ᠲᠥᠪᠡᠳ᠎ᠤᠨ ᠦᠯᠢᠭᠡᠷ᠎ᠢ ᠰᠣᠨᠣᠰᠴᠤ᠌ ᠯᠤᠲᠤ ᠶᠡᠭᠡ ᠬᠤᠪᠢᠷᠠᠯᠲᠠ᠎ᠶ᠋ᠢ ᠬᠠᠷᠠᠶ᠎ᠠ
2021-08-26 09:35:55
ᠵᠣᠬᠢᠶᠠᠭ᠍ᠴᠢ᠄
ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠱᠧᠨ ᠬᠤᠩ ᠪᠢᠩ ᠪᠢᠮᠪᠠᠼᠧᠷᠢᠩ ᠵᠠᠩ ᠵᠤᠤ ᠵᠶ᠋ᠢ
ᠣᠩᠱᠢᠭ᠍ᠰᠠᠨ ᠣᠳᠠᠭ᠎ᠠ᠄
★★★☆☆

2021 ᠤᠨ᠂ ᠲᠥᠪᠡᠳ᠎ᠢ ᠨᠠᠢᠷᠠᠮᠳᠠᠯ᠎ᠢᠶᠠᠷ ᠴᠢᠯᠥᠭᠡᠯᠡᠭ᠌ᠰᠡᠨ 70 ᠵᠢᠯ᠎ᠤᠨ ᠤᠢ᠃

ᠳᠠᠯᠠᠨ ᠵᠢᠯ᠎ᠤᠨ ᠬᠤᠭᠤᠴᠠᠭᠠᠨ᠎ᠠ᠂ ᠲᠥᠪᠡᠳ᠎ᠲᠤ ᠯᠤᠲᠤ ᠶᠡᠭᠡ ᠬᠤᠪᠢᠷᠠᠯᠲᠠ ᠭᠠᠷᠪᠠ᠃

19 ᠎ᠤ ᠦᠳᠡ᠎ᠶ᠋ᠢᠨ ᠡᠮᠦᠨ᠎ᠡ᠂ ᠲᠥᠪᠡᠳ᠎ᠤᠨ ᠦᠨᠳᠦᠰᠦᠲᠡᠨ᠎ᠨᠦᠭᠦᠳ᠎ᠤᠨ ᠡᠯ᠎ᠡ ᠡᠲᠡᠭᠡᠳ᠎ᠤᠨ ᠺᠠᠳ᠋ᠷ ᠤᠯᠠᠨ ᠲᠦᠮᠡᠨ 2 ᠲᠦᠮᠡ ᠭᠠᠷᠤᠢ ᠬᠥᠮᠦᠨ ᠪᠤᠳᠠᠯᠠ ᠣᠷᠳᠣᠨ᠎ᠤ ᠠᠭᠤᠳᠠᠮ ᠲᠠᠯᠠᠪᠠᠢ᠎ᠳᠤ ᠴᠤᠭ᠍ᠯᠠᠷᠠᠵᠤ᠂ ᠲᠥᠪᠡᠳ᠎ᠢ ᠨᠠᠢᠷᠠᠮᠳᠠᠯ᠎ᠢᠶᠠᠷ ᠴᠢᠯᠥᠭᠡᠯᠡᠭ᠌ᠰᠡᠨ 70 ᠵᠢᠯ᠎ᠤᠨ ᠤᠢ᠎ᠶ᠋ᠢ ᠬᠠᠯᠠᠭᠤᠨ᠎ᠢᠶᠠᠷ ᠪᠡᠯᠭᠡᠯᠡᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ ᠪᠠᠶᠠᠷ᠎ᠤᠨ ᠫᠠᠢᠰᠠ ᠢᠯᠡᠷᠬᠡᠢᠯᠡᠯ ᠳᠡᠭᠡᠷ᠎ᠡ 《ᠦᠵᠡᠰᠭᠦᠯᠡᠩᠲᠦ ᠰᠠᠢᠬᠠᠨ ᠵᠣᠯ ᠵᠢᠷᠭᠠᠯᠲᠤ ᠲᠥᠪᠡᠳ᠎ᠢ ᠪᠦᠲᠦᠭᠡᠨ ᠪᠠᠢᠭᠤᠯᠵᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠦᠶ᠎ᠡ》 ᠭᠡᠬᠦ᠌ ᠪᠢᠴᠢᠭᠡᠰᠦ ᠪᠢᠴᠢᠵᠦ᠍ ᠥᠭ᠌ᠪᠡ᠃ ᠭᠦᠨ ᠰᠡᠳᠭᠢᠯᠭᠡ᠎ᠲᠠᠢ ᠪᠢᠴᠢᠭᠡᠰᠦ᠎ᠨᠢ ᠬᠤᠲᠠ ᠬᠥᠳᠡᠭᠡ᠂ ᠴᠠᠰᠤᠲᠤ ᠠᠭᠤᠯᠠ ᠲᠠᠯ᠎ᠠ ᠨᠤᠲᠤᠭ᠎ᠢᠶᠠᠷ ᠳᠠᠮᠵᠢᠬ᠍ᠳᠠᠨ ᠤᠯᠠᠮᠵᠢᠯᠠᠭ᠍ᠳᠠᠪᠠ᠃

ᠲᠥᠪᠡᠳ᠎ᠤᠨ ᠬᠥᠭ᠌ᠵᠢᠯᠲᠡ ᠪᠦᠳᠦᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠂ ᠠᠮᠢ ᠠᠬᠤᠢ᠎ᠶ᠋ᠢᠨ ᠬᠠᠮᠠᠭᠠᠯᠠᠯᠲᠠ ᠵᠡᠷᠭᠡ᠎ᠶ᠋ᠢ ᠶᠡᠷᠦᠩᠬᠡᠢ ᠱᠦᠵᠢ ᠰᠢ᠎ᠶ᠋ᠢᠨ ᠫᠢᠩ ᠢᠮᠠᠭ᠍ᠲᠠ ᠰᠡᠳᠭᠢᠯ᠎ᠳᠡᠭᠡᠨ ᠪᠤᠳᠤᠬ᠍ᠰᠠᠭᠠᠷ ᠢᠷᠡᠪᠡ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠨᠠᠮ ᠪᠣᠯᠤᠨ ᠤᠯᠤᠰ᠎ᠤᠨ ᠠᠵᠢᠯ ᠦᠢᠯᠡᠰ᠎ᠤᠨ ᠪᠦᠬᠦ᠌ ᠲᠠᠯ᠎ᠠ᠎ᠠᠴᠠ ᠡᠭᠦᠰᠴᠤ᠌᠂ ᠲᠥᠪᠡᠳ᠎ᠤᠨ ᠥᠨᠢ ᠤᠳᠠᠭᠠᠨ ᠠᠮᠤᠷ ᠲᠦᠪᠱᠢᠨ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠱᠢᠰᠲ᠋ᠧᠮ᠎ᠲᠠᠢ ᠲᠥᠯᠥᠪᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠤᠳᠤᠯᠭ᠎ᠠ᠎ᠶ᠋ᠢ ᠪᠦᠷᠢᠯᠳᠦᠭᠦᠯᠵᠦ᠍᠂ ᠪᠦᠯᠬᠦᠮᠳᠡᠯ᠎ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠢᠬᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠱᠢᠨ᠎ᠡ ᠲᠥᠪᠡᠳ᠎ᠢ ᠪᠦᠳᠦᠭᠡᠨ ᠪᠠᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ᠃

ᠥᠨᠥᠳᠦᠷ᠂ ᠪᠢᠳᠡ ᠬᠠᠮᠲᠤ᠎ᠪᠠᠷ ᠥᠷᠭᠡᠨ ᠠᠭᠤᠳᠠᠮ ᠥᠨᠳᠦᠷᠯᠢᠭ᠎ᠲᠤ ᠭᠦᠨᠵᠡᠭᠡᠢᠷᠡᠵᠦ᠍᠂ ᠲᠥᠪᠡᠳ᠎ᠲᠤ ᠬᠦᠷᠴᠦ᠍᠂ ᠠᠳᠡ ᠡᠭᠦᠰᠦᠭ᠌ᠰᠡᠨ ᠦᠯᠢᠭᠡᠷ᠎ᠢ ᠰᠣᠨᠣᠰᠴᠤ᠌᠂ ᠡᠨᠡ ᠬᠦ᠌ ᠠᠭᠤᠳᠠᠮ ᠬᠦᠷᠦᠰᠤ᠎ᠶ᠋ᠢᠨ 70 ᠵᠢᠯ᠎ᠤᠨ ᠲᠤᠷᠱᠢᠬᠢ ᠯᠤᠲᠤ ᠶᠡᠭᠡ ᠬᠤᠪᠢᠷᠠᠯᠲᠠ᠎ᠶ᠋ᠢ ᠬᠠᠷᠠᠶ᠎ᠠ᠃

 

ᠬᠤᠪᠢ ᠨᠡᠮᠡᠷᠢ ᠦᠵᠡᠭᠦᠯᠦᠭ᠌ᠰᠡᠨ ᠦᠯᠢᠭᠡᠷ

 

