ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭ᠌ᠰᠡᠨ ᠦᠪᠦᠷ ᠮᠤᠩᠭᠤᠯ ᠤᠨ ᠬᠠᠷᠢᠭᠤᠯᠲᠠ᠎ᠶ᠋ᠢᠨ ᠬᠠᠭᠤᠳᠠᠰᠤ
ᠲᠠᠪᠤᠨ ᠵᠢᠯ ᠡᠷᠡᠮᠡᠬᠡᠢᠯᠡᠨ ᠤᠷᠤᠭ᠍ᠰᠢᠯᠠᠵᠤ᠂ ᠲᠠᠪᠤᠨ ᠵᠢᠯ ᠠᠮᠵᠢᠯᠲᠠ ᠪᠦᠳᠦᠮᠵᠢ ᠡᠯᠪᠡᠭ᠃ ᠥᠩᠭᠡᠷᠡᠭ᠌ᠰᠡᠨ ᠲᠠᠪᠤᠨ ᠵᠢᠯ᠎ᠳᠤ᠂ ᠦᠢᠯᠡᠳᠪᠦᠷᠢᠯᠡᠯ ᠬᠥᠭ᠌ᠵᠢᠵᠦ᠍᠂ ᠠᠮᠢᠳᠤᠷᠠᠯ ᠴᠢᠨᠡᠭᠡᠯᠢᠭ᠌ᠵᠢᠵᠦ᠍᠂ ᠠᠮᠢ ᠠᠬᠤᠢ ᠰᠠᠢᠵᠢᠷᠠᠭ᠍ᠰᠠᠨ ᠭᠤᠢᠳᠠ ᠰᠠᠢᠬᠠᠨ ᠦᠵᠡᠮᠵᠢ ᠵᠡᠭᠦᠨ ᠦᠵᠦᠮᠦᠴᠢᠨ ᠬᠤᠱᠢᠭᠤᠨ᠎ᠤ ᠦᠵᠡᠰᠭᠦᠯᠡᠩᠲᠦ ᠰᠠᠢᠬᠠᠨ ᠲᠠᠯ᠎ᠠ ᠨᠤᠲᠤᠭ᠎ᠲᠤ ᠠᠯᠭᠤᠷᠬᠠᠨ ᠳᠡᠯᠭᠡᠭ᠌ᠳᠡᠪᠡ ᠁ ᠠᠵᠢᠯᠴᠢ ᠪᠣᠷᠣᠭ᠍ᠵᠢᠭᠤᠨ ᠵᠡᠭᠦᠨ ᠦᠵᠦᠮᠦᠴᠢᠨ ᠬᠤᠱᠢᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠣᠳᠠᠲᠤ ᠠᠵᠢᠯᠯᠠᠭ᠎ᠠ᠎ᠪᠠᠷ᠎ᠢᠶᠠᠨ ᠭᠤᠢᠳᠠ ᠰᠠᠢᠬᠠᠨ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠯ᠎ᠠ᠃

ᠲᠠᠪᠤᠨ ᠵᠢᠯ᠎ᠤᠨ ᠲᠤᠷᠰᠢ᠂ ᠵᠡᠭᠦᠨ ᠦᠵᠦᠮᠦᠴᠢᠨ ᠬᠤᠱᠢᠭᠤ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠥ᠍᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠴᠣᠬᠤᠯᠠᠪᠤᠷᠢ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠬᠦᠨᠵᠡᠬᠡᠢ ᠳᠤᠭᠤᠱᠢᠯᠠᠭᠤᠯᠵᠥ᠍᠂ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠠᠢᠮᠠᠭ᠎ᠤᠨ ᠨᠠᠮ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠳᠠᠯ᠎ᠠ᠎ᠪᠠᠷ ᠳᠤᠭᠤᠱᠢᠯᠠᠭᠤᠯᠤᠨ ᠨᠠᠢᠳᠠᠪᠤᠷᠢᠵᠢᠭᠤᠯᠵᠥ᠍᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠠ 《ᠨᠢᠭᠡ ᠪᠠᠬᠢᠯᠡᠯᠲᠡ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠨ᠂ ᠬᠤᠷᠸ᠎ᠠ ᠠᠵᠤ ᠠᠬᠤᠢ᠎ᠶ᠋ᠢᠨ ᠣᠷᠴᠢᠨ ᠨᠥᠬᠦᠴᠡᠯ ᠭᠦᠨᠵᠡᠭᠡᠢ ᠬᠤᠪᠢᠷᠠᠬᠤ᠂ ᠪᠦᠬᠦᠯᠢ ᠴᠣᠭ᠍ᠴᠠ᠎ᠶ᠋ᠢᠨ ᠠᠵᠤ ᠠᠬᠤᠢ᠎ᠶ᠋ᠢᠨ ᠪᠠᠭᠤᠷᠠᠯᠲᠠ᠎ᠶ᠋ᠢᠨ ᠳᠠᠷᠤᠯᠲᠠ ᠨᠡᠮᠡᠭ᠌ᠳᠡᠬᠦ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠦᠷᠭᠦᠯᠵᠢᠯᠡᠭ᠌ᠰᠡᠨ ᠨᠥᠯᠥᠭᠡᠯᠡᠯ᠎ᠢ ᠢᠳᠡᠪᠬᠢᠳᠡᠢ ᠠᠷᠭᠠᠴᠠᠭᠠᠵᠥ᠍᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠬᠠᠷᠠᠯᠲᠠ ᠡᠭᠦᠷᠭᠡ᠎ᠲᠠᠢ ᠨᠢᠭ᠍ᠲᠠ ᠤᠶᠠᠯᠳᠤᠭᠤᠯᠵᠥ᠍᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠥ᠍᠂ ᠡᠷᠡᠮᠡᠬᠡᠢᠯᠡᠨ ᠳᠡᠮᠡᠴᠡᠵᠥ᠍᠂ ᠵᠠᠮ ᠨᠡᠭᠡᠭᠡᠨ ᠤᠷᠤᠭ᠍ᠰᠢᠯᠠᠵᠤ᠂ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠢ ᠥᠷᠲᠡᠭ᠎ᠢ ᠨᠡᠢᠲᠡ 264.6 ᠳ᠋ᠦᠩᠱᠢᠭᠤᠷ ᠲᠥᠭᠦᠷᠢᠭ᠎ᠲᠤ ᠬᠦᠷᠭᠡᠵᠥ᠍᠂ ᠵᠢᠯ ᠳᠤᠮᠳᠠᠴᠢ᠎ᠪᠠᠷ 3.5% ᠪᠠᠷ ᠨᠡᠮᠡᠭ᠌ᠳᠡᠪᠡ᠂ ᠬᠥᠮᠦᠨ ᠳᠤᠮᠳᠠᠴᠢ᠎ᠶ᠋ᠢᠨ ᠣᠷᠣᠨ ᠨᠤᠲᠤᠬ᠎ᠤᠨ ᠦᠢᠯᠡᠳᠪᠦᠷᠢᠯᠡᠯ᠎ᠤᠨ ᠶᠡᠷᠦᠩᠬᠡᠢ ᠥᠷᠲᠡᠭ᠎ᠢ 11.4% ᠪᠠᠷ ᠨᠡᠮᠡᠭ᠌ᠳᠡᠭᠦᠯᠪᠡ; ᠡᠳ᠋᠎ᠤᠨ ᠵᠠᠰᠠᠭ᠎ᠤᠨ ᠣᠷᠣᠯᠭ᠎ᠠ ᠨᠡᠢᠲᠡ 30.98 ᠳ᠋ᠦᠩᠱᠢᠭᠤᠷ ᠲᠥᠭᠦᠷᠢᠭ᠎ᠲᠤ ᠬᠦᠷᠴᠦ᠍᠂ ᠵᠢᠯ ᠳᠠᠷᠠᠭᠠᠯᠠᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠪᠠᠳᠤᠯᠠᠪᠠ; ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢ ᠨᠡᠢᠲᠡ 90 ᠳ᠋ᠦᠩᠱᠢᠭᠤᠷ ᠲᠥᠭᠦᠷᠢᠭ ᠪᠡᠶᠡᠯᠡᠭᠦᠯᠵᠦ᠍᠂ 500 ᠲᠦᠮᠡᠨ ᠲᠥᠭᠦᠷᠢᠭ᠎ᠠᠴᠠ ᠳᠡᠭᠡᠭ᠌ᠰᠢᠬᠢ 143 ᠭᠤᠣᠯᠳᠠᠯᠭ᠎ᠠ᠎ᠲᠠᠢ ᠲᠥᠷᠥᠯ ᠵᠦᠢᠯ ᠤᠷᠤᠭ᠍ᠰᠢᠲᠠᠢ᠎ᠪᠠᠷ ᠠᠱᠢᠬ᠍ᠯᠠᠯᠳᠠ᠎ᠳᠤ ᠣᠷᠣᠪᠠ; ᠨᠡᠢᠭᠡᠮ᠎ᠤᠨ ᠬᠡᠷᠡᠭ᠌ᠯᠡᠭᠡᠨ᠎ᠤ ᠪᠣᠳᠠᠰ᠎ᠢ ᠵᠢᠵᠢᠭ᠌ᠯᠡᠨ ᠪᠣᠷᠣᠯᠠᠭᠤᠯᠤᠭ᠍ᠰᠠᠨ ᠶᠡᠷᠦᠩᠬᠡᠢ ᠬᠡᠮᠵᠢᠶ᠎ᠡ 78.26 ᠳ᠋ᠦᠩᠱᠢᠭᠤᠷ ᠲᠥᠭᠦᠷᠢᠭ᠎ᠲᠤ ᠬᠦᠷᠴᠦ᠍᠂ ᠵᠢᠯ ᠳᠤᠮᠳᠠᠴᠢ᠎ᠪᠠᠷ 4% ᠪᠠᠷ ᠨᠡᠮᠡᠭ᠌ᠳᠡᠪᠡ; ᠬᠤᠲᠠ ᠬᠥᠳᠡᠭᠡ᠎ᠶ᠋ᠢᠨ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠲᠤᠰ ᠲᠤᠰ 42308 ᠲᠥᠭᠦᠷᠢᠭ ᠪᠠ 34899 ᠲᠥᠭᠦᠷᠢᠭ᠎ᠲᠤ ᠬᠦᠷᠴᠦ᠍᠂ ᠵᠢᠯ ᠳᠤᠮᠳᠠᠴᠢ᠎ᠪᠠᠷ 4.84% ᠪᠠ 6.35% ᠪᠠᠷ ᠨᠡᠮᠡᠭ᠌ᠳᠡᠵᠦ᠍᠂ ᠮᠠᠯᠵᠢᠬᠤ ᠣᠷᠣᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠦᠷᠭᠦᠯᠵᠢᠯᠡᠨ ᠪᠦᠬᠦ᠌ ᠣᠷᠣᠨ᠎ᠤ ᠮᠠᠯᠵᠢᠬᠤ ᠬᠤᠱᠢᠭᠤ ᠱᠢᠶᠠᠨ᠎ᠤ ᠲᠡᠷᠢᠭᠦᠨ᠎ᠳᠤ ᠣᠷᠣᠪᠠ᠃

ᠲᠠᠪᠤᠨ ᠵᠢᠯ᠎ᠤᠨ ᠲᠤᠷᠰᠢ᠂ ᠵᠡᠭᠦᠨ ᠦᠵᠦᠮᠦᠴᠢᠨ ᠬᠤᠱᠢᠭᠤᠨ᠎ᠤ ᠶᠡᠷᠦᠩᠬᠡᠢᠯᠡᠭ᠌ᠰᠡᠨ ᠪᠣᠳᠠᠲᠤ ᠬᠦᠴᠦᠨ ᠶᠡᠭᠡ᠎ᠪᠠᠷ ᠨᠡᠮᠡᠭ᠌ᠳᠡᠵᠦ᠍᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠬᠠᠨᠳᠤᠰᠢ ᠰᠠᠢᠨ ᠪᠠᠢᠵᠤ᠂ ᠠᠵᠤ ᠠᠬᠤᠶ᠎ᠶ᠋ᠢᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ ᠬᠤᠲᠠ ᠬᠥᠳᠡᠭᠡ᠎ᠶ᠋ᠢᠨ ᠳᠦᠷᠰᠦ ᠪᠠᠢᠳᠠᠯ ᠢᠯᠡᠳᠲᠡ ᠰᠠᠢᠵᠢᠷᠠᠵᠤ᠂ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠍᠂ ᠬᠤᠲᠠ ᠬᠥᠳᠡᠭᠡ᠎ᠶ᠋ᠢᠨ ᠣᠷᠣᠯᠭ᠎ᠠ ᠢᠯᠡᠳᠲᠡ ᠳᠡᠭᠡᠭ᠌ᠰᠢᠯᠡᠵᠦ᠍᠂ ᠨᠠᠮ᠎ᠤᠨ ᠪᠠᠢᠭᠤᠯᠤᠯᠲᠠ ᠪᠠᠲᠤ ᠴᠢᠩᠭ᠎ᠠ ᠬᠦᠴᠦᠨ᠎ᠲᠠᠢ ᠪᠠᠢᠵᠤ᠂ ᠴᠢᠨᠠᠷ ᠰᠠᠢᠲᠠᠶ ᠳᠠᠪᠠᠯᠲᠠ᠎ᠳᠤ ᠮᠠᠶᠢᠭ᠎ᠤᠨ ᠬᠥᠭ᠌ᠵᠢᠯᠲᠡ᠎ᠶ᠋ᠢᠨ ᠲᠠᠯ᠎ᠠ᠎ᠪᠠᠷ ᠲᠠᠰᠤᠷᠠᠯᠲᠠ ᠥᠬᠡᠶ ᠱᠢᠨ᠎ᠡ ᠠᠮᠵᠢᠯᠲᠠ ᠪᠦᠲᠦᠮᠵᠢ ᠤᠯᠪᠠ᠃

ᠠᠯᠲᠠᠨ ᠱᠢᠷᠭᠠᠯ ᠦᠵᠦᠮᠦᠴᠢᠨ
ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠪᠠᠢᠳᠠᠯ᠎ᠢ ᠨᠡᠭᠡᠭᠡᠪᠡ
ᠲᠠᠪᠤᠨ ᠵᠢᠯ᠎ᠤᠨ ᠲᠤᠷᠰᠢ᠂ ᠵᠡᠭᠦᠨ ᠣᠢᠵᠣᠮᠣᠴᠢᠨ ᠬᠤᠱᠢᠭᠤ 《ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ᠌》 ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ ᠵᠠᠮᠨᠠᠵᠥ᠍᠂ 《ᠬᠤᠨᠢ᠎ᠶ᠋ᠢ ᠴᠥᠭᠡᠳᠭᠡᠵᠦ᠍ ᠦᠬᠡᠷ᠎ᠢ ᠨᠡᠮᠡᠭ᠌ᠳᠡᠭᠦᠯᠬᠦ᠌》 ᠪᠠᠢᠯᠳᠤᠬᠤ ᠪᠣᠳᠣᠯᠭ᠎ᠠ᠎ᠶ᠋ᠢ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠠᠬᠢᠭᠤᠯᠵᠥ᠍᠂ 《3+2》 ᠢᠶᠠᠷ ᠭᠤᠤᠯ ᠪᠣᠯᠭᠠᠭ᠍ᠰᠠᠨ ᠮᠠᠯ ᠠᠵᠤ ᠠᠬᠤᠶ᠎ᠶ᠋ᠢᠨ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠭ᠍ᠪᠤᠷ᠎ᠢ ᠱᠢᠨᠵᠢᠯᠡᠬᠦ᠌ ᠤᠬᠠᠭᠠᠨᠴᠢ᠎ᠪᠠᠷ ᠪᠠᠢᠭᠤᠯᠵᠥ᠍᠂ 11 ᠣᠳᠣᠬᠢᠴᠢᠯᠠᠭ᠍ᠰᠠᠨ ᠲᠠᠭᠠᠭᠤᠯᠤᠬ᠍ᠴᠢ ᠠᠵᠤ ᠠᠬᠤᠢᠯᠠᠯ ᠪᠤᠢᠵᠢᠭᠤᠯᠵᠥ᠍᠂ ᠰᠠᠢᠨ ᠡᠭᠦᠯᠳᠡᠷ᠎ᠤᠨ ᠮᠢᠬᠠᠨ᠎ᠤ ᠦᠬᠡᠷ ᠦᠷᠡᠵᠢᠭᠦᠯᠦᠨ ᠪᠤᠢᠵᠢᠭᠤᠯᠬᠤ 10 ᠰᠠᠭᠤᠷᠢᠨ ᠪᠠᠢᠭᠤᠯᠵᠥ᠍᠂ ᠣᠨ᠎ᠤ ᠦᠬᠡᠷ᠎ᠤᠨ ᠲᠤᠭ᠎ᠠ 15.75 ᠲᠦᠮᠡ᠎ᠳᠤ ᠬᠦᠷᠴᠤ᠌᠂ ᠳᠡᠭᠡᠳᠦ ᠲᠡᠰ᠎ᠤᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠬᠡᠪᠴᠢᠶ᠎ᠡ ᠪᠦᠬᠦ᠌ ᠠᠢᠮᠠᠭ᠎ᠤᠨ ᠲᠡᠷᠢᠭᠦᠨ᠎ᠳᠤ ᠣᠷᠣᠪᠠ᠂ ᠦᠵᠦᠮᠦᠴᠢᠨ ᠬᠤᠨᠢᠨ᠎ᠤ 270 ᠭᠤᠣᠯᠯᠠᠭ᠍ᠴᠢ ᠰᠦᠷᠦᠭ᠎ᠢ ᠪᠠᠬᠢᠵᠢᠭᠦᠯᠵᠥ᠍᠂ ᠪᠠᠷᠢᠮᠵᠢᠶᠠᠵᠢᠭ᠍ᠰᠠᠨ ᠮᠠᠯ ᠰᠦᠷᠦᠭ᠎ᠤᠨ ᠲᠤᠭ᠎ᠠ᠎ᠶ᠋ᠢ 2600 ᠳᠤ ᠬᠥᠷᠬᠡᠵᠥ᠍᠂ ᠥᠪᠡᠷᠲᠡᠭᠡᠨ ᠵᠠᠰᠠᠬᠤ ᠣᠷᠣᠨ᠎ᠤ 《ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠪᠠᠢᠭᠤᠯᠤᠮᠵᠢ᠎ᠶ᠋ᠢᠨ ᠬᠢᠷᠢ ᠬᠡᠮ᠎ᠢ ᠮᠠᠭᠠᠳᠯᠠᠨ ᠲᠣᠭ᠍ᠲᠠᠭᠠᠬᠤ ᠪᠠ ᠪᠠᠢᠭᠤᠯᠤᠮᠵᠢ᠎ᠶ᠋ᠢᠨ ᠱᠢᠯᠭᠠᠨ ᠬᠢᠨᠠᠬᠤ ᠬᠤᠤᠰ ᠭᠡᠷᠡᠴᠢᠯᠡᠯ》 ᠤᠨ ᠦᠨᠡᠯᠡᠯᠲᠡ ᠬᠢᠨᠠᠯᠲᠠ᠎ᠶ᠋ᠢ ᠤᠷᠤᠭ᠍ᠰᠢᠲᠠᠶ ᠲᠤᠭᠤᠯᠵᠤ᠂ ᠱᠢᠷᠭ᠎ᠠ ᠠᠳᠤᠭᠤᠨ᠎ᠤ ᠡᠭᠦᠯᠳᠡᠷ᠎ᠢ ᠪᠤᠢᠵᠢᠭᠤᠯᠤᠨ ᠰᠠᠢᠵᠢᠷᠠᠭᠤᠯᠬᠤ 3 ᠰᠠᠭᠤᠷᠢᠨ ᠪᠠᠢᠭᠤᠯᠵᠥ᠍᠂ ᠪᠥᠬᠦ᠌ ᠬᠤᠱᠢᠭᠤᠨ᠎ᠤ ᠠᠳᠤᠭᠤᠨ᠎ᠤ ᠶᠡᠷᠦᠩᠬᠡᠶ ᠲᠤᠭ᠎ᠠ 5.5 ᠲᠦᠮᠡ᠎ᠳᠤ ᠬᠥᠷᠴᠤ᠌᠂ 《ᠳᠤᠮᠳᠠᠳᠤ ᠤᠯᠤᠰ᠎ᠤᠨ ᠱᠢᠷᠭ᠎ᠠ ᠠᠳᠤᠭᠤᠨ᠎ᠤ ᠨᠤᠲᠤᠭ》 ᠢᠶᠠᠷ ᠦᠨᠡᠯᠡᠭ᠌ᠳᠡᠪᠡ᠃ 64 ᠤᠶᠤᠨᠲᠤ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ ᠪᠠᠢᠭᠤᠯᠵᠤ᠂ 1 ᠠᠢᠮᠠᠭ᠎ᠤᠨ ᠲᠡᠰ᠎ᠤᠨ ᠠᠵᠤ ᠦᠢᠯᠡᠰᠵᠢᠭ᠌ᠰᠡᠨ ᠬᠤᠯᠪᠣᠭᠠᠲᠤ ᠴᠣᠭ᠍ᠴᠠ ᠪᠠᠢᠭᠤᠯᠵᠤ᠂ ᠤᠶᠤᠨᠲᠤ ᠠᠮᠢ ᠠᠬᠤᠢ᠎ᠶ᠋ᠢᠨ ᠡᠭᠦᠯᠡᠨ ᠲᠠᠪᠴᠠᠩ ᠪᠠ ᠪᠦᠬᠦ᠌ ᠣᠷᠣᠨ᠎ᠤ ᠠᠩᠬᠠᠳᠠᠭ᠍ᠴᠢ ᠬᠤᠱᠢᠭᠤᠨ᠎ᠤ ᠲᠡᠰ᠎ᠤᠨ ᠮᠣᠯᠧᠺᠦ᠋ᠯ᠎ᠤᠨ ᠠᠮᠢᠳᠤ ᠪᠣᠳᠠᠰ᠎ᠤᠨ ᠰᠤᠳᠤᠯᠭᠠᠨ᠎ᠤ ᠲᠤᠷᠱᠢᠯᠲᠠ᠎ᠶ᠋ᠢᠨ ᠲᠠᠰᠤᠭ ᠪᠠᠢᠭᠤᠯᠤᠨ ᠠᠱᠢᠬ᠍ᠯᠠᠯᠳᠠ᠎ᠳᠤ ᠣᠷᠣᠭᠤᠯᠪᠠ᠃ ᠡᠨᠧᠷᠭᠢ᠎ᠶ᠋ᠢᠨ ᠬᠤᠷᠣᠭ᠍ᠳᠠᠯ᠎ᠤᠨ ᠬᠤᠣᠰ ᠡᠵᠡᠮᠳᠡᠯ᠎ᠤᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠥ᠍᠂ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠪᠠᠢᠷᠢᠯᠠᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠥᠩᠭᠡᠲᠦ ᠲᠡᠮᠦᠷᠯᠢᠭ ᠰᠣᠩᠭᠤᠨ ᠪᠣᠯᠪᠠᠰᠤᠷᠠᠭᠤᠯᠬᠤ᠂ ᠲᠣᠰᠣ ᠭᠠᠰ ᠨᠡᠭᠡᠭᠡᠨ ᠠᠱᠢᠬ᠍ᠯᠠᠬᠤ᠂ ᠤᠯᠠᠭᠠᠨ ᠢᠳᠡᠭᠡᠨ ᠡᠳ᠋ᠱᠢᠭᠦᠯᠬᠦ᠌ ᠵᠡᠷᠭᠡ ᠠᠵᠤ ᠦᠢᠯᠡᠰ᠎ᠤᠨ ᠡᠷᠴᠢᠮᠵᠢᠨ ᠬᠥᠭ᠌ᠵᠢᠬᠦ᠌᠎ᠶ᠋ᠢ ᠠᠬᠢᠭᠤᠯᠵᠤ᠂ ᠥᠩᠭᠡᠲᠦ ᠲᠡᠮᠦᠷᠯᠢᠭ ᠰᠣᠩᠭᠤᠨ ᠪᠣᠯᠪᠠᠰᠤᠷᠠᠭᠤᠯᠬᠤ ᠴᠢᠳᠠᠪᠤᠷᠢ᠎ᠶ᠋ᠢ 360 ᠲᠦᠮᠡᠨ ᠲᠣᠨ᠎ᠳᠤ ᠬᠦᠷᠭᠡᠵᠦ᠍᠂ ᠴᠢᠯᠠᠭᠤᠨ ᠲᠣᠰᠣ ᠨᠡᠭᠡᠭᠡᠨ ᠮᠠᠯᠲᠠᠬᠤ ᠴᠢᠳᠠᠪᠤᠷᠢ᠎ᠶ᠋ᠢ 50 ᠲᠦᠮᠡᠨ ᠲᠣᠨ᠎ᠳᠤ ᠬᠦᠷᠭᠡᠵᠦ᠍᠂ ᠠᠮᠢᠳᠤ ᠮᠠᠯ᠎ᠢ ᠡᠳ᠋ᠱᠢᠬᠦᠯᠦᠨ ᠪᠣᠯᠪᠠᠰᠤᠷᠠᠭᠤᠯᠬᠤ ᠴᠢᠳᠠᠪᠤᠷᠢ᠎ᠶ᠋ᠢ 160 ᠲᠦᠮᠡᠨ ᠬᠤᠨᠢ᠎ᠳᠤ ᠬᠦᠷᠭᠡᠵᠦ᠍᠂ ᠠᠵᠤ ᠦᠢᠯᠡᠳᠪᠦᠷᠢ᠎ᠶ᠋ᠢᠨ ᠡᠳ᠋᠎ᠤᠨ ᠵᠠᠰᠠᠭ ᠭᠠᠢᠯᠢ᠎ᠳᠤ ᠦᠵᠡᠭᠦᠯᠦᠭ᠌ᠰᠡᠨ ᠬᠤᠪᠢ ᠨᠡᠮᠡᠷᠢ᠎ᠶ᠋ᠢᠨ ᠨᠣᠷᠮ᠎ᠠ 88.7% ᠳᠤ ᠬᠦᠷᠪᠡ᠃ ᠦᠢᠯᠡᠴᠢᠯᠡᠭᠡᠨ᠎ᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠲᠠᠰᠤᠷᠠᠯᠲᠠ ᠥᠬᠡᠶ ᠲᠦᠷᠭᠡᠳᠭᠡᠵᠦ᠍᠂ ᠤᠯᠢᠶᠠᠰᠤᠲᠠᠢ ᠠᠭᠤᠯᠠ ᠵᠡᠷᠭᠡ ᠵᠢᠭᠤᠯᠴᠢᠯᠠᠯ᠎ᠤᠨ ᠦᠵᠡᠮᠵᠢ᠎ᠶ᠋ᠢᠨ ᠴᠡᠭ ᠦᠵᠡᠮᠵᠢ᠎ᠶ᠋ᠢᠨ ᠣᠷᠣᠨ᠎ᠢ ᠲᠠᠰ ᠳᠡᠪᠱᠢᠭᠦᠯᠬᠦ᠌ ᠢᠨᠵᠧᠨᠧᠷᠢᠩ᠎ᠢ ᠡᠬᠢᠯᠡᠭᠦᠯᠦᠨ ᠬᠡᠷᠡᠭ᠌ᠵᠢᠭᠦᠯᠵᠦ᠍᠂ ᠲᠢᠶᠠᠨ ᠮᠤᠤ ᠠ ᠯᠢ ᠪᠠ ᠪᠠᠶ᠋ᠢᠨ ᠡᠯᠪᠡᠭ ᠬᠤᠷᠢᠶᠠᠯᠲᠠ᠎ᠶ᠋ᠢᠨ ᠪᠠᠷᠠᠭ᠎ᠠ ᠬᠤᠳᠠᠯᠳᠤᠨ ᠠᠪᠬᠤ ᠨᠠᠢᠷ · ᠦᠵᠦᠮᠦᠴᠢᠨ ᠬᠤᠨᠢᠨ ᠮᠢᠬᠠᠨ᠎ᠤ ᠨᠠᠢᠷ᠂ ᠠᠩᠬᠠᠳᠤᠭᠠᠷ ᠬᠤᠭᠤᠴᠠᠭᠠᠨ᠎ᠤ ᠠᠷᠠᠯᠵᠢᠶᠠᠨ᠎ᠤ ᠴᠤᠭ᠍ᠯᠠᠭᠠᠨ᠂ ᠵᠡᠭᠦᠨ ᠬᠠᠲᠠᠪᠴᠢ ᠣᠯᠠᠨ ᠤᠯᠤᠰ᠎ᠤᠨ ᠲᠠᠸᠠᠷ᠎ᠤᠨ ᠠᠷᠠᠯᠵᠢᠶᠠᠨ᠎ᠤ ᠴᠤᠭ᠍ᠯᠠᠭᠠᠨ ᠵᠡᠷᠭᠡ ᠱᠢᠷᠢᠰ ᠠᠵᠢᠯᠯᠠᠭ᠎ᠠ᠎ᠶ᠋ᠢ ᠠᠮᠵᠢᠯᠲᠠ᠎ᠲᠠᠢ ᠡᠷᠭᠢᠯᠡᠵᠦ᠍᠂ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠠᠵᠤ ᠦᠢᠯᠡᠰ᠎ᠤᠨ ᠬᠦᠷᠢᠶᠡᠯᠡᠩ 2018 — 2019 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ᠎ᠢᠶᠠᠷ ᠠᠮᠵᠢᠯᠲᠠ᠎ᠲᠠᠢ ᠰᠣᠩᠭᠤᠭ᠍ᠳᠠᠨ ᠣᠷᠣᠵᠤ᠂ ᠱᠢᠨ᠎ᠡ᠎ᠶ᠋ᠢ ᠡᠭᠦᠳᠦᠨ ᠦᠢᠯᠡᠰ ᠪᠤᠰᠭᠠᠬᠤ ᠰᠠᠭᠤᠷᠢᠨ᠎ᠨᠢ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠪᠦᠯᠦᠭ᠎ᠤᠨ ᠦᠢᠯᠡᠰ ᠪᠤᠰᠭᠠᠬᠤ ᠰᠠᠭᠤᠷᠢᠨ᠎ᠢᠶᠠᠷ ᠦᠨᠡᠯᠡᠭ᠌ᠳᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ ᠲᠠᠩ ᠴᠤᠯᠭᠤᠶ ᠲᠥᠪᠯᠡᠷᠡᠩᠭᠦᠶ ᠪᠠᠢᠭ᠍ᠰᠠᠨ᠎ᠠᠴᠠ ᠣᠯᠠᠨ ᠡᠱᠢ᠎ᠳᠤ ᠲᠠᠷᠠᠬᠠᠶ ᠪᠤᠲᠠᠷᠬᠠᠶ᠎ᠪᠠᠷ ᠬᠥᠭ᠌ᠵᠢᠬᠦ᠌᠎ᠶ᠋ᠢ ᠪᠡᠶᠡᠯᠡᠭᠦᠯᠪᠡ᠃

ᠦᠵᠦᠮᠦᠴᠢᠨ ᠬᠤᠨᠢ

ᠠᠩᠭᠢᠰ ᠦᠭᠡᠷ

ᠦᠵᠦᠮᠦᠴᠢᠨ ᠠᠲᠤᠭᠤ
ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠤᠨ ᠱᠢᠨ᠎ᠡ ᠵᠠᠮ ᠨᠡᠭᠡᠭᠡᠪᠡ
ᠲᠠᠪᠤᠨ ᠵᠢᠯ᠎ᠤᠨ ᠲᠤᠷᠰᠢ᠂ ᠵᠡᠭᠦᠨ ᠦᠵᠦᠮᠦᠴᠢᠨ ᠬᠤᠱᠢᠭᠤ 《ᠭᠤᠷᠪᠠᠨ ᠵᠦᠢᠯ᠎ᠤᠨ ᠥᠭᠡᠷᠡᠴᠢᠯᠡᠯᠲᠡ》 ᠶ᠋ᠢ ᠤᠷᠢᠳ᠎ᠢᠶᠠᠷ ᠬᠡᠷᠡᠭ᠌ᠵᠢᠭᠦᠯᠦᠨ ᠤᠷᠢᠳ᠎ᠢᠶᠠᠷ ᠲᠤᠷᠱᠢᠵᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠡᠯ᠎ᠡ ᠵᠦᠢᠯ᠎ᠤᠨ ᠠᠵᠢᠯ᠎ᠢ ᠪᠦᠬᠦ᠌ ᠲᠠᠯ᠎ᠠ᠎ᠪᠠᠷ ᠡᠬᠢᠯᠡᠭᠦᠯᠵᠦ᠍᠂ 303 ᠵᠦᠢᠯ᠎ᠤᠨ ᠦᠷ᠎ᠡ ᠪᠦᠲᠦᠭᠡᠯ ᠤᠯᠪᠠ᠃ ᠨᠠᠮ ᠵᠠᠰᠠᠭ᠎ᠤᠨ ᠪᠠᠢᠭᠤᠯᠭ᠎ᠠ᠂ ᠰᠤᠮᠤ ᠪᠠᠯᠭᠠᠰᠤ᠂ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠂ ᠠᠵᠢᠯ ᠦᠢᠯᠡᠰ᠎ᠤᠨ ᠨᠢᠭᠡᠴᠢ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠭᠤᠤᠯᠳᠠᠯᠭ᠎ᠠ᠎ᠲᠠᠢ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠪᠠᠢᠭᠤᠯᠤᠮᠵᠢ᠎ᠶ᠋ᠢᠨ ᠲᠣᠬᠢᠷᠠᠭᠤᠯᠤᠯᠲᠠ᠂ ᠬᠠᠤᠯᠢ ᠬᠡᠷᠡᠭ᠌ᠵᠢᠭᠦᠯᠬᠦ᠌ ᠪᠠᠢᠭᠤᠯᠤᠯ ᠨᠠᠩ ᠲᠡᠭᠦᠯᠳᠡᠷᠵᠢᠵᠦ᠍᠂ ᠲᠥᠷᠥ᠍ ᠪᠠᠷᠢᠬᠤ ᠴᠢᠳᠠᠪᠤᠷᠢ᠂ ᠲᠥᠷᠥ᠍ ᠪᠠᠷᠢᠬᠤ ᠬᠦᠴᠦᠨ ᠢᠯᠡᠳᠲᠡ ᠳᠡᠭᠡᠭ᠌ᠰᠢᠯᠡᠪᠡ᠃ 4600 ᠲᠦᠮᠡᠨ ᠲᠥᠭᠦᠷᠢᠭ᠎ᠤᠨ ᠪᠠᠯᠠ ᠣᠷᠣᠭᠤᠯᠵᠤ᠂ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ ᠪᠠᠢᠭᠤᠯᠤᠨ᠂ ᠰᠤᠮᠤ ᠪᠠᠯᠭᠠᠰᠤ᠂ ᠭᠠᠴᠠᠭ᠎ᠠ (ᠨᠡᠢᠭᠡᠮ ᠲᠣᠭᠤᠷᠢᠭ) ᠶ᠋ᠢᠨ ᠨᠠᠮ᠎ᠤᠨ ᠭᠡᠱᠢᠬᠦᠨ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠎ᠢ ᠲᠥᠬᠦᠷᠵᠢᠭᠦᠯᠦᠨ ᠪᠠᠢᠭᠤᠯᠵᠤ᠂ 《1 + 9 + N》 ᠭᠤᠷᠪᠠᠨ ᠱᠠᠲᠤᠨ᠎ᠤ ᠨᠠᠮ᠎ᠤᠨ ᠭᠡᠱᠢᠬᠦᠨ ᠣᠯᠠᠨ ᠲᠦᠮᠡᠨ᠎ᠤ ᠦᠢᠯᠡᠴᠢᠯᠡᠭᠡᠨ᠎ᠤ ᠵᠢᠭ᠍ᠰᠠᠭᠠᠯ᠎ᠤᠨ ᠭᠠᠵᠠᠷ᠎ᠤᠨ ᠱᠢᠰᠲ᠋ᠧᠮ᠎ᠢ ᠪᠠᠢᠭᠤᠯᠵᠤ᠂ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡᠨ᠎ᠤ ᠲᠢᠩᠬᠢᠮ᠎ᠳᠤ ᠲᠦᠱᠢᠭ᠌ᠯᠡᠨ᠂ 43 ᠰᠠᠯᠠᠭ᠎ᠠ ᠮᠥᠴᠢᠷ᠎ᠤᠨ 493 ᠵᠦᠢᠯ᠎ᠤᠨ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠵᠦᠢᠯᠡᠰ ᠪᠠ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠵᠦᠢᠯᠡᠰ᠎ᠢ ᠲᠥᠪᠯᠡᠷᠡᠭᠦᠯᠦᠨ ᠭᠦᠢᠴᠡᠳᠭᠡᠬᠦ᠌᠎ᠶ᠋ᠢ ᠪᠡᠶᠡᠯᠡᠭᠦᠯᠵᠦ᠍᠂ ᠣᠯᠠᠨ ᠲᠦᠮᠡᠨ᠎ᠳᠤ ᠦᠢᠯᠡᠴᠢᠯᠡᠬᠦ᠌ 《ᠡᠴᠦᠰ᠎ᠤᠨ ᠨᠢᠭᠡ ᠺᠢᠯᠣᠮᠧᠲᠷ》 ᠢ ᠨᠡᠪᠲᠡᠷᠡᠭᠦᠯᠪᠡ᠃ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠳᠡᠭᠡᠳᠦ ᠱᠠᠲᠤᠨ᠎ᠤ ᠳᠣᠷᠣᠭ᠍ᠰᠢ ᠪᠠᠭᠤᠯᠭᠠᠭ᠍ᠰᠠᠨ 41 ᠵᠦᠢᠯ᠎ᠤᠨ ᠤᠴᠢᠷ ᠶᠠᠪᠤᠳᠠᠯ᠎ᠢ ᠬᠦᠯᠢᠶᠡᠨ ᠠᠪᠴᠤ᠌᠂ 99 ᠵᠦᠢᠯ᠎ᠤᠨ ᠰᠤᠮᠤ ᠪᠠᠯᠭᠠᠰᠤᠨ᠎ᠤ ᠤᠴᠢᠷ ᠶᠠᠪᠤᠳᠠᠯ᠎ᠢ ᠳᠣᠷᠣᠭ᠍ᠰᠢ ᠪᠠᠭᠤᠯᠭᠠᠵᠤ᠂ 76 ᠵᠦᠢᠯ᠎ᠤᠨ ᠡᠯ᠎ᠡ ᠲᠥᠷᠥᠯ᠎ᠤᠨ ᠭᠡᠷᠡᠴᠢ ᠪᠠᠷᠢᠮᠲᠠ᠎ᠶ᠋ᠢ ᠴᠡᠪᠡᠷᠯᠡᠨ ᠵᠢᠷᠤᠮᠵᠢᠭᠤᠯᠵᠤ᠂ ᠢᠨᠵᠧᠨᠧᠷᠢᠩ᠎ᠤᠨ ᠬᠢᠨᠠᠨ ᠵᠥᠪᠱᠢᠶᠡᠷᠡᠬᠦ᠌ ᠴᠠᠭ᠎ᠢ 87 ᠠᠵᠢᠯᠯᠠᠬᠤ ᠡᠳᠦᠷ ᠪᠣᠯᠭᠠᠨ ᠪᠣᠭᠤᠨᠢᠰᠭᠠᠵᠤ᠂ ᠠᠵᠤ ᠠᠬᠤᠢᠯᠠᠯ ᠡᠷᠬᠢᠯᠡᠬᠦ᠌ ᠴᠠᠭ᠎ᠢ 3 ᠠᠵᠢᠯᠯᠠᠬᠤ ᠡᠳᠦᠷ ᠪᠣᠯᠭᠠᠨ ᠪᠣᠭᠤᠨᠢᠰᠭᠠᠵᠤ᠂ ᠬᠦᠯᠢᠶᠡᠨ ᠠᠪᠴᠤ᠌ ᠱᠢᠢᠳᠪᠦᠷᠢᠯᠡᠬᠦ᠌ ᠠᠮᠠᠯᠠᠯᠲᠠ᠎ᠶ᠋ᠢᠨ ᠴᠠᠭ ᠬᠤᠭᠤᠴᠠᠭ᠎ᠠ᠎ᠶ᠋ᠢ 41% ᠪᠠᠷ ᠪᠣᠭᠤᠨᠢᠰᠭᠠᠵᠥ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ ᠲᠠᠰᠤᠷᠠᠯᠲᠠ ᠦᠭᠡᠢ ᠱᠢᠯᠢᠳᠡᠭ᠌ᠵᠢᠪᠡ᠃ ᠤᠯᠤᠰ᠎ᠤᠨ 《ᠨᠢᠭᠡ ᠪᠦᠰᠡ ᠨᠢᠭᠡ ᠵᠠᠮ》 ᠪᠠ ᠥᠪᠡᠷᠲᠡᠭᠡᠨ ᠵᠠᠰᠠᠬᠤ ᠣᠷᠣᠨ᠎ᠤ ᠤᠮᠠᠷᠠᠰᠢ ᠨᠡᠭᠡᠭᠡᠯᠲᠡ ᠬᠢᠬᠦ᠌ ᠬᠥᠭ᠌ᠵᠢᠯᠲᠡ᠎ᠶ᠋ᠢᠨ ᠴᠢᠬᠤᠯᠠ ᠶᠡᠭᠡ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠤᠷᠤᠨ᠎ᠤ ᠪᠥᠲᠥᠭᠡᠨ ᠪᠠᠢᠭᠤᠯᠤᠯᠲᠠ᠎ᠶ᠋ᠢ ᠶᠡᠭᠡ᠎ᠪᠠᠷ ᠠᠬᠢᠭᠤᠯᠤᠨ᠂ 《ᠭᠤᠷᠪᠠᠨ ᠨᠢᠭᠡ》 ᠶ᠋ᠢᠨ ᠪᠣᠭᠤᠮᠲᠠ᠎ᠪᠠᠷ ᠥᠩᠭᠡᠷᠡᠭᠦᠯᠬᠦ᠌ ᠵᠠᠭ᠍ᠪᠤᠷ᠎ᠢ ᠪᠠᠢᠭᠤᠯᠵᠤ᠂ ᠪᠥᠬᠦ᠌ ᠤᠯᠤᠰ᠎ᠤᠨ ᠬᠡᠪᠴᠢᠶᠡᠨ᠎ᠳᠠᠬᠢ ᠴᠣᠷ᠎ᠤᠨ ᠭᠠᠭ᠍ᠴᠠ ᠬᠤᠱᠢᠭᠤ ᠱᠢᠶᠠᠨ᠎ᠤ ᠲᠠᠰ᠎ᠤᠨ ATA ᠬᠠᠭᠤᠳᠠᠰᠤ ᠦᠨᠡᠮᠯᠡᠯ᠎ᠤᠨ ᠭᠠᠷᠳᠠᠮ᠎ᠢ ᠭᠦᠢᠴᠡᠳᠭᠡᠵᠦ᠍ ᠪᠣᠯᠬᠤ ᠸᠢᠰᠠ᠎ᠶ᠋ᠢᠨ ᠪᠠᠢᠭᠤᠯᠤᠮᠵᠢ ᠪᠣᠯᠪᠠ᠃ ᠤᠯᠠᠨ ᠤᠯᠤᠰ᠎ᠤᠨ ᠠᠷᠠᠯᠵᠢᠶᠠᠨ᠎ᠤ 《ᠨᠢᠭᠡ ᠯᠡ ᠴᠣᠩᠬᠤᠪᠴᠢ》 ᠶ᠋ᠢᠨ ᠬᠡᠷᠡᠭ᠌ᠯᠡᠯᠲᠡ᠎ᠶ᠋ᠢ ᠪᠠᠢᠩᠭᠤᠵᠢᠭᠤᠯᠬᠤ᠎ᠶ᠋ᠢ ᠪᠡᠶᠡᠯᠡᠭᠦᠯᠵᠦ᠍᠂ ᠬᠡᠷᠡᠭ᠌ᠯᠡᠯᠳᠡ᠎ᠶ᠋ᠢᠨ ᠨᠤᠷᠮ᠎ᠠ 100% ᠳᠤ ᠬᠦᠷᠴᠤ᠌᠂ ᠭᠠᠳᠠᠭᠠᠳᠤ᠎ᠠᠴᠠ ᠣᠷᠣᠭᠤᠯᠬᠤ᠎ᠪᠠᠷ ᠮᠡᠳᠡᠭᠦᠯᠬᠦ᠌ ᠪᠠᠷᠠᠭᠠᠨ᠎ᠤ ᠴᠠᠭ᠎ᠢ ᠳᠤᠮᠳᠠᠴᠢ᠎ᠪᠠᠷ 1 ᠮᠢᠨᠦ᠋ᠲ ᠪᠣᠯᠭᠠᠨ ᠪᠣᠭᠤᠨᠢᠰᠭᠠᠵᠤ᠂ ᠪᠣᠭᠤᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢ ᠶᠡᠭᠡ᠎ᠪᠠᠷ ᠳᠡᠭᠡᠭ᠌ᠰᠢᠯᠡᠭᠦᠯᠪᠡ᠃ 《ᠬᠢᠯᠢ᠎ᠶ᠋ᠢᠨ ᠴᠣᠩᠬᠤ》 ᠶ᠋ᠢᠨ ᠪᠠᠢᠭᠤᠯᠤᠯᠲᠠ᠎ᠶ᠋ᠢᠨ ᠢᠨᠵᠧᠨᠧᠷᠢᠩ᠎ᠢ ᠡᠬᠢᠯᠡᠭᠦᠯᠦᠨ ᠬᠡᠷᠡᠭ᠌ᠵᠢᠭᠦᠯᠵᠦ᠍᠂ ᠮᠣᠩᠭᠤᠯ᠎ᠤᠨ ᠲᠠᠯ᠎ᠠ᠎ᠶ᠋ᠢᠨ᠎ᠬᠢᠨ᠎ᠲᠠᠢ ᠠᠵᠤ ᠠᠬᠤᠶ᠂ ᠰᠣᠶᠣᠯ᠂ ᠡᠮ ᠡᠮᠨᠡᠯᠭᠡ᠎ᠶ᠋ᠢᠨ ᠠᠪᠤᠷᠠᠨ ᠲᠤᠰᠠᠯᠠᠯᠲᠠ ᠵᠡᠷᠭᠡ ᠣᠯᠠᠨ ᠳᠡᠰ ᠳᠠᠪᠬᠤᠷᠭ᠎ᠠ᠎ᠶ᠋ᠢ ᠬᠠᠮᠤᠷᠤᠭ᠍ᠰᠠᠨ ᠬᠠᠮᠳᠤᠷᠠᠯᠴᠠᠨ ᠰᠣᠯᠢᠯᠴᠠᠬᠤ ᠲᠣᠭ᠍ᠲᠠᠴᠠ᠎ᠶ᠋ᠢ ᠪᠠᠢᠭᠤᠯᠪᠠ᠃ 《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠡᠳ᠋ ᠪᠠᠷᠠᠭ᠎ᠠ ᠪᠠ ᠪᠠᠷᠠᠭᠠᠨ᠎ᠤ ᠶᠡᠷᠤᠩᠬᠡᠢ ᠬᠡᠮᠵᠢᠶ᠎ᠡ ᠲᠣᠰ ᠲᠣᠰ 595.64 ᠲᠦᠮᠡᠨ ᠲᠣᠨ ᠪᠠ 36.85 ᠳ᠋ᠦᠩᠱᠢᠭᠤᠷ ᠳ᠋ᠣᠯᠯᠠᠷ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 14.86% ᠪᠠ 77.3% ᠪᠠᠷ ᠨᠡᠮᠡᠭ᠌ᠳᠡᠪᠡ᠃
ᠵᠡᠭᠦᠨ ᠬᠠᠳᠠᠪᠴᠢ ᠪᠤᠭᠤᠮᠲᠠ
ᠠᠮᠢ ᠠᠬᠤᠢ᠎ᠶ᠋ᠢᠨ ᠪᠣᠯᠪᠠᠰᠤᠨ᠎ᠤ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ
ᠲᠠᠪᠤᠨ ᠵᠢᠯ᠎ᠤᠨ ᠲᠤᠷᠰᠢ᠂ ᠵᠡᠭᠦᠨ ᠦᠵᠦᠮᠦᠴᠢᠨ ᠬᠤᠱᠢᠭᠤ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠥ᠍᠂ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ》 ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠥ᠍᠂ ᠠᠮᠢ ᠠᠬᠤᠶ ᠣᠷᠴᠢᠨ ᠲᠣᠭᠤᠷᠢᠨ᠎ᠤ ᠬᠤᠬᠢᠷᠠᠯ᠎ᠤᠨ ᠬᠠᠷᠢᠭᠤᠴᠠᠯᠭ᠎ᠠ ᠨᠡᠬᠡᠮᠵᠢᠯᠡᠬᠦ᠂ ᠪᠡᠯᠴᠢᠭᠡᠷᠯᠡᠭᠦᠯᠬᠦ᠌᠎ᠶ᠋ᠢ ᠵᠤᠬ᠍ᠰᠤᠭᠠᠬᠤ ᠪᠠ ᠮᠠᠯ ᠪᠡᠯᠴᠢᠭᠡᠷ᠎ᠤᠨ ᠲᠡᠩᠴᠡᠭᠦᠷᠢ᠎ᠶ᠋ᠢ ᠪᠠᠳᠤᠯᠠᠬᠤ᠂ ᠠᠵᠤ ᠦᠢᠯᠡᠰ᠎ᠤᠨ ᠵᠥᠪᠱᠢᠶᠡᠷᠡᠯ᠎ᠤᠨ ᠨᠠᠵᠠᠭᠠᠶ ᠲᠠᠯ᠎ᠠ᠎ᠶ᠋ᠢᠨ ᠨᠠᠷᠢᠨ ᠳᠠᠩᠰᠠ ᠵᠡᠷᠭᠡ ᠲᠦᠷᠢᠮ᠎ᠢ ᠪᠠᠢᠭᠤᠯᠤᠨ ᠲᠡᠭᠦᠯᠳᠡᠷᠵᠢᠭᠦᠯᠵᠥ᠍᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠣᠷᠴᠢᠨ ᠲᠣᠭᠤᠷᠢᠨ᠎ᠤ ᠶᠠᠰᠤ ᠴᠢᠨᠠᠷ᠎ᠤᠨ ᠬᠤᠷᠢᠭ᠎ᠠ ᠱᠤᠭᠤᠮ᠂ ᠡᠬᠢ ᠪᠠᠶᠠᠯᠢᠭ᠎ᠤᠨ ᠠᠱᠢᠬ᠍ᠯᠠᠯᠳᠠ᠎ᠶ᠋ᠢᠨ ᠬᠢᠵᠠᠭᠠᠷ ᠱᠤᠭᠤᠮ ᠪᠠ ᠠᠮᠢ ᠠᠬᠤᠶ ᠣᠷᠴᠢᠨ ᠲᠣᠭᠤᠷᠢᠨ᠎ᠤ ᠵᠥᠪᠱᠢᠶᠡᠷᠡᠯ᠎ᠤᠨ ᠨᠠᠷᠢᠨ ᠳᠠᠩᠰᠠ᠎ᠶ᠋ᠢ ᠴᠢᠩᠭ᠎ᠠ ᠬᠡᠷᠡᠭ᠌ᠵᠢᠭᠦᠯᠦᠨ᠂ ᠱᠢᠨ᠎ᠡ᠎ᠪᠠᠷ ᠪᠠᠢᠭᠤᠯᠬᠤ ᠲᠥᠷᠥᠯ ᠵᠦᠢᠯ᠎ᠤᠨ 《ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠨᠢᠭᠡ ᠪᠢᠯᠧᠲ᠎ᠢᠶᠠᠷ ᠦᠭᠡᠢᠰᠭᠡᠬᠦ᠌ ᠳᠦᠷᠢᠮ》 ᠪᠠ ᠣᠷᠴᠢᠨ ᠲᠣᠭᠤᠷᠢᠨ᠎ᠤ ᠨᠥᠯᠥᠭᠡᠯᠡᠯ᠎ᠢ ᠦᠨᠡᠯᠡᠬᠦ᠌ ᠳᠦᠷᠢᠮ᠎ᠢ ᠡᠷᠡᠰ ᠨᠠᠢᠳᠠᠪᠤᠷᠢᠵᠢᠭᠤᠯᠵᠥ᠍᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠤᠷᠤᠬ᠍ᠰᠠᠨ ᠲᠠᠯᠠᠪᠠᠢ᠎ᠶ᠋ᠢ 3.05 ᠲᠦᠮᠡᠨ ᠲᠡᠭ᠌ᠰᠢ ᠳᠥᠷᠪᠡᠯᠵᠢᠨ ᠺᠢᠯᠣᠮᠧᠲᠷ᠎ᠢᠶᠠᠷ ᠲᠤᠬᠢᠷᠠᠭᠤᠯᠤᠨ ᠵᠠᠭᠠᠭ᠍ᠯᠠᠨ ᠲᠣᠭ᠍ᠲᠠᠭᠠᠵᠥ᠍᠂ ᠪᠦᠬᠦ᠌ ᠬᠤᠱᠢᠭᠤᠨ᠎ᠤ ᠨᠤᠲᠤᠭ ᠳᠡᠪᠢᠰᠭᠡᠷ᠎ᠤᠨ ᠶᠡᠷᠦᠩᠬᠡᠢ ᠲᠠᠯᠠᠪᠠᠢ᠎ᠶ᠋ᠢᠨ 75.24% ᠶ᠋ᠢ ᠡᠵᠡᠯᠡᠪᠡ᠃ ᠣᠢᠲᠤ ᠭᠠᠵᠠᠷ ᠪᠠ ᠨᠤᠭᠤ ᠭᠠᠵᠠᠷ᠎ᠤᠨ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ 119 ᠲᠦᠮᠡᠨ ᠮᠦ᠍ ᠣᠢᠲᠤ ᠭᠠᠵᠠᠷ ᠪᠠ 900 ᠭᠠᠷᠤᠢ ᠲᠦᠮᠡᠨ ᠮᠦ᠍ ᠨᠤᠭᠤ ᠭᠠᠵᠠᠷ᠎ᠤᠨ ᠡᠬᠢ ᠪᠠᠶᠠᠯᠢᠭ᠎ᠢ ᠪᠦᠲᠦᠮᠵᠢᠲᠡᠢ ᠬᠠᠮᠠᠭᠠᠯᠠᠪᠠ᠃ ᠭᠤᠣᠯ ᠮᠦᠷᠡᠨ (ᠨᠠᠭᠤᠷ ᠴᠦᠬᠦᠷᠦᠮ) ᠤ ᠳᠠᠷᠤᠭ᠎ᠠ᠎ᠶ᠋ᠢᠨ ᠳᠦᠷᠢᠮ᠎ᠤᠨ ᠠᠵᠢᠯ᠎ᠢ ᠪᠦᠬᠦ᠌ ᠲᠠᠯ᠎ᠠ᠎ᠪᠠᠷ ᠠᠬᠢᠭᠤᠯᠵᠤ᠂ ᠭᠤᠣᠯ ᠮᠥᠷᠡᠨ ᠨᠠᠭᠤᠷ ᠴᠦᠬᠦᠷᠦᠮ᠎ᠢ ᠲᠣᠭᠤᠷᠢᠨ ᠪᠠᠢᠴᠠᠭᠠᠬᠤ᠎ᠶ᠋ᠢ ᠪᠠᠢᠩᠭᠤᠵᠢᠭᠤᠯᠬᠤ ᠠᠵᠢᠯ᠎ᠢ ᠪᠡᠶᠡᠯᠡᠭᠦᠯᠪᠠ᠃ ᠨᠤᠲᠤᠭ ᠪᠡᠯᠴᠢᠭᠡᠷ᠎ᠤᠨ ᠠᠮᠢ ᠠᠬᠤᠢ᠎ᠶ᠋ᠢᠨ ᠱᠠᠩᠨᠠᠵᠤ ᠨᠥᠬᠦᠪᠥᠷᠢᠯᠡᠬᠦ᠂ ᠮᠠᠯ ᠪᠡᠯᠴᠢᠭᠡᠷ᠎ᠤᠨ ᠲᠡᠩᠴᠡᠭᠦᠷᠢ᠎ᠶ᠋ᠢ ᠪᠠᠲᠤᠯᠠᠬᠤ᠂ ᠬᠠᠳᠤᠯᠠᠩ ᠬᠠᠳᠤᠬᠤ᠎ᠶ᠋ᠢ ᠵᠢᠯ ᠠᠯᠤᠰᠯᠠᠨ ᠡᠭᠡᠯᠵᠢᠯᠡᠬᠦ᠌ ᠵᠡᠷᠭᠡ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠥ᠍᠂ ᠨᠤᠲᠤᠭ ᠪᠡᠯᠴᠢᠭᠡᠷ᠎ᠤᠨ ᠡᠷᠬᠡ᠎ᠶ᠋ᠢ ᠨᠤᠲᠠᠯᠠᠬᠤ ᠪᠠ ᠱᠢᠯᠵᠢᠭᠦᠯᠦᠨ ᠡᠮᠬᠢᠯᠡᠬᠦ᠌ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠨᠤᠲᠤᠭ ᠪᠡᠯᠴᠢᠭᠡᠷ᠎ᠢ ᠬᠡᠪᠴᠢᠶᠡᠵᠢᠭᠦᠯᠦᠨ ᠡᠷᠴᠢᠮᠵᠢᠭᠦᠯᠦᠨ ᠠᠱᠢᠬ᠍ᠯᠠᠬᠤ᠎ᠶ᠋ᠢ ᠠᠬᠢᠭᠤᠯᠪᠠ᠃ ᠠᠮᠢ ᠠᠬᠤᠶ᠎ᠶ᠋ᠢ ᠵᠠᠰᠠᠬᠤ᠂ ᠡᠯᠡᠰᠦᠷᠬᠡᠭ ᠭᠠᠵᠠᠷ᠎ᠲᠤ ᠬᠤᠨᠢ ᠢᠮᠠᠭ᠎ᠠ᠎ᠶ᠋ᠢ ᠴᠠᠭᠠᠵᠠᠯᠠᠬᠤ᠂ ᠡᠯᠡᠰᠦᠨ᠎ᠤ ᠡᠬᠢ᠎ᠶ᠋ᠢ ᠵᠠᠰᠠᠬᠤ᠂ ᠤᠯᠠᠭᠠᠶ ᠭᠤᠤᠯ᠎ᠤᠨ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠣᠶ᠎ᠶ᠋ᠢᠨ ᠬᠤᠶᠠᠳᠤᠭᠠᠷ ᠬᠤᠭᠤᠴᠠᠭ᠎ᠠ ᠪᠠ ᠭᠠᠵᠠᠷ ᠱᠢᠨᠵᠢᠯᠡᠬᠡᠨ᠎ᠤ ᠣᠷᠴᠢᠨ ᠲᠣᠭᠤᠷᠢᠨ᠎ᠢ ᠵᠠᠰᠠᠬᠤ ᠵᠡᠷᠭᠡ ᠢᠨᠵᠧᠨᠧᠷᠢᠩ᠎ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠤᠯᠤᠰ ᠪᠠ ᠥᠪᠡᠷᠲᠡᠭᠡᠨ ᠵᠠᠰᠠᠬᠤ ᠣᠷᠣᠨ ᠬᠤᠶᠠᠷ ᠱᠠᠲᠤᠨ᠎ᠤ ᠠᠮᠢ ᠠᠬᠤᠶ᠎ᠶ᠋ᠢ ᠰᠡᠷᠭᠦᠭᠡᠬᠦ᠌ ᠲᠤᠷᠱᠢᠯᠲᠠ᠎ᠶ᠋ᠢᠨ ᠴᠡᠭ᠎ᠤᠨ ᠲᠥᠷᠥᠯ ᠵᠦᠢᠯ᠎ᠢ 27.5 ᠲᠦᠮᠡᠨ ᠮᠥ᠍ ᠪᠡᠶᠡᠯᠡᠭᠦᠯᠵᠦ᠍᠂ ᠡᠯᠡᠰᠦᠷᠬᠡᠭ ᠭᠠᠵᠠᠷ᠎ᠢ ᠵᠠᠰᠠᠬᠤ ᠲᠠᠯᠠᠪᠠᠶ᠎ᠶ᠋ᠢ 144.25 ᠲᠦᠮᠡᠨ ᠮᠥ᠍ ᠪᠡᠶᠡᠯᠡᠭᠦᠯᠵᠦ᠍᠂ ᠣᠶ ᠱᠢᠭᠤᠶ ᠡᠪᠡᠰᠦ ᠪᠡᠯᠴᠢᠭᠡᠷ᠎ᠤᠨ ᠤᠷᠭᠤᠮᠠᠯ᠎ᠤᠨ ᠪᠥᠷᠬᠦᠴᠡ᠎ᠶ᠋ᠢ ᠪᠦᠲᠦᠮᠵᠢᠲᠡᠶ ᠰᠡᠷᠭᠦᠭᠡᠵᠦ᠍᠂ ᠭᠠᠵᠠᠷ ᠱᠢᠷᠤᠢ᠎ᠶ᠋ᠢᠨ ᠡᠯᠡᠰᠦᠷᠬᠡᠭ᠌ᠵᠢᠬᠦ᠌ ᠬᠠᠨᠳᠤᠰᠢ᠎ᠶ᠋ᠢ ᠲᠤᠩ ᠶᠡᠭᠡ᠎ᠪᠠᠷ ᠨᠠᠮᠳᠠᠭᠤᠯᠤᠨ᠂ ᠤᠰᠤ᠎ᠨᠢ ᠲᠤᠩᠭᠠᠯᠠᠭ᠂ ᠡᠪᠡᠰᠦ᠎ᠨᠢ ᠨᠣᠭᠤᠭᠠᠨ᠂ ᠣᠶ ᠮᠣᠳᠣ᠎ᠨᠢ ᠢᠭ᠍ᠴᠤ ᠰᠠᠬᠤᠯᠢᠭ ᠪᠣᠬᠢᠷᠲᠤᠯ ᠥᠬᠡᠶ ᠠᠮᠢ ᠠᠬᠤᠶ᠎ᠶ᠋ᠢᠨ ᠣᠷᠳᠣ ᠬᠤᠩᠭᠢᠯ᠎ᠢ ᠦᠨᠳᠦᠰᠦᠨ᠎ᠳᠡᠭᠡᠨ ᠪᠦᠷᠢᠯᠳᠦᠭᠦᠯᠪᠡ᠃ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠪᠥᠬᠦ᠌ ᠬᠦᠴᠦ᠎ᠪᠠᠷ᠎ᠢᠶᠠᠨ ᠰᠠᠢᠲᠤᠷ ᠬᠢᠵᠦ᠍᠂ ᠱᠢᠲᠠᠭᠠᠯᠭ᠎ᠠ᠎ᠶ᠋ᠢᠨ ᠨᠡᠭᠦᠷᠡᠰᠦ᠂ ᠢᠯᠴᠢ ᠬᠠᠩᠭᠠᠬᠤ᠂ ᠪᠣᠬᠢᠷᠲᠤᠯ ᠭᠠᠳᠠᠭ᠍ᠰᠢᠯᠠᠭᠤᠯᠬᠤ᠂ ᠲᠡᠮᠦᠷᠯᠢᠭ ᠮᠠᠯᠲᠠᠵᠥ᠍ ᠱᠢᠯᠢᠬᠦ᠌ ᠵᠡᠷᠭᠡ ᠠᠵᠢᠯ ᠲᠥᠷᠥᠯ᠎ᠤᠨ ᠳᠤᠬᠠᠢ ᠬᠢᠨᠠᠯᠲᠠ ᠬᠠᠮᠢᠶᠠᠷᠤᠯᠲᠠ ᠪᠠ ᠴᠡᠭ᠌ᠴᠡᠯᠡᠨ ᠵᠠᠰᠠᠯᠲᠠ᠎ᠶ᠋ᠢ ᠪᠥᠬᠦ᠌ ᠲᠠᠯ᠎ᠠ᠎ᠪᠠᠷ ᠴᠢᠩᠭᠠᠳᠭᠠᠵᠤ᠂ ᠮᠠᠯᠲᠠᠵᠤ ᠱᠢᠯᠢᠬᠦ᠌ ᠠᠵᠤ ᠠᠬᠤᠢᠯᠠᠯ᠎ᠤᠨ ᠬᠠᠶᠠᠭ᠍ᠳᠠᠮᠠᠯ ᠤᠰᠤ᠎ᠶ᠋ᠢ ᠡᠷᠭᠢᠯᠳᠦᠭᠦᠯᠦᠨ ᠠᠱᠢᠬ᠍ᠯᠠᠬᠤ ᠨᠣᠷᠮ᠎ᠠ᠎ᠶ᠋ᠢ 95% ᠠᠴᠠ ᠳᠡᠭᠡᠭ᠌ᠰᠢ᠎ᠳᠤ ᠬᠦᠷᠬᠡᠵᠦ᠍᠂ ᠬᠠᠷᠢᠶ᠎ᠠ ᠣᠷᠣᠨ᠎ᠤ ᠳᠣᠲᠣᠷᠠᠬᠢ ᠠᠭᠤᠷ ᠠᠮᠢᠰᠭᠤᠯ᠎ᠤᠨ ᠱᠢᠯᠢᠳᠡᠭ ᠰᠠᠢᠨ ᠡᠳᠦᠷ᠎ᠤᠨ ᠲᠤᠭ᠎ᠠ᠎ᠶ᠋ᠢᠨ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ᠎ᠶ᠋ᠢ 98% ᠠᠴᠠ ᠳᠡᠭᠡᠭ᠌ᠰᠢ᠎ᠳᠤ ᠲᠣᠭ᠍ᠲᠠᠭᠤᠨ ᠪᠠᠢᠯᠭᠠᠵᠤ᠂ ᠨᠡᠢᠲᠡ 2.7 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ᠂ 3.62 ᠲᠦᠮᠡᠨ ᠮᠥ᠍ ᠭᠠᠵᠠᠷ ᠱᠢᠨᠵᠢᠯᠡᠬᠡᠨ᠎ᠤ ᠣᠷᠴᠢᠨ ᠲᠣᠭᠤᠷᠢᠨ᠎ᠢ ᠵᠠᠰᠠᠬᠤ᠎ᠶ᠋ᠢ ᠪᠡᠶᠡᠯᠡᠭᠦᠯᠵᠦ᠍᠂ 2 ᠠᠭᠤᠷᠬᠠᠶ᠎ᠶ᠋ᠢᠨ ᠠᠵᠤ ᠠᠬᠤᠢᠯᠠᠯ ᠤᠯᠤᠰ᠎ᠤᠨ ᠲᠠᠰ᠎ᠤᠨ ᠪᠣᠬᠢᠷᠲᠤᠯ ᠥᠬᠡᠶ ᠠᠭᠤᠷᠬᠠᠶ᠎ᠪᠠᠷ ᠦᠨᠡᠯᠡᠭ᠌ᠳᠡᠵᠦ᠍᠂ 9 ᠠᠭᠤᠷᠬᠠᠶ᠎ᠶ᠋ᠢᠨ ᠠᠵᠤ ᠠᠬᠤᠢᠯᠠᠯ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠠᠭᠤᠷᠬᠠᠶ᠎ᠪᠠᠷ ᠦᠨᠡᠯᠡᠭ᠌ᠳᠡᠪᠡ᠃

ᠬᠤᠲᠠ ᠪᠠᠯᠭᠠᠰᠤᠨ᠎ᠤ ᠱᠢᠨ᠎ᠡ ᠳᠦᠷᠢ ᠳᠦᠷᠬᠦ᠌
ᠬᠤᠲᠠ ᠬᠥᠳᠡᠭᠡ᠎ᠶ᠋ᠢᠨ ᠳᠦᠷᠢ ᠲᠥᠷᠬᠦ᠌ ᠭᠤᠶᠤᠵᠢᠨ ᠱᠢᠨᠡᠳᠪᠠ
ᠲᠠᠪᠤᠨ ᠵᠢᠯ᠎ᠤᠨ ᠲᠤᠷᠰᠢ᠂ ᠵᠡᠭᠦᠨ ᠦᠵᠦᠮᠦᠴᠢᠨ ᠬᠤᠱᠢᠭᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠪᠠᠷ ᠵᠢᠯᠤᠭᠤᠳᠤᠮᠵᠢ ᠪᠣᠯᠭᠠᠬᠤ᠎ᠶ᠋ᠢ ᠪᠠᠷᠢᠮᠲᠠᠯᠠᠨ᠂ ᠬᠤᠲᠠ ᠬᠥᠳᠡᠭᠡ᠎ᠶ᠋ᠢᠨ ᠠᠭᠤᠰᠤᠯᠴᠠᠭᠤᠯᠤᠨ ᠬᠥᠭ᠌ᠵᠢᠬᠦᠯᠬᠦ᠌᠎ᠶ᠋ᠢ ᠬᠦᠴᠦᠲᠡᠢ ᠠᠳᠭᠤᠵᠤ᠂ ᠮᠠᠯᠵᠢᠬᠤ ᠣᠷᠣᠨ᠎ᠤ ᠰᠠᠭᠤᠷᠢ ᠲᠥᠬᠦᠭᠡᠷᠦᠮᠵᠢ᠎ᠶ᠋ᠢᠨ ᠳᠤᠲᠠᠭᠤᠳᠠᠯ᠎ᠢ ᠨᠥᠬᠦᠪᠥᠷᠢᠯᠡᠬᠦ᠌᠎ᠶ᠋ᠢᠨ ᠲᠣᠭᠤᠷᠢᠨ᠎ᠳᠤ᠂ ᠱᠢᠨ᠎ᠡ᠎ᠪᠠᠷ 627 ᠬᠤᠳᠳᠤᠭ ᠮᠠᠯᠲᠠᠵᠤ᠂ ᠬᠡᠷ᠎ᠤᠨ ᠬᠡᠷᠡᠭ᠌ᠯᠡᠬᠡᠨ᠎ᠤ 8769 ᠢᠵᠢ ᠤᠰᠤ ᠴᠡᠪᠡᠷᠱᠢᠭᠦᠯᠬᠦ᠌ ᠲᠥᠬᠦᠭᠡᠷᠦᠮᠵᠢ ᠤᠭ᠍ᠰᠠᠷᠠᠨ᠂ 810 ᠺᠢᠯᠣᠮᠧᠲᠷ᠎ᠤᠨ ᠴᠠᠬᠢᠯᠭᠠᠨ ᠳᠤᠤᠷ᠎ᠤᠨ ᠤᠲᠠᠰᠤ ᠲᠠᠲᠠᠵᠤ᠂ 2090 ᠡᠷᠦᠬᠡ᠎ᠶ᠋ᠢᠨ ᠵᠣᠷᠯᠣᠩ᠎ᠢ ᠥᠭᠡᠷᠡᠴᠢᠯᠡᠨ ᠪᠠᠢᠭᠤᠯᠵᠤ᠂ ᠷᠠᠳᠢᠣ᠋ ᠲᠧᠯᠸᠢᠰ᠎ᠤᠨ ᠰᠦᠯᠵᠢᠶᠡᠨ᠎ᠤ ᠮᠡᠳᠡᠭᠡ ᠵᠠᠩᠭᠢᠵᠢᠯᠲᠠ᠎ᠶ᠋ᠢᠨ ᠢᠨᠵᠧᠨᠧᠷᠢᠩ᠎ᠤᠨ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠵᠢᠯᠣᠭᠤᠳᠭᠤ ᠲᠥᠪ ᠪᠠᠢᠭᠤᠯᠤᠨ᠂ ᠰᠤᠮᠤ ᠪᠠᠯᠭᠠᠰᠤᠨ᠎ᠤ ᠰᠠᠭᠤᠭ᠎ᠠ ᠭᠠᠵᠠᠷ᠎ᠤᠨ ᠨᠡᠭᠦᠳᠡᠯ ᠰᠦᠯᠵᠢᠶ᠎ᠡ᠎ᠶ᠋ᠢᠨ ᠪᠦᠷᠬᠦᠴᠡ᠎ᠶ᠋ᠢᠨ ᠨᠣᠷᠮ᠎ᠠ 100% ᠳᠤ ᠬᠦᠷᠬᠡᠵᠥ᠍᠂ ᠮᠠᠯ ᠵᠢᠭᠦᠷᠲᠡᠨ᠎ᠤ ᠢᠯᠭᠠᠳᠠᠰᠤ᠎ᠶ᠋ᠢ ᠡᠬᠢ ᠪᠠᠶᠠᠯᠢᠭ᠍ᠵᠢᠭᠤᠯᠤᠨ ᠠᠱᠢᠬ᠍ᠯᠠᠬ᠍ᠰᠡᠨ ᠨᠣᠷᠮ᠎ᠠ 76% ᠳᠤ ᠬᠦᠷᠴᠦ᠍᠂ ᠮᠠᠯᠴᠢᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠢᠯᠡᠳᠲᠡ ᠰᠠᠢᠵᠢᠷᠠᠭᠤᠯᠪᠠ᠃ ᠠᠷᠠᠳ᠎ᠤᠨ ᠬᠡᠷᠡᠭ᠌ᠯᠡᠭᠡᠨ᠎ᠤ ᠵᠦᠬᠡᠬᠡᠪᠦᠷᠢ᠎ᠶ᠋ᠢᠨ ᠨᠢᠰᠭᠡᠯ᠎ᠤᠨ ᠪᠠᠭᠤᠳᠠᠯ ᠪᠠ ᠪᠠᠶᠠᠨᠲᠠᠯ᠎ᠠ᠎ᠠᠴᠠ ᠵᠡᠭᠦᠨ ᠬᠠᠲᠠᠪᠴᠢ ᠬᠦᠷᠬᠦ᠌ ᠲᠡᠮᠦᠷ ᠵᠠᠮ᠎ᠤᠨ ᠬᠤᠯᠪᠤᠯᠳᠠ ᠱᠤᠭᠤᠮ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠢᠳᠡᠪᠬᠢᠲᠡᠢ ᠠᠬᠢᠭᠤᠯᠵᠤ᠂ 331 ᠱᠤᠭᠤᠮ᠂ 306 ᠱᠤᠭᠤᠮ ᠵᠡᠷᠭᠡ 5 ᠵᠤᠷᠪᠤᠰ ᠤᠯᠤᠰ᠎ᠤᠨ ᠲᠡᠰ᠎ᠤᠨ ᠵᠠᠮ ᠱᠤᠭᠤᠮ᠎ᠤᠨ ᠪᠦᠲᠦᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠭᠠᠴᠠᠭᠠᠨ᠎ᠳᠤ ᠬᠦᠷᠳᠡᠯ᠎ᠡ ᠬᠠᠲᠠᠭᠤᠷᠠᠭᠤᠯᠤᠬ᠍ᠰᠠᠨ ᠵᠠᠮ᠎ᠲᠠᠢ ᠪᠤᠯᠭᠠᠬᠤ᠎ᠶ᠋ᠢ ᠪᠡᠶᠡᠯᠡᠬᠦᠯᠵᠥ᠍᠂ ᠳᠣᠲᠣᠭᠠᠳᠤ᠎ᠳᠠᠭᠠᠨ ᠲᠠᠲᠠᠵᠤ ᠭᠠᠳᠠᠭ᠍ᠰᠢ᠎ᠪᠠᠨ ᠬᠤᠯᠪᠣᠭᠠᠯᠠᠬᠤ᠂ ᠭᠤᠷᠮᠤᠰᠤᠨ ᠴᠣᠭ᠍ᠴᠠ᠎ᠶ᠋ᠢᠨ ᠪᠣᠰᠤᠭ᠎ᠠ ᠴᠣᠭ᠍ᠴᠠᠲᠤ ᠵᠠᠮ ᠬᠠᠷᠢᠯᠴᠠᠭᠠᠨ᠎ᠤ ᠳᠤᠤᠷ᠎ᠢ ᠪᠠᠢᠭᠤᠯᠵᠥ᠍ ᠳᠦᠯᠦᠪᠱᠢᠷᠡᠬᠦᠯᠪᠡ᠃ ᠬᠤᠲᠠ ᠪᠠᠯᠭᠠᠰᠤ᠎ᠶ᠋ᠢ ᠲᠠᠰ ᠳᠡᠪᠱᠢᠭᠦᠯᠬᠦ᠌ ᠭᠤᠷᠪᠠᠨ ᠵᠢᠯ᠎ᠤᠨ ᠠᠵᠢᠯᠯᠠᠭ᠎ᠠ᠎ᠶ᠋ᠢ ᠴᠢᠨᠠᠷ ᠰᠠᠢᠲᠠᠶ ᠠᠬᠢᠭᠤᠯᠵᠤ᠂ ᠨᠡᠢᠲᠡ 21.2 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ᠂ ᠬᠤᠲᠠ ᠪᠠᠯᠭᠠᠰᠤᠨ᠎ᠤ ᠲᠠᠪᠤᠨ ᠣᠳᠣᠬᠢᠴᠢᠯᠠᠯᠲᠠ᠂ ᠬᠠᠭᠤᠴᠢᠨ ᠰᠠᠭᠤᠭᠠᠯᠢ ᠲᠣᠭᠤᠷᠢᠭ᠎ᠢ ᠦᠬᠡᠷᠡᠴᠢᠯᠡᠨ ᠰᠠᠢᠵᠢᠷᠠᠭᠤᠯᠬᠤ᠂ ᠤᠰᠤᠨ᠎ᠤ ᠴᠢᠨᠠᠷ᠎ᠢ ᠳᠡᠭᠡᠭ᠌ᠰᠢᠯᠡᠭᠦᠯᠬᠦ᠂ ᠬᠤᠭ ᠨᠣᠪᠰᠢ᠎ᠶ᠋ᠢ ᠱᠢᠢᠳᠪᠦᠷᠢᠯᠡᠬᠦ᠂ ᠵᠠᠮ ᠬᠤᠭᠤᠯᠠᠶ᠎ᠶ᠋ᠢᠨ ᠲᠤᠤᠷ᠎ᠢ ᠲᠠᠰ ᠳᠡᠪᠱᠢᠭᠦᠯᠬᠦ᠌ ᠵᠡᠷᠭᠡ ᠢᠨᠵᠧᠨᠧᠷᠢᠩ᠎ᠢ ᠬᠡᠷᠡᠭ᠌ᠵᠢᠭᠦᠯᠵᠦ᠍᠂ ᠪᠣᠬᠢᠷ ᠤᠰᠤ ᠱᠢᠢᠳᠪᠦᠷᠢᠯᠡᠬᠦ᠌ ᠦᠢᠯᠡᠳᠪᠦᠷᠢ᠂ ᠬᠤᠶᠠᠳᠤᠭᠠᠷ ᠤᠰᠤᠨ᠎ᠤ ᠦᠢᠯᠡᠳᠪᠦᠷᠢ᠎ᠳᠤ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌ ᠥᠭᠡᠷᠡᠴᠢᠯᠡᠯᠲᠡ ᠬᠢᠵᠦ᠍᠂ ᠤᠰᠤᠨ᠎ᠤ ᠴᠢᠨᠠᠷ᠎ᠢ ᠲᠣᠭ᠍ᠲᠠᠪᠤᠷᠢᠵᠢᠭᠤᠯᠤᠨ ᠳᠡᠭᠡᠭ᠌ᠰᠢᠯᠡᠭᠦᠯᠦᠭᠡᠳ ᠤᠯᠤᠰ᠎ᠤᠨ ᠨᠢᠭᠡᠳᠦᠭᠡᠷ ᠳᠡᠰ᠎ᠤᠨ A ᠪᠠᠷᠢᠮᠵᠢᠶ᠎ᠠ᠎ᠳᠤ ᠬᠦᠷᠭᠡᠪᠡ᠃ 17 ᠵᠤᠷᠪᠤᠰ ᠵᠠᠮ᠎ᠢ ᠱᠢᠨ᠎ᠡ᠎ᠪᠠᠷ ᠵᠠᠰᠠᠨ ᠪᠠᠢᠭᠤᠯᠵᠤ᠂ 14 ᠵᠤᠷᠪᠤᠰ ᠵᠠᠮ᠎ᠢ 《ᠬᠠᠳᠠᠭᠤᠷᠠᠭᠤᠯᠵᠤ》᠂ 《ᠳᠡᠰ ᠳᠡᠪᠱᠢᠬᠦᠯᠵᠥ᠍》᠂ 4 ᠵᠤᠷᠪᠤᠰ ᠨᠡᠢᠲᠡ᠎ᠶ᠋ᠢᠨ ᠮᠠᠱᠢᠨ ᠲᠡᠷᠭᠡᠨ᠎ᠤ ᠵᠠᠮ᠎ᠢ ᠨᠡᠪᠲᠡᠷᠡᠭᠦᠯᠵᠦ᠍᠂ ᠬᠤᠲᠠ᠎ᠶ᠋ᠢᠨ ᠵᠠᠮ᠎ᠤᠨ ᠪᠦᠬᠦ᠌ ᠤᠷᠲᠤ᠎ᠨᠢ 53.64 ᠺᠢᠯᠣᠮᠧᠲᠷ᠎ᠲᠤ ᠬᠦᠷᠪᠡ᠃ ᠠᠮᠢᠳᠤᠷᠠᠯ᠎ᠤᠨ ᠬᠤᠭ ᠨᠣᠪᠰᠢ ᠪᠠ ᠬᠤᠭᠤᠯᠠᠨ ᠭᠡᠷ᠎ᠤᠨ ᠬᠤᠭ ᠨᠣᠪᠰᠢ᠎ᠶ᠋ᠢ ᠱᠢᠢᠳᠪᠦᠷᠢᠯᠡᠬᠦ᠌ ᠦᠢᠯᠡᠳᠪᠦᠷᠢ᠂ ᠪᠠᠷᠢᠯᠭ᠎ᠠ᠎ᠶ᠋ᠢᠨ ᠬᠤᠭ ᠨᠣᠪᠰᠢ ᠪᠠ ᠨᠡᠭᠦᠷᠡᠰᠦᠨ᠎ᠤ ᠦᠨᠡᠰᠦ᠎ᠶ᠋ᠢ ᠪᠤᠯᠠᠬᠤ ᠲᠠᠯᠠᠪᠠᠢ᠎ᠶ᠋ᠢ ᠱᠢᠨ᠎ᠡ᠎ᠪᠠᠷ ᠪᠠᠢᠭᠤᠯᠵᠤ᠂ ᠣᠷᠴᠢᠨ ᠲᠣᠭᠤᠷᠢᠨ᠎ᠤ ᠠᠷᠢᠭᠤᠨ ᠴᠡᠪᠡᠷ᠎ᠤᠨ ᠠᠵᠢᠯ᠎ᠢ ᠵᠠᠬ᠎ᠠ ᠳᠡᠯᠭᠡᠭᠦᠷᠴᠢᠯᠡᠬᠦ᠌᠎ᠶ᠋ᠢ ᠬᠡᠷᠡᠭ᠌ᠵᠢᠭᠦᠯᠦᠨ᠂ ᠪᠠᠯᠭᠠᠰᠤᠨ᠎ᠤ ᠳᠣᠲᠣᠷᠠᠬᠢ ᠬᠤᠭ ᠨᠣᠪᠰᠢ᠎ᠶ᠋ᠢ ᠮᠠᠱᠢᠨ᠎ᠢᠶᠠᠷ ᠱᠦᠭᠦᠷᠳᠡᠨ ᠴᠡᠪᠡᠷᠯᠡᠬᠦ᠌ ᠨᠣᠷᠮ᠎ᠠ᠎ᠶ᠋ᠢ 84% ᠳᠤ ᠬᠦᠷᠭᠡᠵᠦ᠍᠂ ᠬᠤᠭ ᠨᠣᠪᠰᠢ᠎ᠶ᠋ᠢ ᠱᠢᠢᠳᠪᠦᠷᠢᠯᠡᠬᠦ᠌᠎ᠶ᠋ᠢ ᠬᠤᠣᠷ ᠥᠬᠡᠢᠳᠡᠭᠦᠯᠬᠦ᠌ ᠪᠠ ᠬᠡᠮᠵᠢᠶ᠎ᠡ᠎ᠶ᠋ᠢ ᠪᠠᠭᠠᠰᠭᠠᠬᠤ᠎ᠶ᠋ᠢ ᠪᠡᠶᠡᠯᠡᠭᠦᠯᠪᠡ᠃ ᠠᠷᠠᠳ᠎ᠤᠨ ᠴᠡᠴᠡᠷᠯᠢᠭ᠂ ᠵᠥᠩ ᠱᠦᠶ ᠬᠤ᠌ ᠴᠡᠴᠡᠷᠯᠢᠭ᠂ ᠡᠵᠢ ᠴᠡᠴᠡᠷᠯᠢᠭ᠂ ᠰᠡᠯᠡᠭᠦᠴᠡᠯ᠎ᠤᠨ ᠠᠷᠠᠳ᠎ᠲᠤ ᠲᠥᠬᠦᠮ ᠦᠵᠡᠭᠦᠯᠬᠦ᠌ ᠠᠭᠤᠳᠠᠮ ᠲᠠᠯᠠᠪᠠᠶ ᠵᠡᠷᠭᠡ ᠥᠪᠡᠷᠮᠢᠴᠡ ᠣᠨᠴᠠᠯᠢᠭ ᠪᠥᠬᠦᠶ ᠰᠡᠯᠡᠭᠦᠴᠡᠯ᠎ᠤᠨ ᠨᠣᠭᠤᠭᠠᠨ ᠭᠠᠵᠠᠷ ᠪᠠ 《ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ》᠂ 《ᠥᠯᠵᠡᠢᠲᠦ ᠵᠠᠮ》 ᠵᠡᠷᠭᠡ ᠪᠡᠯᠭᠡ ᠲᠡᠮᠳᠡᠭ᠎ᠤᠨ ᠴᠢᠨᠠᠷᠲᠠᠶ ᠪᠠᠷᠢᠯᠭ᠎ᠠ ᠬᠤᠲᠠ ᠳᠤᠭᠤᠷᠢᠨ ᠪᠤᠰᠭᠠᠬ᠍ᠳᠠᠵᠥ᠍᠂ ᠭᠤᠤᠯ ᠵᠡᠭᠡᠯᠢ ᠲᠣᠭᠤᠷᠢᠭ᠂ ᠬᠤᠲᠠ ᠲᠣᠭᠤᠷᠢᠭ᠍ᠰᠠᠨ ᠵᠠᠮ᠎ᠢᠶᠠᠷ ᠤᠷᠭᠤᠮᠠᠯ ᠬᠤᠴᠢᠯᠭ᠎ᠠ᠎ᠲᠠᠢ ᠪᠤᠯᠵᠤ᠂ ᠭᠤᠢᠳᠠ ᠰᠠᠢᠬᠠᠨ ᠦᠵᠡᠮᠵᠢ ᠪᠦᠷᠢᠳᠦᠬᠦᠯᠵᠥ᠍᠂ ᠬᠤᠲᠠ ᠪᠠᠯᠭᠠᠰᠤ᠎ᠶ᠋ᠢᠨ ᠨᠣᠭᠤᠭᠠᠷᠠᠭᠤᠯᠤᠯᠲᠠ᠎ᠶ᠋ᠢᠨ ᠪᠦᠷᠬᠦᠴᠡ᠎ᠶ᠋ᠢᠨ ᠨᠣᠷᠮ᠎ᠠ᠂ ᠤᠷᠭᠤᠮᠠᠯ᠎ᠤᠨ ᠪᠥᠷᠬᠦᠴᠡ᠂ ᠬᠥᠮᠦᠨ ᠳᠤᠮᠳᠠᠴᠢ᠎ᠶ᠋ᠢᠨ ᠴᠡᠴᠡᠷᠯᠢᠭ᠎ᠤᠨ ᠨᠣᠭᠤᠭᠠᠨ ᠭᠠᠵᠠᠷ᠎ᠤᠨ ᠲᠠᠯᠠᠪᠠᠶ ᠲᠣᠰ ᠲᠣᠰ 31.07%᠂ 32% ᠪᠠ 31.53 ᠲᠡᠭ᠌ᠰᠢ ᠳᠥᠷᠪᠡᠯᠵᠢᠨ ᠮᠧᠲᠷ᠎ᠲᠤ ᠬᠦᠷᠴᠦ᠍᠂ ᠨᠣᠭᠤᠭᠠᠷᠠᠭᠤᠯᠤᠯᠲᠠ᠎ᠶ᠋ᠢᠨ ᠳᠡᠰ ᠳᠡᠪᠱᠢᠬᠦᠯᠦᠨ ᠥᠭᠡᠷᠡᠴᠢᠯᠡᠨ ᠵᠠᠰᠠᠬ᠍ᠰᠠᠨ ᠲᠠᠯᠠᠪᠠᠶ 196.38 ᠲᠦᠮᠡᠨ ᠲᠡᠭ᠌ᠰᠢ ᠳᠥᠷᠪᠡᠯᠵᠢᠨ ᠮᠧᠲᠷ᠎ᠲᠤ ᠬᠦᠷᠴᠦ᠍᠂ ᠬᠤᠲᠠ ᠪᠠᠯᠭᠠᠰᠤᠵᠢᠯᠲᠠ᠎ᠶ᠋ᠢᠨ ᠨᠤᠷᠮ᠎ᠠ 67.61% ᠳᠤ ᠬᠦᠷᠴᠤ᠌᠂ 《ᠤᠯᠤᠰ᠎ᠤᠨ ᠡᠷᠡᠬᠦᠯ ᠬᠠᠮᠠᠭᠠᠯᠠᠯ᠎ᠤᠨ ᠱᠢᠶᠠᠨ᠎ᠤ ᠬᠤᠳᠠ》 ᠶ᠋ᠢᠨ ᠳᠠᠬᠢᠨ ᠬᠢᠨᠠᠯᠳᠠ᠎ᠶ᠋ᠢ ᠠᠮᠵᠢᠯᠳᠠ᠎ᠲᠠᠢ ᠦᠩᠬᠡᠷᠡᠬᠦᠯᠦᠭ᠌ᠰᠡᠨ ᠪᠦᠬᠡᠳ ᠳᠠᠪᠤᠳᠤᠭᠠᠷ ᠬᠤᠭᠤᠴᠠᠭᠠᠨ᠎ᠤ 《ᠦᠪᠡᠷᠳᠡᠭᠡᠨ ᠵᠠᠰᠠᠬᠤ ᠤᠷᠤᠨ᠎ᠤ ᠪᠤᠯᠪᠠᠰᠤᠨ ᠬᠤᠳᠠ》 ᠶ᠋ᠢᠨ ᠴᠤᠯᠠ ᠬᠦᠷᠳᠡᠪᠡ᠃ ᠪᠥᠬᠦ᠌ ᠤᠯᠤᠰ᠎ᠤᠨ ᠬᠥᠳᠡᠭᠡ ᠲᠣᠰᠭᠤᠨ᠎ᠤ ᠵᠠᠰᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠵᠢᠱ᠌ᠢᠶ᠎ᠡ ᠦᠵᠡᠭᠦᠯᠬᠦ᠌ ᠠᠵᠢᠯ᠎ᠢ ᠠᠬᠢᠭᠤᠯᠬᠤ᠎ᠪᠠᠷ ᠶᠡᠷᠦᠩᠬᠡᠢᠯᠡᠨ ᠵᠢᠯᠣᠭᠤᠳᠣᠭᠤᠯᠬᠤ᠎ᠶ᠋ᠢ ᠪᠠᠷᠢᠮᠲᠠᠯᠠᠵᠤ᠂ 《ᠶᠡᠷᠦᠩᠬᠡᠢᠯᠡᠨ ᠵᠠᠰᠠᠬᠤ ᠣᠷᠳᠣ 9216》᠂ 《ᠳᠥᠷᠪᠡ᠎ᠶ᠋ᠢ ᠬᠤᠯᠪᠣᠭᠠᠯᠠᠨ ᠲᠣᠬᠢᠷᠠᠭᠤᠯᠬᠤ》 ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠤᠱᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ᠎ᠤ ᠵᠥᠷᠢᠴᠡᠯ ᠵᠢᠭᠤᠷᠠᠯᠳᠤᠭᠠᠨ᠎ᠢ ᠡᠶᠡᠳᠡᠭᠦᠯᠬᠦ᠌ ᠲᠣᠭ᠍ᠲᠠᠴᠠ᠎ᠶ᠋ᠢᠨ ᠰᠠᠭᠤᠷᠢᠨ ᠳᠡᠭᠡᠷ᠎ᠡ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠤᠳᠣᠭᠤᠯᠤᠭ᠍ᠰᠠᠨ᠂ ᠭᠤᠷᠪᠠᠨ ᠱᠠᠲᠤᠨ᠎ᠤ ᠵᠥᠷᠢᠴᠡᠯ ᠵᠢᠭᠤᠷᠠᠯᠳᠤᠭᠠᠨ᠎ᠢ ᠡᠶᠡᠳᠡᠭᠦᠯᠦᠨ ᠱᠢᠢᠳᠪᠦᠷᠢᠯᠡᠬᠦ᠌ ᠲᠣᠭ᠍ᠲᠠᠴᠠ᠎ᠪᠠᠷ ᠰᠠᠭᠤᠷᠢ ᠪᠣᠯᠭᠠᠭ᠍ᠰᠠᠨ᠂ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠰᠤᠷᠲᠠᠬᠤᠨ᠎ᠢᠶᠠᠷ ᠵᠠᠰᠠᠬᠤ᠎ᠶ᠋ᠢᠨ 《ᠭᠤᠷᠪᠠ᠎ᠪᠠᠷ ᠵᠠᠰᠠᠬᠤ᠎ᠶ᠋ᠢ ᠤᠶᠠᠯᠳᠤᠭᠤᠯᠬᠤ》 ᠪᠠᠷ ᠲᠤᠯᠭᠠᠭᠤᠷᠢ ᠪᠣᠯᠭᠠᠭ᠍ᠰᠠᠨ 《1+3+3》 ᠮᠠᠯᠵᠢᠬᠤ ᠣᠷᠣᠨ᠎ᠤ ᠵᠠᠰᠠᠯᠲᠠ᠎ᠶ᠋ᠢᠨ ᠱᠢᠨ᠎ᠡ ᠵᠠᠭ᠍ᠪᠤᠷ᠎ᠢ ᠦᠷᠭᠦᠯᠵᠢᠯᠡᠨ ᠰᠦᠪᠡᠭ᠌ᠴᠢᠯᠡᠨ ᠲᠡᠭᠦᠯᠳᠡᠷᠵᠢᠭᠦᠯᠵᠦ᠍᠂ ᠪᠥᠬᠦ᠌ ᠠᠢᠮᠠᠭ᠂ ᠪᠥᠬᠦ᠌ ᠣᠷᠣᠨ ᠴᠢᠨᠠᠭ᠍ᠰᠢᠯᠠᠪᠠᠯ ᠪᠥᠬᠦ᠌ ᠤᠯᠤᠰ᠎ᠤᠨ ᠬᠥᠳᠡᠭᠡ ᠲᠣᠰᠭᠤᠨ᠎ᠤ ᠵᠠᠰᠠᠯᠲᠠ᠎ᠳᠤ 《ᠵᠡᠭᠦᠨ ᠦᠵᠦᠮᠦᠴᠢᠨ᠎ᠤ ᠳᠤᠷᠱᠢᠯᠭ᠎ᠠ》᠂ 《ᠵᠠᠬᠦᠨ ᠦᠵᠦᠮᠦᠴᠢᠨ᠎ᠤ ᠤᠶᠤᠨ ᠤᠬᠠᠭᠠᠨ》 ᠢ ᠬᠠᠩᠭᠠᠪᠠ᠃
ᠠᠷᠠᠳ ᠲᠦᠮᠡᠨ᠎ᠤ ᠪᠤᠶᠠᠨ ᠵᠢᠷᠭᠠᠯᠳᠤ ᠱᠢᠨ᠎ᠡ ᠠᠭᠤᠯᠭ᠎ᠠ ᠨᠡᠮᠡᠷᠢᠯᠡᠪᠡ
ᠲᠠᠪᠤᠨ ᠵᠢᠯ᠎ᠤᠨ ᠲᠤᠷᠰᠢ᠂ ᠵᠡᠭᠦᠨ ᠦᠵᠦᠮᠦᠴᠢᠨ ᠬᠤᠱᠢᠭᠤ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠣᠯᠠᠨ᠎ᠤ ᠵᠢᠷᠭᠠᠯᠲᠤ ᠲᠥᠷᠥᠭ᠌ᠳᠡᠯ᠂ ᠬᠦᠷᠲᠡᠮᠵᠢ᠎ᠶ᠋ᠢᠨ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠲᠠᠪᠤᠨ ᠵᠢᠯ᠎ᠤᠨ ᠲᠤᠷᠰᠢ ᠡᠳ᠋᠎ᠤᠨ ᠵᠠᠰᠠᠭ᠎ᠠᠴᠠ ᠠᠷᠠᠳ᠎ᠤᠨ ᠠᠮᠢᠳᠤᠷᠠᠯ ᠨᠡᠢᠭᠡᠮ᠎ᠤᠨ ᠦᠢᠯᠡᠰ᠎ᠲᠤ ᠬᠡᠷᠡᠭ᠌ᠯᠡᠭ᠌ᠰᠡᠨ ᠵᠠᠷᠤᠯᠭ᠎ᠠ ᠨᠡᠢᠲᠡ 61.1 ᠳ᠋ᠦᠩᠱᠢᠭᠤᠷ ᠲᠥᠭᠦᠷᠢᠭ᠎ᠲᠤ ᠬᠦᠷᠴᠦ᠍᠂ ᠣᠯᠠᠨ ᠨᠡᠢᠲᠡ᠎ᠶ᠋ᠢᠨ ᠲᠥᠰᠦᠪ᠎ᠤᠨ ᠵᠠᠷᠤᠯᠭ᠎ᠠ᠎ᠶ᠋ᠢᠨ 70.77% ᠶ᠋ᠢ ᠡᠵᠡᠯᠡᠪᠡ᠃ ᠶᠠᠳᠠᠭᠤ᠎ᠶ᠋ᠢ ᠲᠡᠳᠬᠦᠬᠦ᠌ ᠪᠡᠯᠡ ᠮᠥᠩᠭᠦ᠎ᠶ᠋ᠢ ᠨᠡᠢᠲᠡ 1.2 ᠳ᠋ᠦᠩᠱᠢᠭᠤᠷ ᠲᠥᠭᠦᠷᠢᠭ ᠣᠷᠣᠭᠤᠯᠵᠤ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ᠎ᠠᠴᠠ ᠳᠣᠣᠷ᠎ᠠ ᠪᠠᠢᠭ᠎ᠠ 165 ᠡᠷᠦᠬᠡ᠎ᠶ᠋ᠢᠨ 569 ᠬᠥᠮᠦᠨ᠎ᠢ ᠲᠣᠭ᠍ᠲᠠᠭᠤᠨ᠎ᠢᠶᠠᠷ ᠶᠠᠳᠠᠭᠤ᠎ᠠᠴᠠ ᠠᠩᠭᠢᠵᠢᠷᠠᠭᠤᠯᠵᠤ᠂ 5 ᠮᠢᠩᠭ᠎ᠠ ᠭᠠᠷᠤᠢ ᠲᠦᠮᠡᠨ ᠲᠥᠭᠦᠷᠢᠭ᠎ᠤᠨ ᠦᠢᠯᠡᠰ ᠪᠣᠰᠭᠠᠬᠤ ᠪᠠᠲᠤᠯᠠᠭᠠᠲᠤ ᠵᠢᠭᠡᠯᠡᠯᠭᠡ ᠳᠠᠷᠬᠠᠭᠠᠵᠥ᠍᠂ 5314 ᠬᠥᠮᠦᠨ᠎ᠤ ᠲᠣᠭ᠍ᠲᠠᠭᠤᠨ᠎ᠢᠶᠠᠷ ᠠᠵᠢᠯ ᠣᠯᠬᠤ᠎ᠶ᠋ᠢ ᠬᠠᠪᠰᠤᠷᠤᠨ ᠳᠠᠮᠵᠢᠵᠤ᠂ ᠬᠤᠲᠠ ᠪᠠᠯᠭᠠᠰᠤᠨ᠎ᠤ ᠳᠠᠩᠰᠠᠯᠠᠭᠤᠯᠤᠭ᠍ᠰᠠᠨ ᠠᠵᠢᠯ ᠠᠯᠳᠠᠭ᠍ᠰᠠᠳ᠎ᠤᠨ ᠨᠣᠷᠮ᠎ᠠ᠎ᠶ᠋ᠢ 3.6% ᠶ᠋ᠢᠨ ᠳᠣᠲᠣᠷ᠎ᠠ ᠲᠣᠭ᠍ᠲᠠᠪᠤᠷᠢᠵᠢᠭᠤᠯᠪᠠ᠃ ᠰᠤᠷᠭᠠᠨ ᠬᠥᠮᠦᠵᠢᠯ᠎ᠤᠨ ᠦᠢᠯᠡᠰ ᠡᠷᠡᠭᠦᠯ᠎ᠢᠶᠠᠷ ᠬᠥᠭ᠌ᠵᠢᠵᠦ᠍᠂ ᠮᠣᠩᠭᠤᠯ ᠳᠤᠮᠳᠠᠳᠤ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠠᠰᠠᠷ ᠶᠡᠷᠦᠩᠬᠡᠢᠯᠡᠭ᠌ᠰᠡᠨ ᠠᠰᠠᠷ ᠠᠱᠢᠬ᠍ᠯᠠᠯᠳᠠ᠎ᠳᠤ ᠣᠷᠣᠵᠤ᠂ ᠤᠯᠢᠶᠠᠰᠤᠲᠠᠢ ᠬᠡᠦᠬᠡᠳ᠎ᠤᠨ ᠴᠡᠴᠡᠷᠯᠢᠭ᠎ᠤᠨ ᠭᠤᠣᠯ ᠴᠣᠭ᠍ᠴᠠ᠎ᠶ᠋ᠢᠨ ᠪᠠᠷᠢᠯᠭ᠎ᠠ ᠳᠠᠭᠤᠰᠴᠤ᠌᠂ 8 ᠳᠤᠮᠳᠠᠳᠤ ᠪᠠᠭ᠎ᠠ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠲᠠᠯᠠᠪᠤᠷ᠎ᠤᠨ ᠬᠠᠲᠠᠭᠤ ᠲᠣᠨᠤᠭ ᠲᠥᠬᠦᠭᠡᠷᠦᠮᠵᠢ ᠪᠦᠬᠦ᠌ ᠲᠠᠯ᠎ᠠ᠎ᠪᠠᠷ ᠳᠡᠰ ᠳᠡᠪᠱᠢᠵᠦ᠍᠂ ᠱᠢᠨ᠎ᠡ᠎ᠪᠠᠷ 2 ᠰᠤᠮᠤ ᠪᠠᠯᠭᠠᠰᠤᠨ᠎ᠤ ᠬᠡᠦᠬᠡᠳ᠎ᠤᠨ ᠴᠡᠴᠡᠷᠯᠢᠭ ᠪᠠᠢᠭᠤᠯᠵᠤ᠂ ᠡᠯ᠎ᠡ ᠲᠥᠷᠥᠯ᠎ᠤᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠪᠡᠯᠡ ᠮᠥᠩᠭᠦ᠎ᠶ᠋ᠢ 1.1 ᠳ᠋ᠦᠩᠱᠢᠭᠤᠷ ᠲᠥᠭᠦᠷᠢᠭ ᠲᠠᠷᠬᠠᠭᠠᠵᠤ᠂ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠠᠬᠢᠵᠢᠭᠦᠯᠦᠭ᠌ᠰᠡᠨ ᠨᠣᠷᠮ᠎ᠠ ᠪᠠ ᠵᠡᠮᠳᠡᠭ ᠬᠡᠦᠬᠡᠳ᠎ᠤᠨ ᠰᠤᠷᠭᠠᠭᠤᠯᠢ᠎ᠳᠤ ᠣᠷᠣᠭ᠍ᠰᠠᠨ ᠨᠣᠷᠮ᠎ᠠ ᠪᠦᠷ 100% ᠳᠤ ᠬᠦᠷᠪᠡ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠶᠡᠭᠡ᠎ᠪᠠᠷ ᠬᠡᠷᠡᠭ᠌ᠵᠢᠭᠦᠯᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠷᠡᠭ᠌ᠯᠡᠯᠲᠡ᠎ᠶ᠋ᠢ ᠬᠦᠴᠦᠲᠡᠢ ᠡᠮᠬᠢ ᠵᠢᠷᠤᠮ᠎ᠲᠠᠢ ᠠᠬᠢᠭᠤᠯᠵᠤ᠂ ᠰᠠᠭᠤᠷᠢ ᠰᠤᠷᠭᠠᠨ ᠬᠥᠮᠦᠵᠢᠯ᠎ᠤᠨ ᠲᠦᠪᠱᠢᠨ᠎ᠢ ᠤᠯᠠᠮ ᠴᠢᠨᠠᠭ᠍ᠰᠢᠳᠠ ᠴᠢᠩᠭᠠᠳᠭᠠᠪᠠ᠃ 《ᠡᠷᠡᠭᠦᠯ ᠡᠩᠬᠡ ᠵᠡᠭᠦᠨ ᠦᠵᠦᠮᠦᠴᠢᠨ》 ᠤ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠮᠣᠩᠭᠤᠯ ᠡᠮ ᠡᠮᠨᠡᠯᠭᠡ᠎ᠶ᠋ᠢᠨ ᠳᠦᠷᠢᠮᠵᠢᠭ᠌ᠰᠡᠨ᠂ ᠪᠠᠷᠢᠮᠵᠢᠶᠠᠵᠢᠭ᠍ᠰᠠᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠮᠣᠩᠭᠤᠯ ᠡᠮᠨᠡᠯᠭᠡ᠎ᠶ᠋ᠢᠨ ᠬᠤᠷᠢᠶ᠎ᠠ᠂ ᠪᠠᠯᠭᠠᠰᠤ ᠲᠣᠭᠤᠷᠢᠭ᠎ᠤᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠂ ᠡᠷᠡᠭᠦᠯ ᠬᠠᠮᠠᠭᠠᠯᠠᠯ᠎ᠤᠨ ᠬᠤᠷᠢᠶᠠᠨ᠎ᠤ ᠰᠠᠭᠤᠷᠢ ᠲᠥᠬᠦᠭᠡᠷᠦᠮᠵᠢ᠎ᠶ᠋ᠢ ᠲᠥᠬᠦᠷᠵᠢᠭᠦᠯᠬᠦ᠌ ᠵᠡᠷᠭᠡ ᠢᠨᠵᠧᠨᠧᠷᠢᠩ᠎ᠢ ᠲᠦᠷᠭᠡᠳᠭᠡᠨ ᠬᠡᠷᠡᠭ᠌ᠵᠢᠭᠦᠯᠵᠦ᠍᠂ ᠡᠬᠡ ᠨᠢᠯᠬᠠᠰ᠎ᠤᠨ ᠡᠷᠡᠭᠦᠯᠵᠢᠯ᠎ᠤᠨ ᠱᠢᠨ᠎ᠡ ᠡᠮᠨᠡᠯᠭᠡ᠎ᠶ᠋ᠢᠨ ᠬᠤᠷᠢᠶ᠎ᠠ᠎ᠶ᠋ᠢ ᠪᠠᠢᠭᠤᠯᠤᠨ ᠠᠱᠢᠬ᠍ᠯᠠᠯᠳᠠ᠎ᠳᠤ ᠣᠷᠣᠭᠤᠯᠵᠤ᠂ ᠡᠮᠴᠢᠯᠡᠭᠡᠨ᠎ᠤ ᠬᠤᠯᠪᠣᠭᠠᠲᠤ ᠴᠣᠭ᠍ᠴᠠ᠂ ᠡᠮᠴᠢᠯᠡᠭᠡᠨ᠎ᠤ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠤᠨ᠂ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ ᠡᠮᠴᠢᠯᠡᠭᠡᠨ᠎ᠤ ᠪᠠᠢᠭᠤᠯᠤᠮᠵᠢ᠎ᠶ᠋ᠢᠨ ᠶᠡᠷᠦᠩᠬᠡᠢᠯᠡᠭ᠌ᠰᠡᠨ ᠣᠨᠣᠱᠢᠯᠠᠨ ᠡᠮᠨᠡᠬᠦ᠌ ᠴᠢᠳᠠᠪᠤᠷᠢ᠎ᠶ᠋ᠢ ᠢᠯᠡᠳᠲᠡ ᠴᠢᠩᠭᠠᠳᠭᠠᠪᠠ᠃ ᠨᠠᠰᠤᠲᠠᠢᠴᠤᠳ᠎ᠤᠨ ᠠᠰᠠᠷᠠᠮᠵᠢ᠎ᠶ᠋ᠢᠨ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠡᠬᠢᠯᠡᠨ ᠬᠡᠷᠡᠭ᠌ᠵᠢᠭᠦᠯᠵᠦ᠍᠂ 《ᠡᠮᠴᠢᠯᠡᠭᠡ ᠨᠠᠰᠤᠵᠢᠯ᠎ᠢ ᠤᠶᠠᠯᠳᠤᠭᠤᠯᠬᠤ + ᠣᠶᠤᠨᠴᠢ ᠨᠠᠰᠤᠵᠢᠯ》 ᠤᠨ ᠵᠠᠭ᠍ᠪᠤᠷ᠎ᠢ ᠡᠭᠦᠳᠴᠦ᠍᠂ ᠥᠪᠡᠷᠲᠡᠭᠡᠨ ᠵᠠᠰᠠᠬᠤ ᠣᠷᠣᠨ᠎ᠤ 《ᠡᠷᠡᠭᠦᠯ ᠮᠡᠨᠳᠦ᠎ᠶ᠋ᠢ ᠠᠬᠢᠭᠤᠯᠤᠬ᠍ᠰᠠᠨ ᠬᠤᠱᠢᠭᠤ》 ᠪᠠ 《ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠳᠦᠷᠢᠮᠵᠢᠭ᠌ᠰᠡᠨ ᠬᠤᠱᠢᠭᠤ》 ᠶ᠋ᠢᠨ ᠴᠣᠯᠠ᠎ᠶ᠋ᠢ ᠬᠦᠷᠲᠡᠪᠡ᠃ ᠬᠤᠣᠰ ᠱᠤᠭᠤᠮ᠎ᠢᠶᠠᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠪᠣᠯᠤᠨ ᠬᠤᠯᠤᠭᠠᠨ᠎ᠠ᠎ᠶ᠋ᠢᠨ ᠬᠢᠵᠢᠭ᠎ᠤᠨ ᠪᠠᠢᠳᠠᠯ᠎ᠢ ᠰᠡᠷᠬᠡᠢᠯᠡᠨ ᠬᠤᠷᠢᠬ᠍ᠯᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ᠎ᠶ᠋ᠢ ᠪᠡᠶᠡᠯᠡᠭᠦᠯᠪᠡ᠃ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯ ᠦᠢᠯᠡᠰ ᠡᠷᠡᠬᠦᠯ ᠳᠤᠬ᠍ᠳᠠᠭᠤᠨ᠎ᠢᠶᠠᠷ ᠬᠥᠭ᠌ᠵᠢᠵᠦ᠍᠂ ᠪᠦᠬᠦ᠌ ᠠᠢᠮᠠᠭ᠎ᠤᠨ ᠠᠩᠬᠠᠳᠠᠭ᠍ᠴᠢ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠰᠠᠭᠤᠷᠢᠨ᠎ᠢ ᠪᠦᠳᠦᠬᠡᠨ ᠪᠠᠢᠭᠤᠯᠵᠥ᠍᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ᠂ ᠪᠡᠶ᠎ᠡ᠎ᠶ᠋ᠢᠨ ᠲᠠᠮᠢᠷ᠎ᠤᠨ ᠣᠷᠳᠣᠨ᠎ᠢ ᠪᠦᠬᠦ᠌ ᠲᠠᠯ᠎ᠠ᠎ᠪᠠᠷ ᠥᠭᠡᠷᠡᠴᠢᠯᠡᠨ ᠪᠠᠢᠭᠤᠯᠵᠥ᠍᠂ ᠤᠯᠠᠭᠠᠨᠮᠥ᠋ᠴᠢᠷ᠎ᠤᠨ ᠪᠣᠯᠪᠠᠰᠤᠷᠠᠯ᠎ᠤᠨ ᠲᠢᠩᠬᠢᠮ᠂ ᠨᠣᠮ᠎ᠤᠨ ᠰᠠᠩ ᠵᠢᠴᠢ ᠢᠵᠢ ᠪᠦᠷᠢᠳᠦᠭ᠌ᠰᠡᠨ ᠲᠥᠬᠦᠭᠡᠷᠦᠮᠵᠢ᠎ᠶ᠋ᠢ ᠥᠭᠡᠷᠡᠴᠢᠯᠡᠨ ᠪᠠᠢᠭᠤᠯᠬᠤ ᠢᠨᠵᠧᠨᠧᠷᠢᠩ ᠡᠮᠬᠢ ᠴᠡᠭ᠌ᠴᠡ᠎ᠲᠠᠢ ᠠᠬᠢᠵᠤ᠂ ᠪᠦᠬᠦ᠌ ᠣᠷᠣᠨ᠎ᠤ ᠮᠣᠩᠭᠤᠯ ᠪᠥᠬᠡ᠎ᠶ᠋ᠢᠨ ᠬᠤᠯᠪᠣᠭᠠᠲᠤ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ᠂ ᠲᠦᠮᠡᠨ ᠠᠭ᠍ᠲᠠ᠎ᠶ᠋ᠢᠨ ᠲᠦᠪᠡᠷᠭᠡᠨᠤ ᠲᠣᠮᠣ ᠬᠡᠯᠪᠡᠷᠢ᠎ᠶ᠋ᠢᠨ ᠭᠡᠷᠡᠯ ᠵᠢᠷᠤᠭ ᠠᠪᠬᠤ ᠠᠵᠢᠯᠯᠠᠭ᠎ᠠ ᠵᠡᠷᠭᠡ ᠱᠢᠷᠢᠰ ᠰᠣᠶᠣᠯ ᠲᠠᠮᠢᠷ᠎ᠤᠨ ᠠᠵᠢᠯᠯᠠᠭ᠎ᠠ᠎ᠶ᠋ᠢ ᠠᠮᠵᠢᠯᠲᠠ᠎ᠲᠠᠢ ᠳᠠᠭᠠᠭᠠᠴᠢᠯᠠᠨ ᠡᠷᠬᠢᠯᠡᠵᠦ᠍᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢ ᠪᠡᠯᠭᠡᠯᠡᠬᠦ᠂ ᠳᠤᠮᠳᠠᠳᠤ ᠮᠣᠩᠭᠤᠯ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠤᠨ ᠣᠢ᠂ ᠤᠯᠠᠭᠠᠨᠮᠥ᠋ᠴᠢᠷ᠎ᠤᠨ ᠦᠨᠳᠦᠰᠦᠨ ᠱᠠᠲᠤᠨ᠎ᠳᠤ ᠪᠠᠭᠤᠬᠤ ᠵᠡᠷᠭᠡ ᠱᠢᠷᠢᠰ ᠰᠣᠶᠣᠯ ᠤᠷᠠᠯᠢᠭ᠎ᠤᠨ ᠠᠵᠢᠯᠯᠠᠭ᠎ᠠ᠎ᠶ᠋ᠢ ᠡᠷᠬᠢᠯᠡᠵᠦ᠍᠂ ᠣᠯᠠᠨ ᠲᠦᠮᠡᠨ᠎ᠤ ᠣᠶᠤᠨ ᠰᠠᠨᠠᠭ᠎ᠠ ᠰᠣᠶᠣᠯ᠎ᠤᠨ ᠠᠮᠢᠳᠤᠷᠠᠯ ᠥᠩᠭᠡ ᠢᠯᠭᠠᠷᠠᠮ᠎ᠠ ᠰᠠᠢᠬᠠᠨ ᠪᠠᠢᠵᠥ᠍᠂ ᠳᠥᠷᠪᠡᠨ ᠤᠯᠠᠷᠢᠯ᠎ᠤᠨ ᠦᠵᠦᠮᠦᠴᠢᠨ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ ᠦᠷᠭᠦᠯᠵᠢᠯᠡᠨ ᠲᠠᠭᠤᠷᠢᠰᠪᠠ᠃ ᠠᠮᠤᠭᠤᠯᠠᠩᠳᠤ ᠵᠡᠭᠦᠨ ᠦᠵᠦᠮᠦᠴᠢᠨ᠂ ᠬᠠᠤᠯᠢᠵᠢᠯ᠎ᠤᠨ ᠵᠡᠭᠦᠨ ᠦᠵᠦᠮᠦᠴᠢᠨ᠎ᠤ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠢ ᠭᠦᠨᠵᠡᠭᠡᠶ ᠥᠷᠨᠢᠭᠦᠯᠪᠡ᠃ ᠠᠶᠤᠯᠬᠦᠶ ᠦᠢᠯᠡᠳᠪᠦᠷᠢᠯᠡᠯ᠎ᠤᠨ ᠲᠤᠰᠭᠠᠶ ᠵᠦᠢᠯ᠎ᠢᠶᠠᠷ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠪᠣᠯᠤᠨ ᠪᠦᠬᠦ᠌ ᠤᠯᠤᠰ᠎ᠤᠨ ᠪᠠᠢᠭᠠᠯᠢ᠎ᠶ᠋ᠢᠨ ᠭᠠᠮᠱᠢᠭ᠎ᠤᠨ ᠲᠦᠭ᠌ᠰᠢᠭᠦᠷᠢ᠎ᠶ᠋ᠢ ᠨᠡᠢᠳᠡᠮ ᠪᠠᠢᠴᠠᠭᠠᠬᠤ ᠠᠵᠢᠯ᠎ᠢ ᠭᠦᠨᠵᠡᠭᠡᠶ ᠥᠷᠨᠢᠭᠦᠯᠵᠦ᠍᠂ ᠠᠵᠤ ᠠᠬᠤᠶ ᠬᠥᠭ᠌ᠵᠢᠭ᠌ᠰᠡᠨ᠂ ᠨᠡᠢᠭᠡᠮ ᠡᠶ᠎ᠡ ᠵᠣᠬᠢᠴᠠᠯ᠎ᠲᠠᠢ᠂ ᠬᠢᠯᠢ ᠬᠢᠵᠠᠭᠠᠷ ᠠᠮᠤᠷ ᠲᠤᠬ᠍ᠳᠠᠭᠤᠨ ᠪᠠᠢᠳᠠᠯ ᠤᠯᠠᠮ ᠴᠢᠨᠠᠬ᠍ᠰᠢᠳᠠ ᠪᠠᠬᠢᠵᠢᠨ ᠬᠥᠭ᠌ᠵᠢᠪᠡ᠃

ᠦᠵᠦᠮᠦᠴᠢᠨ ᠠᠢᠯ
ᠨᠠᠮ᠎ᠢ ᠴᠢᠩᠭ᠎ᠠ ᠵᠠᠰᠠᠵᠤ ᠱᠢᠨ᠎ᠡ ᠰᠤᠷᠲᠠᠯ᠎ᠢ ᠪᠣᠶ ᠪᠣᠯᠭᠠᠪᠠ
ᠲᠠᠪᠤᠨ ᠵᠢᠯ᠎ᠤᠨ ᠲᠤᠷᠰᠢ᠂ ᠵᠡᠭᠦᠨ ᠦᠵᠦᠮᠦᠴᠢᠨ ᠬᠤᠱᠢᠭᠤ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠱᠠᠭᠠᠷᠳᠠᠯᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠨᠣᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠨ᠂ 《ᠬᠤᠶᠠᠷ᠎ᠢ ᠰᠤᠷᠤᠯᠴᠠᠵᠤ ᠨᠢᠬᠡ᠎ᠳᠤ ᠳᠡᠩᠴᠡᠬᠦᠯᠬᠦ᠌》 ᠰᠤᠷᠤᠯᠴᠠᠯᠭ᠎ᠠ ᠬᠥᠮᠦᠵᠢᠯ ᠪᠠ 《ᠣᠭ ᠰᠠᠨᠠᠭ᠎ᠠ᠎ᠪᠠᠨ ᠥᠯᠥ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠤᠨ ᠪᠥᠬᠦ᠌ ᠠᠵᠢᠯᠲᠠᠨ᠎ᠢ ᠡᠭᠡᠯᠵᠢᠯᠡᠨ ᠪᠣᠯᠪᠠᠰᠤᠷᠠᠭᠤᠯᠵᠤ᠂ 《ᠪᠢᠴᠢᠯ ᠦᠢᠯᠡᠴᠢᠯᠡᠭᠡ》 ᠶ᠋ᠢᠨ ᠲᠠᠪᠴᠠᠩ᠎ᠳᠤ ᠲᠦᠱᠢᠭ᠌ᠯᠡᠨ᠂ ᠦᠨᠳᠦᠰᠦᠨ ᠱᠠᠲᠤᠨ᠎ᠤ ᠣᠯᠠᠨ ᠲᠦᠮᠡᠨ᠎ᠳᠤ ᠬᠠᠨᠳᠤᠭᠤᠯᠤᠭ᠍ᠰᠠᠨ ᠤᠬᠠᠭᠤᠯᠭ᠎ᠠ ᠲᠠᠢᠯᠪᠤᠷᠢᠯᠠᠯᠲᠠ᠎ᠶ᠋ᠢ ᠭᠦᠨᠵᠡᠭᠡᠢᠷᠡᠭᠦᠯᠵᠦ᠍᠂ ᠨᠠᠮ᠎ᠤᠨ ᠱᠢᠨ᠎ᠡ᠎ᠶ᠋ᠢ ᠡᠭᠦᠳᠦᠭ᠌ᠰᠡᠨ ᠣᠨᠣᠯ᠎ᠢᠶᠠᠷ ᠪᠥᠬᠦ᠌ ᠨᠠᠮ᠎ᠢ ᠵᠡᠪᠰᠡᠭ᠌ᠯᠡᠬᠦ᠂ ᠠᠷᠠᠳ ᠲᠦᠮᠡᠨ᠎ᠢ ᠬᠥᠮᠦᠵᠢᠭᠦᠯᠬᠦ᠌ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ᠎ᠶ᠋ᠢ ᠨᠠᠢᠳᠠᠪᠤᠷᠢᠵᠢᠭᠤᠯᠪᠠ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠤᠳᠤᠷᠢᠳᠭᠤ ᠡᠷᠬᠡ᠎ᠶ᠋ᠢ ᠪᠠᠲᠤ ᠡᠵᠡᠮᠳᠡᠵᠦ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭᠠᠳᠭᠠᠨ ᠪᠣᠳᠠᠲᠠᠢᠵᠢᠭᠤᠯᠵᠥ᠍᠂ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠭᠤᠷᠪᠠᠨ ᠳᠡᠰ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠵᠢᠭ᠍ᠰᠠᠭᠠᠯ᠎ᠤᠨ ᠭᠠᠵᠠᠷ᠎ᠤᠨ ᠱᠢᠰᠲ᠋ᠧᠮ᠎ᠢ ᠪᠠᠢᠭᠤᠯᠪᠠ᠃ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢ ᠡᠯ᠎ᠡ ᠵᠦᠢᠯ᠎ᠤᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠪᠠᠲᠤᠯᠠᠭ᠎ᠠ ᠪᠣᠯᠭᠠᠬᠤ᠎ᠶ᠋ᠢ ᠪᠠᠷᠢᠮᠲᠠᠯᠠᠵᠤ᠂ ᠲᠤᠰᠭᠠᠶ ᠰᠡᠳᠦᠪᠲᠦ ᠰᠤᠷᠤᠯᠴᠠᠯᠭ᠎ᠠ ᠬᠥᠮᠦᠵᠢᠯ ᠪᠣᠯᠪᠠᠰᠤᠷᠠᠭᠤᠯᠤᠯ ᠪᠠ ᠰᠦᠯᠵᠢᠶᠡᠨ ᠳᠡᠬᠡᠷᠡᠬᠢ ᠪᠠ ᠪᠤᠳᠠᠳᠤ ᠴᠤᠬ᠍ᠴᠠ᠎ᠶ᠋ᠢᠨ ᠤᠬᠠᠭᠤᠯᠭ᠎ᠠ ᠲᠠᠢᠯᠪᠤᠷᠢᠯᠠᠯᠲᠠ᠎ᠶ᠋ᠢᠨ ᠠᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠥᠬᠡᠶ ᠪᠠᠲᠤᠳᠭᠠᠨ ᠪᠠᠬᠢᠵᠢᠬᠦᠯᠪᠡ᠃ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠪᠠᠢᠷᠢᠯᠠᠭᠤᠯᠤᠯᠲᠠ᠎ᠶ᠋ᠢᠨ ᠬᠡᠪ ᠵᠠᠭ᠍ᠪᠤᠷ ᠪᠠ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠪᠥᠬᠦ᠌ ᠬᠤᠱᠢᠭᠤᠨ᠎ᠤ ᠰᠤᠯᠠ ᠵᠠᠳᠠᠭᠠᠶ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠦᠬᠦᠨ᠎ᠢ 《ᠴᠡᠪᠡᠷᠯᠡᠵᠥ᠍》᠂ ᠭᠠᠴᠠᠭᠠᠨ᠎ᠤ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ 10 ᠲᠦᠮᠡᠨ ᠲᠥᠭᠦᠷᠢᠭ᠎ᠠᠴᠠ ᠳᠡᠭᠡᠭ᠌ᠰᠢ᠎ᠨᠢ 77% ᠶ᠋ᠢ ᠡᠵᠡᠯᠡᠨ᠂ ᠺᠠᠳ᠋ᠷ᠎ᠢ ᠲᠤᠬᠢᠷᠠᠭᠤᠯᠬᠤ᠎ᠳᠠᠭᠠᠨ 19 ᠪᠦᠯᠦᠭ ᠤᠳᠠᠭ᠎ᠠ᠂ ᠨᠡᠢᠲᠡ 700 ᠬᠥᠮᠦᠨ ᠤᠳᠠᠭ᠎ᠠ ᠲᠣᠬᠢᠷᠠᠭᠤᠯᠵᠤ᠂ ᠺᠠᠳ᠋ᠷ᠎ᠤᠨ ᠡᠩᠨᠡᠭᠡᠨ᠎ᠤ ᠰᠣᠶᠣᠯ᠂ ᠨᠠᠰᠤ᠂ ᠬᠦᠢᠰᠦ ᠢᠯᠭᠠᠯ᠂ ᠲᠤᠰᠭᠠᠶ ᠮᠡᠷᠭᠡᠵᠢᠯ᠂ ᠦᠨᠳᠦᠰᠦᠲᠡᠨ ᠵᠡᠷᠭᠡ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠠᠵᠢᠯ ᠬᠢᠵᠦ᠍ ᠦᠢᠯᠡᠰ ᠪᠤᠰᠭᠠᠬᠤ ᠤᠷᠮ᠎ᠠ ᠵᠣᠷᠢᠭ᠎ᠢ ᠶᠡᠭᠡ᠎ᠪᠠᠷ ᠬᠥᠭ᠌ᠵᠢᠭᠡᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠨᠠᠩ ᠪᠠᠲᠤ ᠴᠢᠩᠭ᠎ᠠ ᠬᠦᠴᠦᠨ᠎ᠲᠠᠢ ᠪᠣᠯᠭᠠᠪᠠ᠃ ᠨᠠᠮ᠎ᠠᠴᠠ ᠵᠡᠪᠰᠡᠭ᠌ᠲᠦ ᠬᠦᠴᠦᠨ᠎ᠢ ᠬᠠᠮᠢᠶᠠᠷᠬᠤ ᠠᠵᠢᠯ᠎ᠢ ᠦᠷᠭᠦᠯᠵᠢᠯᠡᠨ ᠴᠢᠩᠭᠠᠳᠭᠠᠵᠤ᠂ ᠬᠢᠯᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ 《ᠲᠠᠪᠤᠨ ᠬᠢᠯᠢ᠎ᠶ᠋ᠢᠨ ᠠᠵᠢᠯᠯᠠᠭ᠎ᠠ》 ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ 《ᠲᠠᠪᠤ᠎ᠶ᠋ᠢ ᠨᠢᠭᠡ ᠴᠤᠭ᠍ᠴᠠᠵᠢᠭᠤᠯᠵᠤ》 ᠬᠦᠴᠦ᠍ ᠬᠠᠮᠲᠤᠳᠭᠠᠨ ᠬᠢᠯᠢ᠎ᠶ᠋ᠢ ᠲᠣᠭ᠍ᠲᠠᠪᠤᠷᠢᠵᠢᠭᠤᠯᠤᠨ ᠰᠡᠷᠭᠡᠢᠯᠡᠯᠲᠡ᠎ᠶ᠋ᠢ ᠪᠠᠬᠢᠵᠢᠭᠦᠯᠬᠦ᠌ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠬᠤᠶᠠᠷ᠎ᠢ ᠬᠦᠷᠢᠶᠡᠯᠡᠬᠦ᠌ ᠵᠢᠱ᠌ᠢᠶᠡᠴᠢ ᠬᠤᠱᠢᠭᠤ》 ᠶ᠋ᠢᠨ ᠢᠷᠠᠭᠤ ᠠᠯᠳᠠᠷ᠎ᠢ ᠲᠠᠷᠠᠭᠠᠯᠠᠨ 10 ᠤᠳᠠᠭ᠎ᠠ ᠬᠦᠷᠳᠡᠪᠡ᠃ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠴᠢᠩᠭ᠎ᠠ ᠠᠳᠭᠤᠵᠤ᠂ 《ᠬᠤᠶᠠᠷ ᠬᠠᠷᠢᠭᠤᠴᠠᠯᠭ᠎ᠠ》 ᠶ᠋ᠢ ᠨᠢᠬ᠍ᠳᠠ ᠴᠢᠩᠭ᠎ᠠ ᠪᠣᠳᠠᠲᠠᠢᠵᠢᠭᠤᠯᠵᠤ᠂ ᠦᠨᠳᠦᠰᠦᠨ ᠱᠠᠲᠤᠨ᠎ᠤ ᠤᠯᠤᠰ ᠲᠥᠷᠦ᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌᠎ᠶ᠋ᠢ ᠭᠦᠨᠵᠡᠭᠡᠢ ᠥᠷᠨᠢᠭᠦᠯᠵᠦ᠍᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠳᠦᠷᠢᠮ ᠲᠣᠭ᠍ᠲᠠᠭᠠᠯ᠎ᠠᠴᠠ ᠵᠥᠷᠢᠴᠡᠵᠦ᠍ ᠬᠠᠤᠯᠢ᠎ᠠᠴᠠ ᠵᠥᠷᠢᠴᠡᠭ᠌ᠰᠡᠨ ᠠᠰᠠᠭᠤᠳᠠᠯ᠎ᠢ ᠲᠤᠰᠭᠠᠢ ᠴᠡᠭ᠌ᠴᠡᠯᠡᠨ ᠵᠠᠰᠠᠬᠤ ᠪᠠ ᠲᠠᠯ᠎ᠠ ᠨᠤᠲᠤᠭ ᠣᠢᠲᠤ ᠭᠠᠵᠠᠷ᠎ᠲᠤ ᠬᠤᠯᠪᠤᠬ᠍ᠲᠠᠬ᠍ᠰᠠᠨ ᠳᠦᠷᠢᠮ ᠲᠣᠭ᠍ᠲᠠᠭᠠᠯ᠎ᠠᠴᠠ ᠵᠥᠷᠢᠴᠡᠵᠦ᠍ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ᠎ᠶ᠋ᠢ ᠲᠤᠰᠭᠠᠢ ᠴᠡᠭ᠌ᠴᠡᠯᠡᠨ ᠵᠠᠰᠠᠬᠤ᠎ᠶ᠋ᠢ ᠴᠢᠩᠭ᠎ᠠ ᠠᠳᠭᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠠ 《ᠳᠥᠷᠪᠡᠨ ᠨᠣᠶᠠᠨ》 ᠤ ᠠᠰᠠᠭᠤᠳᠠᠯ᠎ᠢ ᠲᠥᠪᠯᠡᠷᠡᠭᠦᠯᠦᠨ ᠵᠠᠰᠠᠵᠤ᠂ ᠢᠯᠵᠠᠷᠠᠯ᠎ᠢ ᠡᠰᠡᠷᠭᠦᠴᠡᠬᠦ᠌ ᠥᠨᠳᠥᠷ ᠳᠠᠷᠤᠯᠲᠠᠲᠤ ᠪᠠᠢᠳᠠᠯ᠎ᠢ ᠢᠮᠠᠭ᠍ᠲᠠ ᠪᠠᠲᠤᠯᠠᠵᠤ᠂ ᠳᠥᠷᠪᠡᠨ ᠵᠦᠢᠯ᠎ᠤᠨ ᠬᠡᠯᠪᠡᠷᠢ᠎ᠶ᠋ᠢ ᠣᠨᠣᠪᠴᠢᠲᠠᠢ ᠬᠡᠷᠡᠭ᠌ᠯᠡᠬᠦ᠌᠎ᠪᠠᠷ ᠳᠠᠮᠵᠢᠨ᠂ ᠢᠯᠵᠠᠷᠠᠬᠤ᠎ᠠᠴᠠ ᠵᠢᠷᠦᠬᠡᠱᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠣᠳᠣᠬᠤ ᠦᠭᠡᠢ ᠪᠠᠢᠬᠤ᠎ᠶ᠋ᠢ ᠨᠢᠬᠡ ᠴᠤᠬ᠍ᠴᠠᠵᠢᠭᠤᠯᠤᠨ ᠠᠬᠢᠭᠤᠯᠵᠥ᠍᠂ ᠢᠯᠵᠠᠷᠠᠯ᠎ᠢ ᠵᠠᠰᠠᠬᠤ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠪᠡ᠃ ᠲᠡᠮᠡᠴᠡᠯ ᠬᠠᠲᠠᠭᠤ ᠪᠡᠷᠬᠡ᠂ ᠲᠤᠷᠱᠢᠯᠭ᠎ᠠ ᠡᠷᠬᠢᠮ ᠨᠠᠨᠳᠢᠨ ᠶᠤᠮ᠃ ᠣᠳᠣᠬᠠᠨ᠎ᠳᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠪᠦᠷᠢᠶ᠎ᠡ ᠨᠢᠭᠡᠨᠲᠡ ᠬᠠᠩᠭᠢᠨᠠᠯ᠎ᠠ᠂ ᠱᠢᠨ᠎ᠡ ᠪᠠᠢᠳᠠᠯ᠂ ᠱᠢᠨ᠎ᠡ ᠡᠭᠦᠷᠭᠡ᠂ ᠱᠢᠨ᠎ᠡ ᠱᠠᠭᠠᠷᠳᠠᠯᠭ᠎ᠠ᠎ᠳᠤ ᠬᠠᠨᠳᠤᠬᠤ᠎ᠳᠠᠭᠠᠨ᠂ ᠵᠡᠭᠦᠨ ᠦᠵᠦᠮᠦᠴᠢᠨ ᠬᠤᠱᠢᠭᠤ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠨ᠂ ᠠᠤᠭ᠎ᠠ ᠲᠥᠰᠦᠪ᠎ᠢ ᠡᠴᠦᠰ᠎ᠲᠤᠨᠢ ᠲᠤᠯᠲᠠᠯ᠎ᠠ ᠬᠢᠵᠦ᠍᠂ ᠬᠤᠭᠤᠴᠠᠭ᠎ᠠ ᠵᠠᠯᠭᠠᠨ ᠠᠵᠢᠯᠯᠠᠵᠤ᠂ ᠵᠡᠭᠦᠨ ᠦᠵᠦᠮᠦᠴᠢᠨ ᠬᠤᠱᠢᠭᠤᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠪᠤᠯᠤᠨ᠎ᠠ᠃

《ᠨᠠᠮ᠎ᠤᠨ ᠲᠤᠭ ᠬᠥᠲᠡᠭᠡ ᠨᠤᠲᠤᠭ᠎ᠲᠤ ᠨᠠᠮᠢᠷᠠᠨ᠎ᠠ》
(ᠡᠬᠡ ᠪᠢᠴᠢᠭ ᠪᠤᠯᠤᠨ ᠬᠡᠷᠡᠯ ᠵᠢᠷᠤᠬ᠎ᠢ ᠵᠡᠬᠦᠨ ᠥᠵᠥᠮᠥᠴᠢᠨ ᠬᠤᠱᠢᠭᠤᠨ᠎ᠤ ᠤᠬᠠᠭᠤᠯᠬᠤ ᠬᠡᠯᠲᠡᠰ᠂ ᠵᠡᠬᠦᠨ ᠥᠵᠥᠮᠥᠴᠢᠨ ᠬᠤᠱᠢᠭᠤᠨ᠎ᠤ ᠬᠠᠮ ᠵᠠᠭᠤᠴᠢᠯᠠᠭᠤᠷ᠎ᠤᠨ ᠲᠥᠪ᠎ᠠᠴᠠ ᠬᠠᠨᠭ᠌ᠭᠠᠪᠠ)