ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠍ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ — ᠥᠪᠥᠷ ᠮᠣᠩᠭᠤᠯ᠎ᠤᠨ ᠠᠵᠤ ᠦᠢᠯᠡᠳᠪᠦᠷᠢ᠎ᠶ᠋ᠢᠨ ᠶᠡᠭᠡ ᠰᠤᠷᠭᠠᠭᠤᠯᠢ᠎ᠶ᠋ᠢᠨ ᠠᠵᠤ ᠠᠬᠤᠶ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠴᠠᠩ ᠴᠢᠩ᠎ᠢ ᠰᠤᠷᠪᠤᠯᠵᠢᠯᠠᠭ᠍ᠰᠠᠨ᠎ᠨᠢ
2021-08-28 11:42:59
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

《ᠮᠡᠷᠭᠡᠵᠢᠯ᠎ᠢᠶᠠᠷ ᠬᠥᠲᠥᠯᠥᠨ ᠳᠠᠭᠠᠭᠤᠯᠬᠤ᠂ ᠬᠤᠪᠢᠷᠠᠯᠳᠠ ᠶᠡᠭᠡᠳᠡᠢ ᠨᠡᠢᠭᠡᠮ᠎ᠤᠨ ᠬᠦᠭ᠌ᠵᠢᠯᠳᠡ᠎ᠶ᠋ᠢᠨ ᠬᠠᠨᠳᠤᠰᠢ ᠲᠤᠤᠷ᠎ᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠠᠷᠢᠯᠴᠠᠨ ᠰᠤᠷᠤᠯᠴᠠᠬᠤ᠎ᠶ᠋ᠢ ᠲᠠᠭᠠᠯᠳᠤᠨ᠂ ᠣᠷᠣᠨ ᠪᠦᠰᠡ ᠠᠯᠤᠰᠯᠠᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠰᠣᠶᠣᠯ᠎ᠤᠨ ᠰᠣᠯᠢᠯᠴᠠᠭ᠎ᠠ ᠤᠯᠠᠮ᠎ᠢᠶᠠᠷ ᠨᠡᠮᠡᠭ᠌ᠳᠡᠨ᠎ᠡ᠃ ᠡᠢᠮᠦ᠎ᠠᠴᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠨᠠᠩ ᠡᠷᠲᠡ᠂ ᠨᠠᠩ ᠪᠣᠯᠪᠠᠰᠤᠷᠠᠩᠭᠤᠶ ᠡᠵᠡᠮᠱᠢᠬᠦ᠌ ᠪᠣᠯ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢᠨ ᠵᠠᠢᠯᠠᠰᠢ ᠥᠬᠡᠶ ᠬᠠᠨᠳᠤᠰᠢ ᠮᠥᠨ》᠃ ᠣᠢᠷ᠎ᠠ᠎ᠳᠤ᠂ ᠥᠪᠥᠷ ᠮᠣᠩᠭᠤᠯ᠎ᠤᠨ ᠠᠵᠤ ᠦᠢᠯᠡᠳᠪᠦᠷᠢ᠎ᠶ᠋ᠢᠨ ᠶᠡᠭᠡ ᠰᠤᠷᠭᠠᠭᠤᠯᠢ᠎ᠶ᠋ᠢᠨ ᠠᠵᠤ ᠠᠬᠤᠶ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠴᠠᠩ ᠴᠢᠩ ᠰᠤᠷᠪᠤᠯᠵᠢᠯᠠᠭ᠎ᠠ ᠬᠦ᠍ᠯᠢᠶᠡᠬᠦ᠌᠎ᠳᠡᠭᠡᠨ ᠡᠢᠨ ᠬᠦ᠌ ᠢᠯᠡᠳᠭᠡᠵᠦ᠍ ᠪᠠᠢᠯ᠎ᠠ᠃

ᠴᠠᠩ ᠴᠢᠩ᠎ᠤᠨ ᠰᠤᠳᠤᠯᠭᠠᠨ᠎ᠤ ᠬᠦᠷᠢᠶ᠎ᠡ ᠪᠣᠯ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠪᠠ ᠠᠵᠢᠯ᠎ᠤᠨ ᠠᠮᠵᠢᠯᠲᠠ ᠪᠦᠲᠦᠮᠵᠢ᠎ᠶ᠋ᠢᠨ ᠦᠨᠡᠯᠡᠯᠲᠡ ᠪᠤᠯᠤᠨ᠎ᠠ᠃ ᠭᠤᠤᠯᠳᠠᠭᠤ ᠱᠢᠨ᠎ᠡ᠎ᠶ᠋ᠢ ᠡᠭᠦᠳᠬᠦ᠌ ᠤᠯᠤᠰ᠎ᠢ ᠪᠥᠲᠥᠭᠡᠨ ᠪᠠᠢᠭᠤᠯᠬᠤ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠤᠷᠢᠨ᠎ᠳᠤ᠂ ᠮᠡᠷᠭᠡᠵᠢᠯ ᠪᠤᠯᠤᠨ ᠬᠠᠮᠢᠶᠠᠷᠤᠯᠲᠠ᠎ᠶ᠋ᠢ ᠬᠠᠷᠢᠯᠴᠠᠨ ᠤᠶᠠᠯᠳᠤᠭᠤᠯᠤᠭ᠍ᠰᠠᠨ ᠬᠡᠷᠡᠭ᠌ᠯᠡᠭᠡᠨ᠎ᠤ ᠰᠤᠳᠤᠯᠭᠠᠨ᠎ᠤ ᠵᠠᠭ᠍ᠪᠤᠷ᠎ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠭᠤᠤᠯᠯᠠᠬᠤ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠵᠠᠭ᠍ᠪᠤᠷ᠂ ᠠᠷᠭ᠎ᠠ ᠵᠠᠮ᠎ᠢ ᠰᠤᠳᠤᠯᠳᠠᠭ᠃ ᠴᠠᠩ ᠴᠢᠩ 《ᠥᠪᠥᠷ ᠮᠣᠩᠭᠤᠯ᠎ᠤᠨ ᠭᠠᠷᠮᠠᠭᠠᠢ ᠴᠢᠳᠠᠪᠤᠷᠢᠲᠠᠨ》᠂ 《ᠪᠦᠬᠦ᠌ ᠤᠯᠤᠰ᠎ᠤᠨ ᠱᠢᠯᠢᠳᠡᠭ ᠪᠠᠭ᠍ᠰᠢ》᠂ 《ᠰᠤᠷᠭᠠᠨ ᠬᠥᠮᠦᠵᠢᠯ᠎ᠤᠨ ᠶᠠᠮᠤᠨ᠎ᠤ ᠱᠢᠨ᠎ᠡ ᠵᠠᠭᠤᠨ᠎ᠤ ᠱᠢᠯᠢᠳᠡᠭ ᠴᠢᠳᠠᠪᠤᠷᠢᠲᠠᠨ》 ᠵᠡᠷᠭᠡ ᠢᠷᠠᠭᠤ ᠠᠯᠳᠠᠷ᠎ᠢ ᠬᠦᠷᠳᠡᠵᠦ᠍ ᠥᠩᠭᠡᠷᠡᠵᠡᠢ᠃ ᠲᠡᠷᠡ ᠲᠦᠷᠦᠭᠦᠦ ᠪᠦᠯᠦᠭ᠎ᠤᠨ ᠤᠯᠤᠰ᠎ᠤᠨ ᠱᠢᠨ᠎ᠡ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠥᠭᠡᠷᠡᠴᠢᠯᠡᠯᠲᠡ ᠊ᠦ᠋ᠯᠡᠳᠦᠯᠭᠡ᠎ᠶ᠋ᠢᠨ ᠲᠦᠷᠦᠯ ᠵᠦᠢᠯ ᠵᠢᠴᠢ ᠤᠯᠤᠰ᠎ᠤᠨ ᠲᠡᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ 6 ᠲᠦᠷᠦᠯ ᠵᠦᠢᠯ᠎ᠢ ᠡᠷᠬᠢᠯᠡᠨ ᠬᠦᠢᠴᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠱᠢᠯᠢᠳᠡᠭ ᠦᠷ᠎ᠡ ᠪᠦᠲᠦᠭᠡᠯ᠎ᠤᠨ ᠱᠠᠩᠨᠠᠯ᠎ᠢ ᠣᠯᠠᠨᠲᠠ ᠬᠦᠷᠳᠡᠵᠡᠢ᠃

ᠴᠠᠩ ᠴᠢᠩ᠂ ᠮᠡᠷᠭᠡᠵᠢᠯ᠎ᠤᠨ ᠲᠠᠭᠠᠭᠤᠯᠭ᠎ᠠ ᠳᠣᠣᠷᠠᠬᠢ ᠠᠵᠤ ᠠᠬᠤᠢ ᠨᠡᠢᠭᠡᠮ᠎ᠤᠨ ᠬᠥᠭ᠌ᠵᠢᠯᠲᠡ ᠪᠣᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠴᠢᠳᠠᠪᠤᠷᠢᠲᠠᠨ᠎ᠤ ᠬᠡᠷᠡᠭ᠌ᠴᠡᠭᠡ᠎ᠶ᠋ᠢᠨ ᠬᠠᠷᠢᠴᠠᠭᠠᠨ᠎ᠤ ᠲᠤᠬᠠᠢ ᠦᠪᠡᠷ᠎ᠤᠨ ᠦᠵᠡᠯᠳᠡ᠎ᠪᠠᠨ ᠡᠢᠨ ᠬᠦ᠌ ᠶᠠᠷᠢᠯ᠎ᠠ᠄ ᠵᠣᠬᠢᠶᠠᠮᠠᠯ ᠤᠶᠤᠨ᠂ ᠣᠲᠣ ᠦᠶ᠎ᠡ᠎ᠶ᠋ᠢᠨ ᠠᠮᠢᠳᠤ ᠪᠣᠳᠠᠰ᠂ ᠱᠢᠨ᠎ᠡ ᠡᠨᠧᠷᠭᠢ ᠪᠠ ᠺᠸᠠᠨ᠋ᠲ ᠴᠢᠮᠡᠭᠡ ᠬᠤᠯᠪᠣᠭ᠎ᠠ ᠵᠡᠷᠭᠡ ᠳᠡᠭᠡᠳᠦ ᠱᠢᠨ᠎ᠡ ᠮᠡᠷᠭᠡᠵᠢᠯ᠎ᠤᠨ ᠲᠦᠷᠭᠡᠨ ᠬᠥᠭ᠌ᠵᠢᠯᠲᠡ ᠵᠢᠴᠢ ᠬᠤᠲᠠ ᠪᠠᠯᠭᠠᠰᠤᠵᠢᠯᠲᠠ᠎ᠶ᠋ᠢᠨ ᠨᠣᠷᠮ᠎ᠠ᠎ᠶ᠋ᠢᠨ ᠤᠯᠠᠮ ᠨᠢᠭᠡ ᠠᠯᠬᠤᠮ ᠳᠡᠭᠡᠭ᠌ᠰᠢᠯᠡᠬᠦ᠌᠎ᠶ᠋ᠢ ᠳᠠᠭᠠᠯᠳᠤᠨ᠂ ᠨᠡᠢᠭᠡᠮ᠎ᠤᠨ ᠠᠵᠢᠯ᠎ᠤᠨ ᠪᠠᠢᠷᠢ᠎ᠶ᠋ᠢᠨ ᠪᠦᠲᠦᠴᠡ ᠪᠠ ᠲᠤᠭ᠎ᠠ ᠬᠡᠮᠵᠢᠶᠡᠨ᠎ᠤ ᠳᠠᠯ᠎ᠠ᠎ᠪᠠᠷ ᠤᠯᠠᠮ ᠨᠢᠭᠡ ᠠᠯᠬᠤᠮ ᠬᠤᠪᠢᠷᠠᠯᠳᠠ ᠭᠠᠷᠴᠤ᠌᠂ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠲᠣ ᠦᠶ᠎ᠡ᠎ᠶ᠋ᠢᠨ ᠠᠵᠤ ᠦᠢᠯᠡᠳᠪᠦᠷᠢ ᠪᠠ ᠦᠢᠯᠡᠴᠢᠯᠡᠭᠡᠨ᠎ᠤ ᠦᠢᠯᠡᠰ ᠡᠷᠭᠢᠯᠡᠬᠦ᠌ ᠬᠥᠮᠦᠨ ᠠᠮᠠ᠎ᠶ᠋ᠢᠨ ᠬᠠᠷᠢᠴᠠᠯ ᠤᠯᠠᠮ ᠴᠢᠨᠠᠭ᠍ᠰᠢᠳᠠ ᠨᠡᠮᠡᠭ᠌ᠳᠡᠬᠦ᠌ ᠪᠣᠯᠤᠨ᠎ᠠ᠃ ᠢᠷᠡᠭᠡᠳᠦᠢ᠎ᠳᠤ᠂ ᠨᠡᠢᠭᠡᠮ᠎ᠤᠨ ᠬᠥᠭ᠌ᠵᠢᠯᠲᠡ᠎ᠨᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠭ᠌ᠰᠡᠨ ᠴᠢᠳᠠᠪᠤᠷᠢᠲᠠᠨ᠎ᠳᠤ ᠤᠯᠠᠮ᠎ᠠᠴᠠ ᠤᠯᠠᠮ ᠲᠦᠱᠢᠭ᠌ᠯᠡᠬᠦ᠌ ᠪᠣᠯᠤᠨ᠎ᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠪᠣᠯᠤᠨ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠤᠨ ᠬᠠᠷᠢᠴᠠᠭᠠᠨ᠎ᠤ ᠳᠤᠬᠠᠢ ᠴᠠᠩ ᠴᠢᠩ ᠦᠪᠡᠷ᠎ᠤᠨ ᠦᠵᠡᠯᠳᠡ᠎ᠪᠠᠨ ᠢᠯᠡᠳᠭᠡᠪᠠ᠃ ᠳᠡᠬᠦᠨ᠎ᠤ ᠦᠵᠡᠬᠦ᠌᠎ᠪᠠᠷ᠂ ᠰᠣᠶᠣᠯ᠎ᠤᠨ ᠠᠭᠤᠰᠤᠯᠴᠠᠯ ᠪᠠ ᠦᠨᠳᠦᠰᠦᠲᠡᠨ᠎ᠤ ᠨᠡᠢᠲᠡᠯᠢᠭ ᠴᠢᠨᠠᠷ᠎ᠤᠨ ᠨᠡᠮᠡᠭ᠌ᠳᠡᠯ ᠪᠣᠯ ᠰᠣᠶᠣᠯ ᠪᠠ ᠦᠨᠳᠦᠰᠦᠲᠡᠨ᠎ᠤ ᠬᠥᠭ᠌ᠵᠢᠯᠲᠡ᠎ᠶ᠋ᠢᠨ ᠲᠦᠭᠡᠮᠡᠯ ᠵᠢᠮ᠎ᠡ ᠶᠣᠰᠣ ᠮᠥᠨ᠃ ᠳᠤᠮᠳᠠᠳᠤ᠎ᠶ᠋ᠢᠨ ᠦᠨᠳᠦᠰᠦᠲᠡᠨ ᠪᠣᠯᠤᠨ ᠡᠯ᠎ᠡ ᠦᠨᠳᠦᠰᠦᠲᠡᠨ᠎ᠨᠦᠭᠦᠳ᠎ᠤᠨ ᠬᠠᠷᠢᠴᠠᠭ᠎ᠠ ᠪᠣᠯ ᠨᠢᠭᠡᠨ ᠶᠡᠭᠡ ᠭᠡᠷ ᠪᠦᠯᠢ ᠪᠣᠯᠤᠨ ᠭᠡᠷ ᠪᠦᠯᠢ᠎ᠶ᠋ᠢᠨ ᠪᠦᠷᠢᠯᠳᠦᠬᠦᠨ᠎ᠤ ᠬᠠᠷᠢᠴᠠᠭ᠎ᠠ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠣᠯ ᠳᠤᠮᠳᠠᠳᠤ ᠤᠯᠤᠰ᠎ᠤᠨ ᠰᠣᠶᠣᠯ᠎ᠤᠨ ᠠᠴᠢᠶᠠᠯᠠᠪᠤᠷᠢ ᠪᠠ ᠪᠡᠯᠭᠡ ᠲᠡᠮᠳᠡᠭ᠂ ᠤᠯᠤᠰ᠎ᠢ ᠵᠠᠰᠠᠵᠤ ᠲᠦᠷᠦ᠎ᠶ᠋ᠢ ᠲᠦᠪᠱᠢᠳᠭᠡᠬᠦ᠌ ᠴᠢᠬᠤᠯᠠ ᠵᠡᠪᠰᠡᠭ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠨᠢ ᠤᠯᠤᠰ᠎ᠤᠨ ᠳᠣᠲᠣᠭᠠᠳᠤ ᠴᠢᠨᠠᠭ᠍ᠰᠢᠯᠠᠪᠠᠯ ᠳᠡᠯᠡᠬᠡᠢ᠎ᠶ᠋ᠢᠨ ᠮᠡᠳᠡᠯᠭᠡ᠎ᠶ᠋ᠢᠨ ᠰᠣᠯᠢᠯᠴᠠᠭ᠎ᠠ ᠪᠣᠯᠤᠨ ᠱᠢᠨ᠎ᠡ᠎ᠶ᠋ᠢ ᠡᠭᠦᠳᠬᠦ᠌ ᠶᠠᠪᠤᠴᠠ᠎ᠳᠤ ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠭᠦᠯᠵᠦ᠍ ᠪᠠᠢᠳᠠᠭ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ᠌ ᠪᠣᠯ ᠲᠡᠦᠬᠡ᠎ᠶ᠋ᠢᠨ ᠬᠥᠭ᠌ᠵᠢᠯᠲᠡ᠎ᠶ᠋ᠢᠨ ᠵᠠᠢᠯᠠᠰᠢ ᠦᠭᠡᠢ ᠬᠠᠨᠳᠤᠰᠢ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠱᠢᠬᠦ᠌ ᠪᠣᠯ ᠤᠯᠤᠰ᠎ᠤᠨ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠪᠠ ᠬᠠᠮᠳᠤ᠎ᠶ᠋ᠢᠨ ᠲᠠᠨᠢᠯᠳᠠ᠎ᠪᠠᠨ ᠴᠢᠩᠭᠠᠳᠭᠠᠬᠤ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ᠌ ᠲᠤᠮᠳᠠᠳᠤ ᠤᠯᠤᠰ᠎ᠤᠨ ᠠᠷᠠᠳ ᠢᠷᠭᠡᠨ᠎ᠤ ᠭᠦᠢᠴᠡᠳᠭᠡᠪᠡᠰᠦ ᠵᠣᠬᠢᠬᠤ ᠡᠭᠦᠷᠭᠡ ᠮᠥᠨ ᠬᠡᠪᠡ᠃

ᠦᠨᠳᠦᠰᠦᠲᠡᠨ᠎ᠤ ᠭᠠᠵᠠᠷ ᠣᠷᠣᠨ᠎ᠳᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢᠨ ᠴᠢᠬᠤᠯᠠ ᠠᠴᠢ ᠬᠤᠯᠪᠣᠭ᠍ᠳᠠᠯ᠎ᠤᠨ ᠲᠤᠬᠠᠢ ᠴᠠᠩ ᠴᠢᠩ᠂ ᠦᠭᠡ ᠬᠡᠯᠡ ᠦᠰᠦᠭ ᠪᠢᠴᠢᠭ᠎ᠢᠶᠠᠷ ᠰᠡᠳᠭᠢᠯ ᠰᠠᠨᠠᠭ᠎ᠠ᠎ᠪᠠᠨ ᠤᠢ᠍ᠢᠯᠠᠭᠠᠯᠴᠠᠳᠠᠭ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠨᠢ ᠭᠠᠵᠠᠷ ᠣᠷᠣᠨ᠎ᠤ ᠬᠤᠭᠤᠷᠣᠨᠳᠣᠬᠢ᠂ ᠦᠨᠳᠦᠰᠦᠲᠡᠨ᠎ᠤ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳᠤ ᠠᠱᠢᠭ᠍ᠲᠠᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠬᠥᠭ᠌ᠵᠢᠭᠦᠯᠬᠦ᠂ ᠰᠣᠶᠣᠯ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ᠌᠎ᠳᠤ ᠠᠱᠢᠭ᠍ᠲᠠᠢ ᠬᠡᠵᠦ᠍ ᠦᠵᠡᠨ᠎ᠡ᠃ ᠲᠡᠷᠡ᠎ᠪᠠᠷ᠂ ᠢᠷᠡᠭᠡᠳᠦᠶ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠭ᠎ᠠ ᠳᠤᠤᠷ᠎ᠠ ᠨᠡᠢᠭᠡᠮ᠎ᠤᠨ ᠬᠥᠭ᠌ᠵᠢᠯᠲᠡ ᠤᠯᠠᠮ᠎ᠢᠶᠠᠷ ᠲᠦᠷᠭᠡᠳᠬᠦ᠌᠎ᠶ᠋ᠢ ᠳᠠᠭᠠᠯᠳᠤᠨ᠂ ᠮᠡᠳᠡᠯᠭᠡ᠎ᠶ᠋ᠢᠨ ᠱᠢᠨᠡᠴᠢᠯᠡᠯᠲᠡ ᠴᠤ᠌ ᠤᠯᠠᠮ᠎ᠠᠴᠠ ᠤᠯᠠᠮ ᠲᠦᠷᠭᠡᠨ ᠪᠤᠯᠤᠨ᠎ᠠ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠨᠢ ᠦᠨᠳᠦᠰᠦᠲᠡᠨ᠎ᠤ ᠭᠠᠵᠠᠷ ᠣᠷᠣᠨ᠎ᠤ ᠰᠤᠷᠤᠭ᠍ᠴᠢᠳ᠎ᠤᠨ ᠱᠢᠨ᠎ᠡ ᠮᠡᠳᠡᠯᠭᠡ᠂ ᠱᠢᠨ᠎ᠡ ᠮᠡᠷᠭᠡᠵᠢᠯ᠎ᠢ ᠰᠤᠷᠤᠯᠴᠠᠨ ᠡᠵᠡᠮᠱᠢᠬᠦ᠂ ᠰᠣᠯᠢᠯᠴᠠᠭ᠎ᠠ ᠨᠡᠪᠲᠡᠷᠡᠯᠴᠡᠭᠡ ᠪᠠ ᠠᠵᠢᠯ ᠣᠯᠭᠤᠯᠲᠠ᠎ᠶ᠋ᠢᠨ ᠴᠢᠳᠠᠪᠤᠷᠢ᠎ᠶ᠋ᠢ ᠳᠡᠬᠡᠭ᠌ᠰᠢᠯᠡᠬᠦᠯᠬᠦ᠌᠎ᠳᠤ ᠠᠱᠢᠭ᠍ᠲᠠᠢ ᠮᠥᠷᠲᠡᠭᠡᠨ ᠪᠠᠰᠠ ᠦᠨᠳᠦᠰᠦᠲᠡᠨ᠎ᠤ ᠦᠭᠡ ᠬᠡᠯᠡᠨ᠎ᠤ ᠬᠥᠭ᠌ᠵᠢᠯᠲᠡ᠎ᠶ᠋ᠢ ᠬᠠᠮᠠᠭᠠᠯᠠᠨ ᠳᠡᠮᠵᠢᠵᠦ᠍᠂ ᠱᠢᠯᠢᠳᠡᠭ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠳᠤ ᠨᠡᠩ ᠰᠠᠢᠲᠤᠷ ᠦᠢᠯᠡᠴᠢᠯᠡᠵᠦ᠍ ᠴᠢᠳᠠᠨ᠎ᠠ ᠬᠡᠵᠦ᠍ ᠢᠯᠡᠷᠭᠡᠢᠯᠡᠵᠦ᠍ ᠪᠠᠢᠪᠠ᠃

