— ᠮᠠᠨ᠎ᠤ ᠣᠷᠣᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭ᠌ᠯᠡᠵᠦ᠍ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠪᠥᠬᠦ᠌ ᠲᠠᠯ᠎ᠠ᠎ᠪᠠᠷ ᠴᠢᠩᠭᠠᠳᠭᠠᠭ᠍ᠰᠠᠨ ᠦᠷ᠎ᠡ ᠪᠦᠲᠦᠮᠵᠢ᠎ᠶ᠋ᠢᠨ ᠲᠤᠬᠠᠢ ᠪᠤᠳᠠᠳᠤ ᠲᠡᠮᠳᠡᠭ᠌ᠯᠡᠯ (ᠭᠤᠷᠪᠠ)
ᠡᠨᠡ ᠬᠡᠳᠦᠨ ᠡᠳᠦᠷ᠂ ᠣᠷᠳᠣᠰ ᠬᠤᠲᠠ᠎ᠶ᠋ᠢᠨ ᠳ᠋ᠦᠩᠱᠧᠩ ᠲᠣᠭᠤᠷᠢᠭ᠎ᠤᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠰᠣᠷᠣᠭ᠍ᠴᠢ ᠠᠷᠢᠭᠤᠨ᠎ᠠ ᠡᠳᠦᠷ ᠪᠦᠷᠢ ᠲᠧᠯᠸᠢᠰ᠎ᠢᠶᠠᠨ ᠨᠡᠭᠡᠭᠡᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠰᠦᠯᠵᠢᠶᠡᠨ᠎ᠤ ᠲᠧᠯᠸᠢᠰ ᠲᠤᠰᠭᠠᠶ ᠨᠡᠪᠳᠡᠷᠡᠬᠦᠯᠬᠡ᠎ᠪᠠᠷ ᠳᠡᠮᠵᠢᠨ᠂ ᠨᠢᠭᠡᠳᠦᠭᠡᠷ ᠣᠨ᠎ᠤ ᠳᠤᠤᠷᠠᠳᠤ ᠳᠡᠪᠲᠡᠷ᠎ᠤᠨ ᠨᠢᠭᠡᠳᠦᠯᠲᠡᠶ ᠨᠠᠢᠷᠠᠭᠤᠯᠤᠭ᠍ᠰᠠᠨ 《ᠬᠡᠯᠡ ᠪᠢᠴᠢᠭ》 ᠤᠨ ᠵᠢᠭᠠᠬᠤ ᠮᠠᠲ᠋ᠧᠷᠢᠶᠠᠯ᠎ᠢ ᠰᠤᠷᠤᠯᠴᠠᠨ᠎ᠠ᠃ ᠠᠷᠢᠭᠤᠨ᠎ᠠ᠎ᠶ᠋ᠢᠨ ᠡᠵᠢ ᠸᠠᠩ ᠶᠠ ᠯᠢ᠄ 《ᠵᠤᠨ᠎ᠤ ᠠᠮᠠᠷᠠᠯᠲᠠ᠎ᠳᠤ ᠭᠡᠷ᠎ᠲᠡᠭᠡᠨ ᠰᠤᠷᠤᠯᠴᠠᠬᠤ᠎ᠨᠢ ᠦᠨᠡᠬᠡᠷ ᠲᠦᠬᠦᠮ᠃ ᠬᠡᠦᠬᠡᠳ ᠨᠢᠭᠡᠳᠦᠭᠡᠷ ᠣᠨ᠎ᠤ ᠬᠡᠯᠡ ᠪᠢᠴᠢᠭ᠎ᠤᠨ ᠮᠡᠳᠡᠯᠭᠡ᠎ᠪᠠᠨ ᠪᠠᠳᠤᠳᠭᠠᠭ᠍ᠰᠠᠨᠢᠶᠠᠷ ᠪᠠᠷᠠᠬᠤ ᠦᠭᠡᠢ᠂ ᠬᠢᠴᠢᠶᠡᠯ᠎ᠤᠨ ᠲᠠᠩᠬᠢᠮ᠎ᠳᠤ ᠪᠠᠳᠤᠳᠠᠢ ᠡᠵᠡᠮᠱᠢᠵᠦ᠍ ᠴᠢᠳᠠᠭ᠍ᠰᠠᠨ ᠦᠬᠡᠢ ᠵᠦᠢᠯᠡᠰ᠎ᠢᠶᠠᠨ ᠨᠦᠬᠦᠪᠦᠷᠢᠯᠡᠵᠦ᠍ ᠲᠡᠢᠯᠪᠡ᠃ ᠨᠡᠷᠡᠳᠤ ᠪᠠᠭ᠍ᠰᠢ᠎ᠶ᠋ᠢᠨ ᠬᠢᠴᠢᠶᠡᠯ ᠲᠠᠢᠯᠪᠤᠷᠢᠯᠠᠬᠤ᠎ᠶ᠋ᠢ ᠰᠤᠨᠤᠰᠤᠭᠠᠳ ᠨᠢᠭᠡᠳᠦᠯᠲᠡᠢ ᠨᠠᠢᠷᠠᠭᠤᠯᠤᠭ᠍ᠰᠠᠨ 〈ᠬᠡᠯᠡ ᠪᠢᠴᠢᠭ〉 ᠤᠨ ᠵᠢᠭᠠᠬᠤ ᠮᠠᠲ᠋ᠧᠷᠢᠶᠠᠯ᠎ᠢ ᠰᠤᠷᠤᠯᠴᠠᠬᠤ ᠤᠷᠮ᠎ᠠ ᠪᠠᠬ᠎ᠠ᠎ᠨᠢ ᠤᠯᠠᠮ᠎ᠢᠶᠠᠷ ᠨᠡᠮᠡᠭ᠌ᠳᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠴᠤ᠌ ᠬᠡᠷᠡᠭ᠌ᠯᠡᠬᠦ᠌ ᠴᠢᠳᠠᠪᠤᠷᠢ᠎ᠨᠢ ᠴᠦ᠍ ᠲᠠᠰᠤᠷᠠᠯᠲᠠ ᠦᠭᠡᠢ ᠳᠡᠬᠡᠭ᠌ᠰᠢᠯᠡᠵᠦ᠍ ᠪᠠᠢᠨ᠎ᠠ》 ᠬᠡᠵᠦ᠍ ᠶᠠᠷᠢᠨ᠎ᠠ᠃
8 ᠰᠠᠷ᠎ᠠ᠎ᠶ᠋ᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭᠠᠷᠲᠤ ᠺᠣᠮᠫᠠᠨᠢ᠎ᠲᠠᠢ ᠬᠠᠮᠲᠤᠷᠠᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠰᠦᠯᠵᠢᠶᠡᠨ᠎ᠤ ᠲᠧᠯᠸᠢᠰ ᠲᠤᠰᠭᠠᠶ ᠨᠡᠪᠳᠡᠷᠡᠬᠦᠯᠬᠡ᠎ᠶ᠋ᠢ ᠵᠢᠩᠬᠢᠨᠢ᠎ᠪᠠᠷ ᠠᠵᠢᠯᠯᠠᠭᠤᠯᠵᠤ᠂ ᠪᠥᠬᠦ᠌ ᠣᠷᠣᠨ᠎ᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠠᠵᠢᠯ᠎ᠳᠤ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠬᠦᠴᠦᠲᠡᠶ ᠲᠤᠯᠭᠠᠭᠤᠷᠢᠯᠠᠯ ᠬᠠᠩᠭᠠᠪᠠ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠥᠷᠭᠡᠨ ᠪᠦᠰᠡᠲᠦ ᠰᠦᠯᠵᠢᠶᠡᠨ᠎ᠤ ᠬᠤᠤᠰ ᠴᠢᠭ᠌ᠯᠡᠯᠲᠦ ᠬᠡᠷᠡᠭ᠌ᠯᠡᠭ᠌ᠴᠢᠳ ᠪᠦᠷ ᠲᠧᠯᠸᠢᠰ᠎ᠠᠴᠠ 《ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ》 ᠤᠨ ᠲᠤᠰᠭᠠᠶ ᠨᠡᠪᠳᠡᠷᠡᠬᠦᠯᠬᠡ᠎ᠶ᠋ᠢ ᠣᠯᠵᠤ ᠦᠵᠡᠵᠦ᠍ ᠪᠣᠯᠤᠨ᠎ᠠ᠃ ᠲᠤᠰᠭᠠᠶ ᠨᠡᠪᠳᠡᠷᠡᠬᠦᠯᠬᠡ᠎ᠳᠤ ᠬᠡᠯᠡ ᠪᠢᠴᠢᠭ᠂ ᠲᠡᠦᠬᠡ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ 3 ᠫᠷᠦᠭ᠌ᠷᠠᠮᠢ ᠳᠣᠭᠢᠷᠠᠭᠤᠯᠪᠠ᠃ ᠲᠤᠰᠭᠠᠶ ᠨᠡᠪᠳᠡᠷᠡᠬᠦᠯᠬᠡ᠎ᠨᠢ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠢᠵᠢᠯ ᠠᠯᠬᠤᠮ᠎ᠳᠤ ᠬᠢᠴᠢᠶᠡᠯᠯᠡᠭᠡ᠎ᠶ᠋ᠢ ᠵᠠᠬᠢᠶᠠᠯᠠᠨ ᠨᠡᠪᠳᠡᠷᠡᠬᠦᠯᠬᠦ᠌ᠶ᠋ᠢ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ᠂ ᠬᠢᠴᠢᠶᠡᠯ᠎ᠤᠨ ᠡᠬᠢ ᠪᠠᠶᠠᠯᠢᠭ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠦᠢᠯᠡᠴᠢᠯᠡᠭᠡᠨ᠎ᠤ ᠬᠦᠷᠢᠶ᠎ᠡ ᠬᠡᠪᠴᠢᠶ᠎ᠡ᠎ᠪᠠᠨ ᠥᠷᠭᠡᠳᠭᠡᠵᠦ᠍᠂ ᠰᠠᠭᠤᠷᠢ ᠰᠤᠷᠭᠠᠨ ᠬᠥᠮᠦᠵᠢᠯ᠎ᠤᠨ ᠡᠯ᠎ᠡ ᠣᠨ ᠨᠢᠬᠡᠴᠢ᠂ ᠡᠯ᠎ᠠ ᠬᠢᠴᠢᠶᠡᠯ ᠲᠦᠷᠦᠯ᠎ᠤᠨ ᠱᠢᠯᠢᠳᠡᠭ ᠡᠬᠢ ᠪᠠᠶᠠᠯᠢᠭ ᠪᠠ ᠡᠯ᠎ᠡ ᠲᠥᠷᠥᠯ᠎ᠤᠨ ᠲᠤᠰᠭᠠᠶ ᠰᠡᠳᠦᠪᠲᠦ ᠰᠤᠷᠭᠠᠨ ᠬᠥᠮᠦᠵᠢᠯ᠎ᠢ ᠬᠠᠮᠤᠷᠤᠭ᠍ᠰᠠᠨ᠂ ᠰᠤᠷᠭᠠᠨ ᠬᠥᠮᠦᠵᠢᠯ᠎ᠤᠨ ᠤᠬᠠᠭᠤᠯᠭ᠎ᠠ ᠵᠢᠴᠢ ᠦᠢᠯᠡᠴᠢᠯᠡᠭᠡ᠎ᠪᠠᠷ ᠬᠠᠪᠰᠤᠷᠤᠮᠵᠢ ᠪᠣᠯᠭᠠᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠲᠧᠯᠸᠢᠰ᠎ᠤᠨ ᠰᠤᠷᠭᠠᠨ ᠬᠥᠮᠦᠵᠢᠯ᠎ᠤᠨ ᠲᠤᠰᠭᠠᠶ ᠨᠡᠪᠳᠡᠷᠡᠬᠦᠯᠬᠡ᠎ᠶ᠋ᠢ ᠠᠯᠬᠤᠮ ᠠᠯᠬᠤᠮ᠎ᠢᠶᠠᠷ ᠪᠦᠷᠢᠯᠳᠦᠬᠦᠯᠵᠦ᠍᠂ ᠪᠥᠬᠦ᠌ ᠣᠷᠣᠨ᠎ᠤ 121 ᠲᠦᠮᠡᠨ ᠡᠷᠦᠬᠡ᠎ᠶ᠋ᠢᠨ 4K ᠤᠶᠤᠨᠲᠤ ᠦᠵᠦᠭᠦᠷᠯᠢᠭ᠎ᠤᠨ ᠬᠡᠷᠡᠭ᠌ᠯᠡᠭ᠌ᠴᠢᠳ᠎ᠲᠤ ᠦᠨ᠎ᠡ ᠲᠥᠯᠥᠪᠦᠷᠢ ᠥᠬᠡᠶ᠎ᠪᠠᠷ ᠬᠢᠴᠢᠶᠡᠯ᠎ᠤᠨ ᠱᠢᠭᠤᠳ ᠨᠡᠪᠲᠡᠷᠡᠭᠦᠯᠭᠡ᠂ ᠵᠠᠬᠢᠶᠠᠯᠠᠭ᠎ᠠ ᠨᠡᠪᠳᠡᠷᠡᠬᠦᠯᠭᠡ ᠬᠠᠩᠭᠠᠪᠠ᠃ ᠡᠨᠡ᠎ᠨᠢ ᠮᠠᠯᠵᠢᠬᠤ ᠤᠷᠤᠨ᠎ᠤ 33 ᠬᠤᠱᠢᠭᠤ ᠱᠢᠶᠠᠨ᠎ᠤ 12.4 ᠲᠦᠮᠡᠨ ᠲᠠᠷᠠᠬᠠᠶ ᠪᠤᠲᠠᠷᠬᠠᠶ ᠮᠠᠯᠴᠢᠨ ᠡᠷᠦᠬᠡ᠎ᠶ᠋ᠢ ᠪᠦᠬᠦᠯᠢ ᠴᠣᠭ᠍ᠴᠠ᠎ᠪᠠᠷ᠎ᠨᠢ ᠬᠠᠮᠤᠷᠴᠤ᠌᠂ ᠪᠥᠬᠦ᠌ ᠣᠷᠣᠨ ᠢᠯᠠᠩᠭᠤᠶ᠎ᠠ ᠪᠤᠢᠳᠠ ᠪᠦᠭ᠌ᠯᠡᠭᠦᠦ ᠮᠠᠯᠵᠢᠬᠤ ᠲᠠᠷᠢᠶᠠᠯᠠᠬᠤ ᠣᠷᠣᠨ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢ ᠭᠦᠨᠵᠡᠭᠡᠶ ᠠᠬᠢᠭᠤᠯᠬᠤ᠎ᠳᠤ ᠱᠢᠨ᠎ᠡ ᠪᠦᠲᠦᠮᠵᠢᠲᠡᠶ ᠠᠷᠭ᠎ᠠ ᠵᠠᠮ ᠬᠠᠩᠭᠠᠭ᠍ᠰᠠᠨ ᠪᠠᠢᠨ᠎ᠠ᠃
ᠬᠡᠷᠬᠢᠨ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠴᠢᠨᠠᠷ ᠰᠠᠢᠲᠠᠶ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠪᠠᠢᠭᠤᠯᠬᠤ ᠪᠠ ᠰᠠᠢᠲᠤᠷ ᠬᠡᠷᠡᠭ᠌ᠯᠡᠵᠦ᠍᠂ ᠭᠤᠷᠪᠠᠨ ᠬᠢᠴᠢᠶᠡᠯ ᠲᠦᠷᠦᠯ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠤ ᠴᠢᠬᠤᠯᠠ ᠪᠠᠲᠤᠯᠠᠭ᠎ᠠ ᠬᠠᠩᠭᠠᠬᠤ ᠪᠣᠶ? ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠤᠨ ᠵᠢᠭᠠᠬᠤ᠎ᠶ᠋ᠢ ᠰᠤᠳᠤᠯᠬᠤ ᠲᠠᠰᠤᠭ ᠨᠠᠷᠢᠯᠢᠭ ᠪᠠᠢᠴᠠᠭᠠᠯᠲᠠ ᠬᠢᠵᠦ᠍ ᠪᠠᠢᠳᠠᠯ᠎ᠢ ᠣᠢᠯᠠᠭᠠᠬᠤ᠎ᠪᠠᠷ ᠳᠠᠮᠵᠢᠨ᠂ ᠵᠢᠭᠠᠬᠤ ᠮᠠᠲ᠋ᠧᠷᠢᠶᠠᠯ᠎ᠲᠠᠢ ᠢᠵᠢ ᠪᠦᠷᠢᠳᠦᠭ᠌ᠰᠡᠨ ᠵᠢᠭᠠᠨ ᠰᠤᠷᠭᠠᠬᠤ ᠡᠬᠢ ᠪᠠᠶᠠᠯᠢᠭ᠎ᠤᠨ ᠪᠠᠢᠭᠤᠯᠤᠯᠲᠠ ᠪᠣᠯᠤᠨ ᠬᠡᠷᠡᠭ᠌ᠯᠡᠯᠲᠡ᠎ᠶ᠋ᠢ ᠲᠠᠰᠤᠷᠠᠯᠲᠠ ᠤᠢ᠍ᠭᠡᠢ ᠴᠢᠩᠭᠠᠳᠭᠠᠪᠠ᠃
ᠨᠢᠳᠤᠨᠤᠨ᠎ᠤ 9 ᠰᠠᠷ᠎ᠠ᠎ᠳᠤ ᠰᠤᠷᠭᠠᠭᠤᠯᠢ ᠡᠬᠢᠯᠡᠭ᠌ᠰᠡᠨ᠎ᠠᠴᠠ ᠠᠪᠤᠭᠠᠳ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠤᠨ ᠨᠢᠭᠡᠳᠦᠭᠡᠷ ᠤᠨ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠤᠨ ᠨᠢᠭᠡᠳᠦᠭᠡᠷ ᠣᠨ᠎ᠤ ᠳᠡᠭᠡᠳᠦ ᠳᠡᠪᠲᠡᠷ᠎ᠤᠨ ᠢᠵᠢᠯ ᠠᠯᠬᠤᠮ᠎ᠳᠤ ᠬᠢᠴᠢᠶᠡᠯ᠎ᠢ ᠦᠢᠯᠡᠳᠦᠨ ᠨᠡᠪᠲᠡᠷᠡᠭᠦᠯᠵᠦ᠍ ᠡᠬᠢᠯᠡᠪᠡ᠃ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠭ᠌ᠰᠡᠨ᠎ᠳᠤ ᠪᠠᠰᠠ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡᠳᠦᠭᠡᠷ ᠣᠨ᠎ᠤ ᠳᠣᠣᠷᠠᠳᠤ ᠳᠡᠪᠲᠡᠷ᠎ᠤᠨ ᠬᠡᠯᠡ ᠪᠢᠴᠢᠭ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ᠂ ᠲᠡᠦᠬᠡ᠎ᠶ᠋ᠢᠨ ᠬᠢᠴᠢᠶᠡᠯ᠎ᠢ ᠱᠢᠩᠬᠡᠬᠡᠨ ᠦᠢᠯᠡᠳᠦᠨ ᠨᠡᠪᠲᠡᠷᠡᠭᠦᠯᠪᠡ᠃ 6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠨᠢᠭᠡᠨᠲᠡ 262 ᠴᠠᠭ᠎ᠤᠨ ᠬᠢᠴᠢᠶᠡᠯ᠎ᠤᠨ ᠡᠬᠢ ᠪᠠᠶᠠᠯᠢᠭ᠎ᠢ ᠱᠢᠩᠬᠡᠬᠡᠨ ᠦᠢᠯᠡᠳᠴᠦ᠍᠂ ᠬᠢᠴᠢᠶᠡᠯ᠎ᠤᠨ ᠬᠡᠷᠡᠭ᠌ᠰᠡᠯ᠂ ᠵᠢᠭᠠᠨ ᠰᠤᠷᠭᠠᠯᠲᠠ᠎ᠶ᠋ᠢᠨ ᠲᠥᠯᠥᠪᠯᠡᠭᠡ᠂ ᠵᠢᠱ᠌ᠢᠶ᠎ᠡ ᠦᠵᠡᠭᠦᠯᠬᠦ᠌ ᠤᠷᠠᠨ ᠤᠩᠱᠢᠯᠭ᠎ᠠ᠂ ᠪᠢᠴᠢᠯ ᠸᠢᠳᠢᠣ᠋ ᠵᠡᠷᠭᠡ ᠡᠯ᠎ᠡ ᠲᠥᠷᠥᠯ᠎ᠤᠨ ᠬᠠᠪᠰᠤᠷᠤᠨ ᠲᠤᠰᠠᠯᠠᠬᠤ ᠡᠬᠢ ᠪᠠᠶᠠᠯᠢᠭ᠎ᠢ 500 ᠭᠠᠷᠤᠶ ᠢᠵᠢ ᠪᠥᠷᠢᠳᠦᠭᠦᠯᠪᠡ᠃ ᠡᠨᠡ ᠵᠢᠯ᠎ᠤᠨ 2 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠪᠠᠰᠠ 《ᠰᠦᠯᠵᠢᠶᠡᠨ᠎ᠳᠠᠬᠢ ᠱᠢᠯᠢᠳᠡᠭ ᠬᠢᠴᠢᠶᠡᠯ》 ᠤᠨ ᠰᠤᠷᠤᠯᠴᠠᠯᠭ᠎ᠠ᠎ᠶ᠋ᠢᠨ ᠲᠠᠪᠴᠠᠩ ᠭᠠᠷᠭᠠᠵᠤ᠂ ᠬᠢᠴᠢᠶᠡᠯ᠎ᠤᠨ ᠠᠭᠤᠯᠭ᠎ᠠ᠎ᠶ᠋ᠢ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠭᠤᠷᠪᠠᠳᠤᠭᠠᠷ ᠤᠨ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠬᠢᠴᠢᠶᠡᠯ ᠲᠥᠷᠥᠯ᠎ᠤᠨ ᠠᠭᠤᠯᠭ᠎ᠠ᠎ᠶ᠋ᠢ ᠬᠤᠷᠢᠶᠠᠩᠭᠤᠢ᠍ᠢᠯᠠᠨ ᠡᠮᠬᠢᠳᠭᠡᠬᠦ᠌ ᠪᠠ ᠬᠦᠴᠢᠷ ᠲᠦᠪᠡᠭ᠌ᠲᠡᠶ ᠭᠤᠤᠯᠳᠠᠯᠭ᠎ᠠ᠎ᠲᠠᠢ ᠵᠦᠢᠯ᠎ᠢ ᠲᠤᠰᠭᠠᠶ ᠰᠡᠳᠦᠪ᠎ᠢᠶᠠᠷ ᠳᠠᠢᠯᠪᠤᠷᠢᠯᠠᠬᠤᠪᠠᠷ ᠭᠤᠤᠯ ᠪᠣᠯᠭᠠᠨ᠂ ᠪᠥᠬᠦ᠌ ᠣᠷᠣᠨ᠎ᠤ ᠨᠠᠷᠠᠲᠤ ᠱᠢᠯᠢᠳᠡᠭ ᠪᠠᠭ᠍ᠰᠢ᠎ᠪᠠᠷ ᠬᠢᠴᠢᠶᠡᠯ ᠳᠠᠢᠯᠪᠤᠷᠢᠯᠠᠭᠤᠯᠵᠤ᠂ ᠣᠳᠣᠬᠠᠨ᠎ᠳᠤ ᠨᠢᠭᠡᠨᠲᠡ 976 ᠴᠠᠭ᠎ᠤᠨ ᠬᠢᠴᠢᠶᠡᠯ᠎ᠢ ᠱᠢᠩᠬᠡᠬᠡᠨ ᠦᠢᠯᠡᠳᠦᠭ᠌ᠰᠡᠨ ᠪᠠᠢᠨ᠎ᠠ᠃ ᠡᠳᠡᠭᠡᠷ ᠬᠢᠴᠢᠶᠡᠯ᠎ᠤᠨ ᠠᠭᠤᠯᠭ᠎ᠠ᠎ᠶ᠋ᠢ ᠪᠠᠭ᠍ᠰᠢ ᠰᠤᠷᠤᠭ᠍ᠴᠢᠳ ᠴᠥᠮ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠰᠦᠯᠵᠢᠶᠡᠨ᠎ᠤ ᠲᠧᠯᠸᠢᠰ᠎ᠤᠨ ᠲᠤᠰᠭᠠᠢ ᠨᠡᠪᠳᠡᠷᠡᠬᠦᠯᠭᠡ ᠪᠠ ᠥᠪᠥᠷ ᠮᠣᠩᠭᠤᠯ᠎ᠤᠨ ᠰᠤᠷᠭᠠᠨ ᠬᠥᠮᠦᠵᠢᠯ᠎ᠤᠨ ᠡᠭᠦᠯᠡᠨ ᠲᠠᠪᠴᠠᠩ᠎ᠢᠶᠠᠷ ᠳᠠᠮᠵᠢᠨ ᠦᠨ᠎ᠡ ᠲᠥᠯᠥᠪᠦᠷᠢ ᠦᠭᠡᠢ᠎ᠪᠠᠷ ᠬᠦᠯᠢᠶᠡᠨ ᠠᠪᠴᠤ᠌ ᠦᠵᠡᠵᠦ᠍ ᠪᠣᠯᠤᠨ᠎ᠠ᠃ 6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠢᠵᠢᠯ ᠠᠯᠬᠤᠮᠲᠤ ᠬᠢᠴᠢᠶᠡᠯ ᠪᠠ 《ᠰᠦᠯᠵᠢᠶᠡᠨ᠎ᠳᠠᠬᠢ ᠱᠢᠯᠢᠳᠡᠭ ᠬᠢᠴᠢᠶᠡᠯ》 ᠢ ᠨᠡᠪᠳᠡᠷᠡᠬᠦᠯᠦᠭ᠌ᠰᠡᠨ ᠤᠳᠠᠭ᠎ᠠ᠎ᠨᠢ 405 ᠲᠦᠮᠡᠨ ᠤᠳᠠᠭ᠎ᠠ᠎ᠳᠤ ᠬᠦᠷᠴᠡᠢ᠃
ᠡᠭᠦᠨ᠎ᠤ ᠬᠠᠮᠲᠤ᠌᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠰᠤᠷᠭᠠᠨ ᠬᠥᠮᠦᠵᠢᠯ᠎ᠤᠨ ᠶᠠᠮᠤᠨ᠎ᠤ ᠵᠢᠭᠠᠬᠤ ᠮᠠᠲ᠋ᠧᠷᠢᠶᠠᠯ᠎ᠤᠨ ᠲᠣᠪᠴᠢᠶ᠎ᠠ᠎ᠲᠠᠢ ᠢᠳᠡᠪᠬᠢᠲᠡᠶ ᠬᠠᠷᠢᠯᠴᠠᠵᠤ᠂ ᠪᠦᠬᠦ᠌ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠳᠤ ᠠᠷᠠᠳ᠎ᠤᠨ ᠰᠤᠷᠭᠠᠨ ᠬᠥᠮᠦᠵᠢᠯ᠎ᠤᠨ ᠬᠡᠪᠯᠡᠯ᠎ᠤᠨ ᠬᠤᠷᠢᠶᠠᠨ᠎ᠤ ᠵᠢᠭᠠᠨ ᠰᠤᠷᠭᠠᠬᠤ ᠡᠬᠢ ᠪᠠᠶᠠᠯᠢᠭ᠎ᠢ ᠬᠠᠩᠭᠠᠨ ᠪᠠᠭ᠍ᠰᠢ ᠨᠠᠷ᠎ᠲᠤ ᠦᠨ᠎ᠡ ᠲᠦᠯᠦᠪᠦᠷᠢ ᠦᠭᠡᠶ᠎ᠪᠠᠷ ᠬᠡᠷᠡᠭ᠌ᠯᠡᠭᠦᠯᠦᠭ᠌ᠰᠡᠨ ᠰᠠᠭᠤᠷᠢᠨ ᠳᠡᠭᠡᠷ᠎ᠡ᠂ 4 ᠰᠠᠷ᠎ᠠ᠎ᠶ᠋ᠢᠨ ᠰᠡᠭᠦᠯᠴᠢ᠎ᠪᠠᠷ᠂ ᠮᠠᠨ᠎ᠤ ᠣᠷᠣᠨ ᠰᠤᠷᠭᠠᠨ ᠬᠥᠮᠦᠵᠢᠯ᠎ᠤᠨ ᠶᠠᠮᠤᠨ᠎ᠤ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠬᠡᠯᠡ ᠪᠢᠴᠢᠭ᠎ᠤᠨ ᠵᠢᠭᠠᠬᠤ ᠮᠠᠲ᠋ᠧᠷᠢᠶᠠᠯ᠎ᠤᠨ ᠢᠵᠢ ᠪᠥᠷᠢᠳᠦᠭ᠌ᠰᠡᠨ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠬᠢᠴᠢᠶᠡᠯ᠎ᠤᠨ ᠸᠢᠳᠢᠣ᠋᠂ ᠵᠢᠭᠠᠨ ᠰᠤᠷᠭᠠᠯᠲᠠ᠎ᠶ᠋ᠢᠨ ᠲᠥᠯᠥᠪᠯᠡᠭᠡ᠂ ᠱᠢᠯᠭᠠᠨ ᠦᠨᠡᠯᠡᠬᠦ᠂ ᠤᠷᠠᠨ ᠤᠩᠱᠢᠯᠭ᠎ᠠ ᠵᠡᠷᠭᠡ ᠡᠯ᠎ᠡ ᠲᠥᠷᠥᠯ᠎ᠤᠨ ᠡᠬᠢ ᠪᠠᠶᠠᠯᠢᠭ᠎ᠢ ᠨᠡᠢᠲᠡ 1700 ᠭᠠᠷᠤᠢ ᠬᠠᠩᠭᠠᠪᠠ᠃ ᠮᠦᠨ 4 ᠰᠠᠷ᠎ᠠ᠎ᠳᠤ᠂ ᠮᠠᠨ᠎ᠤ ᠣᠷᠣᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ 《ᠰᠦᠯᠵᠢᠶᠡᠨ᠎ᠳᠠᠬᠢ ᠱᠢᠯᠢᠳᠡᠭ ᠬᠢᠴᠢᠶᠡᠯ》 ᠢ ᠱᠢᠯᠭᠠᠷᠠᠭᠤᠯᠬᠤ ᠠᠵᠢᠯᠯᠠᠭ᠎ᠠ᠎ᠶ᠋ᠢ ᠡᠬᠢᠯᠡᠭᠦᠯᠵᠦ᠍᠂ ᠪᠥᠬᠦ᠌ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠭᠤᠷᠪᠠᠨ ᠬᠢᠴᠢᠶᠡᠯ ᠲᠥᠷᠥᠯ᠎ᠤᠨ ᠪᠠᠭ᠍ᠰᠢ ᠨᠠᠷ᠎ᠤᠨ ᠰᠤᠷᠠᠭ ᠵᠠᠩᠭᠢ᠎ᠶ᠋ᠢᠨ ᠮᠡᠷᠭᠡᠵᠢᠯ᠎ᠢ ᠬᠡᠷᠡᠭ᠌ᠯᠡᠬᠦ᠌ ᠢᠳᠡᠪᠬᠢᠵᠢᠯ᠎ᠢ ᠭᠦᠢᠴᠡᠳ ᠳᠠᠢᠴᠢᠯᠠᠨ᠂ ᠪᠠᠭ᠍ᠰᠢ ᠨᠠᠷ᠎ᠤᠨ ᠰᠦᠯᠵᠢᠶᠡᠨ ᠲᠠᠪᠴᠠᠩ᠎ᠳᠤ ᠬᠢᠴᠢᠶᠡᠯ᠎ᠤᠨ ᠠᠭᠤᠯᠭ᠎ᠠ᠎ᠪᠠᠨ ᠭᠠᠷᠭᠠᠬᠤ᠎ᠶ᠋ᠢ ᠬᠦᠳᠦᠯᠦᠨ ᠵᠢᠯᠤᠭᠤᠳᠴᠤ᠌᠂ ᠥᠪᠡᠷᠲᠡᠭᠡᠨ ᠵᠠᠰᠠᠬᠤ ᠣᠷᠣᠨ᠎ᠤ ᠣᠨᠴᠠᠯᠢᠭ᠎ᠲᠠᠢ᠂ ᠰᠠᠭᠤᠷᠢ ᠰᠤᠷᠭᠠᠨ ᠬᠥᠮᠦᠵᠢᠯ᠎ᠤᠨ ᠰᠤᠷᠤᠯᠭ᠎ᠠ᠎ᠶ᠋ᠢᠨ ᠱᠠᠲᠤ᠎ᠶ᠋ᠢ ᠬᠠᠮᠤᠷᠤᠭ᠍ᠰᠠᠨ ᠭᠤᠷᠪᠠᠨ ᠬᠢᠴᠢᠶᠡᠯ ᠲᠥᠷᠥᠯ᠎ᠤᠨ ᠲᠣᠭᠠᠴᠢᠯᠠᠭ᠍ᠰᠠᠨ ᠡᠬᠢ ᠪᠠᠶᠠᠯᠢᠭ᠎ᠤᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠵᠤ ᠪᠠᠢᠨ᠎ᠠ᠃ ᠰᠠᠶᠢᠬᠠᠨ ᠦᠨᠳᠦᠷᠯᠡᠭ᠌ᠰᠡᠨ ᠪᠥᠬᠦ᠌ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ 《ᠪᠢᠳᠡ ᠬᠠᠮᠲᠤ᠎ᠪᠠᠷ ᠤᠩᠱᠢᠶᠠ》 ᠭᠡᠬᠦ᠌ ᠠᠵᠢᠯᠯᠠᠭ᠎ᠠ᠎ᠨᠢ ᠡᠯ᠎ᠡ ᠭᠠᠵᠠᠷ᠎ᠤᠨ ᠵᠣᠬᠢᠶᠠᠨ ᠪᠠᠢᠭᠤᠯᠤᠯᠲᠠ᠎ᠠᠴᠠ ᠲᠠᠨᠢᠯᠴᠠᠭᠤᠯᠤᠨ ᠬᠦᠷᠭᠡᠭ᠌ᠰᠡᠨ 6350 ᠬᠤᠪᠢ ᠰᠣᠷᠣᠭ᠍ᠴᠢ᠎ᠶ᠋ᠢᠨ ᠪᠦᠲᠦᠭᠡᠯ᠎ᠢ ᠬᠤᠷᠢᠶᠠᠨ ᠣᠯᠵᠤ᠂ ᠲᠤᠰᠭᠠᠶ ᠮᠡᠷᠭᠡᠵᠢᠯᠲᠡᠨ᠎ᠠᠴᠠ ᠨᠡᠢᠲᠡ 2711 《ᠤᠩᠱᠢᠯᠭ᠎ᠠ᠎ᠶ᠋ᠢᠨ ᠣᠳᠣᠨ》᠂ 186 《ᠤᠩᠱᠢᠯᠭ᠎ᠠ᠎ᠶ᠋ᠢᠨ ᠣᠳᠣᠨ᠎ᠤ ᠵᠢᠯᠣᠭᠤᠳᠣᠭ᠍ᠴᠢ ᠪᠠᠭ᠍ᠰᠢ》᠂ 21 《ᠤᠩᠱᠢᠯᠭ᠎ᠠ᠎ᠶ᠋ᠢᠨ ᠣᠳᠣᠨ᠎ᠤ ᠱᠢᠯᠢᠳᠡᠭ ᠬᠠᠮᠲᠤ ᠨᠡᠢᠲᠡ》 ᠶ᠋ᠢ ᠱᠢᠯᠭᠠᠷᠠᠭᠤᠯᠤᠨ ᠭᠠᠷᠭᠠᠪᠠ᠃ ᠡᠨᠡ ᠤᠳᠠᠭᠠᠨ᠎ᠤ ᠠᠵᠢᠯᠯᠠᠭ᠎ᠠ᠎ᠳᠤ ᠰᠤᠷᠤᠭ᠍ᠴᠢᠳ᠎ᠤᠨ ᠣᠷᠣᠯᠴᠠᠬᠤ ᠢᠳᠡᠪᠬᠢᠵᠢᠯ ᠥᠨᠳᠥᠷ᠂ ᠲᠤᠰᠭᠠᠯ ᠰᠠᠢᠨ ᠪᠠᠢᠵᠤ᠂ ᠰᠤᠷᠤᠭ᠍ᠴᠢᠳ᠎ᠤᠨ ᠤᠩᠱᠢᠯᠭ᠎ᠠ᠎ᠶ᠋ᠢᠨ ᠤᠷᠮ᠎ᠠ ᠪᠠᠬ᠎ᠠ ᠪᠠ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠢᠭᠡᠳᠦᠯᠲᠡᠶ ᠨᠠᠢᠷᠠᠭᠤᠯᠤᠭ᠍ᠰᠠᠨ ᠬᠡᠯᠡ ᠪᠢᠴᠢᠭ᠎ᠤᠨ ᠵᠢᠭᠠᠬᠤ ᠮᠠᠲ᠋ᠧᠷᠢᠶᠠᠯ᠎ᠢ ᠰᠤᠷᠤᠯᠴᠠᠬᠤ ᠢᠲᠡᠭᠡᠯ᠎ᠢ ᠬᠦᠪᠴᠢᠯᠡᠭ᠌ᠰᠡᠨ ᠪᠠᠢᠨ᠎ᠠ᠃
ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠨᠢᠭᠡᠳᠦᠯᠲᠡᠶ ᠨᠠᠢᠷᠠᠭᠤᠯᠤᠭ᠍ᠰᠠᠨ ᠬᠡᠯᠡ ᠪᠢᠴᠢᠭ᠎ᠤᠨ ᠵᠢᠭᠠᠬᠤ ᠮᠠᠲ᠋ᠧᠷᠢᠶᠠᠯ᠎ᠤᠨ ᠡᠷᠲᠡᠨ᠎ᠤ ᠱᠢᠯᠦᠭ ᠵᠣᠬᠢᠶᠠᠯ᠎ᠤᠨ ᠰᠤᠷᠤᠯᠴᠠᠯᠭ᠎ᠠ᠎ᠶ᠋ᠢᠨ ᠳᠤᠲᠠᠭᠤᠳᠠᠯ᠎ᠢ ᠱᠢᠢᠳᠪᠤᠷᠢᠯᠡᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ᠎ᠠᠴᠠ ᠪᠥᠬᠦ᠌ ᠣᠷᠣᠨ᠎ᠤ ᠱᠢᠯᠢᠳᠡᠭ ᠪᠠᠭ᠍ᠰᠢ ᠨᠠᠷ᠎ᠢ ᠵᠣᠬᠢᠶᠠᠨ ᠪᠠᠢᠭᠤᠯᠵᠤ 《ᠬᠢᠲᠠᠳ ᠬᠡᠯᠡ》 ᠶ᠋ᠢᠨ ᠵᠢᠭᠠᠬᠤ ᠮᠠᠲ᠋ᠧᠷᠢᠶᠠᠯ᠎ᠤᠨ ᠡᠷᠳᠡᠨ᠎ᠤ ᠱᠢᠯᠦᠭ ᠵᠤᠬᠢᠶᠠᠯ᠎ᠤᠨ ᠵᠢᠭᠠᠨ ᠰᠤᠷᠭᠠᠯᠳᠠ᠎ᠶ᠋ᠢᠨ ᠨᠦᠬᠦᠪᠤᠷᠢ ᠮᠠᠲ᠋ᠧᠷᠢᠶᠠᠯ᠎ᠢ ᠨᠠᠢᠷᠠᠭᠤᠯᠤᠨ ᠵᠤᠬᠢᠶᠠᠵᠦ᠍᠂ ᠪᠠᠭ᠍ᠰᠢ ᠨᠠᠷ᠎ᠲᠤ ᠬᠡᠷᠡᠭ᠌ᠯᠡᠭᠦᠯᠵᠡᠢ᠃ ᠠᠭᠤᠯᠭ᠎ᠠ᠎ᠶ᠋ᠢᠨ ᠬᠤᠪᠢ᠎ᠳᠤ ᠡᠷᠲᠡᠨ᠎ᠤ ᠱᠢᠯᠦᠭ ᠵᠣᠬᠢᠶᠠᠯ᠎ᠤᠨ ᠵᠢᠭᠢᠷᠢᠭ ᠵᠢᠷᠤᠭ᠂ ᠵᠣᠬᠢᠶᠠᠭ᠍ᠴᠢ ᠪᠠ ᠵᠣᠬᠢᠶᠠᠨ ᠪᠦᠲᠦᠭᠡᠭ᠌ᠰᠡᠨ ᠠᠬᠤᠶ ᠪᠠᠢᠳᠠᠯ᠎ᠤᠨ ᠲᠠᠢᠯᠤᠮᠵᠢ᠂ ᠡᠷᠲᠡᠨ᠎ᠤ ᠱᠢᠯᠦᠭ ᠵᠣᠬᠢᠶᠠᠯ᠎ᠢ ᠤᠳᠤ ᠦᠶ᠎ᠠ᠎ᠶ᠋ᠢᠨ ᠬᠡᠯᠡ᠎ᠪᠠᠷ ᠳᠠᠢᠯᠪᠤᠷᠢᠯᠠᠬᠤ᠂ ᠡᠷᠲᠡᠨ᠎ᠤ ᠱᠢᠯᠦᠭ ᠵᠣᠬᠢᠶᠠᠯ᠎ᠤᠨ ᠤᠩᠱᠢᠯᠭ᠎ᠠ ᠪᠠ ᠨᠠᠷᠠᠲᠤ ᠥᠭᠦᠯᠡᠪᠦᠷᠢ᠎ᠶ᠋ᠢᠨ ᠵᠠᠳᠠᠯᠤᠯᠲᠠ ᠪᠤᠯᠤᠨ ᠬᠡᠷᠡᠭ᠌ᠯᠡᠯᠲᠡ ᠵᠡᠷᠭᠡ᠎ᠶ᠋ᠢ ᠪᠠᠭ᠍ᠳᠠᠭᠠᠪᠠ᠃ ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ ᠪᠠᠰᠠ ᠲᠤᠰᠭᠠᠢ ᠬᠥᠮᠦᠨ ᠵᠣᠬᠢᠶᠠᠨ ᠪᠠᠢᠭᠤᠯᠵᠤ᠂ ᠱᠢᠯᠦᠭ ᠵᠣᠬᠢᠶᠠᠯ ᠳᠠᠭᠤᠯᠠᠯ ᠳᠠᠭᠤᠷᠠᠢ᠂ ᠡᠷᠳᠡᠮᠲᠡᠨ ᠮᠡᠷᠭᠡᠳ᠂ ᠬᠢᠲᠠᠳ ᠦᠰᠦᠭ ᠬᠢᠭᠡᠳ ᠳᠤᠮᠳᠠᠳᠤ᠎ᠶ᠋ᠢᠨ ᠰᠣᠶᠣᠯ᠂ ᠴᠥᠭᠡᠨ ᠲᠣᠭᠠᠲᠤ ᠦᠨᠳᠦᠰᠦᠲᠡᠨ᠎ᠤ ᠤᠳᠭ᠎ᠠ ᠵᠣᠬᠢᠶᠠᠯ ᠰᠣᠶᠣᠯ᠎ᠤᠨ ᠰᠣᠩᠭᠤᠳᠠᠭ ᠪᠦᠲᠦᠭᠡᠯ ᠵᠡᠷᠭᠡ 4 ᠬᠡᠰᠡᠭ᠎ᠢᠶᠠᠷ ᠤᠯᠤᠰ᠎ᠤᠨ ᠦᠭᠡ ᠬᠡᠯᠡ ᠦᠰᠦᠭ ᠪᠢᠴᠢᠭ᠎ᠤᠨ ᠵᠥᠪᠯᠡᠯ᠎ᠤᠨ 《ᠳᠤᠮᠳᠠᠳᠤ᠎ᠶ᠋ᠢᠨ ᠰᠣᠩᠭᠤᠳᠠᠭ ᠰᠣᠶᠣᠯ》 ᠤᠨ ᠭᠠᠷᠴᠠᠭ᠎ᠢ ᠨᠠᠷᠢᠨ ᠪᠦᠷᠢᠳᠭᠡᠨ ᠡᠮᠬᠢᠳᠭᠡᠬᠦ᠌᠎ᠶ᠋ᠢᠨ ᠬᠠᠮᠳᠤ᠂ ᠡᠬᠢ ᠪᠠᠶᠠᠯᠢᠭ ᠪᠦᠷᠢ᠎ᠳᠤ ᠰᠦᠯᠵᠢᠶᠡᠨ᠎ᠤ ᠬᠠᠶᠢᠭ ᠵᠠᠯᠭᠠᠭᠤᠯᠪᠠ᠃ ᠡᠬᠢ ᠪᠠᠶᠠᠯᠢᠭ᠎ᠤᠨ ᠲᠤᠭ᠎ᠠ ᠬᠡᠮᠵᠢᠶ᠎ᠡ᠎ᠨᠢ 603 ᠬᠦᠷᠴᠠᠢ᠃
ᠥᠪᠡᠷᠲᠡᠭᠡᠨ ᠵᠠᠰᠠᠬᠤ ᠣᠷᠣᠨ᠎ᠤ ᠱᠠᠳᠤᠨ᠎ᠠᠴᠠ ᠲᠠᠪᠴᠠᠩ ᠪᠠᠢᠭᠤᠯᠵᠤ᠂ ᠡᠬᠢ ᠪᠠᠶᠠᠯᠢᠭ᠎ᠤᠨ ᠪᠠᠢᠭᠤᠯᠤᠯᠲᠠ ᠬᠢᠭ᠌ᠰᠡᠨ᠎ᠠᠴᠠ ᠭᠠᠳᠠᠨ᠎ᠠ᠂ ᠪᠥᠬᠦ᠌ ᠣᠷᠣᠨ᠎ᠤ ᠡᠯ᠎ᠡ ᠭᠠᠵᠠᠷ ᠡᠯ᠎ᠡ ᠰᠤᠷᠭᠠᠭᠤᠯᠢ ᠴᠥᠮ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠠᠳᠠᠯᠢ ᠪᠤᠰᠤ ᠣᠨ᠎ᠤ ᠱᠠᠲᠤᠨ᠎ᠳᠤ ᠪᠠᠴᠢᠮ ᠬᠡᠷᠡᠭ᠌ᠰᠡᠬᠦ᠌ ᠲᠤᠰᠠᠯᠠᠬᠤ ᠵᠢᠭᠠᠨ ᠰᠤᠷᠭᠠᠯᠲᠠ᠎ᠶ᠋ᠢᠨ ᠪᠠᠭᠠᠵᠢ᠎ᠶ᠋ᠢ ᠲᠠᠰᠤᠷᠠᠯᠲᠠ ᠥᠬᠡᠶ ᠬᠤᠳᠠᠯᠳᠤᠨ ᠠᠪᠬᠤ ᠪᠠ ᠰᠤᠳᠤᠯᠤᠨ ᠨᠡᠬᠡᠬᠡᠵᠦ᠍᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠳᠤᠮᠳᠠ ᠣᠷᠣᠱᠢᠵᠤ ᠪᠠᠢᠭ᠎ᠠ ᠪᠣᠳᠠᠲᠠᠶ ᠠᠰᠠᠭᠤᠳᠠᠯ᠎ᠢ ᠱᠢᠢᠳᠪᠤᠷᠢᠯᠡᠪᠡ᠃
6 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ᠎ᠠᠴᠠ ᠪᠥᠬᠦ᠌ ᠣᠷᠣᠨ᠎ᠤ 《ᠵᠢᠱ᠌ᠢᠶ᠎ᠡ ᠦᠵᠡᠭᠦᠯᠬᠦ᠌ ᠭᠠᠷᠮᠠᠭᠠᠢ ᠪᠠᠭ᠍ᠰᠢ》 ᠳᠤ 《ᠭᠠᠷᠠᠭ ᠪᠦᠷᠢ ᠨᠢᠭᠡ ᠬᠡᠪᠱᠢᠮᠡᠯ ᠦᠭᠡ᠎ᠶ᠋ᠢᠨ ᠥᠯᠢᠭᠡᠷ (1 — 6 ᠳ᠋ᠤᠭᠠᠷ ᠤᠨ)》᠂ 《ᠭᠠᠷᠠᠭ ᠪᠦᠷᠢ ᠨᠢᠭᠡ ᠡᠷᠲᠡᠨ᠎ᠤ ᠱᠢᠯᠦᠭ ᠳᠠᠭᠤᠯᠠᠯ (1 — 6 ᠳ᠋ᠤᠭᠠᠷ ᠤᠨ)》᠂ 《ᠭᠠᠷᠠᠭ ᠪᠦᠷᠢ ᠨᠢᠭᠡ ᠭᠦᠨ ᠤᠬᠠᠭᠠᠨ᠎ᠤ ᠥᠯᠢᠭᠡᠷ (1 — 6 ᠳ᠋ᠤᠭᠠᠷ ᠤᠨ)》᠂ 《ᠱᠢᠬᠦᠮᠵᠢᠯᠡᠯᠳᠦ ᠨᠤᠮ》᠂ 《ᠱᠢᠯᠦᠭ᠌ᠯᠡᠯᠲᠦ ᠨᠣᠮ》᠂ 《ᠶᠡᠭᠡ ᠰᠤᠷᠳᠠᠬᠤᠢ》 《ᠬᠡᠪ ᠳᠤᠮᠳᠠᠳᠦ》 ᠵᠡᠷᠭᠡ᠎ᠶ᠋ᠢ ᠬᠤᠳᠠᠯᠳᠤᠨ ᠠᠪᠴᠤ᠌ ᠦᠭ᠌ᠬᠦᠨ᠂ ᠳᠤᠮᠳᠠᠳᠤ ᠰᠤᠷᠭᠠᠭᠤᠯᠢ᠎ᠶ᠋ᠢᠨ ᠲᠡᠦᠬᠡ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠶᠣᠰᠣ ᠮᠣᠷᠠᠯ ᠬᠢᠭᠡᠳ ᠬᠠᠤᠯᠢ᠎ᠪᠠᠷ ᠵᠠᠰᠠᠬᠤᠢ᠎ᠶ᠋ᠢᠨ ᠲᠤᠰᠭᠠᠶ ᠨᠡᠷ᠎ᠡ ᠲᠣᠮᠢᠶ᠎ᠠ᠎ᠶ᠋ᠢᠨ ᠭᠠᠷ ᠲᠡᠪᠳᠡᠷ᠎ᠢ ᠭᠠᠷᠭᠠᠵᠤ᠂ ᠰᠤᠷᠭᠠᠭᠤᠯᠢ ᠡᠬᠢᠯᠡᠬᠦ᠌᠎ᠠᠴᠠ ᠡᠮᠦᠨ᠎ᠡ ᠲᠠᠷᠬᠠᠭᠠᠪᠠ᠃ ᠬᠢᠩᠭᠠᠨ ᠠᠢᠮᠠᠭ᠎ᠤᠨ ᠪᠥᠬᠦ᠌ ᠠᠢᠮᠠᠭ᠎ᠤᠨ ᠭᠤᠷᠪᠠᠨ ᠬᠢᠴᠢᠶᠡᠯ ᠲᠥᠷᠥᠯ᠎ᠤᠨ ᠱᠢᠯᠢᠳᠡᠭ ᠵᠢᠭᠠᠨ ᠰᠤᠳᠤᠯᠤᠭ᠍ᠴᠢ ᠪᠠ ᠭᠤᠤᠯᠯᠠᠭ᠍ᠴᠢ ᠪᠠᠭ᠍ᠰᠢ᠎ᠶ᠋ᠢ ᠱᠢᠯᠢᠨ ᠰᠣᠩᠭᠤᠵᠤ ᠨᠠᠢᠷᠠᠭᠤᠯᠤᠨ ᠪᠢᠴᠢᠭ᠌ᠰᠡᠨ 《ᠬᠢᠩᠭᠠᠨ ᠠᠢᠮᠠᠭ᠎ᠤᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠭᠤᠷᠪᠠᠨ ᠬᠢᠴᠢᠶᠡᠯ ᠲᠥᠷᠥᠯ᠎ᠤᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠬᠡᠷᠡᠭ᠌ᠵᠢᠭᠦᠯᠬᠦ᠌ ᠰᠠᠨᠠᠭᠤᠯᠭ᠎ᠠ》 ᠨᠢᠭᠡᠨᠲᠡ ᠨᠢᠭᠡᠳᠦᠭᠡᠷ ᠹᠷᠣᠨᠲ᠎ᠤᠨ ᠵᠢᠭᠠᠨ ᠰᠤᠷᠭᠠᠯᠲᠠ᠎ᠳᠤ ᠥᠷᠭᠡᠨ᠎ᠢᠶᠠᠷ ᠬᠡᠷᠡᠭ᠌ᠯᠡᠭ᠌ᠳᠡᠵᠦ᠍᠂ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠤ ᠰᠠᠭᠤᠷᠢ ᠪᠠᠲᠤᠯᠠᠭ᠎ᠠ ᠬᠠᠩᠭᠠᠪᠠ᠃ ᠬᠥᠬᠡᠬᠤᠲᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠳᠤᠯᠤᠭ᠍ᠴᠢ᠎ᠪᠠᠷ ᠭᠤᠣᠯ ᠴᠣᠭ᠍ᠴᠠ ᠪᠣᠯᠭᠠᠵᠤ᠂ ᠲᠤᠰᠭᠠᠢ ᠮᠡᠷᠭᠡᠵᠢᠯᠲᠡᠨ᠎ᠤ ᠳᠤᠭᠤᠢᠯᠠᠩ ᠪᠠᠢᠭᠤᠯᠵᠤ᠂ ᠰᠤᠷᠤᠭ᠍ᠴᠢᠳ᠎ᠤᠨ ᠬᠢᠴᠢᠶᠡᠯ᠎ᠤᠨ ᠭᠠᠳᠠᠨᠠᠬᠢ ᠰᠤᠷᠤᠯᠴᠠᠯᠭ᠎ᠠ᠎ᠶ᠋ᠢᠨ ᠲᠤᠰᠠᠯᠠᠬᠤ ᠨᠣᠮ᠎ᠢ ᠨᠠᠢᠷᠠᠭᠤᠯᠤᠨ ᠪᠢᠴᠢᠬᠦ᠌ ᠠᠵᠢᠯ᠎ᠢ ᠢᠳᠡᠪᠬᠢᠲᠡᠢ ᠠᠬᠢᠭᠤᠯᠵᠤ᠂ 《ᠡᠷᠲᠡᠨ᠎ᠤ ᠱᠢᠯᠦᠭ ᠳᠠᠭᠤᠯᠠᠯ · ᠪᠢᠴᠢᠭ᠎ᠤᠨ ᠬᠡᠯᠡᠨ᠎ᠤ ᠵᠣᠬᠢᠶᠠᠯ》᠂ 《ᠰᠤᠷᠤᠭ᠍ᠴᠢᠳ᠎ᠤᠨ ᠬᠢᠴᠢᠶᠡᠯ᠎ᠤᠨ ᠳᠣᠲᠣᠨ᠎ᠠ ᠭᠠᠳᠠᠨᠠᠬᠢ ᠤᠩᠱᠢᠯᠭ᠎ᠠ᠎ᠶ᠋ᠢᠨ ᠵᠢᠯᠤᠭᠤᠳᠤᠮᠵᠢ》᠂ 《ᠰᠤᠷᠤᠭ᠍ᠴᠢᠳ᠎ᠤᠨ ᠨᠢᠭᠡᠴᠢ᠎ᠶ᠋ᠢᠨ ᠰᠤᠷᠤᠯᠴᠠᠯᠭ᠎ᠠ᠎ᠶ᠋ᠢᠨ ᠵᠢᠯᠤᠭᠤᠳᠤᠮᠵᠢ》 ᠵᠡᠷᠭᠡ ᠵᠢᠭᠠᠨ ᠰᠤᠷᠭᠠᠯᠲᠠ᠎ᠶ᠋ᠢᠨ ᠲᠤᠰᠠᠯᠠᠬᠤ ᠨᠣᠮ᠎ᠢ ᠨᠠᠢᠷᠠᠭᠤᠯᠤᠨ ᠬᠡᠪᠯᠡᠪᠡ᠃ ᠣᠷᠳᠣᠰ ᠬᠤᠲᠠ᠎ᠶ᠋ᠢᠨ ᠦᠦᠱᠢᠨ ᠬᠤᠱᠢᠭᠤᠨ᠎ᠤ ᠰᠤᠷᠭᠠᠨ ᠬᠥᠮᠦᠵᠢᠯ᠎ᠤᠨ ᠲᠣᠪᠴᠢᠶ᠎ᠠ ᠴᠠᠬᠢᠯᠭᠠᠨᠴᠢᠯᠠᠭ᠍ᠰᠠᠨ ᠰᠤᠷᠭᠠᠨ ᠬᠥᠮᠦᠵᠢᠯ᠎ᠤᠨ ᠬᠡᠪᠯᠡᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠵᠢᠭᠠᠬᠤ ᠮᠠᠲ᠋ᠧᠷᠢᠶᠠᠯ᠎ᠤᠨ ᠢᠵᠢᠯ ᠠᠯᠬᠤᠮᠲᠤ ᠸᠢᠳᠢᠣ᠋᠎ᠶ᠋ᠢ ᠱᠢᠩᠬᠡᠬᠡᠨ ᠦᠢᠯᠡᠳᠴᠦ᠍᠂ ᠪᠠᠭ᠍ᠰᠢ ᠨᠠᠷ᠎ᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠢᠵᠢᠯ ᠠᠯᠬᠤᠮᠲᠤ ᠬᠢᠴᠢᠶᠡᠯ᠎ᠤᠨ ᠡᠬᠢ ᠪᠠᠶᠠᠯᠢᠭ᠎ᠤᠨ ᠲᠠᠪᠴᠠᠩ ᠪᠠ ᠥᠪᠡᠷᠲᠡᠭᠡᠨ ᠵᠠᠰᠠᠬᠤ ᠣᠷᠣᠨ᠎ᠤ ᠡᠬᠢ ᠪᠠᠶᠠᠯᠢᠭ᠎ᠤᠨ ᠲᠠᠪᠴᠠᠩ᠎ᠢ ᠠᠱᠢᠬ᠍ᠯᠠᠬᠤ᠎ᠶ᠋ᠢ ᠬᠦᠳᠦᠯᠦᠨ ᠵᠢᠯᠤᠭᠤᠳᠪᠠ; 《ᠳᠤᠮᠳᠠᠳᠤ ᠪᠠᠭ᠎ᠠ ᠰᠤᠷᠭᠠᠭᠤᠯᠢ᠎ᠶ᠋ᠢᠨ ᠨᠢᠭᠡᠳᠦᠯᠲᠡᠢ ᠨᠠᠢᠷᠠᠭᠤᠯᠤᠭ᠍ᠰᠠᠨ ᠬᠡᠯᠡ ᠪᠢᠴᠢᠭ᠎ᠤᠨ ᠵᠢᠭᠠᠬᠤ ᠮᠠᠲ᠋ᠧᠷᠢᠶᠠᠯ᠎ᠤᠨ ᠡᠷᠲᠡᠨ᠎ᠤ ᠱᠢᠯᠦᠭ ᠵᠣᠬᠢᠶᠠᠯ᠎ᠤᠨ ᠡᠮᠬᠢᠳᠭᠡᠯ》᠂ 《ᠬᠢᠴᠢᠶᠡᠯ ᠲᠦᠷᠦᠯ᠎ᠤᠨ ᠵᠢᠭᠠᠨ ᠰᠤᠷᠭᠠᠯᠲᠠ᠎ᠶ᠋ᠢᠨ ᠬᠠᠷᠠᠯᠲᠠ᠎ᠶ᠋ᠢᠨ ᠬᠦᠦᠷᠨᠢᠯ》 ᠵᠡᠷᠭᠡ ᠵᠢᠭᠠᠨ ᠰᠤᠷᠭᠠᠯᠲᠠ᠎ᠶ᠋ᠢᠨ ᠳᠤᠰᠠᠯᠠᠬᠤ ᠮᠠᠲ᠋ᠧᠷᠢᠶᠠᠯ᠎ᠢ ᠨᠠᠢᠷᠠᠭᠤᠯᠤᠨ ᠬᠡᠪᠯᠡᠭᠦᠯᠪᠡ; 《ᠦᠦᠱᠢᠨ ᠬᠤᠱᠢᠭᠤᠨ᠎ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠤᠨ ᠴᠡᠴᠡᠷᠯᠢᠭ᠎ᠤᠨ ᠱᠢᠯᠢᠳᠡᠭ ᠵᠢᠭᠠᠨ ᠰᠤᠳᠤᠯᠬᠤ ᠵᠢᠱ᠌ᠢᠶ᠎ᠡ᠎ᠶ᠋ᠢ ᠱᠢᠯᠢᠨ ᠰᠣᠩᠭᠤᠬᠤ ᠠᠷᠭ᠎ᠠ》 ᠶ᠋ᠢ ᠨᠡᠢᠲᠡᠯᠡᠵᠦ᠍᠂ ᠪᠠᠭ᠍ᠰᠢ ᠨᠠᠷ᠎ᠤᠨ ᠪᠤᠳᠤᠵᠤ ᠳᠤᠩᠭᠠᠨ ᠬᠤᠷᠠᠮᠳᠤᠭᠤᠯᠬᠤ᠎ᠶ᠋ᠢ ᠵᠤᠷᠢᠭ᠍ᠵᠢᠭᠤᠯᠵᠦ᠍᠂ ᠱᠢᠯᠢᠳᠡᠭ ᠵᠢᠭᠠᠬᠤ᠎ᠶ᠋ᠢ ᠰᠤᠳᠤᠯᠬᠤ ᠠᠷᠭ᠎ᠠ ᠳᠤᠷᠱᠢᠯᠭ᠎ᠠ᠎ᠶ᠋ᠢ ᠳᠡᠯᠭᠡᠷᠡᠬᠦᠯᠪᠠ᠃ ᠲᠦᠩᠯᠢᠶᠣᠤ ᠬᠤᠳᠠ᠎ᠶ᠋ᠢᠨ ᠵᠠᠷᠤᠳ ᠬᠤᠱᠢᠭᠤᠨ᠎ᠤ ᠮᠣᠩᠭᠤᠯ ᠦᠨᠳᠦᠰᠦᠲᠡᠨ᠎ᠤ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠲᠤᠰ ᠰᠤᠷᠭᠠᠭᠤᠯᠢ᠎ᠶ᠋ᠢᠨ᠎ᠢᠶᠠᠨ ᠬᠢᠴᠢᠶᠡᠯ ᠰᠤᠷᠤᠯᠭ᠎ᠠ᠎ᠶ᠋ᠢᠨ ᠪᠠᠢᠳᠠᠯ᠎ᠢᠶᠠᠨ ᠦᠨᠳᠦᠰᠦᠯᠡᠨ ᠨᠠᠢᠷᠠᠭᠤᠯᠤᠭ᠍ᠰᠠᠨ 《ᠬᠡᠯᠡ ᠪᠢᠴᠢᠭ᠎ᠤᠨ ᠰᠠᠭᠤᠷᠢ ᠮᠡᠳᠡᠯᠭᠡ᠎ᠶ᠋ᠢᠨ ᠶᠠᠰᠤ ᠴᠢᠨᠠᠷ᠎ᠢ ᠪᠠᠢᠴᠠᠭᠠᠬᠤ ᠭᠠᠷ ᠲᠠᠪᠳᠡᠷ》 ᠨᠢ ᠬᠡᠷᠡᠭ᠌ᠯᠡᠭᠡᠨ᠎ᠤ ᠴᠢᠨᠠᠷ᠎ᠢᠶᠠᠷ ᠮᠠᠰᠢ ᠴᠢᠩᠭ᠎ᠠ ᠪᠠᠢᠯ᠎ᠠ᠃
ᠦᠨᠳᠦᠰᠦᠲᠡᠨ᠎ᠤ ᠭᠠᠵᠠᠷ ᠣᠷᠣᠨ᠎ᠳᠤ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠪᠣᠳᠠᠲᠠᠢ ᠪᠠᠢᠳᠠᠯ᠎ᠢ ᠤᠯᠠᠮ ᠴᠢᠨᠠᠭ᠍ᠰᠢᠳᠠ ᠤᠢ᠍ᠢᠯᠠᠭᠠᠬᠤ᠎ᠶ᠋ᠢᠨ ᠲᠥᠯᠥᠭᠡ᠂ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶ᠋ᠢ ᠰᠤᠳᠤᠯᠬᠤ ᠲᠠᠰᠤᠭ ᠤᠯᠠᠨ ᠤᠳᠠᠭ᠎ᠠ ᠪᠠᠢᠴᠠᠭᠠᠨ ᠰᠤᠳᠤᠯᠬᠤ ᠠᠵᠢᠯ᠎ᠤᠨ ᠳᠤᠭᠤᠢᠯᠠᠩ᠎ᠢ ᠵᠣᠬᠢᠶᠠᠨ ᠪᠠᠢᠭᠤᠯᠵᠤ ᠪᠦᠬᠦ᠌ ᠣᠷᠣᠨ᠎ᠤ ᠡᠯ᠎ᠠ ᠦᠨᠳᠦᠰᠦᠲᠡᠨ᠎ᠤ ᠰᠤᠷᠭᠠᠭᠤᠯᠢ᠎ᠳᠤ ᠬᠦᠷᠴᠦ᠍ ᠪᠠᠢᠴᠠᠭᠠᠨ ᠰᠤᠳᠤᠯᠤᠯᠲᠠ ᠬᠢᠵᠡᠢ᠃ ᠪᠠᠢᠴᠠᠭᠠᠨ ᠰᠤᠳᠤᠯᠬᠤ ᠠᠵᠢᠯ᠎ᠤᠨ ᠳᠤᠭᠤᠢᠯᠠᠩ᠎ᠤᠨ ᠪᠦᠷᠢᠯᠳᠦᠬᠦᠨ ᠨᠠᠷ᠂ 2020 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠲᠠᠢ ᠬᠠᠷᠢᠴᠠᠭᠤᠯᠪᠠᠯ᠂ ᠪᠠᠭ᠍ᠰᠢ ᠨᠠᠷ ᠲᠣᠰ ᠰᠤᠷᠤᠯᠭ᠎ᠠ᠎ᠶ᠋ᠢᠨ ᠬᠤᠭᠤᠴᠠᠭᠠᠨ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠡᠭᠦᠯᠡᠨ ᠲᠠᠪᠴᠠᠩ᠎ᠤᠨ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠨᠡᠯᠢᠶᠡᠳ ᠰᠠᠢᠲᠤᠷ ᠠᠱᠢᠬ᠍ᠯᠠᠨ ᠬᠢᠴᠢᠶᠡᠯ ᠪᠡᠯᠡᠳᠭᠡᠬᠦ᠌ ᠪᠠ ᠵᠢᠭᠠᠨ ᠰᠤᠷᠭᠠᠯᠲᠠ᠎ᠶ᠋ᠢ ᠵᠣᠬᠢᠶᠠᠨ ᠪᠠᠢᠭᠤᠯᠬᠤ ᠪᠤᠯᠵᠤ᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠨᠢ ᠤᠯᠠᠮ ᠨᠢᠭᠡ ᠠᠯᠬᠤᠮ ᠳᠡᠬᠡᠭ᠌ᠰᠢᠯᠡᠭ᠌ᠰᠡᠨ ᠪᠠᠢᠨ᠎ᠠ ᠬᠡᠵᠦ᠍ ᠰᠠᠨᠠᠯ ᠨᠢᠭᠡᠳᠡᠢ ᠦᠵᠡᠵᠡᠭᠡᠪᠡ᠃