ᠥᠪᠡᠷᠲᠡᠭᠡᠨ ᠵᠠᠰᠠᠬᠤ ᠣᠷᠣᠨ᠎ᠤ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ ᠲᠤᠰᠭᠠᠶ ᠰᠡᠳᠦᠪᠲᠦ ᠨᠣᠮ ᠤᠩᠱᠢᠬᠤ ᠠᠵᠢᠯᠯᠠᠭ᠎ᠠ ᠦᠷᠨᠢᠭᠦᠯᠪᠡ
2021-08-26 09:44:28
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠦᠪᠡᠷᠳᠡᠭᠡᠨ ᠵᠠᠰᠠᠬᠤ ᠤᠷᠤᠨ᠎ᠤ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ ᠬᠤᠶᠠᠳᠤᠭᠠᠷ ᠬᠤᠭᠤᠴᠠᠭᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠨᠣᠮ ᠤᠩᠱᠢᠬᠤ ᠠᠩᠭᠢ ᠵᠢᠴᠢ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠶ ᠰᠡᠳᠦᠪᠲᠦ ᠨᠣᠮ ᠤᠩᠱᠢᠬᠤ ᠠᠵᠢᠯᠯᠠᠭ᠎ᠠ ᠦᠷᠨᠢᠭᠦᠯᠪᠡ᠃

ᠲᠤᠰᠭᠠᠶ ᠰᠡᠳᠦᠪᠲᠦ ᠨᠣᠮ ᠤᠩᠱᠢᠬᠤ ᠠᠩᠭᠢ᠎ᠨᠢ ᠲᠥᠪᠯᠡᠷᠡᠭᠦᠯᠦᠨ ᠬᠢᠴᠢᠶᠡᠯᠯᠡᠬᠦ᠂ ᠦᠵᠡᠭᠦᠯᠭᠡ᠎ᠶ᠋ᠢ ᠲᠤᠭᠤᠷᠢᠨ ᠦᠵᠡᠬᠦ᠂ ᠲᠥᠪᠯᠡᠷᠡᠭᠦᠯᠦᠨ ᠰᠤᠳᠤᠯᠤᠨ ᠶᠠᠷᠢᠯᠴᠠᠬᠤ᠂ ᠬᠠᠮᠲᠤ᠎ᠶ᠋ᠢᠨ ᠱᠢᠯᠭᠠᠯᠳᠠ ᠵᠡᠷᠭᠡ᠎ᠪᠠᠷ ᠲᠠᠮᠵᠢᠭᠤᠯᠤᠨ᠂ ᠥᠷᠭᠡᠨ ᠣᠯᠠᠨ ᠺᠠᠳ᠋ᠷᠴᠤᠳ᠎ᠤᠨ ᠦᠵᠡᠯ ᠰᠠᠨᠠᠭ᠎ᠠ᠎ᠪᠠᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠰᠤᠷᠤᠯᠴᠠᠨ ᠮᠡᠳᠡᠵᠦ᠍ ᠨᠡᠪᠲᠡᠷᠡᠲᠡᠯ᠎ᠡ ᠤᠢ᠍ᠢᠯᠠᠭᠠᠵᠤ ᠪᠣᠳᠠᠲᠠᠢᠵᠢᠭᠤᠯᠬᠤ ᠳᠡᠭᠡᠷ᠎ᠡ ᠬᠦᠴᠦ᠍ ᠲᠠᠯᠪᠢᠬᠤ᠎ᠶ᠋ᠢ ᠬᠦᠳᠦᠯᠦᠨ ᠲᠠᠭᠠᠭᠤᠯᠪᠠ᠃

ᠨᠣᠮ ᠤᠩᠱᠢᠬᠤ ᠠᠩᠭᠢ᠎ᠠᠴᠠ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠲᠡᠷᠢᠭᠦᠨ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠭᠤᠤᠯ ᠠᠭᠤᠯᠭ᠎ᠠ ᠪᠣᠯᠭᠠᠵᠤ᠂ ᠱᠢᠰᠲ᠋ᠧᠮ᠎ᠲᠠᠢ ᠲᠥᠯᠥᠪᠵᠢᠭᠦᠯᠵᠦ᠍᠂ ᠪᠦᠬᠦᠯᠢ ᠴᠣᠭ᠍ᠴᠠ᠎ᠪᠠᠷ ᠠᠬᠢᠭᠤᠯᠵᠤ᠂ ᠰᠤᠷᠤᠯᠴᠠᠬᠤ ᠬᠡᠷᠡᠭ᠌ᠯᠡᠬᠦ᠌᠎ᠶ᠋ᠢ ᠤᠶᠠᠯᠳᠤᠭᠤᠯᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠵᠦ᠍᠂ ᠰᠡᠳᠭᠢᠯ᠎ᠳᠤ ᠬᠠᠳᠠᠩᠱᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠦᠷ᠎ᠡ ᠪᠦᠲᠦᠭᠡᠯ᠎ᠢ ᠬᠤᠪᠢᠷᠠᠭᠤᠯᠬᠤ᠎ᠶ᠋ᠢ ᠲᠦᠷᠭᠡᠳᠭᠡᠵᠦ᠍᠂ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠨᠡᠩ ᠶᠡᠭᠡ ᠵᠢᠳᠬᠦᠯ ᠴᠢᠷᠮᠠᠢᠯᠭ᠎ᠠ ᠭᠠᠷᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠠᠵᠢᠯ᠎ᠢᠶᠠᠨ ᠲᠥᠯᠥᠪᠵᠢᠭᠦᠯᠬᠦ᠌ ᠰᠡᠳᠭᠢᠴᠡ᠂ ᠠᠵᠢᠯ᠎ᠢᠶᠠᠨ ᠠᠬᠢᠭᠤᠯᠬᠤ ᠠᠷᠭ᠎ᠠ ᠬᠡᠮᠵᠢᠶ᠎ᠡ᠂ ᠠᠵᠢᠯ᠎ᠢᠶᠠᠨ ᠤᠳᠤᠷᠢᠳᠭᠤ ᠴᠢᠳᠠᠪᠤᠷᠢ ᠪᠣᠯᠭᠠᠨ ᠬᠤᠪᠢᠷᠠᠭᠤᠯᠵᠤ᠂ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠢ᠃ ᠠᠷᠠᠳ᠎ᠤᠨ ᠲᠥᠯᠥᠭᠡ ᠪᠠᠢᠬᠤ ᠵᠣᠷᠢᠯᠲᠠ᠎ᠶ᠋ᠢ ᠦᠢᠯᠡᠳᠦᠯᠭᠡᠵᠢᠭᠦᠯᠵᠦ᠍᠂ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠲᠤ ᠦᠢᠯᠡᠴᠢᠯᠡᠬᠦ᠌ ᠲᠠᠯ᠎ᠠ᠎ᠪᠠᠷ ᠨᠡᠩ ᠶᠡᠭᠡ ᠵᠢᠳᠬᠦᠯ ᠴᠢᠷᠮᠠᠢᠯᠭ᠎ᠠ ᠭᠠᠷᠭᠠᠵᠤ᠂ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠲᠤ ᠬᠢᠬᠦ᠌ 《ᠠᠷᠪᠠᠨ ᠪᠣᠳᠠᠲᠤ ᠶᠠᠪᠤᠳᠠᠯ》 ᠎ᠢ ᠰᠠᠢᠲᠤᠷ ᠨᠠᠢᠳᠠᠪᠤᠷᠢᠵᠢᠭᠤᠯᠵᠤ᠂ ᠨᠠᠷᠢᠨ ᠲᠠᠩᠰᠠ᠎ᠶ᠋ᠢᠨ ᠮᠠᠶᠢᠭ᠎ᠤᠨ ᠬᠥᠳᠡᠯᠦᠩᠭᠦᠢ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠵᠤᠷᠪᠤᠰ ᠪᠦᠷᠢ᠎ᠶ᠋ᠢ ᠨᠠᠢᠳᠠᠪᠤᠷᠢᠵᠢᠭᠤᠯᠵᠤ᠂ ᠶᠠᠪᠤᠳᠠᠯ ᠪᠦᠷᠢ᠎ᠳᠤ ᠦᠷ᠎ᠡ ᠪᠦᠲᠦᠮᠵᠢ ᠭᠠᠷᠭᠠᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号