ᠴᠠᠩ ᠴᠢᠩ᠎ᠤᠨ ᠦᠵᠡᠬᠦ᠌᠎ᠪᠠᠷ᠂ ᠦᠨᠳᠦᠰᠦᠲᠡᠨ᠎ᠤ ᠭᠠᠵᠠᠷ ᠣᠷᠣᠨ᠎ᠳᠤ ᠠᠪᠴᠤ᠌ ᠬᠡᠯᠡᠪᠡᠯ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠨᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠳᠤ ᠱᠠᠭᠠᠷᠳᠠᠭ᠍ᠳᠠᠬᠤ ᠴᠢᠳᠠᠪᠤᠷᠢᠲᠠᠨ᠎ᠢ ᠬᠥᠮᠦᠵᠢᠭᠦᠯᠬᠦ᠌᠎ᠳᠤ ᠲᠦᠢᠯ᠎ᠤᠨ ᠴᠢᠬᠤᠯᠠ ᠦᠢᠯᠡᠳᠦᠯ ᠦᠵᠡᠭᠦᠯᠦᠨ᠎ᠡ᠃ ᠡᠯ᠎ᠡ ᠦᠨᠳᠦᠰᠦᠲᠡᠨ᠎ᠤ ᠭᠠᠵᠠᠷ ᠣᠷᠣᠨ᠎ᠤ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠷᠲᠡᠬᠡᠨ ᠪᠣᠯᠪᠠᠰᠤᠷᠠᠩᠭᠤᠢ ᠡᠵᠡᠮᠱᠢᠪᠡᠯ ᠵᠣᠬᠢᠨ᠎ᠠ᠂ ᠡᠨᠡ᠎ᠨᠢ ᠥᠷᠭᠡᠨ ᠤᠯᠠᠨ ᠰᠤᠷᠤᠭ᠍ᠴᠢᠳ᠎ᠤᠨ ᠢᠷᠡᠭᠡᠳᠦᠢ᠎ᠶ᠋ᠢᠨ ᠨᠡᠢᠭᠡᠮ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠤ ᠵᠣᠬᠢᠴᠠᠬᠤ᠎ᠳᠤ ᠲᠦᠢᠯ᠎ᠤᠨ ᠴᠢᠬᠤᠯᠠ ᠦᠢᠯᠡᠳᠦᠯ᠎ᠲᠠᠢ ᠪᠦᠭᠡᠳ ᠰᠣᠶᠣᠯ᠎ᠤᠨ ᠴᠡᠴᠡᠭ᠌ᠯᠡᠯ ᠬᠥᠭ᠌ᠵᠢᠯ᠎ᠢ ᠠᠬᠢᠭᠤᠯᠬᠤ ᠴᠢᠬᠤᠯᠠ ᠲᠦᠯᠬᠢᠴᠡ ᠬᠦᠴᠦᠨ ᠪᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢᠨ ᠰᠠᠭᠤᠷᠢ ᠴᠢᠨᠠᠷᠲᠠᠢ ᠪᠠᠲᠤᠯᠠᠭ᠎ᠠ ᠪᠣᠯᠬᠤ ᠶᠤᠮ ᠬᠡᠯ᠎ᠡ᠃

ᠴᠠᠩ ᠴᠢᠩ᠂ ᠨᠡᠢᠭᠡᠮ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ᠂ ᠡᠯ᠎ᠡ ᠶᠡᠭᠡ ᠳᠡᠭᠡᠳᠦ ᠰᠤᠷᠭᠠᠭᠤᠯᠢ᠎ᠶ᠋ᠢᠨ᠎ᠬᠢᠨ ᠪᠠᠰᠠ ᠰᠤᠷᠭᠠᠭᠤᠯᠢ᠎ᠶ᠋ᠢᠨ ᠭᠠᠳᠠᠨᠠᠬᠢ ᠳᠠᠳᠤᠯᠭ᠎ᠠ᠂ ᠰᠤᠷᠭᠠᠭᠤᠯᠢ᠎ᠶ᠋ᠢᠨ ᠳᠣᠲᠣᠭᠠᠳᠤ᠎ᠶ᠋ᠢᠨ ᠱᠢᠨ᠎ᠡ᠎ᠶ᠋ᠢ ᠡᠭᠦᠳᠬᠦ᠌ ᠤᠷᠤᠯᠳᠤᠭᠠᠨ᠎ᠢ ᠵᠣᠬᠢᠶᠠᠨ ᠪᠠᠢᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠪᠦᠯᠬᠦᠮ ᠨᠡᠢᠲᠡ᠎ᠶ᠋ᠢᠨ ᠬᠠᠮᠲᠤᠷᠠᠯᠴᠠᠭ᠎ᠠ ᠰᠣᠯᠢᠯᠴᠠᠭ᠎ᠠ᠎ᠶ᠋ᠢᠨ ᠳᠤᠮᠳᠠ ᠥᠷᠭᠡᠨ ᠣᠯᠠᠨ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠬᠤ ᠪᠠ ᠠᠵᠢᠯ ᠤᠯᠬᠤ ᠴᠢᠳᠠᠪᠤᠷᠢ᠎ᠶ᠋ᠢ ᠨᠡᠮᠡᠭ᠌ᠳᠡᠭᠦᠯᠬᠦ᠌ ᠵᠡᠷᠭᠡ ᠲᠠᠯ᠎ᠠ᠎ᠳᠠᠬᠢ ᠴᠢᠬᠤᠯᠠ ᠦᠢᠯᠡᠳᠦᠯ ᠪᠠ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠭᠤᠯᠬᠤ ᠬᠡᠷᠡᠭ᠌ᠲᠡᠶ ᠭᠡᠵᠡᠶ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠣᠯ ᠤᠯᠠᠨ ᠲᠠᠯ᠎ᠠ᠎ᠶ᠋ᠢᠨ ᠬᠤᠯᠪᠣᠭᠠᠯᠠᠨ ᠬᠥᠳᠡᠯᠦᠯᠴᠡᠬᠦ᠌ ᠦᠢᠯᠡᠰ ᠮᠥᠨ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠥᠮᠦᠵᠢᠭᠦᠯᠦᠨ ᠬᠦᠳᠦᠯᠦᠨ ᠵᠢᠯᠣᠭᠤᠳᠴᠤ᠌ ᠪᠠᠢᠭᠠᠳ ᠦᠭᠡ ᠬᠡᠯᠡ ᠦᠰᠦᠭ ᠪᠢᠴᠢᠭ᠎ᠤᠨ ᠬᠥᠭ᠌ᠵᠢᠯᠲᠡ᠎ᠶ᠋ᠢᠨ ᠲᠡᠦᠬᠡ᠎ᠶ᠋ᠢᠨ ᠵᠢᠮ᠎ᠡ ᠶᠣᠰᠣ᠎ᠶ᠋ᠢ ᠵᠥᠪ ᠲᠠᠨᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠷᠡᠰ ᠭᠤᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ᠎ᠤᠨ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠤᠬᠠᠮᠰᠠᠷ᠎ᠠᠴᠠ᠎ᠪᠠᠨ ᠬᠠᠮᠠᠭᠠᠯᠠᠬᠤ ᠬᠡᠷᠡᠭ᠌ᠲᠡᠢ ᠬᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号