ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠤᠯᠴᠠᠵᠤ ᠬᠦᠨᠳᠦ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ ᠪᠤᠯᠤᠶ᠎ᠠ
2021-08-27 10:32:28
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠤᠭ᠍ᠰᠠᠭᠠᠲᠠᠨ ᠵᠦᠢ ᠬᠥᠮᠦᠨ ᠵᠦᠢ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠥᠷᠡᠲᠣᠭ᠍ᠲᠠᠬᠤ᠎ᠶ᠋ᠢ ᠰᠤᠷᠪᠤᠯᠵᠢᠯᠠᠭ᠍ᠰᠠᠨ᠎ᠨᠢ 

ᠰᠤᠷᠭᠠᠨ ᠬᠥᠮᠦᠵᠢᠯ ᠮᠠᠨᠳᠤᠪᠠᠯ ᠤᠯᠤᠰ ᠬᠦᠷᠦᠨ ᠮᠠᠨᠳᠤᠨ᠎ᠠ᠂ ᠰᠤᠷᠭᠠᠨ ᠬᠥᠮᠦᠵᠢᠯ ᠬᠦᠴᠦᠷᠬᠡᠭ᠌ᠵᠢᠪᠡᠯ ᠤᠯᠤᠰ ᠬᠦᠷᠦᠨ ᠬᠦᠴᠦᠷᠬᠡᠭ᠌ᠵᠢᠨ᠎ᠡ᠃ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠤᠭ᠍ᠰᠠᠭᠠᠲᠠᠨ ᠵᠦᠢ ᠬᠥᠮᠦᠨ ᠵᠦᠢ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠥᠷᠡᠲᠣᠭ᠍ᠲᠠᠬᠤ᠎ᠶ᠋ᠢᠨ ᠦᠵᠡᠬᠦ᠌᠎ᠪᠠᠷ᠂ ᠵᠢᠭᠠᠬᠤ ᠮᠠᠲ᠋ᠧᠷᠢᠶᠠᠯ᠎ᠤᠨ ᠪᠠᠢᠭᠤᠯᠤᠯᠲᠠ ᠪᠤᠯ ᠤᠯᠤᠰ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠵᠦ᠍ ᠪᠠᠢᠳᠠᠭ᠂ ᠤᠯᠤᠰ᠎ᠤᠨ ᠠᠵᠢᠯ ᠡᠷᠬᠡ  ᠮᠦᠨ᠂ ᠠᠷᠠᠳ ᠲᠦᠮᠡᠨ᠎ᠤ ᠠᠩᠬᠠᠷᠤᠨ ᠬᠠᠯᠠᠮᠵᠢᠯᠠᠵᠤ ᠪᠠᠢᠭ᠎ᠠ ᠴᠢᠬᠤᠯᠠ ᠶᠡᠭᠡ ᠠᠰᠠᠭᠤᠳᠠᠯ᠎ᠢ ᠲᠤᠰᠭᠠᠵᠤ᠂ ᠳᠤᠮᠳᠠᠳᠤ᠎ᠶ᠋ᠢᠨ ᠱᠢᠯᠢᠳᠡᠭ ᠰᠣᠶᠣᠯ ᠪᠠ ᠬᠥᠮᠦᠨ ᠲᠥᠷᠥᠯᠬᠢᠲᠡᠨ᠎ᠤ ᠪᠣᠯᠪᠠᠰᠤᠨ᠎ᠤ ᠲᠡᠷᠢᠭᠦᠨ᠎ᠤ ᠦᠷ᠎ᠡ ᠪᠦᠲᠦᠭᠡᠯ᠎ᠢ ᠤᠯᠠᠮᠵᠢᠯᠠᠵᠤ᠂ ᠶᠠᠮᠠᠷ ᠬᠥᠮᠦᠨ᠎ᠢ ᠬᠥᠮᠦᠵᠢᠭᠦᠯᠬᠦ᠂ ᠬᠥᠮᠦᠨ᠎ᠢ ᠬᠡᠷᠬᠢᠨ ᠬᠥᠮᠦᠵᠢᠭᠦᠯᠬᠦ᠂ ᠬᠡᠨ᠎ᠤ ᠲᠦᠯᠦᠭᠡ ᠬᠥᠮᠦᠨ ᠬᠥᠮᠦᠵᠢᠭᠦᠯᠬᠦ᠌ ᠡᠨᠡ ᠬᠦ᠌ ᠦᠨᠳᠦᠰᠦᠨ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠ ᠠᠴᠢᠶᠠᠯᠠᠪᠤᠷᠢ ᠪᠠᠢᠵᠤ᠂ ᠨᠠᠮ᠎ᠤᠨ ᠰᠤᠷᠭᠠᠨ ᠬᠥᠮᠦᠵᠢᠯ᠎ᠤᠨ ᠴᠢᠭ᠌ᠯᠡᠯᠲᠡ᠎ᠶ᠋ᠢ ᠨᠠᠢᠳᠠᠪᠤᠷᠢᠵᠢᠭᠤᠯᠬᠤ ᠪᠠ ᠰᠤᠷᠭᠠᠨ ᠬᠥᠮᠦᠵᠢᠯ᠎ᠤᠨ ᠬᠠᠷᠠᠯᠲᠠ᠎ᠶ᠋ᠢ ᠪᠡᠶᠡᠯᠡᠭᠦᠯᠬᠦ᠌᠎ᠲᠠᠢ ᠱᠢᠭᠤᠳ ᠬᠤᠯᠪᠣᠭ᠍ᠳᠠᠵᠤ ᠪᠠᠢᠳᠠᠭ᠃ 

《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠣᠯ ᠣᠷᠦ᠋ᠢᠯᠠᠭ᠍ᠰᠠᠨ ᠡᠷᠳᠡᠮᠲᠡᠳ᠎ᠤᠨ ᠤᠯᠠᠨ ᠵᠢᠯ ᠵᠠᠷᠤᠴᠠᠭᠤᠯᠵᠤ ᠨᠠᠢᠷᠠᠭᠤᠯᠤᠨ ᠪᠢᠴᠢᠭ᠌ᠰᠡᠨ ᠤᠯᠤᠰ᠎ᠤᠨ ᠲᠡᠰ᠎ᠤᠨ᠂ ᠥᠨᠳᠥᠷ ᠲᠦᠪᠱᠢᠨ ᠪᠦᠬᠦᠢ᠂ ᠡᠷᠬᠡ ᠰᠦᠷᠲᠦ ᠴᠢᠨᠠᠷᠲᠠᠢ ᠵᠢᠭᠠᠬᠤ ᠮᠠᠲ᠋ᠧᠷᠢᠶᠠᠯ ᠪᠣᠯᠤᠨ᠎ᠠ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠨᠢ ᠦᠨᠳᠦᠰᠦᠲᠡᠨ᠎ᠤ ᠪᠦᠯᠬᠦᠮᠳᠡᠯ ᠪᠣᠯᠤᠨ ᠦᠨᠳᠦᠰᠦᠲᠡᠨ᠎ᠤ ᠭᠠᠵᠠᠷ ᠣᠷᠣᠨ᠎ᠤ ᠬᠥᠭ᠌ᠵᠢᠯᠲᠡ ᠳᠠᠪᠱᠢᠯᠲᠠ᠎ᠶ᠋ᠢ ᠠᠬᠢᠭᠤᠯᠬᠤ᠎ᠳᠤ ᠠᠱᠢᠭ᠍ᠲᠠᠢ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠱᠢᠭ᠍ᠲᠠᠢ᠂ ᠳᠤᠮᠳᠠᠳᠤ᠎ᠶ᠋ᠢᠨ ᠦᠨᠳᠦᠰᠦᠲᠡᠨ᠎ᠤ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠳᠤ ᠠᠱᠢᠭ᠍ᠲᠠᠢ ᠪᠠᠢᠵᠤ᠂ ᠰᠤᠷᠤᠭ᠍ᠴᠢᠳ᠎ᠢ ᠬᠦᠲᠦᠯᠦᠨ ᠵᠢᠯᠣᠭᠤᠳᠴᠤ᠌ ᠵᠥᠪ ᠣᠨᠣᠪᠴᠢᠲᠠᠢ ᠤᠯᠤᠰ᠎ᠤᠨ ᠦᠵᠡᠯᠲᠡ᠂ ᠦᠨᠳᠦᠰᠦᠲᠡᠨ᠎ᠤ ᠦᠵᠡᠯᠲᠡ᠂ ᠲᠡᠦᠬᠡ᠎ᠶ᠋ᠢᠨ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠲᠠᠢ ᠪᠣᠯᠭᠠᠵᠤ ᠴᠢᠳᠠᠨ᠎ᠠ》 ᠭᠡᠵᠦ᠍ ᠦᠷᠡᠲᠤᠭ᠍ᠲᠠᠬᠤ ᠶᠠᠷᠢᠨ᠎ᠠ᠃ 

ᠦᠷᠡᠲᠤᠭ᠍ᠲᠠᠬᠤ᠂ ᠲᠡᠦᠬᠡ ᠰᠣᠶᠣᠯ᠎ᠤᠨ ᠳᠠᠯ᠎ᠠ᠎ᠠᠴᠠ ᠦᠵᠡᠬᠦ᠌᠎ᠳᠤ᠂ ᠬᠡᠳᠦᠨ ᠮᠢᠩᠭᠠᠨ ᠵᠢᠯ᠎ᠤᠨ ᠲᠤᠷᠰᠢ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠷᠢᠯᠴᠠᠨ ᠨᠡᠪᠲᠡᠷᠡᠯᠴᠡᠬᠦ᠌ ᠦᠭᠡ ᠬᠡᠯᠡᠨ᠎ᠤ ᠡᠭᠦᠷᠭᠡ ᠬᠠᠷᠢᠭᠤᠴᠠᠯᠭ᠎ᠠ᠎ᠶ᠋ᠢ ᠭᠦᠢᠴᠡᠳᠭᠡᠵᠦ᠍᠂ ᠮᠠᠰᠢ ᠤᠯᠠᠨ ᠰᠤᠷᠪᠤᠯᠵᠢ ᠪᠢᠴᠢᠭ ᠰᠤᠳᠤᠷ ᠲᠡᠮᠳᠡᠭ᠌ᠯᠡᠯ᠎ᠢ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠨᠠᠢᠷᠠᠭᠤᠯᠤᠨ ᠪᠢᠴᠢᠭ᠌ᠰᠡᠨ ᠶᠤᠮ᠃ ᠡᠢᠮᠦ᠎ᠠᠴᠠ᠂ ᠡᠳᠡᠭᠡᠷ ᠰᠣᠩᠭᠤᠳᠠᠭ ᠵᠣᠬᠢᠶᠠᠯ᠎ᠢ ᠰᠠᠢᠲᠤᠷ ᠰᠤᠷᠤᠶ᠎ᠠ ᠭᠡᠪᠡᠯ ᠡᠷᠭᠡᠪᠰᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠬᠡᠷᠡᠭ᠌ᠲᠡᠢ᠃ ᠪᠣᠳᠠᠲᠠᠢ ᠪᠠᠢᠳᠠᠯ᠎ᠠᠴᠠ ᠦᠵᠡᠬᠦ᠌᠎ᠳᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭ᠌ᠯᠡᠬᠦ᠌᠎ᠨᠢ ᠨᠢᠭᠡ ᠲᠠᠯ᠎ᠠ᠎ᠪᠠᠷ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠣᠯᠢᠯᠴᠠᠭ᠎ᠠ ᠶᠠᠪᠤᠯᠴᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠮᠡᠳᠡᠭᠡ ᠵᠠᠩᠭᠢ᠎ᠶ᠋ᠢᠨ ᠠᠷᠭ᠎ᠠ ᠵᠠᠮ᠎ᠢ ᠥᠷᠭᠡᠳᠭᠡᠵᠦ᠍ ᠴᠢᠳᠠᠨ᠎ᠠ; ᠨᠦᠬᠦᠭᠡ ᠲᠠᠯ᠎ᠠ᠎ᠪᠠᠷ᠂ ᠠᠵᠤ ᠠᠬᠤᠢ᠎ᠶ᠋ᠢᠨ ᠳᠡᠯᠡᠬᠡᠢᠵᠢᠯᠲᠡ᠂ ᠨᠡᠢᠭᠡᠮ᠎ᠤᠨ ᠮᠡᠳᠡᠭᠡ ᠵᠠᠩᠭᠢᠵᠢᠯᠲᠠ᠎ᠶ᠋ᠢᠨ ᠠᠬᠤᠢ ᠪᠠᠢᠳᠠᠯ ᠳᠣᠣᠷ᠎ᠠ᠂ ᠮᠠᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠨᠢ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠭᠤᠤᠯ ᠬᠡᠷᠡᠭ᠌ᠯᠡᠬᠦ᠌ 6 ᠵᠦᠢᠯ᠎ᠤᠨ ᠦᠭᠡ ᠬᠡᠯᠡᠨ᠎ᠤ ᠨᠢᠭᠡ ᠪᠤᠯᠵᠤ᠂ ᠳᠡᠯᠡᠬᠡᠢ᠎ᠶ᠋ᠢᠨ ᠤᠯᠤᠰ ᠲᠦᠷᠦ᠍᠂ ᠠᠵᠤ ᠠᠬᠤᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠰᠣᠶᠣᠯ ᠵᠡᠷᠭᠡ ᠤᠯᠠᠨ ᠬᠦᠷᠢᠶᠡᠨ᠎ᠳᠤ ᠥᠷᠭᠡᠨ᠎ᠢᠶᠠᠷ ᠬᠡᠷᠡᠭ᠌ᠯᠡᠭ᠌ᠳᠡᠵᠦ᠍ ᠪᠠᠢᠨ᠎ᠠ᠃ ᠡᠢᠮᠦ᠎ᠠᠴᠠ᠂ ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭ᠌ᠯᠡᠬᠦ᠌᠎ᠨᠢ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠱᠠᠭᠠᠷᠳᠠᠯᠭ᠎ᠠ᠎ᠲᠠᠢ ᠵᠣᠬᠢᠴᠠᠵᠤ᠂ ᠥᠪᠡᠷ᠎ᠢ᠎ᠪᠠᠨ ᠨᠡᠩ ᠥᠷᠭᠡᠨ ᠠᠭᠤᠳᠠᠮ ᠲᠠᠪᠴᠠᠩ᠎ᠲᠠᠢ ᠪᠣᠯᠭᠠᠬᠤ᠎ᠳᠤ ᠠᠱᠢᠭ᠍ᠲᠠᠢ ᠶᠤᠮ ᠭᠡᠵᠦ᠍ ᠦᠵᠡᠨ᠎ᠡ᠃ 

《ᠦᠭᠡ ᠬᠡᠯᠡ᠎ᠨᠢ ᠰᠣᠯᠢᠯᠴᠠᠭ᠎ᠠ ᠨᠡᠪᠲᠡᠷᠡᠯᠴᠡᠭᠡ᠎ᠶ᠋ᠢᠨ ᠬᠥᠭᠦᠷᠭᠡ ᠪᠣᠯᠬᠤ᠎ᠪᠠᠷ ᠪᠠᠷᠠᠬᠤ ᠦᠭᠡᠢ ᠪᠠᠰᠠ ᠱᠢᠨ᠎ᠡ ᠮᠡᠳᠡᠯᠭᠡ᠂ ᠱᠢᠨ᠎ᠡ ᠴᠢᠳᠠᠪᠤᠷᠢ᠂ ᠱᠢᠨ᠎ᠡ ᠦᠵᠡᠯ ᠰᠠᠨᠠᠭ᠎ᠠ᠎ᠶ᠋ᠢ ᠤᠯᠬᠤ ᠪᠠᠭᠠᠵᠢ᠂ ᠬᠥᠮᠦᠨ ᠲᠥᠷᠥᠯᠬᠢᠲᠡᠨ᠎ᠤ ᠰᠡᠳᠭᠢᠬᠦᠢ᠎ᠶ᠋ᠢᠨ ᠴᠢᠳᠠᠪᠤᠷᠢ᠎ᠶ᠋ᠢ ᠥᠷᠭᠡᠳᠭᠡᠬᠦ᠌ ᠠᠷᠭ᠎ᠠ ᠪᠣᠯᠤᠨ᠎ᠠ》 ᠭᠡᠵᠦ᠍ ᠦᠷᠡᠲᠣᠭ᠍ᠲᠠᠬᠤ ᠬᠡᠯᠡᠨ᠎ᠡ᠃ ᠲᠡᠬᠦᠨ᠎ᠤ ᠦᠵᠡᠬᠦ᠌᠎ᠪᠠᠷ᠂ ᠴᠥᠭᠡᠨ ᠲᠣᠭᠠᠲᠤ ᠦᠨᠳᠦᠰᠦᠲᠡᠨ᠎ᠤ ᠰᠤᠷᠤᠭ᠍ᠴᠢᠳ᠎ᠲᠤ ᠠᠪᠴᠤ᠌ ᠬᠡᠯᠡᠪᠡᠯ᠂ ᠨᠢᠭᠡ ᠵᠦᠢᠯ᠎ᠤᠨ ᠬᠡᠯᠡ᠎ᠶ᠋ᠢ ᠢᠯᠡᠭᠦᠦ ᠰᠤᠷᠬᠤ᠎ᠨᠢ ᠢᠯᠡᠭᠦᠦ ᠨᠢᠭᠡ ᠵᠦᠢᠯ᠎ᠤᠨ ᠰᠡᠳᠭᠢᠴᠡ᠂ ᠢᠯᠡᠭᠦᠦ ᠨᠢᠭᠡ ᠵᠦᠢᠯ᠎ᠤᠨ ᠴᠢᠳᠠᠪᠤᠷᠢ᠂ ᠢᠯᠡᠭᠦᠦ ᠨᠢᠭᠡ ᠵᠦᠢᠯ᠎ᠤᠨ ᠭᠠᠷᠬᠤ ᠵᠠᠮ᠎ᠲᠠᠢ ᠪᠠᠢᠳᠠᠭ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠠᠢᠲᠤᠷ ᠬᠡᠷᠡᠭ᠌ᠯᠡᠪᠡᠯ ᠰᠠᠶᠢ ᠡᠷᠳᠡᠮ ᠮᠡᠳᠡᠯᠭᠡ᠎ᠶ᠋ᠢᠨ ᠡᠷᠳᠡᠨᠢᠰ᠎ᠤᠨ ᠰᠠᠩ᠎ᠤᠨ ᠲᠦᠯᠬᠢᠭᠦᠷ᠎ᠢ ᠨᠡᠩ ᠰᠠᠢᠲᠤᠷ ᠡᠵᠡᠮᠱᠢᠵᠦ᠍ ᠴᠢᠳᠠᠨ᠎ᠠ᠂ ᠡᠨᠡ᠎ᠨᠢ ᠠᠵᠢᠯ ᠣᠯᠭᠤᠯᠲᠠ᠂ ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠰᠣᠶᠣᠯ ᠮᠡᠳᠡᠯᠭᠡ᠎ᠶ᠋ᠢ ᠬᠦᠯᠢᠶᠡᠨ ᠠᠪᠬᠤ᠂ ᠨᠡᠢᠭᠡᠮ᠎ᠳᠤ ᠠᠭᠤᠰᠤᠯᠴᠠᠬᠤ᠎ᠳᠤ ᠴᠥᠮ ᠠᠱᠢᠭ᠍ᠲᠠᠢ᠃ 《ᠪᠢ ᠬᠠᠷᠠᠬᠠᠨ ᠪᠠᠭ᠎ᠠ᠎ᠠᠴᠠ᠎ᠪᠠᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ᠎ᠳᠤ ᠦᠰᠦᠨ ᠪᠤᠢᠵᠢᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠨᠡᠯᠢᠶᠡᠳ ᠤᠷᠤᠢ ᠰᠤᠷᠤᠯᠴᠠᠭ᠍ᠰᠠᠨ ᠶᠤᠮ᠃ ᠰᠤᠷᠭᠠᠭᠤᠯᠢ᠎ᠳᠤ ᠪᠠᠢᠬᠤ ᠬᠤᠭᠤᠴᠠᠭᠠᠨ᠎ᠳᠠᠭᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠨ ᠡᠵᠡᠮᠱᠢᠭ᠌ᠰᠡᠨ ᠰᠤᠷᠤᠬ᠍ᠴᠢ᠎ᠶ᠋ᠢ ᠲᠤᠩ ᠪᠠᠭ᠍ᠠᠷᠬᠠᠳᠠᠭ ᠪᠠᠢᠵᠠᠢ᠂ ᠳᠡᠬᠡᠬᠡᠳ ᠰᠠᠢᠲᠤᠷ ᠰᠤᠷᠤᠯᠴᠠᠬᠤ᠎ᠪᠠᠷ ᠵᠣᠷᠢᠭ ᠱᠢᠭᠤᠳᠤᠭ᠍ᠰᠠᠨ》 ᠭᠡᠵᠦ᠍ ᠦᠷᠡᠲᠤᠭ᠍ᠲᠠᠬᠤ ᠦᠩᠭᠡᠷᠡᠭ᠌ᠰᠡᠨ᠎ᠢᠶᠠᠨ ᠡᠷᠬᠢᠴᠡᠬᠦᠯᠵᠦ᠍ ᠪᠠᠢᠯ᠎ᠠ᠃ ᠲᠡᠷᠡ᠄ 《ᠮᠢᠨᠦ᠍ ᠳ᠋ᠣᠺᠲ᠋ᠣᠷ᠎ᠤᠨ ᠲᠤᠰᠭᠠᠢ ᠮᠡᠷᠭᠡᠵᠢᠯ ᠪᠣᠯ ᠦᠨᠳᠦᠰᠦᠲᠡᠨ᠎ᠤ ᠠᠵᠤ ᠠᠬᠤᠢ᠎ᠶ᠋ᠢᠨ ᠤᠬᠠᠭᠠᠨ ᠪᠤᠯᠤᠨ᠎ᠠ᠃ ᠮᠡᠳᠡᠭᠡᠵᠢ᠂ ᠮᠠᠰᠢ ᠤᠯᠠᠨ ᠠᠵᠤ ᠠᠬᠤᠢ᠎ᠶ᠋ᠢᠨ ᠤᠬᠠᠭᠠᠨ᠎ᠤ ᠲᠤᠰᠭᠠᠢ ᠪᠦᠲᠦᠭᠡᠯ᠂ ᠲᠤᠯᠭᠤᠷ ᠪᠢᠴᠢᠭ᠎ᠢ ᠪᠦᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠨᠠᠢᠷᠠᠭᠤᠯᠤᠨ ᠪᠢᠴᠢᠭ᠌ᠰᠡᠨ ᠶᠤᠮ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠡᠵᠡᠮᠱᠢᠵᠦ᠍᠂ ᠦᠰᠦᠭ ᠪᠢᠴᠢᠭ᠎ᠤᠨ ᠰᠠᠭᠤᠷᠢ᠎ᠪᠠᠨ ᠪᠠᠳᠤᠳᠭᠠᠭ᠍ᠰᠠᠨ᠎ᠠᠴᠠ ᠪᠢ ᠰᠠᠶᠢ ᠡᠯ᠎ᠡ ᠲᠦᠷᠦᠯ᠎ᠤᠨ ᠲᠤᠯᠭᠤᠷ ᠪᠢᠴᠢᠭ᠎ᠢ ᠤᠩᠱᠢᠨ ᠣᠢᠯᠠᠭᠠᠵᠤ᠂ ᠬᠤᠯᠪᠣᠭ᠍ᠳᠠᠯ ᠪᠦᠬᠦᠢ ᠡᠷᠳᠡᠮᠲᠡᠳ᠎ᠲᠠᠢ ᠰᠠᠨᠠᠯ ᠪᠤᠳᠤᠯ᠎ᠢᠶᠠᠨ ᠰᠣᠯᠢᠯᠴᠠᠨ᠂ ᠬᠠᠷᠠᠭ᠎ᠠ᠎ᠪᠠᠨ ᠦᠷᠬᠡᠳᠭᠡᠵᠦ᠍᠂ ᠳ᠋ᠣᠺᠲ᠋ᠣᠷᠨᠨᠲ᠎ᠤᠨ ᠰᠤᠷᠤᠯᠭ᠎ᠠ᠎ᠶ᠋ᠢᠨ ᠬᠤᠭᠤᠴᠠᠭᠠᠨ᠎ᠳᠠᠬᠢ ᠡᠯ᠎ᠡ ᠵᠦᠢᠯ᠎ᠤᠨ ᠥᠭᠦᠯᠡᠯ᠎ᠢᠶᠠᠨ ᠰᠠᠢᠲᠤᠷ ᠪᠢᠴᠢᠵᠦ᠍᠂ ᠱᠢᠯᠢᠳᠡᠭ ᠳ᠋ᠣᠺᠲ᠋ᠣᠷ ᠴᠤᠯᠠ ᠬᠠᠮᠠᠭᠠᠯᠠᠬᠤ ᠥᠭᠦᠯᠡᠯ᠎ᠢᠶᠠᠨ ᠪᠢᠴᠢᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠴᠢᠳᠠᠵᠠᠢ》 ᠬᠡᠯ᠎ᠡ᠃ 

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭ᠌ᠯᠡᠬᠦ᠌᠎ᠨᠢ ᠰᠣᠶᠣᠯ ᠮᠡᠳᠡᠯᠭᠡ᠎ᠶ᠋ᠢ ᠡᠵᠡᠮᠱᠢᠬᠦ᠂ ᠶᠡᠷᠦᠩᠬᠡᠢᠯᠡᠭ᠌ᠰᠡᠨ ᠬᠡᠪ ᠪᠣᠯᠪᠠᠰᠤᠷᠠᠯ᠎ᠢᠶᠠᠨ ᠳᠡᠭᠡᠭ᠌ᠰᠢᠯᠡᠭᠦᠯᠬᠦ᠂ ᠬᠤᠪᠢ ᠬᠥᠮᠦᠨ᠎ᠤ ᠦᠰᠦᠨ ᠪᠤᠢᠵᠢᠯᠲᠠ᠎ᠳᠤ ᠬᠦᠴᠦᠨ ᠨᠡᠮᠡᠷᠢᠯᠡᠬᠦ᠂ ᠬᠦᠰᠡᠯ ᠵᠡᠭᠦᠳᠦ᠎ᠪᠠᠨ ᠳᠡᠷᠬᠡᠯᠱᠢᠬᠦᠯᠬᠦ᠌ ᠨᠡᠩ ᠤᠯᠠᠨ ᠠᠵᠠ ᠲᠣᠬᠢᠶᠠᠯ᠎ᠢ ᠤᠯᠬᠤ᠎ᠳᠤ ᠪᠦᠷ ᠠᠱᠢᠭ᠍ᠲᠠᠢ ᠶᠤᠮ》᠃ ᠥᠷᠡᠲᠣᠭ᠍ᠲᠠᠬᠤ᠎ᠶ᠋ᠢᠨ ᠲᠠᠨᠢᠯᠴᠠᠭᠤᠯᠬᠤ᠎ᠪᠠᠷ᠂ ᠣᠳᠣᠬᠠᠨ᠎ᠳᠤ᠂ ᠲᠡᠭᠦᠨ᠎ᠤ ᠳᠠᠭᠠᠭᠤᠯᠵᠤ ᠪᠠᠢᠭ᠎ᠠ ᠰᠤᠷᠤᠭ᠍ᠴᠢᠳ᠎ᠨᠢ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠳᠤᠷ ᠡᠵᠡᠮᠱᠢᠭ᠌ᠰᠡᠨ᠎ᠢᠶᠠᠷ ᠠᠵᠢᠯ ᠤᠯᠬᠤ ᠲᠣᠬᠢᠶᠠᠯ᠎ᠨᠢ ᠨᠡᠩ ᠦᠷᠬᠡᠨ ᠪᠤᠯᠵᠠᠢ᠃ 

