ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠴᠠᠭ ᠦᠶ᠎ᠡ᠎ᠶ᠋ᠢᠨ ᠭᠢᠯᠠᠯᠵᠠᠭ᠍ᠰᠠᠨ ᠠᠮᠵᠢᠯᠲᠠ᠎ᠶ᠋ᠢ ᠳᠠᠬᠢᠨᠲᠠ ᠡᠭᠦᠳᠰᠦᠭᠡᠢ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷ᠎ᠡ᠂ 1935 ᠣᠨ᠎ᠤ 1 ᠰᠠᠷ᠎ᠠ᠎ᠶ᠋ᠢᠨ 15 ᠠᠴᠠ 17 ᠤ ᠡᠳᠦᠷ ᠪᠣᠯᠲᠠᠯ᠎ᠠ ᠬᠤᠷᠠᠯᠳᠤᠭ᠍ᠰᠠᠨ ᠽᠦᠨ ᠢ᠎ᠶ᠋ᠢᠨ ᠬᠤᠷᠠᠯᠳᠤᠭᠠᠨ ᠪᠣᠯ ᠨᠢᠭᠡ ᠤᠳᠠᠭᠠᠨ᠎ᠤ ᠠᠭᠤᠤ ᠶᠡᠭᠡ ᠡᠷᠭᠢᠯᠲᠡ᠎ᠶ᠋ᠢᠨ ᠠᠴᠢ ᠬᠤᠯᠪᠣᠭ᠍ᠳᠠᠯ᠎ᠲᠠᠢ ᠴᠢᠬᠤᠯᠠ ᠬᠤᠷᠠᠯ ᠪᠣᠯᠤᠨ᠎ᠠ᠃ ᠡᠨᠡ ᠤᠳᠠᠭᠠᠨ᠎ᠤ ᠬᠤᠷᠠᠯ ᠳᠡᠭᠡᠷ᠎ᠡ ᠨᠠᠮ᠎ᠤᠨ ᠲᠥᠪ ᠬᠤᠷᠢᠶ᠎ᠠ ᠪᠠ ᠤᠯᠠᠭᠠᠨ ᠴᠡᠷᠢᠭ᠎ᠲᠠᠬᠢ ᠮᠠᠤ ᠽᠧ ᠳ᠋ᠦᠩ ᠨᠥᠬᠦᠷ᠎ᠤᠨ ᠤᠳᠤᠷᠢᠳᠭᠤ ᠪᠠᠢᠷᠢ ᠰᠠᠭᠤᠷᠢ᠎ᠶ᠋ᠢ ᠲᠣᠭ᠍ᠲᠠᠭᠠᠵᠤ᠂ ᠮᠠᠨ᠎ᠤ ᠨᠠᠮ᠎ᠤᠨ ᠳᠤᠮᠳᠠᠳᠤ ᠤᠯᠤᠰ᠎ᠤᠨ ᠬᠤᠪᠢᠰᠭᠠᠯ᠎ᠤᠨ ᠪᠣᠳᠠᠲᠠᠢ ᠠᠰᠠᠭᠤᠳᠠᠯ᠎ᠢ ᠪᠡᠶ᠎ᠡ᠎ᠪᠠᠨ ᠳᠠᠭᠠᠭᠠᠵᠤ ᠱᠢᠢᠳᠪᠦᠷᠢᠯᠡᠬᠦ᠌ ᠱᠢᠨ᠎ᠡ ᠱᠠᠳᠤ ᠦᠶ᠎ᠡ᠎ᠶ᠋ᠢ ᠨᠡᠭᠡᠭᠡᠵᠦ᠍᠂ ᠬᠠᠮᠤᠭ᠎ᠤᠨ ᠠᠶᠤᠯ ᠲᠦᠭ᠌ᠰᠢᠭᠦᠷᠢᠲᠡᠢ ᠦᠶ᠎ᠡ᠎ᠳᠤ ᠨᠠᠮ᠎ᠢ ᠠᠪᠤᠷᠠᠵᠤ᠂ ᠤᠯᠠᠭᠠᠨ ᠴᠡᠷᠢᠭ᠎ᠢ ᠠᠪᠤᠷᠠᠵᠤ᠂ ᠳᠤᠮᠳᠠᠳᠤ ᠤᠯᠤᠰ᠎ᠤᠨ ᠬᠤᠪᠢᠰᠭᠠᠯ᠎ᠢ ᠠᠪᠤᠷᠠᠵᠠᠢ᠃ 《ᠢᠲᠡᠭᠡᠯ ᠵᠣᠷᠢᠭ᠎ᠢᠶᠠᠨ ᠪᠠᠲᠤᠳᠭᠠᠬᠤ᠂ ᠦᠨᠡᠨ᠎ᠠᠴᠠ ᠵᠥᠪ᠎ᠢ ᠡᠷᠢᠬᠦ᠂ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠂ ᠱᠢᠨ᠎ᠡ ᠵᠠᠮ᠎ᠢ ᠵᠤᠷᠢᠭ᠍ᠳᠠᠢ ᠨᠡᠭᠡᠭᠡᠬᠦ᠂ ᠠᠷᠠᠳᠴᠢᠯᠠᠯ ᠪᠦᠯᠬᠦᠮᠳᠡᠯ》 ᠢᠶᠠᠷ ᠭᠤᠣᠯ ᠠᠭᠤᠯᠭ᠎ᠠ ᠪᠣᠯᠭᠠᠭ᠍ᠰᠠᠨ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠪᠠᠢᠨ᠎ᠠ᠃
ᠽᠦᠨ ᠢ᠎ᠶ᠋ᠢᠨ ᠬᠤᠷᠠᠯᠳᠤᠭᠠᠨ᠎ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠢᠮᠤᠷᠠᠯ ᠲᠦᠭ᠌ᠰᠢᠭᠦᠷᠢ᠎ᠶ᠋ᠢᠨ ᠡᠮᠦᠨ᠎ᠡ ᠢᠲᠡᠭᠡᠯ ᠵᠣᠷᠢᠭ᠎ᠢᠶᠠᠨ ᠪᠠᠲᠤᠳᠭᠠᠬᠤ ᠯᠤᠳᠤ ᠶᠡᠭᠡ ᠣᠶᠤᠨ ᠰᠠᠨᠠᠭᠠᠨ᠎ᠤ ᠬᠦᠴᠦᠨ᠎ᠢ ᠬᠠᠷᠠᠭᠤᠯᠵᠠᠶ᠃ ᠢᠲᠡᠭᠡᠯ ᠵᠣᠷᠢᠭ᠎ᠢᠶᠠᠨ ᠪᠠᠲᠤᠳᠭᠠᠬᠤ ᠪᠣᠯ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠳᠠᠬᠢ ᠬᠠᠮᠤᠭ᠎ᠤᠨ ᠭᠦᠨ ᠳᠠᠪᠬᠤᠷᠭ᠎ᠠ᠎ᠶ᠋ᠢᠨ ᠰᠠᠭᠤᠷᠢ ᠮᠥᠨ᠃ ᠽᠦᠨ ᠢ᠎ᠶ᠋ᠢᠨ ᠬᠤᠷᠠᠯᠳᠤᠭᠠᠨ᠎ᠤ 《ᠱᠢᠢᠳᠪᠦᠷᠢ》 ᠳᠤ᠂ ᠳᠤᠮᠳᠠᠳᠤ ᠤᠯᠤᠰ᠎ᠤᠨ ᠰᠤᠪᠢᠶᠠᠳ ᠬᠤᠪᠢᠰᠭᠠᠯ ᠪᠣᠯ ᠲᠡᠦᠬᠡ᠎ᠶ᠋ᠢᠨ ᠭᠦᠨ ᠵᠤᠵᠠᠭᠠᠨ ᠰᠤᠷᠪᠤᠯᠵᠢ᠎ᠲᠠᠢ ᠶᠤᠮ᠂ ᠲᠡᠭᠦᠨ᠎ᠢ ᠤᠰᠠᠳᠭᠠᠵᠤ ᠴᠢᠳᠠᠬᠤ ᠦᠭᠡᠢ᠂ ᠲᠡᠭᠦᠨ᠎ᠢ ᠢᠯᠠᠵᠤ ᠴᠢᠳᠠᠬᠤ ᠦᠭᠡᠢ ᠭᠡᠵᠦ᠍ ᠵᠢᠭᠠᠵᠤ ᠭᠠᠷᠭᠠᠭ᠍ᠰᠠᠨ ᠪᠥᠭᠡᠳ 《ᠢᠯᠠᠯᠲᠠ ᠪᠣᠯ ᠵᠠᠢᠯᠠᠰᠢ ᠦᠭᠡᠢ ᠪᠢᠳᠡᠨ᠎ᠤ᠎ᠬᠢ ᠶᠤᠮ》 ᠭᠡᠰᠡᠨ ᠣᠮᠤᠭ ᠲᠡᠭᠦᠯᠳᠡᠷ ᠤᠷᠢᠶ᠎ᠠ ᠲᠠᠯᠪᠢᠵᠠᠢ᠃ ᠡᠷᠬᠢᠮ ᠳᠡᠭᠡᠳᠦ ᠬᠤᠪᠢᠰᠭᠠᠯ᠎ᠤᠨ ᠬᠦᠰᠡᠯᠡᠩ᠎ᠢᠶᠠᠨ ᠡᠷᠡᠰ ᠪᠠᠲᠤ ᠪᠠᠷᠢᠮᠲᠠᠯᠠᠭ᠍ᠰᠠᠨ᠎ᠠᠴᠠ ᠨᠠᠮ᠎ᠤᠨ ᠲᠥᠪ ᠬᠤᠷᠢᠶ᠎ᠠ ᠪᠣᠯᠤᠨ ᠤᠯᠠᠭᠠᠨ ᠴᠡᠷᠢᠭ ᠰᠠᠶᠢ ᠠᠶᠤᠯ ᠲᠦᠭ᠌ᠰᠢᠭᠦᠷᠢ᠎ᠶ᠋ᠢ ᠠᠷᠢᠯᠭᠠᠨ᠂ ᠳᠤᠮᠳᠠᠳᠤ ᠤᠯᠤᠰ᠎ᠤᠨ ᠬᠤᠪᠢᠰᠭᠠᠯ ᠢᠯᠠᠯᠳᠠ ᠤᠯᠵᠤ ᠴᠢᠳᠠᠵᠠᠢ᠃ ᠥᠨᠥᠳᠦᠷ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠡᠭᠡᠷ᠎ᠠ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠶᠠᠭ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠡᠭᠦᠰᠴᠤ᠌᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠭᠦᠷᠭᠡ ᠬᠦᠨᠳᠦ ᠵᠠᠮ ᠬᠤᠯᠠ ᠪᠠᠢᠬᠤ᠎ᠶ᠋ᠢ ᠪᠢᠳᠡ ᠡᠷᠬᠡᠪᠰᠢ ᠰᠡᠷᠭᠡᠭ᠎ᠢᠶᠠᠷ ᠲᠠᠨᠢᠵᠤ ᠤᠯᠬᠤ ᠬᠡᠷᠡᠭ᠌ᠲᠡᠢ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠬ᠍ᠰᠠᠨ᠎ᠤ ᠲᠠᠷᠠᠭ᠎ᠠ᠂ ᠳᠤᠮᠳᠠᠳᠤ ᠤᠯᠤᠰ᠎ᠤᠨ ᠡᠪ ᠬᠠᠮᠲᠤᠴᠤᠳ ᠡᠷᠬᠡᠪᠰᠢ ᠬᠦᠰᠡᠯᠡᠩ ᠢᠲᠡᠭᠡᠯ ᠪᠢᠱᠢᠷᠡᠯ᠎ᠢᠶᠠᠨ ᠤᠯᠠᠮ ᠴᠢᠨᠠᠭ᠍ᠰᠢᠳᠠ ᠪᠠᠲᠤᠳᠭᠠᠵᠤ᠂ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠱᠠᠳᠤ᠂ ᠱᠢᠨ᠎ᠡ ᠠᠶᠠᠨ᠎ᠳᠤ ᠲᠤᠯᠭᠠᠷᠠᠵᠤ ᠮᠡᠳᠡᠬᠦ᠌ ᠡᠯ᠎ᠡ ᠵᠦᠢᠯ᠎ᠤᠨ ᠬᠦᠴᠢᠷᠳᠡᠯ᠎ᠢ ᠲᠠᠰᠤᠷᠠᠯᠳᠠ ᠦᠭᠡᠢ ᠱᠢᠢᠳᠪᠦᠷᠢᠯᠡᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠡᠷᠡᠯᠬᠡᠭ᠌ᠯᠡᠨ ᠤᠷᠤᠭ᠍ᠰᠢᠯᠠᠬᠤ ᠬᠡᠷᠡᠭ᠌ᠲᠡᠢ᠃
ᠽᠦᠨ ᠢ᠎ᠶ᠋ᠢᠨ ᠬᠤᠷᠠᠯᠳᠤᠭᠠᠨ᠎ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠦᠨᠡᠨ᠎ᠠᠴᠠ ᠵᠥᠪ᠎ᠢ ᠡᠷᠢᠬᠦ᠂ ᠦᠨᠡᠨ ᠶᠣᠰᠣ᠎ᠶ᠋ᠢ ᠪᠠᠷᠢᠮᠲᠠᠯᠠᠬᠤ᠂ ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠯᠤᠲᠤ ᠶᠡᠭᠡ ᠤᠯᠤᠰ ᠲᠥᠷᠥ᠎ᠶ᠋ᠢᠨ ᠰᠥᠰᠥ᠍ ᠵᠣᠷᠢᠭ᠎ᠢ ᠢᠯᠡᠷᠡᠭᠦᠯᠪᠡ᠃ ᠳ᠋ᠧᠩ ᠱᠢᠶᠤᠤ ᠫᠢᠩ ᠨᠥᠬᠦᠷ᠂ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭᠠᠨ᠎ᠤ ᠭᠤᠣᠯ ᠴᠢᠮᠥᠭᠡ ᠪᠣᠯ ᠳᠠᠷᠤᠢ ᠦᠨᠡᠨ᠎ᠠᠴᠠ ᠵᠥᠪ᠎ᠢ ᠡᠷᠢᠬᠦ᠌ ᠶᠠᠪᠤᠳᠠᠯ ᠪᠣᠯᠤᠨ᠎ᠠ᠃ ᠽᠦᠨ ᠢ᠎ᠶ᠋ᠢᠨ ᠬᠤᠷᠠᠯᠳᠤᠭᠠᠨ ᠳᠡᠭᠡᠷ᠎ᠡ ᠮᠠᠨ᠎ᠤ ᠨᠠᠮ ᠲᠠᠪᠤᠳᠤᠭᠠᠷ 《ᠪᠦᠰᠡᠯᠡᠨ ᠤᠰᠠᠳᠭᠠᠯᠲᠠ》 ᠶ᠋ᠢ ᠡᠰᠡᠷᠭᠦᠴᠡᠭ᠌ᠰᠡᠨ ᠪᠠ ᠠᠶᠠᠨ ᠲᠠᠢᠨ᠎ᠤ ᠡᠬᠢᠨ᠎ᠤ ᠦᠶ᠎ᠡ᠎ᠳᠤ ᠴᠡᠷᠢᠭ ᠲᠠᠢᠨ᠎ᠤ ᠲᠠᠯ᠎ᠠ᠎ᠪᠠᠷ ᠢᠯᠠᠭ᠍ᠳᠠᠭ᠍ᠰᠠᠨ ᠱᠢᠯᠲᠠᠭᠠᠨ᠎ᠢ ᠦᠨᠡᠨ᠎ᠠᠴᠠ ᠵᠦᠪ᠎ᠢ ᠡᠷᠢᠨ ᠵᠠᠳᠠᠯᠵᠤ᠂ ᠤᠯᠠᠭᠠᠨ ᠴᠡᠷᠢᠭ᠎ᠤᠨ ᠪᠠᠢᠯᠳᠤᠬᠤ ᠪᠤᠳᠤᠯᠭ᠎ᠠ ᠪᠠᠢᠯᠳᠤᠬᠤ ᠠᠷᠭ᠎ᠠ᠎ᠶ᠋ᠢᠨ ᠲᠠᠯ᠎ᠠ᠎ᠪᠠᠷ᠎ᠬᠢ ᠵᠥᠪ ᠪᠤᠷᠤᠭᠤ ᠠᠰᠠᠭᠤᠳᠠᠯ᠎ᠳᠤ ᠲᠣᠳᠣᠷᠬᠠᠢ ᠬᠠᠷᠢᠭᠤᠯᠲᠠ ᠥᠭ᠌ᠴᠦ᠂ ᠪᠦᠸᠧ ᠬᠦ᠍᠂ ᠯᠢ ᠳ᠋ᠧᠶ᠋ᠢᠨ ᠴᠡᠷᠢᠭ ᠲᠠᠢᠨ᠎ᠤ ᠵᠢᠯᠤᠭᠤᠳᠤᠯᠭ᠎ᠠ᠎ᠶ᠋ᠢᠨ ᠲᠠᠯ᠎ᠠ᠎ᠪᠠᠷ᠎ᠬᠢ ᠠᠯᠳᠠᠭ᠎ᠠ᠎ᠶ᠋ᠢ ᠵᠢᠭᠠᠨ ᠭᠠᠷᠭᠠᠵᠤ᠂ ᠮᠠᠤ ᠽᠧ ᠳ᠋ᠦᠩ ᠨᠥᠬᠦᠷ᠎ᠢᠶᠠᠷ ᠲᠥᠯᠥᠭᠡᠯᠡᠭᠦᠯᠦᠭ᠌ᠰᠡᠨ ᠴᠡᠷᠢᠭ ᠲᠠᠢᠨ᠎ᠤ ᠵᠥᠪ ᠱᠤᠭᠤᠮ᠎ᠢ ᠨᠤᠲᠠᠯᠠᠭ᠍ᠰᠠᠨ ᠪᠠᠢᠨ᠎ᠠ᠃ ᠽᠦᠨ ᠢ᠎ᠶ᠋ᠢᠨ ᠬᠤᠷᠠᠯᠳᠤᠭᠠᠨ᠎ᠨᠢ ᠮᠠᠷᠺᠰ᠎ᠤᠨ ᠦᠵᠡᠯ᠎ᠤᠨ ᠦᠨᠳᠦᠰᠦᠨ ᠤᠭ ᠶᠤᠰᠤ᠎ᠶ᠋ᠢ ᠳᠤᠮᠳᠠᠳᠤ ᠤᠯᠤᠰ᠎ᠤᠨ ᠬᠤᠪᠢᠰᠭᠠᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠳᠤᠮᠳᠠᠳᠤ ᠤᠯᠤᠰ᠎ᠤᠨ ᠬᠤᠪᠢᠰᠭᠠᠯ᠎ᠤᠨ ᠦᠨᠳᠦᠰᠦᠨ ᠴᠢᠭ᠌ᠯᠡᠯᠲᠡ ᠵᠠᠷᠴᠢᠮ᠎ᠢ ᠲᠣᠭ᠍ᠲᠠᠭᠠᠵᠤ᠂ ᠮᠠᠤ ᠽᠧ ᠳ᠋ᠦᠩ᠎ᠤᠨ ᠦᠵᠡᠯ ᠰᠠᠨᠠᠭᠠᠨ᠎ᠤ ᠪᠦᠷᠢᠯᠳᠦᠬᠦ᠌᠎ᠳᠤ ᠪᠠᠲᠤ ᠪᠠᠬᠢ ᠦᠵᠡᠯ ᠰᠠᠨᠠᠭ᠎ᠠ ᠤᠯᠤᠰ ᠲᠦᠷᠦ᠎ᠶ᠋ᠢᠨ ᠰᠠᠭᠤᠷᠢ᠎ᠶ᠋ᠢ ᠲᠠᠯᠪᠢᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠱᠢᠨ᠎ᠡ ᠠᠶᠠᠨ ᠵᠠᠮ᠎ᠢ ᠨᠡᠭᠡᠭᠡᠭ᠌ᠰᠡᠨ ᠪᠠᠢᠨ᠎ᠠ᠃ ᠥᠨᠥᠳᠦᠷ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠡᠭᠡᠷ᠎ᠠ᠂ ᠨᠡᠩ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠡᠮᠦᠨ᠎ᠡ᠂ ᠪᠢᠳᠡ ᠡᠷᠬᠡᠪᠰᠢ ᠦᠨᠡᠨ᠎ᠠᠴᠠ ᠵᠥᠪ᠎ᠢ ᠡᠷᠢᠵᠤ᠂ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠴᠤ᠌᠂ ᠮᠠᠨ᠎ᠤ ᠤᠯᠤᠰ ᠮᠥᠨ ᠯᠡ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠱᠢᠵᠤ ᠪᠠᠢᠬᠤ ᠪᠥᠭᠡᠳ ᠤᠷᠳᠤ ᠬᠤᠭᠤᠴᠠᠭ᠎ᠠ᠎ᠪᠠᠷ ᠣᠷᠣᠱᠢᠬᠤ ᠡᠨᠡ ᠬᠦ᠌ ᠤᠯᠤᠰ᠎ᠤᠨ ᠦᠨᠳᠦᠰᠦᠨ ᠪᠠᠢᠳᠠᠯ᠎ᠢ ᠰᠡᠷᠭᠡᠭ᠎ᠢᠶᠠᠷ ᠲᠠᠨᠢᠨ ᠵᠥᠪ ᠡᠵᠡᠮᠳᠡᠵᠦ᠍᠂ ᠵᠥᠪ ᠪᠠᠢᠯᠳᠤᠬᠤ ᠪᠤᠳᠤᠯᠭ᠎ᠠ ᠪᠠ ᠠᠷᠭ᠎ᠠ ᠪᠤᠳᠤᠯᠭ᠎ᠠ᠎ᠶ᠋ᠢ ᠪᠤᠳᠠᠳᠠᠢ᠎ᠲᠠᠢ ᠤᠶᠠᠯᠳᠤᠭᠤᠯᠤᠨ ᠲᠣᠭ᠍ᠲᠠᠭᠠᠵᠤ᠂ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠨᠡᠭᠡᠭᠡᠬᠦ᠌ ᠬᠡᠷᠡᠭ᠌ᠲᠡᠢ᠃
ᠽᠦᠨ ᠢ᠎ᠶ᠋ᠢᠨ ᠬᠤᠷᠠᠯᠳᠤᠭᠠᠨ ᠪᠣᠯ ᠮᠠᠨ᠎ᠤ ᠨᠠᠮ᠎ᠤᠨ ᠬᠢᠮᠤᠷᠠᠯ᠎ᠤᠨ ᠳᠤᠮᠳᠠ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠂ ᠵᠤᠷᠢᠭ᠍ᠳᠠᠢ᠎ᠪᠠᠷ ᠱᠢᠨ᠎ᠡ ᠵᠠᠮ᠎ᠢ ᠨᠡᠭᠡᠭᠡᠬᠦ᠌᠎ᠶ᠋ᠢᠨ ᠬᠡᠪ ᠳᠠᠭᠤᠷᠢᠶᠠᠯ ᠮᠥᠨ᠃ ᠽᠦᠨ ᠢ᠎ᠶ᠋ᠢᠨ ᠬᠤᠷᠠᠯᠳᠤᠭᠠᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌ ᠵᠠᠮ᠎ᠢᠶᠠᠷ ᠵᠠᠮᠨᠠᠭ᠍ᠰᠠᠨ ᠠᠭᠤᠤ ᠶᠡᠭᠡ ᠡᠬᠢᠯᠡᠯᠲᠡ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠡᠶ᠎ᠡ᠎ᠪᠠᠨ ᠳᠠᠭᠠᠭᠠᠵᠤ ᠳᠤᠮᠳᠠᠳᠤ ᠤᠯᠤᠰ᠎ᠤᠨ ᠬᠤᠪᠢᠰᠭᠠᠯ᠎ᠢ ᠤᠳᠤᠷᠢᠳᠤᠭ᠍ᠰᠠᠨ ᠡᠬᠢᠯᠡᠯᠳᠡ ᠮᠦᠨ᠃ ᠥᠨᠥᠳᠦᠷ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠡᠭᠡᠷ᠎ᠠ᠂ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠤ ᠡᠮᠦᠨ᠎ᠡ᠂ ᠪᠢᠳᠡ ᠨᠡᠩ ᠴᠤ᠌ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠶᠠᠪᠤᠳᠠᠯ᠎ᠢ ᠡᠷᠬᠡᠪᠰᠢ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠢᠶᠠᠨ ᠡᠵᠡᠨ ᠮᠡᠳᠡᠵᠦ᠍᠂ ᠥᠪᠡᠷ᠎ᠢᠶᠠᠨ ᠱᠢᠢᠳᠪᠦᠷᠢᠯᠡᠬᠦ᠌᠎ᠶ᠋ᠢ ᠪᠠᠷᠢᠮᠲᠠᠯᠠᠬᠤ ᠬᠡᠷᠡᠭ᠌ᠲᠡᠢ᠃ ᠪᠢᠳᠡ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠵᠠᠮ᠎ᠢᠶᠠᠷ ᠨᠡᠩ ᠡᠷᠡᠰ ᠭᠤᠢᠪᠢᠰᠢ ᠦᠭᠡᠢ ᠵᠠᠮᠨᠠᠵᠤ᠂ ᠤᠯᠤᠰ ᠲᠦᠷᠦ᠎ᠶ᠋ᠢᠨ ᠲᠤᠭ᠍ᠳᠠᠯ ᠬᠦᠴᠦᠨ ᠪᠠ ᠪᠠᠢᠯᠳᠤᠬᠤ ᠪᠤᠳᠤᠯᠭ᠎ᠠ᠎ᠶ᠋ᠢᠨ ᠲᠤᠭ᠍ᠳᠠᠯ ᠬᠦᠴᠦᠨ᠎ᠢᠶᠠᠨ ᠪᠠᠲᠤᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠡᠭᠡᠷ᠎ᠠ ᠢᠲᠡᠭᠡᠯ ᠲᠡᠭᠦᠯᠳᠡᠷ ᠤᠷᠤᠭ᠍ᠰᠢᠯᠠᠬᠤ ᠬᠡᠷᠡᠭ᠌ᠲᠡᠢ᠃
ᠽᠦᠨ ᠢ᠎ᠶ᠋ᠢᠨ ᠬᠤᠷᠠᠯᠳᠤᠭᠠᠨ᠎ᠨᠢ ᠠᠷᠠᠳᠴᠢᠯᠠᠯ ᠲᠥᠪᠯᠡᠷᠡᠯ᠎ᠤᠨ ᠶᠣᠰᠣᠨ᠎ᠤ ᠵᠠᠷᠴᠢᠮ᠎ᠢᠶᠠᠷ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭᠠᠯᠠᠬᠤ᠎ᠳᠤ ᠡᠷᠬᠢᠮ ᠨᠠᠨᠳᠢᠨ ᠲᠤᠷᠱᠢᠯᠭ᠎ᠠ ᠬᠠᠩᠭᠠᠪᠠ᠃ ᠭᠠᠵᠠᠷ ᠱᠢᠷᠣᠶ᠎ᠶ᠋ᠢᠨ ᠬᠤᠪᠢᠰᠭᠠᠯᠲᠤ ᠳᠠᠢᠨ᠎ᠤ ᠦᠶ᠎ᠡ᠎ᠳᠤ 《ᠵᠡᠭᠦᠨ》 ᠤ ᠬᠡᠯᠪᠡᠷᠢᠯ᠎ᠤᠨ ᠤᠳᠤᠷᠢᠳᠤᠭ᠍ᠴᠢᠳ ᠤᠯᠤᠰ ᠲᠥᠷᠥ᠎ᠶ᠋ᠢᠨ ᠲᠠᠯ᠎ᠠ᠎ᠪᠠᠷ ᠠᠢᠮᠠᠭ᠍ᠴᠢᠯᠠᠬᠤ ᠦᠵᠡᠯ ᠶᠠᠪᠤᠭᠤᠯᠵᠤ᠂ ᠠᠳᠠᠯᠢ ᠪᠤᠰᠤ ᠰᠠᠨᠠᠯ᠎ᠲᠠᠢ ᠨᠥᠬᠦᠳ᠎ᠲᠤ ᠴᠣᠬᠢᠯᠲᠠ ᠥᠭ᠌ᠴᠦ᠂ ᠨᠠᠮ᠎ᠤᠨ ᠳᠣᠲᠣᠭᠠᠳᠤ᠎ᠶ᠋ᠢᠨ ᠬᠡᠪ᠎ᠤᠨ ᠠᠮᠢᠳᠤᠷᠠᠯ᠎ᠢ ᠬᠦᠨᠳᠦ ᠨᠣᠴᠢᠲᠠᠶ ᠡᠪᠳᠡᠭ᠌ᠰᠡᠨ ᠪᠠᠢᠨ᠎ᠠ᠃ ᠽᠦᠨ ᠢ᠎ᠶ᠋ᠢᠨ ᠬᠤᠷᠠᠯᠳᠤᠭᠠᠨ᠎ᠳᠤ ᠠᠯᠳᠠᠭ᠎ᠠ ᠭᠠᠷᠭᠠᠭ᠍ᠰᠠᠨ ᠨᠥᠬᠦᠳ᠎ᠲᠤ ᠬᠠᠲᠠᠭᠤ ᠱᠢᠷᠦᠭᠦᠨ ᠲᠡᠮᠡᠴᠡᠯ ᠬᠢᠭ᠌ᠰᠡᠨ ᠦᠭᠡᠢ᠂ ᠬᠤᠷᠠᠯ ᠳᠡᠭᠡᠷ᠎ᠡ ᠱᠢᠭᠦᠮᠵᠢᠯᠡᠯ ᠪᠠ ᠥᠪᠡᠷ᠎ᠤᠨ ᠱᠢᠭᠦᠮᠵᠢᠯᠡᠯ ᠬᠢᠬᠦ᠌᠎ᠪᠠᠷ ᠳᠠᠮᠵᠢᠭᠤᠯᠤᠨ ᠠᠯᠳᠠᠭ᠎ᠠ ᠪᠤᠷᠤᠭᠤ᠎ᠪᠠᠨ ᠵᠠᠯᠠᠷᠠᠭᠤᠯᠤᠭ᠍ᠰᠠᠨ ᠮᠥᠷᠲᠡᠭᠡᠨ ᠨᠥᠬᠦᠳ᠎ᠢ ᠪᠦᠯᠬᠦᠮᠳᠡᠭᠦᠯᠵᠤ᠂ ᠠᠶᠤᠯ ᠲᠦᠭ᠌ᠰᠢᠭᠦᠷᠢ᠎ᠶ᠋ᠢ ᠠᠷᠢᠯᠭᠠᠭ᠍ᠰᠠᠨ ᠮᠥᠷᠲᠡᠭᠡᠨ ᠦᠵᠡᠯ ᠰᠠᠨᠠᠭ᠎ᠠ᠎ᠪᠠᠨ ᠨᠢᠭᠡᠳᠭᠡᠵᠦ᠍᠂ ᠡᠴᠦᠰ᠎ᠲᠡᠭᠡᠨ ᠬᠠᠮᠲᠤ᠎ᠶ᠋ᠢᠨ ᠲᠠᠨᠢᠯᠲᠠ᠎ᠲᠠᠢ ᠪᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠤᠨ᠂ ᠠᠶᠤᠯ ᠲᠦᠭ᠌ᠰᠢᠭᠦᠷᠢᠲᠡᠢ ᠦᠶ᠎ᠡ᠎ᠳᠤ ᠨᠠᠮ᠎ᠤᠨ ᠬᠠᠭᠠᠴᠠᠯ᠎ᠢ ᠠᠷᠢᠯᠭᠠᠵᠤ᠂ ᠨᠠᠮ᠎ᠤᠨ ᠪᠦᠯᠬᠦᠮᠳᠡᠯ᠎ᠢ ᠬᠠᠮᠠᠭᠠᠯᠠᠭ᠍ᠰᠠᠨ ᠪᠠᠢᠨ᠎ᠠ᠃ ᠽᠦᠨ ᠢ᠎ᠶ᠋ᠢᠨ ᠬᠤᠷᠠᠯᠳᠤᠭᠠᠨ᠎ᠤ ᠠᠷᠠᠳᠴᠢᠯᠠᠯ ᠪᠦᠯᠬᠦᠮᠳᠡᠯ᠎ᠤᠨ ᠵᠣᠷᠢᠭ ᠰᠠᠨᠠᠭ᠎ᠠ᠎ᠨᠢ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠪᠦᠬᠦ᠌ ᠨᠠᠮ᠎ᠢ ᠮᠠᠤ ᠽᠧ ᠳ᠋ᠦᠩ ᠨᠥᠬᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠨᠢᠭᠡᠳᠦᠭᠡᠷ ᠦᠶ᠎ᠡ᠎ᠶ᠋ᠢᠨ ᠲᠥᠪ ᠬᠤᠷᠢᠶᠠᠨ᠎ᠤ ᠤᠳᠤᠷᠢᠳᠭᠤ ᠬᠠᠮᠲᠤ᠎ᠶ᠋ᠢᠨ ᠲᠣᠭᠤᠷᠢᠨ᠎ᠳᠤ ᠪᠦᠯᠬᠦᠮᠳᠡᠭᠦᠯᠵᠦ᠍᠂ ᠬᠤᠪᠢᠰᠭᠠᠯ᠎ᠤᠨ ᠦᠢᠯᠡᠰ᠎ᠤᠨ ᠢᠯᠠᠯᠲᠠ᠎ᠠᠴᠠ ᠢᠯᠠᠯᠲᠠ ᠵᠦᠭ ᠲᠠᠰᠤᠷᠠᠯᠳᠠ ᠦᠭᠡᠢ ᠤᠷᠤᠭ᠍ᠰᠢᠯᠠᠬᠤ᠎ᠶ᠋ᠢ ᠠᠬᠢᠭᠤᠯᠪᠠ᠃ ᠥᠨᠥᠳᠦᠷ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠡᠭᠡᠷ᠎ᠠ᠂ ᠡᠯ᠎ᠡ ᠵᠦᠢᠯ᠎ᠤᠨ ᠬᠦᠴᠢᠷ ᠪᠡᠷᠬᠡᠱᠢᠶᠡᠯ ᠬᠠᠷᠰᠢ ᠰᠠᠭᠠᠳ᠎ᠤᠨ ᠡᠮᠦᠨ᠎ᠡ᠂ ᠪᠢᠳᠡ ᠠᠷᠠᠳᠴᠢᠯᠠᠯ ᠪᠦᠯᠬᠦᠮᠳᠡᠯ᠎ᠢᠶᠠᠨ ᠨᠡᠩ ᠴᠢᠩᠭᠠᠳᠭᠠᠵᠤ᠂ ᠠᠷᠠᠳ᠎ᠤᠨ ᠰᠠᠨᠠᠭ᠎ᠠ᠎ᠶ᠋ᠢ ᠥᠷᠭᠡᠨ᠎ᠢᠶᠠᠷ ᠰᠣᠨᠣᠰᠴᠤ᠌᠂ ᠠᠷᠠᠳ᠎ᠤᠨ ᠰᠠᠨᠠᠭ᠎ᠠ᠎ᠶ᠋ᠢ ᠥᠷᠭᠡᠨ᠎ᠢᠶᠠᠷ ᠨᠢᠭ᠍ᠲᠠᠷᠠᠭᠤᠯᠵᠤ᠂ ᠨᠠᠮ᠎ᠤᠨ ᠲᠥᠪ ᠬᠤᠷᠢᠶᠠᠨ᠎ᠤ ᠡᠷᠬᠡ ᠰᠦᠷ᠎ᠢ ᠡᠷᠡᠰ ᠬᠠᠮᠠᠭᠠᠯᠠᠵᠤ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠢᠯᠠᠯᠲᠠ᠎ᠶ᠋ᠢ ᠲᠡᠮᠡᠴᠡᠨ ᠤᠯᠬᠤ ᠬᠡᠷᠡᠭ᠌ᠲᠡᠢ᠃
ᠲᠡᠦᠬᠡ ᠪᠠᠯᠠᠷᠠᠰᠢ ᠦᠭᠡᠢ᠂ ᠵᠣᠷᠢᠭ ᠰᠠᠨᠠᠭ᠎ᠠ ᠮᠥᠩᠬᠡ ᠣᠷᠣᠱᠢᠨ᠎ᠠ! ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ ᠪᠣᠯ ᠮᠠᠨ᠎ᠤ ᠨᠠᠮ᠎ᠤᠨ ᠤᠯᠳᠠᠰᠢ ᠦᠭᠡᠢ ᠡᠷᠬᠢᠮ ᠨᠠᠨᠳᠢᠨ᠂ ᠴᠠᠭ ᠦᠶ᠎ᠡ᠎ᠠᠴᠠ ᠬᠡᠵᠢᠶᠡᠳᠡ ᠬᠤᠴᠣᠷᠬᠤ ᠦᠭᠡᠢ ᠤᠶᠤᠨ ᠰᠠᠨᠠᠭᠠᠨ᠎ᠤ ᠡᠳ᠋ ᠬᠦᠷᠦᠩᠭᠡ ᠮᠥᠨ᠃ ᠶᠡᠷᠦᠩᠬᠡᠢ ᠱᠦᠵᠢ ᠰᠢ᠎ᠶ᠋ᠢᠨ ᠫᠢᠩ 2015 ᠤᠨ᠂ 2021 ᠣᠨ᠎ᠳᠤ ᠭᠦᠢᠵᠧᠦ᠎ᠳᠤ ᠬᠤᠶᠠᠷ ᠤᠳᠠᠭ᠎ᠠ ᠱᠢᠨᠵᠢᠯᠡᠨ ᠪᠠᠢᠴᠠᠭᠠᠬᠤ᠎ᠳᠠᠭᠠᠨ᠂ ᠽᠦᠨ ᠢ᠎ᠶ᠋ᠢᠨ ᠬᠤᠷᠠᠯᠳᠤᠭᠠᠨ ᠪᠣᠯᠤᠨ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢᠨ ᠲᠤᠬᠠᠢ ᠴᠢᠬᠤᠯᠠ ᠥᠭᠦᠯᠡᠯᠲᠡ ᠬᠢᠵᠦ᠍᠂ 《ᠪᠢᠳᠡ ᠽᠦᠨ ᠢ᠎ᠶ᠋ᠢᠨ ᠬᠤᠷᠠᠯᠳᠤᠭᠠᠨ᠎ᠤ ᠲᠡᠦᠬᠡᠨ ᠲᠤᠷᠱᠢᠯᠭ᠎ᠠ᠎ᠶ᠋ᠢ ᠰᠠᠢᠲᠤᠷ ᠠᠱᠢᠠᠠᠯᠠᠵᠤ᠂ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠡᠭᠦᠷᠢᠳᠡ ᠤᠯᠠᠮᠵᠢᠯᠠᠨ ᠪᠠᠳᠠᠷᠠᠭᠤᠯᠬᠤ ᠬᠡᠷᠡᠭ᠌ᠲᠡᠢ》 ᠭᠡᠵᠤ ᠴᠢᠬᠤᠯᠠᠴᠢᠯᠠᠪᠠ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠡᠭᠡᠷ᠎ᠠ᠂ ᠪᠢᠳᠠ ᠠᠭᠤᠤ ᠶᠡᠭᠡ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠢᠳᠡᠭᠡᠯ ᠵᠤᠷᠢᠭ᠎ᠢᠶᠠᠨ ᠪᠠᠳᠤᠳᠭᠠᠨ ᠬᠦᠴᠢᠷᠳᠡᠯ᠎ᠢ ᠢᠯᠠᠨ ᠳᠠᠪᠠᠵᠤ᠂ ᠦᠨᠡᠨ᠎ᠠᠴᠠ ᠵᠥᠪ᠎ᠢ ᠡᠷᠢᠨ ᠱᠢᠨ᠎ᠡ ᠵᠠᠮ᠎ᠢ ᠨᠡᠭᠡᠭᠡᠵᠦ᠍᠂ ᠪᠡᠶ᠎ᠡ᠎ᠪᠠᠨ ᠳᠠᠭᠠᠭᠠᠵᠤ ᠡᠵᠡᠨ ᠮᠡᠳᠡᠨ ᠱᠢᠨ᠎ᠡ ᠪᠠᠢᠳᠠᠯ᠎ᠢ ᠡᠭᠦᠳᠴᠦ᠍᠂ ᠠᠷᠠᠳᠴᠢᠯᠠᠯ ᠪᠦᠯᠬᠦᠮᠳᠡᠯ᠎ᠢᠶᠠᠷ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠵᠡᠭᠡᠶ᠎ᠡ!
(ᠵᠣᠬᠢᠶᠠᠭ᠍ᠴᠢ᠎ᠶ᠋ᠢᠨ ᠪᠠᠢᠭᠤᠯᠭ᠎ᠠ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠤᠯᠤᠰ ᠲᠦᠷᠦ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ)

ᠽᠦᠨ ᠢ᠎ᠶ᠋ᠢᠨ ᠬᠤᠷᠠᠯᠳᠤᠭᠠᠨ
(ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠦᠷᠦ᠎ᠶ᠋ᠢᠨ ᠲᠣᠪᠴᠢᠶᠠᠨ᠎ᠤ ᠥᠷᠭᠡᠳᠭᠡᠭ᠌ᠰᠡᠨ ᠬᠤᠷᠠᠯ)
ᠴᠠᠭ᠄ 1935 ᠣᠨ᠎ᠤ 1 ᠰᠠᠷ᠎ᠠ᠎ᠶ᠋ᠢᠨ 15 ᠠᠴᠠ 17 ᠤ ᠡᠳᠦᠷ
ᠭᠠᠵᠠᠷ᠄ ᠭᠦᠢᠵᠧᠦ᠎ᠶ᠋ᠢᠨ ᠽᠦᠨ ᠢ
ᠦᠷ᠎ᠡ ᠪᠦᠲᠦᠭᠡᠯ᠄ ᠨᠢᠭᠡ ᠤᠳᠠᠭᠠᠨ᠎ᠤ ᠠᠭᠤᠤ ᠶᠡᠭᠡ ᠡᠷᠭᠢᠯᠲᠡ᠎ᠶ᠋ᠢᠨ ᠠᠴᠢ ᠬᠤᠯᠪᠣᠭ᠍ᠳᠠᠯ᠎ᠲᠠᠢ ᠴᠢᠬᠤᠯᠠ ᠬᠤᠷᠠᠯ ᠪᠣᠯᠤᠨ᠎ᠠ᠃ ᠮᠠᠤ ᠽᠧ ᠳ᠋ᠦᠩ ᠨᠥᠬᠦᠷ᠎ᠤᠨ ᠨᠠᠮ᠎ᠤᠨ ᠲᠥᠪ ᠬᠤᠷᠢᠶ᠎ᠠ ᠪᠠ ᠤᠯᠠᠭᠠᠨ ᠴᠡᠷᠢᠭ᠎ᠲᠠᠬᠢ ᠤᠳᠤᠷᠢᠳᠭᠤ ᠪᠠᠢᠷᠢ ᠰᠠᠭᠤᠷᠢ᠎ᠶ᠋ᠢ ᠲᠣᠭ᠍ᠲᠠᠭᠠᠵᠤ᠂ ᠮᠠᠤ ᠽᠧ ᠳ᠋ᠦᠩ ᠨᠥᠬᠦᠷ᠎ᠢᠶᠠᠷ ᠭᠤᠣᠯ ᠲᠥᠯᠥᠭᠡᠯᠡᠭ᠌ᠴᠢ᠎ᠪᠠᠨ ᠪᠣᠯᠭᠠᠭ᠍ᠰᠠᠨ ᠮᠠᠷᠺᠰ᠎ᠤᠨ ᠦᠵᠡᠯ᠎ᠤᠨ ᠵᠥᠪ ᠱᠤᠭᠤᠮ᠎ᠤᠨ ᠨᠠᠮ᠎ᠤᠨ ᠲᠥᠪ ᠬᠤᠷᠢᠶ᠎ᠠ᠎ᠳᠠᠬᠢ ᠤᠳᠤᠷᠢᠳᠭᠤ ᠪᠠᠢᠷᠢ ᠰᠠᠭᠤᠷᠢ᠎ᠶ᠋ᠢ ᠡᠬᠢᠯᠡᠨ ᠲᠣᠭ᠍ᠲᠠᠭᠠᠵᠤ᠂ ᠬᠠᠮᠤᠭ᠎ᠤᠨ ᠲᠦᠭ᠌ᠰᠢᠭᠦᠷᠢᠲᠡᠢ ᠦᠶ᠎ᠡ᠎ᠳᠤ ᠨᠠᠮ᠎ᠢ ᠠᠪᠤᠷᠠᠵᠤ᠂ ᠤᠯᠠᠭᠠᠨ ᠴᠡᠷᠢᠭ᠎ᠢ ᠠᠪᠤᠷᠠᠵᠤ᠂ ᠳᠤᠮᠳᠠᠳᠤ ᠤᠯᠤᠰ᠎ᠤᠨ ᠬᠤᠪᠢᠰᠭᠠᠯ᠎ᠢ ᠠᠪᠤᠷᠠᠵᠠᠢ᠃
ᠠᠬᠤᠢ ᠪᠠᠢᠳᠠᠯ᠎ᠤᠨ ᠦᠷᠭᠡᠳᠭᠡᠯ᠄ ᠬᠤᠷᠠᠯ᠎ᠠᠴᠠ ᠮᠠᠤ ᠽᠧ ᠳ᠋ᠦᠩ᠎ᠢ ᠨᠠᠮ᠎ᠤᠨ ᠲᠥᠪ ᠬᠤᠷᠢᠶᠠᠨ᠎ᠤ ᠤᠯᠤᠰ ᠲᠦᠷᠦ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠎ᠢᠶᠠᠷ ᠨᠡᠮᠡᠨ ᠰᠣᠩᠭᠤᠵᠤ᠂ ᠵᠠᠩ ᠸᠧᠨ ᠲᠢᠶᠠᠨ᠎ᠳᠤ ᠨᠠᠢᠳᠠᠨ 《ᠳᠠᠢᠰᠤᠨ᠎ᠤ ᠲᠠᠪᠤᠳᠤᠭᠠᠷ ᠤᠳᠠᠭᠠᠨ᠎ᠤ 〈ᠪᠦᠰᠡᠯᠡᠨ ᠤᠰᠠᠳᠭᠠᠯᠲᠠ〉 ᠶ᠋ᠢ ᠡᠰᠡᠷᠭᠦᠴᠡᠭ᠌ᠰᠡᠨ ᠲᠤᠬᠠᠢ ᠨᠠᠮ᠎ᠤᠨ ᠲᠥᠪ ᠬᠤᠷᠢᠶᠠᠨ᠎ᠤ ᠳ᠋ᠦᠩᠨᠡᠯᠲᠡ᠎ᠶ᠋ᠢᠨ ᠱᠢᠢᠳᠪᠦᠷᠢ》 ᠶ᠋ᠢ ᠲᠤᠭᠤᠷᠪᠢᠭᠤᠯᠵᠤ᠂ ᠤᠷᠳᠤ ᠵᠠᠮ᠎ᠤᠨ ᠠᠶᠠᠨ ᠲᠠᠢᠨ᠎ᠠᠴᠠ ᠡᠮᠦᠨ᠎ᠡ ᠪᠠᠢᠭᠤᠯᠤᠭ᠍ᠰᠠᠨ 《ᠭᠤᠷᠪᠠᠨ ᠬᠥᠮᠦᠨ᠎ᠤ ᠪᠦᠯᠬᠦᠮ》 ᠢ ᠬᠦᠴᠦᠨ ᠦᠭᠡᠢ ᠪᠣᠯᠭᠠᠪᠠ᠃ ᠬᠤᠷᠠᠯ᠎ᠤᠨ ᠳᠠᠷᠠᠭᠠᠬᠠᠨ ᠨᠠᠮ᠎ᠤᠨ ᠲᠥᠪ ᠬᠤᠷᠢᠶᠠᠨ᠎ᠤ ᠤᠯᠤᠰ ᠲᠦᠷᠦ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠤᠷᠢᠶ᠎ᠠ᠎ᠠᠴᠠ ᠵᠠᠩ ᠸᠧᠨ ᠲᠢᠶᠠᠨ᠂ ᠪᠦᠸᠧ ᠭᠦ᠋ᠶ᠋ᠢ ᠤᠷᠤᠯᠠᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠤ᠂ ᠮᠠᠤ ᠽᠧ ᠳ᠋ᠦᠩ᠂ ᠵᠧᠦ ᠡᠸᠨ ᠯᠠᠢ᠂ ᠸᠠᠩ ᠵᠢᠶᠠ ᠱᠢᠶᠠᠩ᠎ᠢᠶᠠᠷ ᠪᠦᠷᠢᠯᠳᠦᠭ᠌ᠰᠡᠨ ᠭᠤᠷᠪᠠᠨ ᠬᠥᠮᠦᠨ᠎ᠤ ᠳᠤᠭᠤᠢᠯᠠᠩ ᠪᠠᠢᠭᠤᠯᠵᠤ᠂ ᠪᠦᠬᠦ᠌ ᠴᠡᠷᠢᠭ᠎ᠤᠨ ᠴᠡᠷᠢᠭ᠎ᠤᠨ ᠶᠠᠪᠤᠳᠠᠯ᠎ᠤᠨ ᠠᠵᠢᠯᠯᠠᠭ᠎ᠠ᠎ᠶ᠋ᠢ ᠬᠠᠷᠢᠭᠤᠴᠠᠭᠤᠯᠬᠤ᠎ᠪᠠᠷ ᠲᠣᠭ᠍ᠲᠠᠪᠠ᠃
ᠦᠨᠡᠨ᠎ᠠᠴᠠ ᠵᠥᠪ᠎ᠢ ᠡᠷᠢᠬᠦ᠌
ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌
ᠵᠣᠷᠢᠭ᠍ᠲᠠᠶ᠎ᠪᠠᠷ ᠱᠢᠨ᠎ᠡ ᠵᠠᠮ ᠨᠡᠭᠡᠭᠡᠬᠦ᠌
ᠠᠷᠠᠳᠴᠢᠯᠠᠯ ᠪᠦᠯᠬᠦᠮᠳᠡᠯ
ᠪᠠᠲᠤ ᠢᠲᠡᠭᠡᠯ