《ᠬᠡᠷᠪᠡ ᠪᠢᠳᠡ ᠶᠠᠪᠤᠴᠢᠬᠠᠪᠠᠯ ᠡᠨᠡ ᠬᠡᠰᠡᠭ ᠨᠤᠲᠤᠭ ᠳᠡᠪᠢᠰᠭᠡᠷ ᠳᠡᠭᠡᠷ᠎ᠡ ᠬᠥᠮᠦᠨ ᠦᠭᠡᠢ ᠪᠣᠯᠤᠨ᠎ᠠ!》 ᠠᠪᠤ᠎ᠶ᠋ᠢᠨ᠎ᠢᠶᠠᠨ ᠡᠨᠡ ᠦᠭᠡ᠎ᠶ᠋ᠢ ᠵᠤᠭ᠎ᠠ ᠪᠣᠯᠤᠨ ᠶᠠᠩᠽᠦᠩ ᠨᠠᠰᠤᠨ ᠲᠤᠷᠱᠢᠳᠠ᠎ᠪᠠᠨ ᠴᠡᠬᠡᠵᠢᠯᠡᠵᠥ᠍ ᠶᠠᠪᠤᠨ᠎ᠠ᠃

ᠶᠢᠦ᠋ᠢᠮᠠᠢ ᠱᠢᠶᠠᠩ ᠲᠥᠪᠡᠳ᠎ᠤᠨ ᠱᠠᠨᠨᠠᠨ ᠬᠤᠲᠠ᠎ᠶ᠋ᠢᠨ ᠯᠾᠢᠦ᠋ᠢᠨᠽᠧ ᠱᠢᠶᠠᠨ᠎ᠳᠤ ᠬᠠᠷᠢᠶᠠᠯᠠᠭ᠍ᠳᠠᠵᠤ᠂ ᠳᠤᠮᠳᠠᠳᠤ ᠡᠨᠡᠳᠭᠡᠭ᠎ᠤᠨ ᠬᠢᠯᠢ᠎ᠳᠤ ᠪᠠᠢᠷᠢᠯᠠᠨ᠎ᠠ᠃

1995 ᠣᠨ᠎ᠠᠴᠠ ᠡᠮᠦᠨᠡᠬᠢ ᠬᠡᠳᠦᠨ ᠠᠷᠪᠠᠨ ᠵᠢᠯ᠎ᠳᠤ᠂ ᠵᠤᠭ᠎ᠠ᠂ ᠲᠡᠭᠦᠨ᠎ᠤ ᠥᠬᠢᠨ ᠳᠡᠭᠦᠦ ᠶᠠᠩᠽᠦᠩ ᠵᠢᠴᠢ ᠲᠡᠭᠦᠨ᠎ᠤ ᠡᠴᠢᠭᠡ ᠰᠠᠩᠵᠠᠢᠴᠦ᠋ᠪᠠ ᠪᠣᠯ ᠡᠨᠡ ᠨᠤᠲᠤᠭ ᠳᠡᠬᠡᠷᠡᠬᠢ ᠴᠣᠷ᠎ᠤᠨ ᠭᠠᠭ᠍ᠴᠠ ᠰᠠᠭᠤᠭᠠᠯᠢ ᠠᠷᠠᠳ ᠪᠠᠢᠵᠠᠢ᠃

ᠨᠢᠭᠡ ᠰᠠᠭᠤᠷᠢ ᠭᠡᠷ᠂ ᠱᠢᠶᠠᠩ᠎ᠤᠨ ᠵᠠᠰᠠᠭ᠎ᠤᠨ ᠣᠷᠳᠣᠨ᠂ ᠪᠠᠰᠠ ᠴᠤ᠌ ᠲᠡᠳᠡᠨ᠎ᠤ ᠭᠡᠷ᠃

ᠣᠳᠣ ᠪᠣᠯᠲᠠᠯ᠎ᠠ᠂ ᠵᠤᠭ᠎ᠠ ᠮᠦᠨ ᠯᠡ ᠡᠴᠢᠭᠡ᠎ᠶ᠋ᠢᠨ᠎ᠢᠶᠠᠨ ᠠᠪᠳᠠᠷ᠎ᠠ ᠬᠤᠷᠭᠤ᠎ᠪᠠᠨ ᠤᠷᠪᠠᠭᠤᠯᠵᠤ ᠬᠤᠪᠴᠠᠰᠤ ᠬᠢᠬᠦ᠌᠎ᠳᠤ ᠬᠡᠷᠡᠭ᠌ᠯᠡᠳᠡᠭ ᠤᠯᠠᠭᠠᠨ ᠱᠢᠷ᠎ᠠ ᠪᠥᠰ᠎ᠢ ᠡᠷᠢᠨ ᠭᠠᠷᠭᠠᠵᠤ᠂ ᠨᠠᠷᠢᠨ ᠨᠢᠮᠪᠠᠶ ᠡᠰᠭᠡᠵᠦ᠍᠂ ᠤᠯᠤᠰ᠎ᠤᠨ ᠰᠦᠯᠳᠡ ᠲᠤᠭ᠎ᠢ ᠭᠠᠷ᠎ᠢᠶᠠᠷ᠎ᠢᠶᠠᠨ ᠣᠶᠣᠵᠥ᠍ ᠪᠠᠢᠭ᠍ᠰᠠᠨ ᠪᠠᠢᠳᠠᠯ᠎ᠢ ᠴᠡᠭᠡᠵᠢᠯᠡᠭ᠌ᠰᠡᠬᠡᠷ᠃

ᠠᠪᠤ᠎ᠨᠢ ᠲᠡᠳᠡᠨ᠎ᠳᠤ᠄ 《ᠡᠨᠡ ᠪᠣᠯ ᠳᠤᠮᠳᠠᠳᠤ ᠤᠯᠤᠰ᠎ᠤᠨ ᠬᠠᠮᠤᠭ᠎ᠤᠨ ᠡᠷᠬᠢᠮ ᠨᠠᠨᠳᠢᠨ ᠶᠠᠭᠤᠮ᠎ᠠ ᠮᠥᠨ》 ᠬᠡᠵᠥ᠍ ᠬᠡᠯᠡᠵᠥ᠍ ᠦᠩᠭᠡᠷᠡᠵᠡᠢ᠃

ᠲᠡᠷᠡ ᠡᠳᠦᠷ᠂ 3644 ᠲᠡᠭ᠌ᠰᠢ ᠳᠥᠷᠪᠡᠯᠵᠢᠨ ᠺᠢᠯᠤᠮᠧᠲᠷ ᠲᠠᠯᠠᠪᠠᠢ᠎ᠲᠠᠢ ᠬᠢᠯᠢ ᠬᠢᠵᠠᠭᠠᠷ ᠤᠷᠤᠨ ᠶᠢᠦ᠋ᠢᠮᠠᠢ᠎ᠳᠤ᠂ ᠲᠠᠪᠤᠨ ᠣᠳᠣᠲᠤ ᠤᠯᠠᠭᠠᠨ ᠲᠤᠭ ᠰᠠᠯᠬᠢᠨ᠎ᠤ ᠠᠶ᠎ᠠ᠎ᠪᠠᠷ ᠨᠠᠮᠢᠷᠠᠯ᠎ᠠ᠃

ᠬᠢᠯᠢ ᠬᠢᠵᠠᠭᠠᠷ᠎ᠢ ᠬᠠᠮᠠᠭᠠᠯᠠᠬᠤ᠎ᠶ᠋ᠢᠨ ᠲᠥᠯᠥᠭᠡ᠂ ᠰᠠᠩᠵᠠᠢᠴᠦ᠋ᠪᠠ 1960 ᠣᠨ᠎ᠳᠤ ᠶᠢᠦ᠋ᠢᠮᠠᠢ ᠱᠢᠶᠠᠩ ᠪᠠᠢᠭᠤᠯᠤᠭ᠍ᠳᠠᠮᠠᠭ᠍ᠴᠠ ᠱᠢᠶᠠᠩ᠎ᠤᠨ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠵᠤ᠂ 29 ᠵᠢᠯ ᠠᠵᠢᠯᠯᠠᠪᠠ᠃ 1988 ᠣᠨ᠎ᠳᠤ᠂ ᠵᠤᠭ᠎ᠠ ᠠᠪᠤ᠎ᠶ᠋ᠢᠨ᠎ᠢᠶᠠᠨ ᠭᠠᠷ᠎ᠠᠴᠠ ᠪᠤᠤᠭᠢᠶ᠎ᠠ ᠲᠤᠰᠴᠤ᠌ ᠠᠪᠤᠭᠠᠳ᠂ ᠱᠢᠶᠠᠩ᠎ᠤᠨ ᠳᠠᠷᠤᠭ᠎ᠠ᠎ᠶ᠋ᠢᠨ ᠲᠤᠱᠢᠶᠠᠯ᠎ᠳᠤ 23 ᠵᠢᠯ ᠠᠵᠢᠯᠯᠠᠪᠠ᠃

ᠰᠦᠷ ᠳᠠᠯᠠᠢᠴᠠᠲᠠᠶ ᠪᠢᠰᠢ᠂ ᠵᠥᠪᠬᠡᠨ ᠦᠭᠡ ᠳᠠᠭᠤᠨ ᠦᠭᠡᠢ ᠰᠠᠬᠢᠨ᠎ᠠ᠃ ᠣᠮᠤᠭ ᠲᠡᠭᠦᠯᠳᠡᠷ ᠦᠭᠡ ᠦᠭᠡᠢ᠂ ᠵᠥᠪᠬᠡᠨ ᠦᠨᠡᠨᠴᠢ ᠰᠡᠳᠭᠢᠯ ᠡᠪᠦᠷᠯᠡᠨ᠎ᠡ᠃ ᠤᠯᠤᠰ ᠣᠷᠣᠨ᠎ᠤ ᠠᠮᠤᠷ ᠲᠣᠭ᠍ᠲᠠᠭᠤᠨ᠂ ᠨᠤᠲᠤᠭ ᠳᠡᠪᠢᠰᠭᠡᠷ᠎ᠤᠨ ᠪᠦᠷᠢᠨ ᠪᠦᠲᠦᠨ ᠪᠠᠢᠬᠤ᠎ᠶ᠋ᠢᠨ ᠲᠥᠯᠥᠭᠡ᠂ ᠲᠡᠳᠡ ᠬᠠᠮᠤᠭ᠎ᠤᠨ ᠪᠣᠷᠣᠭ᠍ᠵᠢᠭᠤᠨ ᠦᠢᠯᠡ ᠠᠵᠢᠯᠯᠠᠭ᠎ᠠ᠎ᠪᠠᠷ᠎ᠢᠶᠠᠨ ᠬᠠᠮᠤᠭ᠎ᠤᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠪᠡ᠃

ᠡᠨᠡ ᠪᠣᠯ ᠬᠤᠪᠢ ᠨᠠᠮᠠᠷᠢ ᠦᠵᠡᠬᠦᠯᠦᠭ᠌ᠴᠢ᠎ᠶ᠋ᠢᠨ ᠲᠡᠪᠢᠰᠭᠡᠷ ᠥᠩᠭᠡ ᠮᠦᠨ᠃

1994 ᠣᠨ᠎ᠤ 11 ᠰᠠᠷ᠎ᠠ᠎ᠶ᠋ᠢᠨ 29 ᠎ᠤ ᠡᠳᠦᠷ᠂ ᠺᠦᠩ ᠹᠠᠨ ᠰᠧᠨ ᠠᠯᠪᠠᠨ ᠶᠠᠪᠤᠳᠠᠯ᠎ᠢᠶᠠᠷ ᠪᠡᠶ᠎ᠡ ᠦᠷᠡᠭ᠌ᠳᠡᠬᠦ᠌ ᠦᠶ᠎ᠡ᠎ᠳᠤ᠂ ᠪᠡᠶ᠎ᠡ ᠳᠡᠭᠡᠷ᠎ᠡ᠎ᠨᠢ ᠵᠥᠪᠬᠡᠨ ᠬᠤᠶᠠᠷ ᠬᠤᠪᠢ ᠦᠯᠡᠳᠡᠭᠡᠭ᠌ᠰᠡᠨ ᠶᠠᠭᠤᠮ᠎ᠡ — 8 ᠲᠥᠭᠦᠷᠢᠭ 60 ᠮᠥᠡᠭ᠌ᠬᠦ ᠵᠣᠭᠤᠰ ᠪᠣᠯᠤᠨ ᠲᠡᠭᠦᠨ᠎ᠤ ᠨᠠᠰᠤ ᠪᠠᠷᠠᠬᠤ᠎ᠠᠴᠠ᠎ᠪᠠᠨ ᠡᠮᠦᠨ᠎ᠡ ᠪᠢᠴᠢᠭ᠌ᠰᠡᠨ ᠠᠷᠢ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌ ᠲᠤᠬᠠᠶ 12 ᠵᠤᠷᠪᠤᠰ ᠰᠠᠨᠠᠭᠤᠯᠭ᠎ᠠ ᠪᠠᠢᠵᠠᠶ᠃

ᠡᠳᠦᠭᠡ᠂ ᠠᠷᠢ᠎ᠶ᠋ᠢᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠠᠬᠢ ᠺᠦᠩ ᠹᠠᠨ ᠰᠧᠨ᠎ᠤ ᠤᠩᠭᠤᠨ᠎ᠤ ᠬᠠᠵᠠᠭᠤ᠎ᠳᠤ᠂ ᠪᠠᠭ᠍ᠴᠠ ᠤᠯᠠᠭᠠᠨ ᠤᠳᠠ ᠰᠡᠬᠦ᠋ᠢᠨ ᠤᠷᠭᠤᠨ᠎ᠡ᠃

1954 ᠣᠨ᠎ᠳᠤ᠂ 11 ᠲᠦᠮᠡᠨ ᠴᠡᠷᠢᠭ ᠠᠷᠠᠳ ᠬᠥᠬᠡᠨᠠᠭᠤᠷ ᠲᠥᠪᠡᠳ᠂ ᠰᠧᠴᠤᠸᠠᠨ ᠲᠥᠪᠡᠳ᠎ᠤᠨ ᠵᠠᠰᠠᠮᠠᠯ ᠵᠠᠮ᠎ᠢ ᠵᠠᠰᠠᠵᠤ ᠨᠡᠪᠲᠡᠷᠡᠭᠦᠯᠬᠦ᠌ ᠦᠶ᠎ᠡ᠎ᠳᠤ᠂ 3000 ᠱᠢᠬᠠᠮ ᠵᠠᠮ ᠵᠠᠰᠠᠬᠤ ᠠᠵᠢᠯᠳᠠᠨ ᠥᠪᠡᠷ᠎ᠤᠨ ᠠᠮᠢ ᠨᠠᠰᠤ᠎ᠪᠠᠨ ᠲᠥᠪᠡᠳ᠎ᠲᠤ ᠬᠦᠷᠬᠦ᠌ ᠵᠠᠰᠠᠮᠠᠯ ᠵᠠᠮ᠎ᠤᠨ ᠮᠥᠩᠬᠡ᠎ᠶ᠋ᠢᠨ ᠰᠠᠭᠤᠷᠢ ᠴᠢᠯᠠᠭᠤ ᠪᠣᠯᠭᠠᠪᠠ᠃

ᠲᠤᠭ᠎ᠠ ᠲᠣᠮᠰᠢ ᠦᠭᠡᠢ ᠬᠤᠪᠢ ᠨᠡᠮᠡᠷᠢ ᠦᠵᠡᠭᠦᠯᠦᠭ᠌ᠴᠢ᠂ ᠠᠮᠢ ᠪᠡᠶ᠎ᠡ᠎ᠪᠠᠨ ᠬᠠᠢᠬᠤᠷᠤᠯ ᠦᠭᠡᠢ ᠲᠡᠮᠡᠴᠡᠭ᠌ᠴᠢ᠂ 《ᠨᠡᠷᠡᠨ ᠰᠠᠷᠠᠨ᠎ᠢ ᠵᠢᠭᠠᠨ ᠵᠠᠬᠢᠷᠴᠤ᠌ ᠱᠢᠨ᠎ᠡ ᠣᠷᠴᠢᠯᠠᠩ ᠪᠣᠯᠭᠠᠭ᠍ᠰᠠᠨ》 ᠪᠦᠲᠦᠭᠡᠨ ᠪᠠᠢᠭᠤᠯᠤᠭ᠍ᠴᠢ᠎ᠲᠠᠢ ᠪᠣᠯᠤᠭ᠍ᠰᠠᠨ᠎ᠠᠴᠠ ᠣᠬᠤᠷᠬᠠᠨ 70 ᠵᠢᠯ᠎ᠤᠨ ᠲᠤᠷᠰᠢ᠂ ᠲᠥᠪᠡᠳ ᠮᠢᠩᠭᠠᠨ ᠣᠨ᠎ᠢ ᠰᠤᠨᠳᠠᠯᠠᠬ᠍ᠰᠡᠨ ᠲᠡᠦᠬᠡᠲᠦ ᠴᠢᠨᠠᠷᠲᠠᠢ ᠳᠠᠪᠱᠢᠯᠲᠠ᠎ᠶ᠋ᠢ ᠪᠡᠶᠡᠯᠡᠭᠦᠯᠵᠡᠢ᠃