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠨᠢ ᠬᠤᠪᠢ ᠬᠥᠮᠦᠨ᠎ᠤ ᠦᠰᠦᠨ ᠪᠤᠢᠵᠢᠯᠲᠠ᠂ ᠦᠨᠳᠦᠰᠦᠲᠡᠨ᠎ᠤ ᠳᠠᠪᠱᠢᠯᠲᠠ ᠪᠠ ᠤᠯᠤᠰ᠎ᠤᠨ ᠬᠥᠭ᠌ᠵᠢᠯᠲᠡ᠎ᠳᠤ ᠮᠠᠰᠢ ᠶᠡᠭᠡ ᠠᠱᠢᠭ᠍ᠲᠠᠢ᠃ ᠡᠢᠮᠦ᠎ᠠᠴᠠ᠂ ᠪᠠᠭ᠍ᠰᠢ ᠪᠣᠯᠤᠭ᠍ᠰᠠᠨ᠎ᠤ ᠬᠤᠪᠢ᠎ᠳᠤ ᠡᠷᠬᠡᠪᠰᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠶᠡᠭᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠨᠡᠩ ᠤᠯᠠᠨ ᠬᠥᠮᠦᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ᠂ ᠬᠦᠴᠦᠷᠬᠡᠭ ᠶᠡᠭᠡ ᠤᠶᠤᠨ᠎ᠤ ᠲᠤᠯᠭᠠᠭᠤᠷᠢᠯᠠᠯ ᠬᠠᠩᠭᠠᠬᠤ ᠬᠡᠷᠡᠭ᠌ᠲᠡᠢ ᠭᠡᠵᠦ᠍ ᠥᠷᠡᠲᠣᠭ᠍ᠲᠠᠬᠤ ᠪᠤᠳᠤᠳᠠᠭ᠃ ᠲᠡᠷᠡ᠂ ᠰᠤᠷᠤᠭ᠍ᠴᠢᠳ᠎ᠢᠶᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠭ᠍ᠰᠠᠨ ᠰᠠᠭᠤᠷᠢᠨ ᠳᠡᠭᠡᠷ᠎ᠡ᠂ ᠲᠤᠰᠭᠠᠢ ᠮᠡᠷᠭᠡᠵᠢᠯ᠎ᠤᠨ ᠮᠡᠳᠡᠯᠭᠡ᠎ᠪᠠᠨ ᠲᠠᠰᠤᠷᠠᠯᠳᠠ ᠦᠭᠡᠢ ᠪᠠᠬᠢᠵᠢᠭᠦᠯᠵᠦ᠍᠂ ᠶᠡᠭᠡ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ ᠪᠤᠯᠬᠤ᠎ᠶ᠋ᠢ ᠤᠷᠮᠠᠱᠢᠭᠤᠯᠤᠨ ᠵᠤᠷᠢᠬ᠍ᠵᠢᠭᠤᠯᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号