ᠽᠦᠨ ᠢ᠎ᠶ᠋ᠢᠨ ᠬᠤᠷᠠᠯᠳᠤᠭᠠᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠭ᠍ᠰᠠᠨ ᠠᠭᠤᠤ ᠶᠡᠭᠡ ᠡᠬᠢᠯᠡᠯᠲᠡ ᠪᠤᠯᠤᠨ᠎ᠠ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠪᠡᠶ᠎ᠠ᠎ᠪᠠᠨ ᠳᠠᠭᠠᠭᠠᠵᠤ ᠳᠤᠮᠳᠠᠳᠤ ᠤᠯᠤᠰ᠎ᠤᠨ ᠬᠤᠪᠢᠰᠭᠠᠯ᠎ᠢ ᠤᠳᠤᠷᠢᠳᠤᠭ᠍ᠰᠠᠨ ᠡᠬᠢᠯᠡᠯᠳᠡ ᠪᠤᠯᠤᠨ᠎ᠠ᠃
ᠦᠨᠳᠦᠰᠦᠨ ᠱᠠᠳᠤᠨ᠎ᠤ ᠳᠠᠭᠤᠨ
ᠠᠵᠢᠯ᠎ᠢᠶᠠᠨ ᠠᠬᠢᠭᠤᠯᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ
ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢᠨ ᠴᠢᠬᠤᠯᠠ ᠴᠢᠨᠠᠷ᠎ᠢ ᠶᠠᠷᠢᠬᠤ᠎ᠳᠤ᠂ ᠬᠥᠬᠡᠬᠤᠲᠠ᠎ᠶ᠋ᠢᠨ ᠡᠳ᠋᠎ᠤᠨ ᠵᠠᠰᠠᠭ᠎ᠤᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠱᠢᠶᠦ᠋ᠩ᠄ 《ᠨᠠᠮ᠎ᠤᠨ ᠬᠤᠪᠢᠰᠭᠠᠯ᠎ᠤᠨ ᠤᠳᠤᠮᠱᠢᠯ ᠪᠣᠯ ᠲᠠᠶᠠᠭ᠍ᠳᠠᠵᠤ ᠪᠣᠯᠤᠰᠢ ᠥᠬᠡᠶ ᠤᠯᠠᠮᠵᠢᠯᠠᠯ ᠮᠥᠨ᠂ ᠲᠠᠶᠠᠭ᠍ᠳᠠᠵᠤ ᠪᠣᠯᠤᠰᠢ ᠥᠬᠡᠶ ᠦᠨᠳᠦᠰᠦᠨ ᠵᠦᠢᠯ ᠮᠥᠨ᠃ ᠮᠠᠨ᠎ᠤ ᠨᠠᠮ᠎ᠤᠨ ᠭᠡᠱᠢᠭᠦᠳ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭᠠᠨ᠎ᠤ ᠬᠦᠴᠦᠨ᠎ᠢ ᠱᠢᠩᠭᠡᠭᠡᠨ ᠠᠪᠬᠤ᠎ᠶ᠋ᠢᠨ ᠬᠠᠮᠲᠤ ᠠᠵᠢᠯ᠎ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠢ》 ᠭᠡᠵᠤ ᠬᠡᠯᠡᠪᠡ᠃
2018 ᠣᠨ᠎ᠤ 3 ᠰᠠᠷ᠎ᠠ᠎ᠠᠴᠠ 2021 ᠣᠨ᠎ᠤ 3 ᠰᠠᠷ᠎ᠠ ᠪᠣᠯᠲᠠᠯ᠎ᠠ᠂ ᠵᠠᠩ ᠴᠤᠤ ᠱᠢᠶᠦ᠋ᠩ ᠦᠴᠦᠸᠠᠨ ᠱᠢᠶᠠᠨ᠎ᠤ ᠳᠡᠭᠡᠷ᠎ᠠ ᠲᠤᠬᠤᠢ ᠱᠢᠶᠠᠩ᠎ᠤᠨ ᠰᠠᠨ ᠵᠢᠶᠠᠨ ᠹᠠᠩ ᠲᠣᠰᠭᠤᠨ᠎ᠳᠤ ᠰᠠᠭᠤᠵᠤ ᠶᠠᠳᠠᠭᠤ᠎ᠶ᠋ᠢ ᠲᠡᠳᠬᠦᠵᠦ᠍ ᠥᠩᠭᠡᠷᠡᠵᠡᠢ᠂ ᠡᠨᠡ ᠬᠦ᠌ ᠥᠩᠭᠡᠷᠡᠯᠲᠡ᠎ᠨᠢ ᠲᠡᠭᠦᠨ᠎ᠳᠤ ᠤᠷᠢᠳ ᠡᠮᠦᠨ᠎ᠡ ᠪᠠᠢᠭ᠎ᠠ ᠦᠭᠡᠢ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ᠎ᠢ ᠮᠡᠳᠡᠷᠡᠭᠦᠯᠵᠡᠢ᠃ 《ᠨᠢᠭᠡ ᠨᠠᠮ᠎ᠤᠨ ᠭᠡᠱᠢᠭᠦᠨ ᠪᠣᠯ ᠳᠠᠷᠤᠢ ᠨᠢᠭᠡᠨ ᠲᠤᠭ ᠲᠡᠮᠳᠡᠭ ᠮᠥᠨ᠃ ᠨᠢᠭᠡᠨ ᠺᠠᠳ᠋ᠷ ᠪᠣᠯᠤᠭ᠍ᠰᠠᠨ᠎ᠤ ᠬᠤᠪᠢ᠎ᠳᠤ᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠪᠠᠯ ᠰᠠᠶᠢ ᠴᠠᠭ ᠦᠶ᠎ᠡ᠎ᠶ᠋ᠢᠨ ᠬᠦᠨᠳᠦ ᠡᠭᠦᠷᠭᠡ᠎ᠶ᠋ᠢ ᠰᠠᠢᠲᠤᠷ ᠡᠭᠦᠷᠭᠡᠯᠡᠵᠦ᠍ ᠴᠢᠳᠠᠨ᠎ᠠ᠂ ᠬᠤᠢᠱᠢᠳᠠ᠎ᠶ᠋ᠢᠨ ᠠᠵᠢᠯ᠎ᠳᠠᠭᠠᠨ ᠪᠢ ᠨᠡᠩ ᠢᠯᠡᠭᠦᠦ ᠬᠡᠪ ᠳᠠᠭᠤᠷᠢᠶᠠᠯ ᠦᠵᠡᠭᠦᠯᠵᠤ᠂ ᠠᠵᠢᠯ᠎ᠤᠨ ᠱᠢᠯᠢᠳᠡᠭ ᠠᠮᠵᠢᠯᠲᠠ᠎ᠪᠠᠷ᠎ᠢᠶᠠᠨ ᠦᠵᠡᠰᠭᠦᠯᠡᠩᠲᠦ ᠰᠠᠢᠬᠠᠨ ᠬᠥᠬᠡᠬᠤᠲᠠ᠎ᠳᠤ ᠭᠡᠷᠡᠯ ᠭᠢᠯᠪᠠᠭ᠎ᠠ ᠨᠡᠮᠡᠷᠢᠯᠡᠨ᠎ᠡ》 ᠭᠡᠵᠦ᠍ ᠵᠠᠩ ᠴᠤᠤ ᠱᠢᠶᠦ᠋ᠩ ᠰᠡᠳᠭᠢᠯ ᠬᠥᠳᠡᠯᠦᠨ ᠬᠡᠯᠡᠪᠡ᠃
ᠵᠠᠯᠠᠭᠤᠴᠤᠳ᠎ᠤᠨ ᠵᠥᠪ ᠥᠷᠲᠡᠭ᠎ᠤᠨ ᠦᠵᠡᠯᠲᠡ᠎ᠲᠠᠢ ᠪᠤᠯᠬᠤ᠎ᠳᠤ ᠵᠢᠷᠤᠮᠯᠠᠯ ᠬᠠᠩᠭᠠᠨ᠎ᠠ
ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠭᠦᠨ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠪᠠᠭ᠍ᠰᠢ᠂ ᠭᠦᠨ ᠤᠬᠠᠭᠠᠨ᠎ᠤ ᠳ᠋ᠣᠺᠲ᠋ᠣᠷ ᠵᠠᠩ ᠬᠠᠢ ᠶᠠᠨ᠎ᠤ ᠦᠵᠡᠬᠦ᠌᠎ᠪᠠᠷ᠂ ᠶᠡᠭᠡ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠵᠠᠯᠠᠭᠤ ᠨᠢᠭᠡ ᠦᠶ᠎ᠡ᠎ᠶ᠋ᠢᠨ᠎ᠬᠢᠨ᠎ᠳᠤ ᠽᠦᠨ ᠢ᠎ᠶ᠋ᠢᠨ ᠬᠤᠷᠠᠯᠳᠤᠭᠠᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠬᠤᠪᠢᠰᠭᠠᠯᠳᠤ ᠦᠵᠡᠭᠦᠯᠦᠭ᠌ᠰᠡᠨ ᠣᠨᠴᠠᠭᠠᠢ ᠴᠢᠬᠤᠯᠠ ᠴᠢᠨᠠᠷ᠎ᠢ ᠭᠦᠢᠴᠡᠳ ᠤᠢ᠍ᠢᠯᠠᠭᠠᠭᠤᠯᠵᠤ᠂ ᠵᠠᠯᠠᠭᠤᠴᠤᠳ᠎ᠤᠨ ᠵᠥᠪ ᠦᠷᠳᠡᠭ᠎ᠤᠨ ᠦᠵᠡᠯᠲᠡ᠎ᠲᠠᠢ ᠪᠤᠯᠬᠤ᠎ᠳᠤ ᠵᠢᠷᠤᠮᠯᠠᠯ ᠬᠠᠩᠭᠠᠬᠤ ᠬᠠᠷᠢᠭᠤᠴᠠᠯᠭ᠎ᠠ᠎ᠲᠠᠢ ᠶᠤᠮ᠃