ᠲᠥᠪ᠎ᠤᠨ ᠳᠣᠯᠣᠳᠤᠭᠠᠷ ᠤᠳᠠᠭᠠᠨ᠎ᠤ ᠲᠥᠪᠡᠳ᠎ᠤᠨ ᠠᠵᠢᠯ᠎ᠤᠨ ᠲᠤᠬᠠᠢ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠥᠷᠭᠡᠨ ᠤᠯᠠᠨ ᠺᠠᠳ᠋ᠷ ᠢᠯᠠᠩᠭᠤᠶ᠎ᠠ ᠲᠥᠪᠡᠳ᠎ᠤᠨ ᠺᠠᠳ᠋ᠷᠴᠤᠳ 《ᠠᠬᠠᠮᠠᠳ ᠲᠥᠪᠡᠳ᠎ᠤᠨ ᠵᠣᠷᠢᠭ ᠰᠠᠨᠠᠭ᠎ᠠ》 ᠎ᠶ᠋ᠢ ᠪᠠᠳᠠᠷᠠᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠲᠡᠳᠡ ᠪᠣᠯ ᠳᠠᠷᠤᠢ 《ᠠᠬᠠᠮᠠᠳ ᠨᠢᠭᠡ ᠦᠶ᠎ᠡ᠎ᠶ᠋ᠢᠨ ᠲᠥᠪᠡᠳ᠎ᠤᠨ ᠵᠣᠷᠢᠭ ᠰᠠᠨᠠᠭ᠎ᠠ》 ᠎ᠶ᠋ᠢ ᠡᠭᠦᠳᠦᠨ ᠪᠠᠢᠭᠤᠯᠤᠭ᠍ᠴᠢ᠂ ᠦᠢᠯᠡᠳᠦᠯᠭᠡᠵᠢᠭᠦᠯᠦᠭ᠌ᠴᠢ᠂ ᠤᠯᠠᠮᠵᠢᠯᠠᠨ ᠵᠠᠯᠭᠠᠮᠵᠢᠯᠠᠭ᠍ᠴᠢ ᠮᠥᠨ᠃ ᠡᠨᠡ ᠬᠦ᠌ ᠵᠣᠷᠢᠭ ᠰᠠᠨᠠᠭ᠎ᠠ᠎ᠨᠢ ᠦᠷᠭᠦᠯᠵᠢᠯᠡᠬᠦ᠌ ᠶᠠᠪᠤᠴᠠ᠎ᠳᠤ ᠴᠠᠭ ᠬᠤᠭᠤᠴᠠᠭ᠎ᠠ ᠪᠠ ᠣᠷᠣᠨ ᠵᠠᠢ᠎ᠶ᠋ᠢ ᠠᠯᠤᠰᠯᠠᠭ᠍ᠰᠠᠨ ᠬᠦᠴᠦᠨ ᠴᠢᠳᠠᠯ᠎ᠢᠶᠠᠨ ᠪᠠᠳᠠᠷᠠᠭᠤᠯᠪᠠ᠃

 

ᠨᠤᠭᠤᠭᠠᠨ ᠦᠡᠭ᠌ᠭᠡ᠎ᠶ᠋ᠢᠨ ᠦᠯᠢᠭᠡᠷ


ᠴᠢᠶᠦ᠋ᠩᠨᠦ᠍ ᠮᠣᠲ᠋ᠣᠷ ᠤᠨᠤᠵᠤ᠂ ᠥᠷᠭᠡᠨ ᠠᠭᠤᠳᠠᠮ ᠴᠢᠶᠠᠩ ᠳᠠᠩ᠎ᠤᠨ ᠲᠠᠯ᠎ᠠ ᠨᠤᠲᠤᠭ ᠳᠡᠭᠡᠷ᠎ᠡ ᠳᠠᠪᠬᠢᠭᠤᠯᠤᠨ᠎ᠡ᠃

《ᠥᠨᠥᠳᠦᠷ ᠲᠥᠪᠡᠳ ᠪᠥᠬᠦᠩ᠂ ᠵᠡᠷᠯᠢᠭ ᠡᠯᠵᠢᠭᠡ᠂ ᠵᠡᠷᠯᠢᠭ ᠰᠠᠷᠯᠤᠭ᠎ᠲᠠᠢ ᠲᠠᠭᠠᠷᠠᠯᠳᠤᠵᠠᠢ᠂ ᠲᠤᠭ᠎ᠠ ᠨᠠᠯᠢᠶᠠᠳ ᠤᠯᠠᠨ ᠪᠠᠢᠨ᠎ᠡ》᠃ ᠴᠢᠶᠠᠩ ᠲᠠᠩ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠨᠢᠭᠡ ᠬᠡᠭᠡᠷ᠎ᠡ᠎ᠶ᠋ᠢᠨ ᠬᠠᠮᠠᠭᠠᠯᠠᠭ᠍ᠴᠢ ᠪᠣᠯᠤᠭ᠍ᠰᠠᠨ᠎ᠤ ᠬᠤᠪᠢ᠎ᠳᠤ᠂ ᠲᠡᠷᠡ ᠬᠠᠮᠲᠤ ᠠᠵᠢᠯᠯᠠᠭ᠍ᠴᠢᠳ᠎ᠲᠠᠢ᠎ᠪᠠᠨ ᠡᠳᠦᠷ ᠠᠯᠤᠰᠯᠠᠨ ᠬᠠᠮᠠᠭᠠᠯᠠᠯᠲᠠ᠎ᠶ᠋ᠢᠨ ᠣᠷᠣᠨ᠎ᠳᠤ ᠵᠠᠭᠤ ᠭᠠᠷᠤᠶ ᠺᠢᠯᠣᠮᠧᠲᠷ ᠴᠠᠭ᠍ᠳᠠᠨ᠎ᠠ᠃ ᠬᠡᠭᠡᠷ᠎ᠡ᠎ᠶ᠋ᠢᠨ ᠠᠮᠢᠲᠠᠨ᠎ᠤ ᠲᠤᠭ᠎ᠠ᠎ᠶ᠋ᠢ ᠬᠢᠨᠠᠨ ᠬᠡᠮᠵᠢᠵᠦ᠍ ᠲᠡᠮᠳᠡᠭ᠌ᠯᠡᠬᠦ᠂ ᠱᠢᠷᠬᠠᠲᠤᠭ᠍ᠰᠠᠨ ᠬᠡᠭᠡᠷ᠎ᠡ᠎ᠶ᠋ᠢᠨ ᠠᠮᠢᠲᠠᠨ᠎ᠢ ᠠᠪᠤᠷᠠᠬᠤ ᠪᠣᠯ ᠲᠡᠳᠡᠨ᠎ᠤ ᠠᠵᠢᠯ ᠪᠤᠯᠤᠨ᠎ᠡ᠃

《ᠡᠲᠡᠭᠡᠷ ᠵᠢᠯ᠎ᠤᠳ᠎ᠲᠤ᠌᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠠᠬᠢ ᠬᠡᠭᠡᠷ᠎ᠡ᠎ᠶ᠋ᠢᠨ ᠠᠮᠢᠲᠠᠨ ᠬᠥᠮᠦᠨ᠎ᠤ ᠬᠠᠷᠱᠢᠯᠠᠯ᠎ᠳᠤ ᠮᠠᠰᠢ ᠴᠥᠭᠡᠨ ᠤᠴᠠᠷᠠᠵᠤ᠂ ᠮᠠᠰᠢ ᠣᠯᠠᠨ ᠠᠮᠢᠲᠠᠨ᠎ᠤ ᠲᠤᠭ᠎ᠠ ᠵᠢᠯ ᠳᠠᠷᠠᠭᠠᠯᠠᠨ ᠨᠡᠮᠡᠭ᠌ᠳᠡᠵᠦ᠍ ᠪᠠᠢᠨ᠎ᠠ》᠃ ᠴᠢᠶᠦ᠋ᠩᠨᠦ᠍᠄ 《ᠨᠤᠲᠤᠭ᠎ᠤᠨ᠎ᠢᠶᠠᠨ ᠠᠮᠢ ᠨᠠᠰᠤ ᠪᠣᠯᠤᠨ ᠠᠮᠢ ᠠᠬᠤᠶ᠎ᠶ᠋ᠢ ᠬᠠᠮᠠᠭᠠᠯᠠᠬᠤ ᠪᠣᠯ ᠮᠠᠰᠢ ᠤᠳᠭ᠎ᠠ ᠠᠭᠤᠯᠭ᠎ᠠ᠎ᠲᠠᠢ ᠶᠠᠪᠤᠳᠠᠯ ᠮᠥᠨ》 ᠭᠡᠵᠤ ᠢᠨᠢᠶᠡᠮᠰᠦᠭ᠌ᠯᠡᠨ ᠬᠡᠯᠡᠨ᠎ᠡ᠃

ᠲᠥᠪᠡᠳ ᠪᠥᠬᠦᠩ᠎ᠤᠨ ᠦᠷᠡᠵᠢᠯ᠎ᠤᠨ ᠤᠯᠠᠷᠢᠯ᠎ᠳᠤ ᠴᠢᠶᠦ᠋ᠡᠭ᠌ᠨᠤ᠎ᠶ᠋ᠢᠨ ᠴᠠᠭ᠍ᠳᠠᠨ ᠪᠠᠢᠴᠠᠭᠠᠯᠳᠠ ᠣᠯᠠᠨ ᠪᠤᠯᠳᠠᠭ᠃ 《ᠥᠨᠳᠦᠷᠯᠢᠭ᠎ᠤᠨ ᠪᠢᠴᠢᠬᠠᠨ ᠠᠮᠢᠳᠠᠨ》 ᠲᠥᠪᠡᠳ ᠪᠥᠬᠦᠩ 20 ᠳ᠋ᠤᠭᠠᠷ ᠵᠠᠭᠤᠨ᠎ᠤ ᠨᠠᠶᠠᠭᠠᠳ ᠣᠨ᠎ᠳᠤ ᠨᠢᠭᠡ ᠦᠶ᠎ᠡ ᠤᠰᠠᠳᠭᠤ ᠠᠶᠤᠯ᠎ᠳᠤ ᠲᠤᠯᠭᠠᠷᠠᠵᠤ᠂ ᠬᠡᠳᠦᠨ ᠠᠷᠪᠠᠨ ᠵᠢᠯ᠎ᠤᠨ ᠬᠤᠭᠤᠷᠣᠨᠳᠣ ᠬᠡᠮᠵᠢᠶ᠎ᠡ᠎ᠨᠢ 5 ᠲᠦᠮᠡ ᠱᠢᠬᠠᠮ ᠪᠠᠢᠭ᠍ᠰᠠᠨ᠎ᠠᠴᠠ᠎ᠪᠠᠨ ᠨᠡᠮᠡᠭ᠌ᠳᠡᠭᠡᠳ 30 ᠲᠦᠮᠡ ᠱᠢᠬᠠᠮ ᠪᠣᠯᠵᠠᠶ᠃

7 ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠲᠥᠪᠡᠳ᠎ᠲᠤ ᠱᠢᠨᠵᠢᠯᠡᠨ ᠪᠠᠢᠴᠠᠭᠠᠬᠤ᠎ᠳᠠᠭᠠᠨ᠂ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠂ ᠴᠠᠰᠤᠳᠤ ᠠᠭᠤᠯᠠ ᠮᠦᠰᠤᠳᠤ ᠲᠠᠯ᠎ᠡ ᠴᠤ᠌ ᠠᠯᠳᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠬᠤ ᠬᠡᠷᠡᠭ᠌ᠲᠡᠢ》᠂ 《ᠳᠡᠯᠡᠬᠡᠢ᠎ᠶ᠋ᠢᠨ ᠪᠥᠮᠪᠥᠷᠴᠡᠭ᠎ᠤᠨ ᠭᠤᠷᠪᠠᠳᠤᠭᠠᠷ ᠲᠦᠢᠯ᠎ᠤᠨ ᠠᠮᠢ ᠠᠬᠤᠢ᠎ᠶ᠋ᠢ ᠦᠨᠡᠨ ᠬᠦ᠌ ᠰᠠᠢᠲᠤᠷ ᠬᠠᠮᠠᠭᠠᠯᠠᠬᠤ ᠬᠡᠷᠡᠭ᠌ᠲᠡᠢ》 ᠭᠡᠵᠦ᠍ ᠵᠢᠭᠠᠵᠤ ᠭᠠᠷᠭᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠲᠥᠪᠡᠳ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ ᠬᠠᠮᠠᠭᠠᠯᠠᠯᠲᠠ ᠪᠠ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ᠎ᠶ᠋ᠢ ᠱᠠᠯᠠᠪᠳᠠᠭᠤᠯᠤᠨ ᠬᠡᠷᠡᠭ᠌ᠵᠢᠭᠦᠯᠵᠦ᠍᠂ 《ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠥᠨᠳᠦᠷᠯᠢᠭ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠦᠷᠢᠮ》 ᠎ᠢ ᠨᠡᠢᠲᠡᠯᠡᠵᠦ᠍᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠠᠮᠠᠭᠠᠯᠠᠯᠲᠠ᠎ᠶ᠋ᠢ ᠴᠢᠬᠤᠯᠠᠴᠢᠯᠠᠵᠤ ᠪᠠᠢᠭ᠍ᠰᠠᠨ᠎ᠠᠴᠠ᠎ᠪᠠᠨ ᠰᠠᠨᠠᠭᠠᠴᠢᠯᠠᠭ᠎ᠠ᠎ᠠᠴᠠ᠎ᠪᠠᠨ ᠠᠵᠢᠯᠯᠠᠬᠤ ᠪᠣᠯᠵᠣ᠂ ᠣᠲᠣ ᠪᠣᠯᠲᠠᠯ᠎ᠠ ᠨᠡᠢᠲᠡ 121 ᠳ᠋ᠦᠩᠱᠢᠭᠤᠷ ᠭᠠᠷᠤᠶ ᠲᠥᠭᠦᠷᠢᠭ᠎ᠤᠨ ᠪᠠᠯᠠ ᠣᠷᠣᠭᠤᠯᠵᠠᠶ᠃

ᠤᠯᠤᠰ᠎ᠠᠴᠠ ᠪᠠᠰᠠ ᠲᠥᠪᠡᠳ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭ᠍ᠰᠠᠭᠠᠷ ᠢᠷᠡᠵᠡᠶ᠂ 70 ᠵᠢᠯ᠎ᠤᠨ ᠲᠤᠷᠰᠢ᠂ ᠡᠯ᠎ᠡ ᠱᠠᠲᠤᠨ᠎ᠤ ᠡᠯ᠎ᠡ ᠲᠥᠷᠥᠯ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠢ 47 ᠪᠠᠢᠭᠤᠯᠵᠤ᠂ ᠡᠯ᠎ᠡ ᠲᠥᠷᠥᠯ᠎ᠤᠨ ᠠᠮᠢ ᠠᠬᠤᠶ᠎ᠶ᠋ᠢᠨ ᠴᠢᠳᠠᠪᠬᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠢ 22 ᠪᠠᠢᠭᠤᠯᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠲᠠᠯᠠᠪᠠᠶ 41.22 ᠲᠦᠮᠡᠨ ᠲᠡᠭ᠌ᠰᠢ ᠳᠥᠷᠪᠡᠯᠵᠢᠨ ᠺᠢᠯᠣᠮᠧᠲᠷ᠎ᠲᠤ ᠬᠦᠷᠴᠦ᠍᠂ ᠪᠥᠬᠦ᠌ ᠣᠷᠣᠨ᠎ᠤ ᠤᠯᠤᠰ᠎ᠤᠨ ᠨᠤᠲᠤᠭ ᠳᠡᠪᠢᠰᠭᠡᠷ᠎ᠤᠨ ᠲᠠᠯᠠᠪᠠᠶ᠎ᠶ᠋ᠢᠨ ᠭᠤᠷᠪᠠᠨ᠎ᠤ ᠨᠢᠭᠡ᠎ᠠᠴᠠ ᠳᠡᠭᠡᠭ᠌ᠰᠢᠬᠢ᠎ᠶ᠋ᠢ ᠡᠵᠡᠯᠡᠪᠡ᠃

ᠨᠣᠭᠤᠭᠠᠨ ᠥᠩᠭᠡ ᠨᠢᠭᠡᠨᠲᠡ ᠥᠷᠭᠡᠨ ᠠᠭᠤᠳᠠᠮ ᠥᠨᠳᠦᠷᠯᠢᠭ᠎ᠤᠨ ᠠᠮᠢᠳᠤᠯᠢᠭ ᠥᠩᠭᠡ ᠪᠤᠳᠤᠭ ᠪᠣᠯᠵᠠᠶ᠃

 

ᠪᠦᠯᠬᠦᠮᠳᠡᠯ᠎ᠤᠨ ᠦᠯᠢᠭᠡᠷ


ᠰᠠᠯᠬᠢ ᠱᠢᠭᠤᠷᠭᠠᠨ᠎ᠢ ᠥᠩᠭᠡᠷᠡᠭᠡᠭ᠌ᠰᠡᠨ ᠶᠡᠭᠡ ᠵᠤᠤ ᠬᠡᠢᠳ᠎ᠤᠨ ᠡᠮᠦᠨ᠎ᠡ᠂ ᠤᠳᠤ᠎ᠠᠴᠠ 1000 ᠭᠠᠷᠤᠢ ᠵᠢᠯ᠎ᠤᠨ ᠲᠡᠦᠬᠡ᠎ᠲᠠᠢ ᠲᠠᠩ ᠤᠯᠤᠰ ᠪᠠ ᠲᠥᠪᠡᠳ᠎ᠤᠨ ᠴᠢᠭᠤᠯᠭᠠᠨ ᠴᠢᠭᠤᠯᠬᠤ  ᠬᠦᠱᠢᠶ᠎ᠠ ᠰᠦᠨᠳᠡᠷᠯᠡᠵᠦ᠍ ᠪᠠᠢᠳᠠᠭ᠃

ᠲᠥᠪᠡᠳ ᠶᠡᠭᠡ ᠰᠤᠷᠭᠠᠭᠤᠯᠢ᠎ᠶ᠋ᠢᠨ ᠫᠷᠤᠹᠧᠰᠰᠤᠷ ᠽᠠᠨᠳᠠᠨᠵᠠᠰᠢ᠂ ᠲᠠᠩ ᠤᠯᠤᠰ ᠪᠠ ᠲᠥᠪᠡᠳ᠎ᠤᠨ ᠴᠢᠭᠤᠯᠭᠠᠨ ᠴᠢᠭᠤᠯᠬᠤ ᠬᠥᠱᠢᠶ᠎ᠡ ᠪᠣᠯ ᠲᠥᠪᠡᠳ᠎ᠤᠨ ᠴᠢᠬᠤᠯᠠ ᠡᠷᠲᠡᠨ᠎ᠤ ᠲᠤᠯᠭᠤᠷ ᠪᠢᠴᠢᠭ᠎ᠤᠨ ᠨᠢᠭᠡ ᠮᠥᠨ᠂ ᠬᠥᠱᠢᠶᠡᠨ ᠪᠢᠴᠢᠭ᠎ᠲᠤ ᠬᠢᠲᠠᠳ ᠲᠥᠪᠡᠳ᠎ᠤᠨ 《ᠪᠠᠶᠠᠷᠲᠤ ᠮᠥᠷᠥᠭᠡᠳᠦᠯ ᠡᠭᠦᠷᠢᠳᠡ ᠮᠠᠷᠲᠠᠭ᠍ᠳᠠᠰᠢ ᠥᠬᠡᠶ》 ᠭᠡᠳᠡᠭ᠎ᠢ ᠲᠤᠰᠭᠠᠵᠤ᠂ ᠦᠨᠳᠦᠰᠦᠲᠡᠨ᠎ᠤ ᠪᠦᠯᠬᠦᠮᠳᠡᠯ᠎ᠤᠨ ᠥᠨᠢ ᠤᠳᠠᠭᠠᠨ ᠲᠡᠦᠬᠡ᠎ᠶ᠋ᠢ ᠭᠡᠷᠡᠴᠢᠯᠡᠵᠠᠢ ᠭᠡᠵᠤ ᠬᠡᠯᠡᠪᠡ᠃

