠰᠤᠷᠤᠯᠴᠠᠯᠭ᠎ᠠ᠎ᠪᠠᠨ ᠵᠠᠯᠭ᠎ᠠ᠎ᠪᠠᠷ ᠪᠡᠶᠡᠯᠡᠬᠦᠯᠵᠡᠢ᠃ ᠡᠨᠡ ᠬᠦ᠌ ᠬᠤᠭᠤᠴᠠᠭᠠᠨ᠎ᠳᠤ᠂ ᠲᠡᠷᠡ ᠪᠠᠰᠠ ᠠᠩᠭ᠌ᠯᠢ ᠬᠡᠯᠡ᠂ ᠶᠠᠫᠣᠨ ᠬᠡᠯᠡ ᠵᠡᠷᠭᠡ ᠬᠡᠳᠦᠨ ᠭᠠᠳᠠᠭᠠᠳᠤ ᠬᠡᠯᠡ ᠰᠤᠷᠤᠭ᠍ᠰᠠᠨ ᠪᠠᠢᠨ᠎ᠠ᠃ ᠣᠯᠠᠨ ᠵᠦᠢᠯ᠎ᠤᠨ ᠦᠭᠡ ᠬᠡᠯᠡ ᠦᠰᠦᠭ ᠪᠢᠴᠢᠭ᠎ᠢ ᠰᠤᠷᠴᠤ᠌ ᠡᠵᠡᠮᠱᠢᠭ᠌ᠰᠡᠨ᠎ᠨᠢ ᠬᠡᠯᠡᠨ᠎ᠤ ᠰᠤᠳᠤᠯᠭᠠᠨ ᠬᠢᠳᠡᠭ ᠡᠦ ᠶᠢᠩ ᠵᠧᠳᠤ ᠶᠡᠭᠡᠭᠡᠨ ᠠᠴᠢ ᠲᠤᠰᠠ ᠦᠵᠡᠬᠦᠯᠵᠦ᠍᠂ ᠡᠷᠳᠡᠮ ᠱᠢᠨᠵᠢᠯᠡᠭᠡᠨ᠎ᠤ ᠰᠤᠳᠤᠯᠭᠠᠨ᠎ᠢ᠎ᠨᠢ ᠤᠯᠠᠮ ᠬᠦᠨᠵᠡᠭᠡᠢᠷᠡᠬᠦᠯᠵᠡᠢ᠃
ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢᠨ ᠴᠢᠬᠤᠯᠠ ᠠᠴᠢ ᠬᠤᠯᠪᠣᠭ᠍ᠳᠠᠯ᠎ᠤᠨ ᠲᠤᠬᠠᠢ ᠡᠤ ᠶᠢᠩ ᠵᠧ᠄ 《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠤᠯᠤᠰ᠎ᠤᠨ ᠨᠡᠷᠡᠳᠤ ᠲᠤᠰᠭᠠᠢ ᠮᠡᠷᠭᠡᠵᠢᠯᠲᠡᠨ ᠡᠷᠳᠡᠮᠲᠡᠨ᠂ ᠡᠮᠦᠨ᠎ᠡ ᠹᠷᠣᠨᠲ᠎ᠤᠨ ᠭᠤᠣᠯᠯᠠᠭ᠍ᠴᠢ ᠪᠠᠭ᠍ᠰᠢ ᠨᠠᠷ ᠨᠠᠢᠷᠠᠭᠤᠯᠤᠨ ᠪᠢᠴᠢᠭ᠌ᠰᠡᠨ ᠶᠤᠮ᠃ ᠰᠤᠷᠤᠭ᠍ᠴᠢᠳ᠎ᠤᠨ ᠲᠠᠨᠢᠨ ᠮᠡᠳᠡᠬᠦᠢ᠎ᠶ᠋ᠢᠨ ᠵᠢᠮ᠎ᠡ ᠶᠣᠰᠣ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ ᠰᠤᠷᠤᠭ᠍ᠴᠢᠳ᠎ᠤᠨ ᠦᠵᠡᠯ ᠰᠠᠨᠠᠭ᠎ᠠ᠂ ᠰᠤᠷᠤᠯᠴᠠᠯᠭ᠎ᠠ᠂ ᠠᠮᠢᠳᠤᠷᠠᠯ᠎ᠤᠨ ᠪᠣᠳᠠᠲᠠᠢ ᠪᠠᠢᠳᠠᠯ᠎ᠲᠠᠢ ᠤᠢ᠍ᠢᠷᠠᠳᠤᠵᠤ ᠴᠢᠳᠠᠵᠠᠢ᠃ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠨᠢ ᠰᠤᠷᠤᠭ᠍ᠴᠢᠳ᠎ᠤᠨ ᠰᠣᠨᠣᠰᠴᠤ᠌ ᠤᠩᠱᠢᠵᠤ ᠪᠢᠴᠢᠬᠦ᠌ ᠴᠢᠳᠠᠪᠤᠷᠢ ᠪᠣᠯᠤᠨ ᠰᠡᠳᠭᠢᠬᠦᠢ᠎ᠶ᠋ᠢ ᠬᠥᠭ᠌ᠵᠢᠭᠦᠯᠬᠦ᠌᠎ᠳᠤ ᠠᠱᠢᠭ᠍ᠲᠠᠢ ᠮᠦᠷᠲᠡᠭᠡᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠤᠯᠠᠮᠵᠢᠯᠠᠵᠤ᠂ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠦᠰᠡᠯᠡᠩ ᠢᠲᠡᠭᠡᠯ ᠪᠢᠱᠢᠷᠡᠯ᠎ᠢ ᠪᠠᠲᠤᠳᠭᠠᠬᠤ᠎ᠳᠤ ᠠᠱᠢᠭ᠍ᠲᠠᠢ ᠶᠤᠮ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠳᠤ ᠴᠢᠬᠤᠯᠠ ᠪᠥᠭᠡᠳ ᠣᠨᠴᠠᠭᠠᠶ ᠬᠦᠮᠦᠨ ᠬᠥᠮᠦᠵᠢᠭᠦᠯᠬᠦ᠌ ᠴᠢᠳᠠᠪᠬᠢ᠎ᠲᠠᠢ᠃ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠤᠤᠯ ᠱᠢᠵᠢᠮ᠎ᠢ ᠲᠤᠭᠤᠱᠢᠯᠠᠭᠤᠯᠬᠤ᠂ ᠢᠳᠡᠭ ᠢᠳᠡᠭ᠎ᠢᠶᠠᠷ ᠬᠦᠨᠵᠡᠭᠡᠢᠷᠡᠬᠦᠯᠬᠦ᠂ ᠡᠷᠭᠢᠭᠦᠯᠭᠡᠨ ᠬᠡᠯᠪᠡᠷᠢ᠎ᠪᠠᠷ ᠳᠡᠭᠡᠭ᠌ᠰᠢᠯᠡᠬᠦᠯᠬᠦ᠌ ᠨᠢᠭᠡ ᠴᠣᠭ᠍ᠴᠠᠵᠢᠭ᠍ᠰᠠᠨ ᠴᠢᠳᠠᠪᠤᠷᠢᠲᠠᠨ ᠬᠥᠮᠦᠵᠢᠭᠦᠯᠬᠦ᠌ ᠪᠠᠢᠷᠢᠱᠢᠯ᠎ᠢ ᠪᠦᠷᠢᠯᠳᠦᠭᠦᠯᠬᠦ᠌᠎ᠳᠤ ᠠᠱᠢᠭ᠍ᠲᠠᠶ ᠪᠠᠢᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠢᠬᠠᠨ ᠬᠥᠳᠡᠯᠮᠦᠷᠢ ᠪᠥᠬᠦ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠭ᠍ᠴᠢ ᠪᠣᠯᠤᠨ ᠵᠠᠯᠭᠠᠮᠵᠢᠯᠠᠭ᠍ᠴᠢ᠎ᠶ᠋ᠢ ᠬᠥᠮᠦᠵᠢᠭᠦᠯᠬᠦ᠌᠎ᠳᠤ ᠣᠷᠣᠯᠠᠭᠤᠯᠵᠤ ᠪᠣᠯᠤᠰᠢ ᠥᠬᠡᠶ ᠦᠢᠯᠡᠳᠣᠯ᠎ᠲᠠᠢ ᠶᠤᠮ》 ᠬᠡᠯᠡ᠃
ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠣᠯ ᠤᠯᠤᠰ᠎ᠤᠨ ᠲᠠᠰ᠎ᠤᠨ᠂ ᠥᠨᠳᠥᠷ ᠲᠦᠪᠱᠢᠨ ᠪᠦᠬᠦᠢ᠂ ᠡᠷᠬᠡ ᠰᠦᠷᠲᠦ ᠴᠢᠨᠠᠷᠲᠠᠶ ᠵᠢᠭᠠᠬᠤ ᠮᠠᠲ᠋ᠧᠷᠢᠶᠠᠯ ᠪᠣᠯᠤᠨ᠎ᠠ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠤᠨ ᠦᠵᠡᠯᠲᠡ᠎ᠶ᠋ᠢ ᠪᠠᠳᠠᠷᠠᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯᠲᠤ ᠰᠣᠶᠣᠯ ᠪᠣᠯᠤᠨ ᠨᠡᠢᠭᠡᠮ ᠵᠢᠷᠤᠮ᠎ᠤᠨ ᠰᠣᠶᠣᠯ ᠬᠥᠮᠦᠵᠢᠯ᠎ᠢ ᠴᠢᠩᠭᠠᠳᠭᠠᠬᠤ᠎ᠪᠠᠷ ᠨᠠᠢᠷᠠᠭᠤᠯᠤᠨ ᠪᠢᠴᠢᠬᠦ᠌ ᠵᠠᠷᠴᠢᠮ ᠪᠤᠯᠭᠠᠵᠤ᠂ ᠥᠷᠭᠡᠨ ᠣᠯᠠᠨ ᠰᠤᠷᠤᠭ᠍ᠴᠢᠳ᠎ᠢ ᠬᠠᠪᠰᠤᠷᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠶᠡᠭᠡ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ ᠪᠣᠯᠬᠤ᠎ᠳᠤ ᠠᠱᠢᠭ᠍ᠲᠠᠶ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠨᠢ ᠣᠭ ᠦᠨᠳᠦᠰᠦ᠎ᠪᠠᠨ ᠥᠯᠥ᠍ ᠮᠠᠷᠲᠠᠬᠤ᠂ ᠭᠠᠳᠠᠭᠠᠳᠤᠶ᠋ᠢᠨᠬᠢᠶ᠋ᠢ ᠱᠢᠩᠭᠡᠭᠡᠨ ᠠᠪᠬᠤ᠂ ᠢᠷᠡᠭᠡᠳᠦᠶ᠎ᠳᠤ ᠬᠠᠨᠳᠤᠬᠤ ᠱᠠᠭᠠᠷᠳᠠᠯᠭ᠎ᠠ᠎ᠪᠠᠷ᠂ ᠠᠭᠤᠯᠭ᠎ᠠ᠎ᠶ᠋ᠢᠨ ᠲᠠᠯ᠎ᠠ᠎ᠳᠤ ᠦᠶ᠎ᠡ᠎ᠶ᠋ᠢᠨ ᠦᠶ᠎ᠡ᠎ᠳᠤ ᠤᠯᠠᠮᠵᠢᠯᠠᠬᠤ᠎ᠶ᠋ᠢ ᠢᠯᠡᠷᠡᠬᠦᠯᠦᠭ᠌ᠰᠡᠨ᠎ᠢᠶᠠᠷ ᠪᠠᠷᠠᠬᠤ ᠥᠬᠡᠶ ᠪᠠᠰᠠ ᠴᠠᠭ ᠦᠶᠡᠴᠢ ᠴᠢᠨᠠᠷ᠎ᠢ ᠢᠯᠡᠷᠡᠭᠦᠯᠵᠦ᠍᠂ ᠠᠵᠤ ᠠᠬᠤᠶ ᠨᠡᠢᠭᠡᠮ᠎ᠤᠨ ᠬᠥᠭ᠌ᠵᠢᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ ᠪᠠ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢ ᠲᠤᠰᠭᠠᠵᠤ᠂ ᠠᠯᠤᠰ ᠬᠡᠲᠦ᠎ᠶ᠋ᠢᠨ ᠴᠢᠨᠠᠷᠲᠠᠶ ᠪᠥᠭᠡᠳ ᠣᠯᠠᠨ ᠤᠯᠤᠰ᠎ᠤᠨ ᠬᠠᠷᠠᠭᠠᠰᠤ᠎ᠲᠠᠢ ᠪᠠᠢᠵᠤ᠂ ᠰᠤᠷᠤᠭ᠍ᠴᠢᠳ᠎ᠤᠨ ᠬᠠᠷᠠᠭ᠎ᠠ᠎ᠪᠠᠨ ᠥᠷᠭᠡᠳᠭᠡᠬᠦ᠌᠎ᠳᠤ ᠠᠱᠢᠭ᠍ᠲᠠᠶ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠨᠢ ᠦᠨᠳᠦᠰᠦᠲᠡᠨ᠎ᠤ ᠭᠠᠵᠠᠷ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠠᠩ ᠴᠢᠨᠠᠷ ᠰᠠᠢᠲᠠᠶ ᠰᠤᠷᠭᠠᠨ ᠬᠥᠮᠦᠵᠢᠯ ᠭᠥᠷᠳᠡᠬᠦ᠌᠎ᠳᠤ ᠠᠱᠢᠭ᠍ᠲᠠᠶ ᠪᠠᠢᠵᠤ᠂ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠠᠴᠢ ᠬᠤᠯᠪᠣᠭ᠍ᠳᠠᠯ ᠪᠠ ᠠᠯᠤᠰ ᠬᠡᠲᠦ᠎ᠶ᠋ᠢᠨ ᠪᠣᠳᠠᠲᠤ ᠠᠴᠢ ᠬᠤᠯᠪᠣᠭ᠍ᠳᠠᠯ᠎ᠲᠠᠢ ᠶᠤᠮ ᠬᠡᠵᠦ᠍ ᠡᠦ ᠶᠢᠩ ᠵᠧ ᠫᠷᠤᠹᠧᠰᠰᠤᠷ ᠢᠯᠡᠳᠭᠡᠪᠠ᠃
ᠰᠤᠷᠭᠠᠭᠤᠯᠢ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠭᠤᠣᠯ ᠵᠢᠭ᠍ᠰᠠᠭᠠᠯ᠎ᠤᠨ ᠭᠠᠵᠠᠷ ᠪᠠ ᠭᠤᠣᠯ ᠠᠷᠭ᠎ᠠ ᠵᠠᠮ ᠮᠥᠨ᠃ ᠶᠡᠭᠡ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠪᠣᠯᠤᠭ᠍ᠰᠠᠨ᠎ᠤ ᠬᠤᠪᠢ᠎ᠳᠤ᠂ ᠦ᠋ ᠶᠢᠩ ᠵᠧᠶ᠋ᠢᠨ ᠦᠵᠡᠬᠦ᠌᠎ᠪᠠᠷ᠂ ᠰᠤᠷᠭᠠᠭᠤᠯᠢ᠎ᠨᠢ ᠪᠠᠭ᠍ᠰᠢ᠎ᠶ᠋ᠢᠨ ᠡᠩᠨᠡᠭᠡ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ᠎ᠤᠨ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠡᠵᠡᠮᠱᠢᠨ ᠬᠡᠷᠡᠭ᠌ᠯᠡᠬᠦ᠌᠎ᠳᠤ ᠴᠢᠨᠠᠷ ᠰᠠᠢᠲᠠᠶ ᠪᠠᠭ᠍ᠰᠢ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠶ᠃ ᠰᠤᠷᠭᠠᠭᠤᠯᠢ᠎ᠨᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠤᠨ ᠱᠢᠨ᠎ᠡ ᠵᠠᠭ᠍ᠪᠤᠷ᠎ᠢ ᠦᠷᠭᠦᠯᠵᠢᠯᠡᠨ ᠰᠦᠪᠡᠭ᠌ᠴᠢᠯᠡᠵᠦ᠍᠂ ᠭᠤᠤᠯ ᠰᠡᠳᠦᠪᠲᠦ ᠬᠥᠮᠦᠵᠢᠯ᠎ᠤᠨ ᠬᠡᠯᠪᠡᠷᠢ ᠪᠠ ᠠᠭᠤᠯᠭ᠎ᠠ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠤ ᠰᠣᠶᠣᠯ᠎ᠤᠨ ᠠᠵᠢᠯᠯᠠᠭ᠎ᠠ᠎ᠶ᠋ᠢᠨ ᠠᠭᠤᠯᠬᠤᠨ᠎ᠢ ᠥᠷᠭᠡᠳᠭᠡᠵᠦ᠍᠂ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠲᠠᠩᠬᠢᠮ᠎ᠢ ᠰᠤᠳᠤᠯᠤᠨ ᠰᠤᠷᠤᠯᠴᠠᠬᠤ ᠦᠢᠯᠡᠳᠣᠯᠭᠡ᠎ᠶ᠋ᠢᠨ ᠨᠡᠢᠭᠡᠮ᠎ᠤᠨ ᠶᠡᠭᠡ ᠬᠢᠴᠢᠶᠡᠯ᠎ᠤᠨ ᠲᠠᠩᠬᠢᠮᠯᠤᠭᠠ ᠣᠷᠭᠠᠨᠢᠭ᠎ᠢᠶᠠᠷ ᠤᠶᠠᠯᠳᠤᠭᠤᠯᠤᠨ᠂ ᠰᠤᠷᠤᠭ᠍ᠴᠢᠳ᠎ᠤᠨ ᠦᠵᠡᠯ ᠰᠠᠨᠠᠭᠠᠨ᠎ᠤ ᠲᠠᠨᠢᠨ ᠮᠡᠳᠡᠷᠡᠬᠦᠢ᠂ ᠬᠠᠢᠷ᠎ᠠ ᠰᠡᠳᠭᠢᠯᠭᠡ᠎ᠶ᠋ᠢᠨ ᠲᠠᠨᠢᠨ ᠮᠡᠳᠡᠷᠡᠬᠦᠢ᠎ᠪᠠᠨ ᠠᠵᠢᠯᠯᠠᠭᠠᠨ᠎ᠤ ᠤᠬᠠᠮᠰᠠᠷ ᠪᠣᠯᠭᠠᠨ ᠬᠤᠪᠢᠷᠠᠭᠤᠯᠵᠤ᠂ ᠲᠠᠰᠤᠷᠠᠯᠲᠠ ᠥᠬᠡᠶ ᠦᠢᠯᠡᠳᠣᠯᠭᠡᠵᠢᠭᠦᠯᠬᠦ᠌ ᠪᠠ ᠬᠡᠷᠡᠭ᠌ᠯᠡᠬᠦ᠌᠎ᠪᠠᠷ ᠳᠠᠮᠵᠢᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠷᠡᠭ᠌ᠯᠡᠬᠦ᠌ ᠴᠢᠳᠠᠪᠤᠷᠢ ᠪᠠ ᠬᠢᠷᠢ ᠲᠦᠪᠱᠢᠨ᠎ᠢᠶᠠᠨ ᠤᠯᠠᠮ ᠴᠢᠨᠠᠭ᠍ᠰᠢᠳᠠ ᠳᠡᠬᠡᠭ᠌ᠰᠢᠯᠡᠬᠦᠯᠬᠦ᠌᠎ᠶ᠋ᠢ ᠬᠦᠳᠦᠯᠦᠨ ᠵᠢᠯᠤᠭᠤᠳᠭᠤ ᠬᠡᠷᠡᠭ᠌ᠳᠡᠢ ᠬᠡᠪᠡ᠃
ᠰᠤᠷᠭᠠᠭᠤᠯᠢ᠎ᠠᠴᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠬᠡᠷᠬᠢᠨ ᠦᠷᠭᠦᠯᠵᠢᠯᠡᠨ ᠭᠦᠨᠵᠡᠭᠡᠶ ᠥᠷᠨᠢᠭᠦᠯᠬᠦ᠌ ᠲᠤᠬᠠᠶ ᠦ᠋ ᠶᠢᠩ ᠵᠧ᠄ 《ᠪᠢᠳᠡ 〈ᠬᠢᠴᠢᠶᠡᠯ᠎ᠤᠨ ᠳᠠᠩᠬᠢᠮ᠎ᠤᠨ ᠦᠵᠡᠯ ᠰᠠᠨᠠᠭ᠎ᠠ ᠤᠯᠤᠰ ᠲᠥᠷᠥ᠍〉 ᠶ᠋ᠢᠨ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠥᠷᠥᠯ᠎ᠤᠨ ᠲᠤᠰᠭᠠᠶ ᠮᠡᠷᠭᠡᠵᠢᠯ᠎ᠤᠨ ᠬᠢᠴᠢᠶᠡᠯ᠎ᠳᠤ ᠠᠭᠤᠯᠤᠭ᠍ᠳᠠᠵᠤ ᠪᠠᠢᠭ᠎ᠠ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠤᠨ ᠡᠯᠧᠮᠧᠨ᠋ᠲ᠎ᠢ ᠡᠮᠬᠢᠯᠡᠨ ᠳᠢᠭ᠌ᠯᠡᠵᠦ᠍᠂ ᠬᠢᠴᠢᠶᠡᠯ᠎ᠳᠤ ᠠᠭᠤᠯᠤᠭ᠍ᠳᠠᠵᠤ ᠪᠠᠢᠭ᠎ᠠ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠤᠨ ᠦᠵᠡᠯ ᠰᠠᠨᠠᠭ᠎ᠠ᠎ᠶ᠋ᠢ ᠠᠭᠤᠳᠠᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠡᠳᠦᠷ ᠲᠤᠲᠤᠮ᠎ᠤᠨ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠪᠥᠬᠦ᠌ ᠶᠠᠪᠤᠴᠠ᠂ ᠡᠯ᠎ᠡ ᠭᠤᠭ᠍ᠴᠤᠭ᠎ᠠ᠎ᠳᠤ ᠠᠭᠤᠰᠭᠠᠨ ᠤᠷᠤᠭᠤᠯᠬᠤ ᠬᠡᠷᠡᠭ᠌ᠳᠡᠢ᠃ ᠭᠤᠤᠯ ᠰᠡᠳᠦᠪᠲᠦ ᠬᠥᠮᠦᠵᠢᠯ᠂ ᠴᠠᠭ᠎ᠤᠨ ᠪᠠᠢᠳᠠᠯ ᠬᠢᠭᠡᠳ ᠲᠥᠷᠥ᠎ᠶ᠋ᠢᠨ ᠪᠣᠳᠣᠯᠭ᠎ᠠ᠎ᠶ᠋ᠢᠨ ᠬᠢᠴᠢᠶᠡᠯ᠂ ᠭᠤᠤᠯ ᠰᠡᠳᠦᠪᠲᠦ ᠨᠠᠮ᠎ᠤᠨ ᠡᠳᠦᠷᠯᠢᠭ ᠡᠪᠯᠡᠯ᠎ᠤᠨ ᠡᠳᠦᠷᠯᠢᠭ ᠵᠢᠴᠢ ᠰᠤᠷᠭᠠᠭᠤᠯᠢ᠎ᠶ᠋ᠢᠨ ᠬᠦᠷᠢᠶᠡᠨ᠎ᠤ ᠨᠠᠷᠠᠲᠤ ᠲᠡᠮᠳᠡᠭ᠌ᠲᠦ ᠰᠣᠶᠣᠯ᠎ᠤᠨ ᠠᠵᠢᠯᠯᠠᠭ᠎ᠠ ᠵᠡᠷᠭᠡ᠎ᠪᠠᠷ ᠳᠠᠮᠵᠢᠭᠤᠯᠤᠨ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠵᠡᠯ ᠰᠠᠨᠠᠭᠠᠨ᠎ᠤ ᠬᠥᠮᠦᠵᠢᠯ᠎ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠪᠠᠭ᠍ᠰᠢ ᠰᠤᠷᠤᠭ᠍ᠴᠢᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠵᠠᠯᠠᠭᠤ ᠰᠤᠷᠤᠭ᠍ᠴᠢᠳ᠎ᠤᠨ ᠰᠡᠳᠭᠢᠯ᠎ᠳᠤ ᠭᠦᠨ ᠦᠨᠳᠦᠰᠦᠯᠡᠭᠦᠯᠬᠦ᠌ ᠬᠡᠷᠡᠭ᠌ᠳᠡᠢ》 ᠬᠡᠯᠡ᠃