ᠲᠡᠷᠡ᠄ 《ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠳᠤ ᠠᠬᠠᠮᠠᠳ ᠨᠢᠭᠡ ᠦᠶ᠎ᠡ᠎ᠶ᠋ᠢᠨ ᠬᠤᠪᠢᠰᠭᠠᠯᠴᠢᠳ᠎ᠤᠨ ᠪᠠᠳᠤ ᠢᠳᠡᠭᠡᠯ᠂ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠂ ᠵᠤᠷᠢᠭ᠍ᠳᠠᠢ᠎ᠪᠠᠷ ᠱᠢᠨ᠎ᠡ ᠵᠠᠮ ᠨᠡᠭᠡᠭᠡᠬᠦ᠌ ᠵᠣᠷᠢᠭ ᠰᠠᠨᠠᠭ᠎ᠠ᠎ᠶ᠋ᠢ ᠰᠤᠷᠤᠯᠴᠠᠬᠤ ᠬᠡᠷᠡᠭ᠌ᠲᠡᠢ᠃ ᠵᠠᠯᠠᠭᠤ ᠨᠢᠭᠡ ᠦᠶ᠎ᠡ᠎ᠶ᠋ᠢᠨ᠎ᠬᠢᠨ ᠪᠣᠯ ᠡᠬᠡ ᠤᠯᠤᠰ᠎ᠤᠨ ᠢᠷᠡᠭᠡᠳᠦᠢ᠂ ᠦᠨᠳᠦᠰᠦᠲᠡᠨ᠎ᠤ ᠬᠦᠰᠡᠯ ᠡᠷᠡᠮᠡᠯᠵᠡᠯ ᠮᠥᠨ᠃ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ᠂ ᠪᠠᠢᠳᠠᠯ ᠡᠭᠡᠳᠡᠷᠡᠭᠡᠨ ᠪᠤᠳᠤᠯᠢᠶᠠᠨᠲᠠᠢ᠂ ᠵᠠᠯᠠᠭᠤᠴᠤᠳ ᠴᠠᠭ ᠦᠶ᠎ᠡ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠠᠴᠠ ᠱᠢᠮ᠎ᠡ ᠲᠡᠵᠢᠭᠡᠯ ᠪᠠ ᠬᠦᠴᠦᠨ ᠴᠢᠳᠠᠯ ᠱᠢᠩᠭᠡᠭᠡᠨ ᠠᠪᠴᠤ᠌᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠦᠢᠯᠡᠳᠦᠯᠭᠡ ᠳᠤᠮᠳᠠ ᠵᠠᠯᠠᠭᠤ ᠨᠠᠰᠤᠨ᠎ᠤ ᠬᠦᠰᠡᠯ ᠵᠡᠭᠦᠳᠦ᠎ᠪᠠᠨ ᠪᠡᠶᠡᠯᠡᠭᠦᠯᠬᠦ᠌ ᠬᠡᠷᠡᠭ᠌ᠲᠡᠢ》 ᠭᠡᠵᠤ ᠬᠡᠯᠡᠨ᠎ᠠ᠃
ᠲᠡᠮᠦᠷ ᠵᠠᠮ᠎ᠤᠨ ᠠᠮᠤᠷ ᠲᠦᠪᠱᠢᠨ᠎ᠢ ᠪᠠᠲᠤᠯᠠᠬᠤ ᠡᠷᠬᠢ ᠱᠤᠷᠠᠭ ᠪᠤᠯᠤᠨ᠎ᠠ
ᠬᠥᠬᠡᠬᠤᠲᠠ᠎ᠶ᠋ᠢᠨ ᠲᠡᠮᠦᠷ ᠵᠠᠮ᠎ᠤᠨ ᠲᠣᠪᠴᠢᠶ᠎ᠠ᠎ᠶ᠋ᠢᠨ ᠬᠥᠬᠡᠬᠤᠲᠠ᠎ᠶ᠋ᠢᠨ ᠠᠵᠢᠯ᠎ᠤᠨ ᠮᠠᠱᠢᠨ᠎ᠤ ᠬᠡᠰᠡᠭ᠎ᠤᠨ ᠵᠠᠮ ᠭᠠᠩᠨᠠᠬᠤ ᠲᠠᠰᠤᠭ᠎ᠤᠨ ᠬᠤᠸᠠᠩ ᠸᠧᠨ ᠪᠢᠨ ᠬᠠᠷᠠᠬᠠᠨ ᠪᠠᠭ᠎ᠠ᠎ᠠᠴᠠ᠎ᠪᠠᠨ ᠲᠡᠮᠦᠷ ᠵᠠᠮ᠎ᠤᠨ ᠠᠵᠢᠯᠲᠠᠨ ᠪᠣᠯᠬᠤ᠎ᠪᠠᠷ ᠵᠣᠷᠢᠭ ᠱᠢᠭᠤᠳᠴᠠᠶ᠂ ᠶᠡᠭᠡ ᠰᠤᠷᠭᠠᠭᠤᠯᠢ ᠱᠢᠯᠭᠠᠬᠤ ᠱᠢᠯᠭᠠᠯᠳᠠ᠎ᠳᠤ ᠡᠷᠡᠮᠡᠯᠵᠡᠯ ᠲᠠᠭ᠍ᠯᠠᠬᠤ᠎ᠳᠠᠭᠠᠨ ᠲᠡᠷᠡ ᠲᠡᠮᠦᠷ ᠵᠠᠮ᠎ᠤᠨ ᠶᠡᠭᠡ ᠳᠡᠭᠡᠳᠦ ᠰᠤᠷᠭᠠᠭᠤᠯᠢ᠎ᠳᠤ ᠨᠡᠷ᠎ᠡ ᠮᠡᠳᠡᠭᠦᠯᠵᠦ᠍᠂ ᠲᠡᠭᠦᠰᠦᠭ᠌ᠰᠡᠨ᠎ᠤ᠎ᠪᠠᠨ ᠳᠠᠷᠠᠭ᠎ᠠ ᠰᠠᠨᠠᠭ᠍ᠰᠠᠨ ᠶᠣᠰᠣᠭᠠᠷ᠎ᠢᠶᠠᠨ ᠲᠡᠮᠦᠷ ᠵᠠᠮ᠎ᠤᠨ ᠠᠵᠢᠯᠲᠠᠨ ᠪᠣᠯᠤᠭ᠍ᠰᠠᠨ ᠪᠠᠢᠨ᠎ᠠ᠃ ᠡᠨᠡ ᠵᠢᠯ ᠪᠣᠯ ᠲᠡᠭᠦᠨ᠎ᠤ ᠨᠢᠭᠡᠳᠦᠭᠡᠷ ᠹᠷᠣᠨᠲ᠎ᠲᠤ ᠠᠵᠢᠯᠯᠠᠭ᠍ᠰᠠᠨ ᠶᠢᠰᠦᠳᠦᠭᠡᠷ ᠵᠢᠯ ᠪᠣᠯᠤᠨ᠎ᠠ᠃
ᠬᠤᠸᠠᠩ ᠸᠧᠨ ᠪᠢᠨ᠎ᠤ ᠦᠵᠡᠬᠦ᠌᠎ᠪᠠᠷ᠂ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠬᠥᠮᠦᠨ ᠪᠦᠬᠦᠨ ᠰᠤᠷᠤᠯᠴᠠᠭᠤᠱᠢᠲᠠᠢ ᠶᠤᠮ᠃ ᠲᠡᠷᠡ᠄ 《ᠲᠡᠮᠦᠷ ᠵᠠᠮ᠎ᠤᠨ ᠵᠠᠯᠠᠭᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠬᠤᠪᠢᠰᠭᠠᠯ᠎ᠤᠨ ᠠᠬᠠᠮᠠᠳ ᠦᠶ᠎ᠡ᠎ᠶ᠋ᠢᠨ ᠱᠢᠯᠢᠳᠡᠭ ᠵᠠᠩ ᠴᠢᠨᠠᠷ᠎ᠢ ᠵᠠᠯᠭᠠᠮᠵᠢᠯᠠᠵᠤ᠂ ᠲᠡᠳᠡᠨ᠎ᠤ ᠵᠣᠷᠢᠭ ᠰᠠᠨᠠᠭ᠎ᠠ᠎ᠶ᠋ᠢ ᠰᠤᠷᠤᠯᠴᠠᠵᠤ᠂ ᠠᠵᠢᠯ᠎ᠳᠤ ᠣᠷᠣᠯᠴᠠᠭ᠍ᠰᠠᠨ ᠤᠭ ᠰᠠᠨᠠᠭ᠎ᠠ᠎ᠪᠠᠨ ᠪᠠᠲᠤ ᠴᠡᠭᠡᠵᠢᠯᠡᠵᠦ᠍᠂ ᠳᠤᠷᠠᠲᠠᠶ᠎ᠠ ᠲᠡᠮᠦᠷ ᠵᠠᠮ᠎ᠤᠨ ᠠᠮᠤᠷ ᠲᠦᠪᠱᠢᠨ᠎ᠢ ᠪᠠᠲᠤᠯᠠᠬᠤ ᠨᠢᠭᠡᠨ ᠡᠷᠭᠢ ᠱᠤᠷᠠᠭ ᠪᠣᠯᠤᠨ᠎ᠠ》 ᠭᠡᠵᠤ ᠬᠡᠯᠡᠪᠡ᠃