ᠡᠳᠦᠷ ᠪᠦᠷᠢ᠂ ᠮᠠᠰᠢ ᠤᠯᠠᠨ ᠰᠦᠰᠦᠭ᠌ᠲᠡᠨ ᠶᠡᠭᠡ ᠵᠤᠤ ᠰᠦᠮ᠎ᠡ᠎ᠳᠤ ᠲᠠᠬᠢᠵᠤ ᠪᠠᠢᠭ᠎ᠠ ᠲᠠᠩ ᠤᠯᠤᠰ᠎ᠤᠨ ᠸᠧᠨ ᠴᠧᠩ ᠭᠦᠩᠵᠦ᠎ᠶ᠋ᠢᠨ ᠲᠥᠪᠡᠳ᠎ᠲᠤ ᠠᠪᠠᠴᠢᠭ᠍ᠰᠠᠨ ᠱᠠᠭ᠍ᠵᠠᠮᠤᠨᠢ᠎ᠶ᠋ᠢᠨ 12 ᠨᠠᠰᠤᠨ᠎ᠤ ᠪᠤᠷᠬᠠᠨ᠎ᠤ ᠬᠦᠷᠦᠭ᠎ᠤᠨ ᠡᠮᠦᠨ᠎ᠡ ᠬᠦᠷᠴᠦ᠍ ᠴᠢᠩ ᠦᠨᠡᠨᠴᠢ᠎ᠪᠠᠷ ᠬᠠᠳᠠᠭ ᠡᠷᠭᠦᠵᠦ᠍᠂ ᠮᠠᠰᠢ ᠤᠯᠠᠨ ᠵᠢᠭᠤᠯᠴᠢᠯᠠᠭ᠍ᠴᠢ ᠲᠤᠬᠠᠢ᠎ᠶ᠋ᠢᠨ ᠭᠠᠵᠠᠷ᠎ᠤᠨ ᠵᠠᠩᠱᠢᠯ᠎ᠢ ᠲᠠᠭᠠᠵᠤ᠂ ᠬᠠᠳᠠᠭ᠎ᠢᠶᠠᠨ ᠲᠡᠯᠭᠡᠵᠦ᠍᠂ ᠲᠦᠷᠦ᠍ ᠲᠦᠪᠱᠢᠨ ᠲᠦᠮᠡᠨ ᠠᠮᠤᠭᠤᠯᠠᠩ᠂ ᠬᠤᠷ᠎ᠠ ᠪᠣᠷᠣᠭᠠᠨ ᠲᠡᠭ᠌ᠰᠢ ᠪᠠᠢᠬᠤ᠎ᠶ᠋ᠢ ᠬᠦᠰᠡᠨ ᠳᠠᠭᠠᠳᠭᠠᠳᠠᠭ ᠪᠠᠢᠨ᠎ᠠ᠃

ᠦ ᠰᠡᠪ ᠦᠭᠡᠢ ᠲᠤᠩ ᠴᠠᠭᠠᠨ ᠬᠠᠳᠠᠭ᠎ᠨᠢ ᠦᠨᠳᠦᠰᠦᠲᠡᠨ᠎ᠤ ᠪᠦᠯᠬᠦᠮᠳᠡᠯ᠎ᠤᠨ ᠬᠤᠯᠪᠣᠭᠠᠰᠤ ᠱᠢᠭ᠋᠎ᠢᠶᠠᠷ ᠨᠢᠭᠡ ᠲᠠᠯ᠎ᠠ᠎ᠪᠠᠷ᠎ᠢᠶᠠᠨ ᠲᠡᠦᠬᠡ᠎ᠶ᠋ᠢ ᠬᠤᠯᠪᠣᠵᠤ᠂ ᠨᠦᠭᠦᠭᠡ ᠲᠠᠯ᠎ᠠ᠎ᠪᠠᠷ᠎ᠢᠶᠠᠨ ᠢᠷᠡᠭᠡᠳᠦᠢ᠎ᠶ᠋ᠢ ᠴᠢᠭ᠌ᠯᠡᠨ᠎ᠡ᠃

ᠡᠳᠦᠭᠡ᠂ ᠲᠥᠪᠡᠳ᠎ᠢ ᠲᠤᠰᠠᠯᠠᠬᠤ ᠺᠠᠳ᠋ᠷᠴᠤᠳ᠎ᠢ ᠤᠭ᠍ᠲᠤᠬᠤ ᠪᠦᠷᠢ ᠬᠠᠳᠠᠭ ᠪᠠᠷᠢᠬᠤ᠎ᠨᠢ ᠳᠤᠲᠠᠭ᠍ᠳᠠᠵᠤ ᠪᠣᠯᠤᠰᠢ ᠦᠭᠡᠢ ᠶᠣᠰᠣ ᠪᠤᠯᠪᠠ᠃

7 ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠲᠥᠪᠡᠳ᠎ᠲᠤ ᠱᠢᠨᠵᠢᠯᠡᠨ ᠪᠠᠢᠴᠠᠭᠠᠬᠤ᠎ᠳᠠᠭᠠᠨ᠂ ᠲᠥᠪᠡᠳ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠨ ᠬᠥᠭ᠌ᠵᠢᠭᠦᠯᠦᠭ᠌ᠰᠡᠨ ᠶᠤᠮ᠂ ᠲᠥᠪᠡᠳ᠎ᠤᠨ ᠲᠡᠦᠬᠡ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭ᠌ᠯᠡᠭ᠌ᠰᠡᠨ ᠶᠤᠮ᠂ ᠲᠥᠪᠡᠳ ᠦᠨᠳᠦᠰᠦᠲᠡᠨ ᠪᠣᠯᠤᠨ ᠪᠤᠰᠤᠳ ᠦᠨᠳᠦᠰᠦᠲᠡᠨ᠎ᠨᠦᠭᠦᠳ᠎ᠤᠨ ᠰᠣᠯᠢᠯᠴᠠᠭ᠎ᠠ᠎ᠨᠢ ᠲᠥᠪᠡᠳ᠎ᠤᠨ ᠲᠡᠦᠬᠡ᠎ᠶ᠋ᠢᠨ ᠬᠥᠭ᠌ᠵᠢᠯᠲᠡ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭ᠍ᠳᠠᠵᠤ ᠪᠠᠢᠨ᠎ᠠ ᠭᠡᠵᠦ᠍ ᠵᠢᠭᠠᠵᠤ ᠭᠠᠷᠭᠠᠪᠠ᠃

ᠡᠨᠡ ᠵᠢᠯ 55 ᠨᠠᠰᠤᠲᠠᠢ ᠰᠧᠴᠤᠸᠠᠨ ᠶᠡᠭᠡ ᠰᠤᠷᠭᠠᠭᠤᠯᠢ᠎ᠶ᠋ᠢᠨ ᠬᠤᠸᠠᠰᠢ ᠳᠥᠷᠪᠡᠳᠦᠭᠡᠷ ᠡᠮᠨᠡᠯᠭᠡ᠎ᠶ᠋ᠢᠨ ᠬᠤᠷᠢᠶᠠᠨ᠎ᠤ ᠲᠥᠪᠡᠳ᠎ᠢ ᠲᠤᠰᠠᠯᠠᠬᠤ ᠺᠠᠳ᠋ᠷ ᠱᠢᠶᠦ᠋ᠩ ᠬᠠᠢ ᠵᠠᠯᠭᠠᠭ᠎ᠠ᠎ᠪᠠᠷ ᠬᠤᠶᠠᠷ ᠬᠤᠭᠤᠴᠠᠭ᠎ᠠ ᠲᠥᠪᠡᠳ᠎ᠢ ᠲᠤᠰᠠᠯᠠᠵᠤ᠂ ᠪᠦᠯᠬᠦᠮ ᠳᠠᠭᠠᠭᠤᠯᠤᠨ ᠲᠥᠪᠡᠳ᠎ᠤᠨ 7 ᠲᠤᠰᠭᠠᠢ ᠣᠷᠣᠨ ᠬᠤᠳᠠ᠎ᠶ᠋ᠢᠨ ᠲᠠᠯᠠᠢ᠎ᠶ᠋ᠢᠨ ᠲᠦᠪᠱᠢᠨ᠎ᠠᠴᠠ ᠥᠨᠳᠥᠷ ᠪᠤᠢᠳᠠ ᠪᠥᠭ᠌ᠯᠡᠭᠦᠦ ᠮᠠᠯᠵᠢᠬᠤ ᠲᠠᠷᠢᠶᠠᠯᠠᠬᠤ ᠣᠷᠣᠨ᠎ᠢᠶᠠᠷ ᠠᠯᠪᠠᠨ ᠵᠢᠷᠤᠮ᠎ᠤᠨ ᠡᠮᠴᠢᠯᠡᠭᠡ ᠥᠷᠨᠢᠭᠦᠯᠵᠦ᠍᠂ 1.7 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠵᠡᠢ᠃

