ᠳᠡᠭᠡᠳᠦ ᠰᠤᠷᠭᠠᠭᠤᠯᠢ ᠪᠠ ᠬᠥᠳᠡᠯᠮᠦᠷᠢ᠎ᠶ᠋ᠢᠨ ᠵᠢᠱ᠌ᠢᠶᠡᠴᠢ ᠬᠠᠮᠲᠤᠷᠠᠨ ᠬᠥᠳᠡᠭᠡ ᠲᠣᠰᠭᠤᠨ᠎ᠳᠤ ᠲᠡᠷᠢᠶᠡᠯᠡᠩ᠎ᠤᠨ ᠮᠡᠷᠭᠡᠵᠢᠯ ᠬᠦᠷᠬᠡᠪᠡ
2021-08-26 09:41:12
ᠵᠣᠬᠢᠶᠠᠭ᠍ᠴᠢ᠄
ᠨᠠᠪᠴᠢ ​
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠥᠷ ᠮᠣᠩᠭᠤᠯ᠎ᠤᠨ ᠮᠠᠱᠢᠨ ᠴᠠᠬᠢᠯᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠬᠦᠮᠦᠨ ᠬᠥᠮᠦᠵᠢᠭᠦᠯᠬᠦ᠌ ᠠᠵᠢᠯ᠎ᠤᠨ ᠦᠷᠦᠬᠡ ᠪᠣᠯᠤᠨ ᠠᠵᠢᠯᠴᠢᠨ᠎ᠤ ᠡᠪᠯᠡᠯ ᠬᠠᠮᠳᠤᠷᠠᠨ᠂ ᠪᠥᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠸᠠᠩ ᠰᠢ ᠯᠢᠶᠠᠨ᠎ᠢ ᠤᠷᠢᠵᠤ᠂ ᠤᠯᠠᠭᠠᠨᠴᠠᠪ ᠬᠤᠲᠠ᠎ᠶ᠋ᠢᠨ ᠴᠠᠬᠠᠷ ᠪᠠᠷᠠᠭᠤᠨ ᠭᠠᠷᠤᠨ ᠬᠤᠢᠲᠤ ᠬᠤᠱᠢᠭᠤᠨ᠎ᠤ ᠳᠡᠮᠦᠷᠳᠡᠢ ᠪᠠᠯᠭᠠᠰᠤᠨ᠎ᠤ ᠱᠢᠨ᠎ᠡ ᠲᠣᠰᠭᠤᠨ᠎ᠳᠤ ᠬᠦᠷᠴᠦ᠍᠂ 《ᠬᠥᠳᠡᠯᠮᠦᠷᠢ᠎ᠶ᠋ᠢᠨ ᠵᠢᠱ᠌ᠢᠶᠡᠴᠢ ᠬᠥᠳᠡᠭᠡ ᠲᠣᠰᠭᠤᠨ᠎ᠳᠤ ᠬᠦᠷᠴᠦ᠍ ᠮᠡᠷᠭᠡᠵᠢᠯ ᠬᠦᠷᠭᠡᠬᠦ᠌》 ᠠᠵᠢᠯᠯᠠᠭ᠎ᠠ ᠥᠷᠨᠢᠭᠦᠯᠪᠡ᠃

ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠠᠵᠢᠯᠯᠠᠬᠤ ᠦᠷᠦᠬᠡ᠎ᠶ᠋ᠢᠨ ᠪᠦᠷᠢᠯᠳᠦᠬᠦᠨ ᠸᠠᠩ ᠰᠢ ᠯᠢᠶᠠᠨ ᠪᠣᠯ ᠦᠴᠦᠸᠠᠨ ᠱᠢᠶᠠᠨ᠎ᠤ ᠴᠤᠸᠠᠨ ᠪᠦᠦ ᠪᠣᠬᠢᠷᠲᠤᠯ ᠥᠬᠡᠶ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠪᠣᠯᠤᠨ᠎ᠠ᠂ ᠲᠡᠷᠡ ᠲᠥᠮᠥᠰᠥ᠎ᠶ᠋ᠢᠨ ᠰᠠᠢᠨ ᠡᠭᠦᠯᠳᠡᠷ᠎ᠢ ᠪᠤᠢᠵᠢᠭᠤᠯᠬᠤ᠂ ᠲᠠᠸᠠᠷ᠎ᠤᠨ ᠲᠥᠮᠥᠰᠥ᠎ᠶ᠋ᠢ ᠳᠠᠷᠢᠬᠤ᠂ ᠡᠳ᠋ᠱᠢᠭᠦᠯᠬᠦ᠂ ᠬᠠᠳᠠᠭᠠᠯᠠᠬᠤ᠂ ᠪᠣᠷᠣᠯᠠᠭᠤᠯᠬᠤ ᠵᠡᠷᠭᠡ ᠠᠵᠤ  ᠦᠢᠯᠡᠰᠵᠢᠯᠲᠡ᠎ᠶ᠋ᠢ ᠠᠬᠢᠭᠤᠯᠬᠤ ᠠᠵᠢᠯ᠎ᠳᠤ ᠣᠷᠳᠣ ᠬᠤᠭᠤᠴᠠᠭ᠎ᠠ᠎ᠪᠠᠷ ᠵᠢᠳᠬᠦᠵᠦ᠍᠂ ᠵᠢᠵᠢᠭ ᠲᠥᠮᠥᠰᠥ᠎ᠶ᠋ᠢ ᠲᠠᠷᠢᠶᠠᠴᠢᠳ᠎ᠤᠨ ᠶᠠᠳᠠᠭᠤ᠎ᠠᠴᠠ ᠠᠩᠭᠢᠵᠢᠷᠠᠨ ᠪᠠᠶᠠᠵᠢᠨ ᠴᠢᠨᠡᠭᠡᠯᠢᠭ᠌ᠵᠢᠬᠦ᠌ ᠲᠣᠮᠣ ᠠᠵᠤ ᠦᠢᠯᠡᠰ ᠪᠣᠯᠭᠠᠵᠠᠶ᠃ ᠠᠵᠢᠯᠯᠠᠭ᠎ᠠ ᠳᠤᠮᠳᠠ᠂ ᠸᠠᠩ ᠰᠢ ᠯᠢᠶᠠᠨ ᠤᠯᠠᠨ ᠲᠦᠮᠡᠨ᠎ᠳᠤ ᠲᠠᠷᠢᠮᠠᠯ᠎ᠤᠨ ᠤᠷ᠎ᠠ ᠮᠡᠷᠭᠡᠵᠢᠯ᠎ᠢ ᠲᠠᠢᠯᠪᠤᠷᠢᠯᠠᠨ ᠥᠭ᠌ᠬᠦ᠎ᠶ᠋ᠢᠨ ᠬᠠᠮᠳᠤ᠂ ᠲᠣᠰᠭᠤᠨ᠎ᠤ ᠠᠷᠠᠳ᠎ᠤᠨ ᠲᠥᠮᠥᠰᠥ᠍ ᠲᠠᠷᠢᠬᠤ ᠪᠠ ᠨᠡᠷᠡᠨ ᠬᠤᠸᠠᠷ ᠲᠠᠷᠢᠬᠤ᠎ᠳᠤ ᠲᠤᠯᠭᠠᠷᠠᠵᠤ ᠪᠠᠢᠭ᠎ᠠ ᠬᠦᠴᠢᠷ ᠠᠰᠠᠭᠤᠯᠳᠠ᠎ᠳᠤ ᠬᠠᠷᠢᠭᠤᠯᠳᠠ ᠦᠭ᠌ᠴᠡᠢ᠃ ᠬᠦᠬᠡᠬᠤᠳᠠ᠎ᠶ᠋ᠢᠨ ᠠᠵᠢᠯ ᠮᠡᠷᠭᠡᠵᠢᠯ᠎ᠤᠨ ᠲᠡᠭᠡᠳᠦ ᠰᠤᠷᠭᠠᠭᠤᠯᠢ᠎ᠶ᠋ᠢᠨ᠎ᠬᠢᠨ ᠲᠣᠰᠭᠤᠨ᠎ᠤ ᠠᠷᠠᠳ᠎ᠲᠤ ᠨᠣᠮ ᠪᠡᠯᠡᠭ᠌ᠯᠡᠵᠦ᠍᠂ ᠲᠣᠰᠭᠤᠨ᠎ᠤ ᠠᠷᠠᠳ᠎ᠲᠤ ᠱᠢᠨᠵᠢᠯᠡᠬᠦ᠌ ᠤᠬᠠᠭᠠᠨᠴᠢ᠎ᠪᠠᠷ ᠲᠠᠷᠢᠬᠤ ᠶᠡᠷᠦ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠪᠡ᠃ ᠬᠤᠢᠱᠢᠳᠠ᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠬᠥᠮᠦᠨ ᠬᠥᠮᠦᠵᠢᠭᠦᠯᠬᠦ᠌ ᠠᠵᠢᠯ᠎ᠤᠨ ᠦᠷᠦᠬᠡ᠎ᠨᠢ ᠪᠠᠰᠠ ᠡᠢᠮᠦᠷᠬᠦᠦ ᠮᠡᠷᠭᠡᠵᠢᠯ ᠬᠦ᠍ᠷᠭᠡᠬᠦ᠌ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号