《ᠠᠵᠢᠯ᠎ᠤᠨ ᠳᠤᠮᠳᠠ᠎ᠪᠠᠨ᠂ ᠪᠢ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠨ ᠰᠠᠢᠲᠤᠷ ᠰᠤᠷᠤᠯᠴᠠᠵᠤ᠂ ᠲᠤᠮᠤ ᠬᠡᠯᠪᠡᠷᠢ᠎ᠶ᠋ᠢᠨ ᠵᠠᠮ ᠬᠠᠮᠠᠭᠠᠯᠠᠬᠤ ᠮᠠᠱᠢᠨ ᠲᠡᠷᠭᠡ᠎ᠶ᠋ᠢ ᠵᠠᠰᠠᠵᠤ ᠠᠷᠠᠴᠢᠯᠠᠬᠤ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠵᠠᠮ ᠱᠤᠭᠤᠮ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠨᠢᠭᠡ ᠨᠢᠭᠡ ᠮᠧᠲᠷ᠎ᠢᠶᠠᠷ ᠵᠠᠮ ᠱᠤᠭᠤᠮ᠎ᠤᠨ ᠭᠡᠮ ᠠᠷᠬᠠᠭ᠎ᠢ ᠣᠨᠣᠪᠴᠢᠲᠠᠢ ᠠᠷᠢᠯᠭᠠᠵᠤ᠂ ᠲᠡᠮᠤᠷ ᠵᠠᠮ᠎ᠢ ᠱᠢᠯᠤᠭᠤᠳᠭᠠᠵᠤ᠂ ᠲᠡᠭᠡᠭᠡᠪᠦᠷᠢ᠎ᠶ᠋ᠢ ᠰᠠᠭᠠᠳ ᠦᠭᠡᠢ ᠪᠤᠯᠭᠠᠬᠤ᠎ᠳᠤ ᠥᠪᠡᠷ᠎ᠤᠨ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠬᠤᠸᠠᠩ ᠸᠧᠨ ᠪᠢᠨ ᠢᠲᠡᠭᠡᠯ ᠳᠦᠭᠦᠷᠡᠩ ᠬᠡᠯᠡᠪᠡ᠃
ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠤ ᠦᠭ᠌ᠬᠦ᠎ᠶ᠋ᠢ ᠠᠵᠢᠯ᠎ᠤᠨ ᠨᠠᠷᠢᠨ ᠵᠦᠢᠯᠡᠰ᠎ᠲᠤ ᠨᠠᠢᠳᠠᠪᠤᠷᠢᠵᠢᠭᠤᠯᠤᠨ᠎ᠠ
《ᠱᠢᠨ᠎ᠡ ᠴᠠᠭ ᠦᠶ᠎ᠡ᠎ᠶ᠋ᠢᠨ ᠵᠠᠯᠠᠭᠤ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠨᠢ ᠮᠠᠨ᠎ᠤ ᠠᠵᠢᠯ᠎ᠳᠤ ᠮᠠᠰᠢ ᠴᠢᠬᠤᠯᠠ ᠵᠢᠯᠣᠭᠤᠳᠭᠤ ᠦᠢᠯᠡᠳᠦᠯ᠎ᠲᠠᠢ ᠶᠤᠮ》 ᠭᠡᠵᠤ ᠬᠥᠬᠡᠬᠤᠲᠠ᠎ᠶ᠋ᠢᠨ ᠬᠤᠲᠣᠩ ᠠᠷᠠᠳ᠎ᠤᠨ ᠲᠣᠭᠤᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶᠠᠨ᠎ᠤ ᠠᠷᠠᠳ᠎ᠤᠨ ᠴᠠᠭ᠍ᠳᠠᠭ᠎ᠠ ᠵᠣᠣ ᠢ ᠮᠢᠩ ᠽᠦᠨ ᠢ᠎ᠶ᠋ᠢᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢᠨ ᠴᠢᠬᠤᠯᠠ ᠴᠢᠨᠠᠷ᠎ᠲᠤ ᠥᠪᠡᠷ᠎ᠤᠨ ᠭᠡᠰᠡᠨ ᠣᠢᠯᠠᠭᠠᠯᠲᠠ᠎ᠲᠠᠢ ᠪᠠᠢᠯ᠎ᠠ᠃ ᠲᠡᠷᠡ᠂ ᠡᠳᠦᠷ ᠲᠤᠲᠤᠮ᠎ᠤᠨ ᠠᠵᠢᠯ᠎ᠳᠠᠭᠠᠨ ᠦᠨᠡᠨ᠎ᠠᠴᠠ ᠵᠥᠪ᠎ᠢ ᠡᠷᠢᠬᠦ᠌ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠵᠤ᠂ ᠣᠯᠠᠨ ᠲᠦᠮᠡᠨ᠎ᠲᠠᠢ ᠨᠢᠭ᠍ᠲᠠ ᠬᠠᠷᠢᠯᠴᠠᠵᠤ᠂ ᠣᠯᠠᠨ ᠲᠦᠮᠡᠨ᠎ᠳᠤ ᠦᠢᠯᠡᠴᠢᠯᠡᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠶ ᠭᠡᠵᠦ᠍ ᠦᠵᠡᠨ᠎ᠠ᠃
ᠥᠪᠡᠷ᠎ᠤᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠵᠤᠤ ᠢ ᠮᠢᠩ᠄ 《〈ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ᠍ ᠥᠭ᠌ᠭᠦᠨ᠎ᠡ〉 ᠭᠡᠬᠦ᠌ ᠦᠢᠯᠡᠳᠦᠯᠭᠡ᠎ᠶ᠋ᠢᠨ ᠠᠵᠢᠯᠯᠠᠭ᠎ᠠ᠎ᠲᠠᠢ ᠤᠶᠠᠯᠳᠤᠭᠤᠯᠵᠤ᠂ ᠤᠯᠠᠨ ᠲᠦᠮᠡᠨ᠎ᠤ ᠬᠠᠮᠤᠭ᠎ᠤᠨ ᠬᠠᠨᠤᠮᠵᠢ ᠦᠭᠡᠢ ᠠᠰᠠᠭᠤᠳᠠᠯ᠎ᠠᠴᠠ ᠡᠬᠢᠯᠡᠨ ᠥᠭᠡᠷᠡᠴᠢᠯᠡᠵᠦ᠍᠂ ᠤᠯᠠᠨ ᠲᠦᠮᠡᠨ᠎ᠤ ᠬᠦᠰᠡᠵᠦ᠍ ᠬᠦᠯᠢᠶᠡᠵᠤ ᠪᠠᠢᠭ᠎ᠠ ᠶᠠᠪᠤᠳᠠᠯ᠎ᠠᠴᠠ ᠡᠬᠢᠯᠡᠨ ᠬᠢᠵᠦ᠍᠂ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ᠍ ᠥᠭ᠌ᠬᠦ᠎ᠶ᠋ᠢ ᠠᠵᠢᠯ᠎ᠤᠨ ᠨᠠᠷᠢᠨ ᠵᠦᠢᠯᠡᠰᠲᠡᠭᠡᠨ ᠨᠠᠢᠳᠠᠪᠤᠷᠢᠵᠢᠭᠤᠯᠤᠨ᠎ᠠ》 ᠭᠡᠵᠤ ᠬᠡᠯᠡᠨ᠎ᠠ᠃
(ᠰᠤᠷᠪᠤᠯᠵᠢᠯᠠᠭ᠍ᠴᠢ ᠯᠢᠦ ᠶᠠᠨ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠸᠠᠩ ᠪᠢᠨ)