2020 ᠣᠨ᠎ᠳᠤ᠂ ᠱᠢᠶᠦ᠋ᠩ ᠬᠠᠶ᠎ᠶ᠋ᠢᠨ ᠪᠦᠯᠬᠦᠮ᠎ᠤᠨ᠎ᠬᠢᠨ ᠨᠢᠩ ᠊ᠤᠤᠢ ᠬᠤᠲᠠ᠎ᠳᠤ ᠠᠯᠪᠠᠨ ᠵᠢᠷᠤᠮ᠎ᠤᠨ ᠡᠮᠴᠢᠯᠡᠭᠡ ᠬᠢᠵᠦ᠍ ᠪᠠᠢᠬᠤ ᠬᠤᠭᠤᠴᠠᠭᠠᠨ᠎ᠳᠤ᠂ ᠰᠧ ᠴᠢᠤ ᠲᠠ ᠭᠡᠳᠡᠭ 3 ᠨᠠᠰᠤᠲᠠᠶ ᠬᠡᠤᠬᠡᠳ ᠲᠥᠷᠥᠯᠬᠢ᠎ᠶ᠋ᠢᠨ ᠴᠠᠭᠠᠨ ᠬᠠᠷᠠᠩ ᠡᠪᠡᠳᠴᠢᠨ᠎ᠳᠤ ᠨᠡᠷᠪᠡᠭ᠌ᠳᠡᠭ᠌ᠰᠡᠨ᠎ᠢ ᠣᠯᠵᠤ ᠮᠡᠳᠡᠵᠡᠶ᠃ ᠬᠡᠦᠬᠡᠳ᠎ᠢ ᠠᠯᠢ ᠲᠦᠷᠭᠡᠨ᠎ᠢᠶᠠᠷ ᠡᠮᠨᠡᠭᠦᠯᠬᠦ᠌᠎ᠶ᠋ᠢᠨ ᠲᠥᠯᠥᠭᠡ᠂ ᠱᠢᠶᠦ᠋ᠩ ᠬᠠᠢ ᠲᠡᠷᠡ ᠳᠠᠷᠤᠢ᠎ᠳᠤᠨᠢ ᠬᠤᠸᠠ ᠰᠢ᠎ᠶ᠋ᠢᠨ ᠳᠥᠷᠪᠡᠳᠦᠭᠡᠷ ᠡᠮᠨᠡᠯᠭᠡ᠎ᠶ᠋ᠢᠨ  ᠬᠤᠷᠢᠶ᠎ᠠ᠎ᠲᠠᠢ ᠬᠠᠷᠢᠯᠴᠠᠵᠤ᠂ ᠳᠠᠷᠤᠢ᠎ᠳᠤᠨᠢ ᠴᠧᠩᠳᠦ᠋ᠳᠤ ᠬᠦᠷᠭᠡᠨ ᠮᠡᠰᠡ ᠵᠠᠰᠠᠯ ᠬᠢᠯᠭᠡᠵᠦ᠍᠂ ᠲᠡᠭᠦᠨ᠎ᠳᠤ ᠲᠠᠬᠢᠨᠳᠠ ᠭᠡᠷᠡᠯ ᠭᠡᠭᠡ ᠤᠯᠭᠤᠪᠠ᠃

《ᠱᠢᠶᠦ᠋ᠩ ᠬᠠᠶ ᠬᠤᠷᠢᠶᠠᠨ ᠳᠠᠷᠤᠭ᠎ᠠ ᠪᠣᠯ ᠪᠢᠳᠡᠨ᠎ᠤ ᠠᠮᠢ᠎ᠶ᠋ᠢ ᠠᠪᠤᠷᠬᠠᠰᠠᠨ ᠠᠴᠢᠲᠠᠨ ᠶᠤᠮ》 ᠭᠡᠵᠦ᠍ ᠭᠡᠵᠦ᠍ ᠰᠧ ᠴᠢᠤ ᠲᠠ᠎ᠶ᠋ᠢᠨ ᠠᠪᠤ ᠬᠡᠯᠡᠪᠡ᠃

20 ᠳ᠋ᠤᠭᠠᠷ ᠵᠠᠭᠤᠨ᠎ᠤ ᠶᠡᠷᠡᠭᠡᠳ ᠣᠨ᠎ᠠᠴᠠ ᠣᠳᠣ ᠪᠣᠯᠲᠠᠯ᠎ᠠ᠂ ᠤᠷᠢᠳ ᠬᠤᠵᠢᠳ 9682 ᠨᠡᠷᠡᠰ ᠱᠢᠶᠦ᠋ᠩ ᠬᠠᠶ᠎ᠲᠠᠢ ᠠᠳᠠᠯᠢᠬᠠᠨ ᠺᠠᠳ᠋ᠷ ᠲᠥᠪᠡᠳ᠎ᠤᠨ ᠪᠦᠲᠦᠭᠡᠨ ᠪᠠᠢᠭᠤᠯᠤᠯᠲᠠ᠎ᠶ᠋ᠢ ᠳᠡᠮᠵᠢᠵᠦ᠍᠂ ᠲᠥᠪᠡᠳ᠎ᠤᠨ ᠬᠥᠭ᠌ᠵᠢᠯᠲᠡ ᠪᠠ ᠲᠣᠭ᠍ᠲᠠᠭᠤᠨ ᠪᠠᠢᠳᠠᠯ᠎ᠳᠤ ᠣᠶᠣᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠵᠦ᠍᠂ ᠪᠠᠰᠠ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠭᠠᠨ ᠪᠠᠬᠢᠵᠢᠭᠦᠯᠪᠡ᠃

 

ᠡᠯᠪᠡᠭ ᠬᠤᠷᠢᠶᠠᠯᠲᠠ᠎ᠶ᠋ᠢᠨ ᠦᠯᠢᠭᠡᠷ


ᠨᠠᠮᠤᠷ᠎ᠤᠨ ᠡᠬᠢ᠎ᠪᠠᠷ᠂ ᠲᠥᠪᠡᠳ᠎ᠤᠨ ᠡᠯ᠎ᠡ ᠭᠠᠵᠠᠷ᠎ᠲᠤ ᠮᠢᠩᠭᠠᠨ ᠵᠢᠯ ᠦᠷᠭᠦᠯᠵᠢᠯᠡᠭ᠌ᠰᠡᠨ ᠡᠯᠪᠡᠭ ᠬᠤᠷᠢᠶᠠᠯᠲᠠ ᠤᠯᠬᠤ᠎ᠶ᠋ᠢ ᠳᠠᠭᠠᠳᠭᠠᠬᠤ ᠤᠯᠠᠮᠵᠢᠯᠠᠯᠲᠤ ᠪᠠᠶᠠᠷ᠎ᠤᠨ ᠡᠳᠦᠷ 《ᠡᠯᠪᠡᠭ ᠬᠤᠷᠢᠶᠠᠯᠳᠠ᠎ᠶ᠋ᠢᠨ ᠪᠠᠶᠠᠷ》 ᠎ᠢ ᠤᠭ᠍ᠲᠤᠨ ᠠᠪᠴᠢᠷᠠᠯ᠎ᠠ᠃

79 ᠨᠠᠰᠤᠲᠠᠢ ᠱᠢᠭᠠᠽᠧ ᠬᠤᠳᠠ᠎ᠶ᠋ᠢᠨ ᠱᠢᠶᠧ ᠲᠦᠩ ᠮᠧᠨ ᠱᠢᠶᠠᠨ᠎ᠤ ᠲᠠᠷᠢᠶᠠᠴᠢᠨ ᠯᠤᠪᠦ᠋ ᠲᠠᠷᠢᠶᠠᠨ ᠲᠠᠯᠠᠩ ᠳᠡᠭᠡᠷ᠎ᠡ ᠵᠣᠭ᠍ᠰᠣᠵᠤ᠂ ᠤᠳᠠᠯ ᠦᠭᠡᠢ ᠡᠯᠪᠡᠭ ᠬᠤᠷᠢᠶᠠᠯᠲᠠ ᠤᠯᠬᠤ ᠭᠡᠵᠦ᠍ ᠪᠠᠢᠭ᠎ᠠ ᠨᠣᠬᠠᠢ᠎ᠶ᠋ᠢᠨ ᠬᠤᠱᠢᠭᠤ᠎ᠶ᠋ᠢᠨ ᠭᠠᠵᠠᠷ᠎ᠢ ᠬᠠᠷᠠᠭᠠᠳ ᠲᠦᠢᠯ᠎ᠢᠶᠠᠷ ᠪᠠᠶᠠᠷᠯᠠᠪᠠ᠃

《ᠦᠲᠡᠯᠴᠢᠭᠡᠯ᠎ᠡ᠂ ᠬᠦᠯ ᠭᠠᠷ ᠮᠠᠭᠤᠳᠠᠵᠤ᠂ ᠲᠠᠷᠢᠶ᠎ᠠ᠎ᠪᠠᠨ ᠲᠤᠭᠤᠷᠢᠵᠤ ᠴᠢᠳᠠᠬᠤ ᠦᠭᠡᠢ ᠪᠣᠯᠵᠠᠶ᠂ ᠠᠳᠡ ᠵᠣᠭ᠍ᠰᠣᠭᠠᠳ ᠨᠣᠬᠠᠶ᠎ᠶ᠋ᠢᠨ ᠬᠤᠱᠢᠭᠤ᠎ᠪᠠᠨ ᠦᠨᠦᠷᠯᠡᠶ᠎ᠡ᠂ ᠦᠨᠡᠬᠡᠷ ᠠᠩᠬᠢᠯᠤᠮ᠎ᠠ ᠰᠠᠢᠬᠠᠨ ᠪᠠᠢᠨ᠎ᠠ!》 ᠭᠡᠵᠦ᠍ ᠬᠡᠯᠡᠵᠡᠶ᠃

ᠨᠣᠬᠠᠶ᠎ᠶ᠋ᠢᠨ ᠬᠤᠱᠢᠭᠤ᠎ᠶ᠋ᠢᠨ ᠦᠨᠦᠷ ᠪᠣᠯ ᠳᠠᠷᠤᠶ ᠵᠣᠯ ᠵᠢᠷᠭᠠᠯ᠎ᠤᠨ ᠦᠨᠦᠷ ᠮᠥᠨ᠃

ᠣᠳᠣᠬᠠᠨ᠎ᠳᠤ᠂ ᠲᠥᠪᠡᠳ᠎ᠤᠨ ᠭᠤᠣᠯ᠎ᠤᠨ ᠬᠥᠨᠳᠡᠢ᠎ᠶ᠋ᠢᠨ ᠬᠡᠰᠡᠭ ᠬᠡᠰᠡᠭ᠎ᠢᠶᠠᠷ ᠵᠠᠯᠭᠠᠯᠳᠤᠭ᠍ᠰᠠᠨ ᠨᠣᠬᠠᠢ᠎ᠶ᠋ᠢᠨ ᠬᠤᠱᠢᠭᠤ᠎ᠶ᠋ᠢᠨ ᠲᠠᠷᠢᠶ᠎ᠠ᠎ᠳᠤ᠂ ᠤᠶᠠᠬᠠᠨ ᠰᠠᠯᠬᠢᠨ᠎ᠳᠤ ᠪᠤᠭᠤᠳᠠᠢ᠎ᠶ᠋ᠢᠨ ᠲᠠᠷᠢᠶ᠎ᠠ ᠲᠤᠯᠬᠢᠶᠠᠯᠠᠵᠤ᠂ ᠠᠯᠳᠠᠨ ᠱᠢᠷᠭᠠᠯ ᠦᠩᠭᠡ ᠪᠤᠳᠤᠭ᠎ᠨᠢ ᠲᠠᠷᠢᠶᠠᠴᠢᠳ᠎ᠤᠨ ᠰᠡᠳᠭᠢᠯ᠎ᠳᠠᠬᠢ ᠵᠣᠯ ᠵᠢᠷᠭᠠᠯ᠎ᠤᠨ ᠤᠢ᠍ᠢᠯ ᠱᠢᠬ ᠪᠠᠢᠯ᠎ᠠ᠃

7 ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠲᠥᠪᠡᠳ᠎ᠲᠤ ᠱᠢᠨᠵᠢᠯᠡᠨ ᠪᠠᠢᠴᠠᠭᠠᠬᠤ᠎ᠳᠠᠭᠠᠨ᠂ ᠨᠤᠲᠤᠭ᠎ᠤᠨ ᠠᠬ᠎ᠠ ᠳᠡᠭᠦᠦ ᠨᠡᠷ᠎ᠤᠨ ᠰᠠᠢᠨ ᠰᠠᠢᠬᠠᠨ ᠠᠮᠢᠳᠤᠷᠠᠯ᠎ᠨᠢ ᠨᠠᠮ ᠪᠠ ᠤᠯᠤᠰ᠎ᠤᠨ ᠰᠠᠢᠨ ᠲᠦᠷᠦ᠎ᠶ᠋ᠢᠨ ᠪᠤᠳᠤᠯᠭ᠎ᠠ᠎ᠶ᠋ᠢᠨ ᠠᠴᠢ ᠲᠤᠰᠠ ᠪᠤᠯᠬᠤ ᠪᠦᠭᠡᠳ ᠪᠠᠰᠠ ᠲᠠ ᠨᠠᠷ᠎ᠤᠨ ᠠᠵᠢᠯᠴᠢ ᠬᠥᠳᠡᠯᠮᠦᠷᠢᠴᠢ ᠬᠤᠶᠠᠷ ᠭᠠᠷ᠎ᠢᠶᠠᠷ᠎ᠢᠶᠠᠨ ᠡᠭᠦᠳᠦᠨ ᠪᠦᠲᠦᠭᠡᠭ᠌ᠰᠡᠨ᠎ᠤ ᠠᠴᠢ ᠶᠤᠮ᠃ ᠲᠥᠪᠡᠳ᠎ᠤᠨ ᠬᠥᠭ᠌ᠵᠢᠯᠲᠡ᠎ᠶ᠋ᠢ ᠳᠡᠮᠵᠢᠬᠦ᠌ ᠲᠤᠬᠠᠶ ᠨᠠᠮ᠎ᠤᠨ ᠲᠥᠪ ᠬᠤᠷᠢᠶᠠᠨ᠎ᠤ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃

70 ᠵᠢᠯ᠎ᠤᠨ ᠲᠤᠷᠰᠢ᠂ ᠲᠥᠪᠡᠳ᠎ᠤᠨ ᠮᠠᠯᠴᠢᠨ ᠲᠠᠷᠢᠶᠠᠴᠢᠨ᠎ᠤ ᠣᠷᠣᠯᠭ᠎ᠠ 18 ᠵᠢᠯ ᠳᠠᠷᠠᠭᠠᠯᠠᠨ ᠬᠤᠶᠠᠷ ᠣᠷᠣᠨᠲᠤ ᠲᠤᠭ᠎ᠠ᠎ᠪᠠᠷ ᠨᠡᠮᠡᠭ᠌ᠳᠡᠪᠡ᠃ 2020 ᠣᠨ᠎ᠳᠤ᠂ ᠬᠥᠳᠡᠭᠡ ᠲᠣᠰᠭᠤᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 14598 ᠲᠥᠭᠦᠷᠢᠭ᠎ᠲᠤ ᠬᠦᠷᠴᠦ᠍᠂ 1965 ᠣᠨ᠎ᠳᠤ ᠲᠤᠭ᠎ᠠ ᠪᠠᠷᠢᠮᠲᠠ᠎ᠶ᠋ᠢᠨ ᠪᠦᠷᠢᠳᠭᠡᠯ᠎ᠲᠠᠢ ᠪᠣᠯᠤᠭ᠍ᠰᠠᠨ᠎ᠠᠴᠠ ᠨᠠᠭᠠᠱᠢᠬᠢ 135 ᠳᠠᠬᠢᠨ ᠪᠣᠯᠵᠠᠶ᠃

ᠪᠦᠬᠦ᠌ ᠤᠯᠤᠰ᠎ᠤᠨ ᠴᠤᠷ᠎ᠤᠨ ᠭᠠᠭ᠍ᠴᠠ ᠲᠥᠪᠯᠡᠷᠡᠨ ᠵᠠᠯᠭᠠᠯᠳᠤᠭ᠍ᠰᠠᠨ ᠮᠤᠵᠢ᠎ᠶ᠋ᠢᠨ ᠲᠡᠰ᠎ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ 2019 ᠣᠨ᠎ᠤ ᠰᠡᠭᠦᠯᠴᠢ᠎ᠪᠠᠷ᠂ ᠲᠥᠪᠡᠳ᠎ᠤᠨ᠎ᠬᠢᠨ ᠲᠦᠢᠯ᠎ᠤᠨ ᠶᠠᠳᠠᠭᠤ ᠬᠦᠴᠢᠷᠳᠡᠯ᠎ᠢ ᠲᠡᠦᠬᠡᠲᠦ ᠴᠢᠨᠠᠷᠲᠠᠢ᠎ᠪᠠᠷ ᠠᠷᠢᠯᠭᠠᠵᠤ᠂ 62.8 ᠲᠦᠮᠡᠨ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃

ᠡᠳᠦᠭᠡ᠂ ᠴᠠᠰᠤᠲᠤ ᠥᠨᠳᠦᠷᠯᠢᠭ᠎ᠤᠨ᠎ᠬᠢᠨ ᠪᠦᠬᠦ᠌ ᠤᠯᠤᠰ᠎ᠲᠠᠢ ᠬᠠᠮᠲᠤ᠎ᠪᠠᠷ ᠴᠢᠨᠡᠭᠡᠯᠢᠭ ᠨᠡᠢᠭᠡᠮ᠎ᠳᠤ ᠲᠠᠪᠱᠢᠨ ᠣᠷᠣᠵᠤ᠂ ᠥᠨᠢ ᠤᠳᠠᠭᠠᠨ ᠠᠮᠤᠷ ᠲᠦᠪᠱᠢᠨ ᠪᠠᠢᠬᠤ ᠪᠠ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠰᠡᠭᠦᠨ᠎ᠠ᠃

 (ᠱᠢᠨᠬᠤᠸᠠ ᠬᠤᠷᠢᠶᠠᠨ᠎ᠤ ᠯᠾᠠᠰᠠ᠎ᠶ᠋ᠢᠨ 8 ᠰᠠᠷ᠎ᠠ᠎ᠶ᠋ᠢᠨ 22 ᠎ᠤᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号