— ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌᠎ᠨᠢ
《ᠨᠠᠮ᠎ᠤᠨ ᠵᠠᠭᠤᠨ ᠵᠢᠯ᠎ᠤᠨ ᠲᠡᠦᠬᠡᠨ ᠶᠠᠪᠤᠴᠠ᠎ᠶ᠋ᠢ ᠡᠷᠭᠢᠴᠡᠭᠦᠯᠪᠡᠯ᠂ ᠨᠠᠮ᠎ᠤᠨ ᠦᠨᠳᠦᠰᠦᠲᠡᠨ᠎ᠤ ᠠᠵᠢᠯ᠎ᠤᠨ ᠣᠯᠤᠭ᠍ᠰᠠᠨ ᠬᠠᠮᠤᠭ᠎ᠤᠨ ᠶᠡᠭᠡ ᠠᠮᠵᠢᠯᠲᠠ ᠪᠦᠲᠦᠮᠵᠢ ᠪᠣᠯ ᠳᠠᠷᠤᠶ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠤᠷᠢᠯᠡᠬᠦ᠌ ᠵᠥᠪ ᠵᠠᠮ᠎ᠢ ᠨᠡᠭᠡᠭᠡᠭ᠌ᠰᠡᠨ ᠶᠠᠪᠤᠳᠠᠯ ᠪᠣᠯᠤᠨ᠎ᠠ》᠃ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠ ᠶᠠᠷᠢᠶ᠎ᠠ ᠲᠠᠯᠪᠢᠵᠤ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠤᠨ ᠵᠠᠭᠤᠨ ᠵᠢᠯ᠎ᠤᠨ ᠬᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡᠨ ᠠᠮᠵᠢᠯᠲᠠ ᠪᠦᠲᠦᠮᠵᠢ᠎ᠶ᠋ᠢ ᠪᠥᠬᠦ᠌ ᠲᠠᠯ᠎ᠠ᠎ᠪᠠᠷ ᠡᠷᠭᠢᠴᠡᠭᠦᠯᠵᠦ᠍᠂ ᠣᠳᠣᠬᠠᠨ᠎ᠤ ᠨᠠᠮ᠎ᠤᠨ ᠦᠨᠳᠦᠰᠦᠲᠡᠨ᠎ᠤ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠎ᠢ ᠭᠦᠨᠵᠡᠭᠡᠶ ᠵᠠᠳᠠᠯᠵᠤ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠠᠢ ᠲᠣᠳᠣᠷᠬᠠᠢᠯᠠᠨ ᠥᠭᠦᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠢᠯᠣᠭᠤᠳᠭᠤ ᠦᠵᠡᠯ ᠰᠠᠨᠠᠭ᠎ᠠ᠂ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠂ ᠭᠤᠤᠯᠳᠠᠯᠭ᠎ᠠ᠎ᠲᠠᠢ ᠡᠭᠦᠷᠭᠡ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠠᠯᠤᠰ ᠬᠡᠳᠦ᠎ᠶ᠋ᠢᠨ ᠵᠤᠷᠢᠯᠳᠠ᠎ᠲᠠᠢ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ ᠶᠠᠮᠠᠷ ᠲᠤᠭ᠎ᠢ ᠮᠠᠨᠳᠤᠭᠤᠯᠬᠤ᠂ ᠶᠠᠮᠠᠷ ᠵᠠᠮ᠎ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ᠎ᠳᠤ ᠱᠢᠨᠵᠢᠯᠡᠬᠦ᠌ ᠤᠬᠠᠭᠠᠨᠴᠢ ᠬᠠᠷᠢᠭᠤᠯᠲᠠ ᠥᠭ᠌ᠴᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ ᠤᠨᠤᠯ᠎ᠤᠨ ᠴᠢᠨᠠᠷᠲᠠᠢ ᠪᠠᠢᠵᠤ᠂ ᠨᠠᠮ᠎ᠤᠨ ᠲᠦᠷᠦ᠎ᠶ᠋ᠢ ᠵᠠᠰᠠᠬᠤ ᠠᠷᠭ᠎ᠠ ᠪᠤᠳᠤᠯᠭ᠎ᠠ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠬᠦᠷᠢᠶᠡᠨ᠎ᠳᠠᠬᠢ ᠲᠥᠪᠯᠡᠷᠡᠩᠭᠦᠢ ᠢᠯᠡᠷᠡᠯ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠤᠨ ᠳᠤᠮᠳᠠᠳᠤ ᠤᠯᠤᠰᠴᠢᠯᠠᠬ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠪᠠᠢᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃
ᠮᠠᠨ᠎ᠤ ᠨᠠᠮ ᠪᠠᠢᠭᠤᠯᠤᠭ᠍ᠳᠠᠭ᠍ᠰᠠᠨ ᠴᠠᠭ᠎ᠠᠴᠠ᠎ᠪᠠᠨ ᠠᠪᠤᠭᠠᠳ ᠳᠠᠷᠤᠢ ᠮᠠᠨ᠎ᠤ ᠤᠯᠤᠰ᠎ᠤᠨ ᠤᠯᠤᠰ᠎ᠤᠨ ᠪᠠᠢᠳᠠᠯ᠎ᠳᠤ ᠨᠡᠢᠴᠡᠭ᠌ᠰᠡᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠠᠮ᠎ᠢ ᠢᠳᠡᠪᠬᠢᠲᠡᠢ ᠰᠦᠪᠡᠭ᠌ᠴᠢᠯᠡᠭ᠌ᠰᠡᠨ ᠶᠤᠮ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠮᠠᠨ᠎ᠤ ᠨᠠᠮ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠢᠳᠠᠯ᠎ᠲᠠᠢ ᠪᠦᠲᠦᠭᠡᠯᠴᠢ᠎ᠪᠠᠷ ᠤᠶᠠᠯᠳᠤᠭᠤᠯᠵᠤ᠂ ᠦᠨᠳᠦᠰᠦᠲᠡᠨ᠎ᠤ ᠠᠰᠠᠭᠤᠳᠠᠯ᠎ᠢ ᠱᠢᠢᠳᠪᠤᠷᠢᠯᠡᠬᠦ᠌ ᠳᠤᠮᠳᠠᠳᠤ ᠤᠯᠤᠰ᠎ᠤᠨ ᠣᠨᠴᠠᠯᠢᠭ᠎ᠲᠠᠢ ᠵᠥᠪ ᠵᠠᠮ᠎ᠢᠶᠠᠷ ᠵᠠᠮᠨᠠᠵᠤ᠂ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠵᠤ᠂ ᠦᠨᠳᠦᠰᠦᠲᠡᠨ᠎ᠨᠦᠭᠦᠳ ᠡᠷᠬᠡ ᠲᠡᠭ᠌ᠰᠢ ᠪᠠᠢᠬᠤ᠎ᠶ᠋ᠢ ᠤᠯᠤᠰ ᠪᠠᠢᠭᠤᠯᠬᠤ ᠦᠨᠳᠦᠰᠦᠨ ᠵᠠᠷᠴᠢᠮ᠎ᠤᠨ ᠨᠢᠭᠡ ᠪᠣᠯᠭᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠲᠣᠭ᠍ᠲᠠᠭᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠲᠡᠦᠬᠡᠨ ᠳᠡᠭᠡᠷ᠎ᠡ ᠠᠩᠬ᠎ᠠ ᠤᠳᠠᠭ᠎ᠠ ᠵᠢᠩᠬᠢᠨᠢ᠎ᠪᠠᠷ ᠡᠷᠬᠡ ᠲᠡᠭ᠌ᠰᠢ ᠤᠯᠤᠰ ᠲᠦᠷᠦ᠎ᠶ᠋ᠢᠨ ᠡᠷᠬᠡ᠎ᠶ᠋ᠢ ᠣᠯᠵᠤ᠂ ᠬᠠᠮᠲᠤ᠎ᠪᠠᠷ ᠡᠷᠬᠡ ᠮᠡᠳᠡᠨ ᠡᠵᠡᠨ ᠰᠠᠭᠤᠵᠤ᠂ ᠬᠠᠭᠤᠴᠢᠨ ᠳᠤᠮᠳᠠᠳᠤ ᠤᠯᠤᠰ᠎ᠤᠨ ᠦᠨᠳᠦᠰᠦᠲᠡᠨ᠎ᠤ ᠳᠠᠷᠤᠯᠠᠯ᠂ ᠲᠡᠮᠡᠴᠡᠯᠳᠦᠭᠡᠨ᠎ᠤ ᠵᠣᠪᠠᠯᠠᠩᠲᠤ ᠲᠡᠦᠬᠡ᠎ᠶ᠋ᠢ ᠡᠴᠦᠰᠯᠡᠭᠦᠯᠵᠦ᠍᠂ ᠦᠨᠳᠦᠰᠦᠲᠡᠨ᠎ᠨᠦᠭᠦᠳ᠎ᠤᠨ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠩᠭᠤᠢ ᠬᠠᠷᠢᠴᠠᠭ᠎ᠠ᠎ᠶ᠋ᠢ ᠬᠥᠭ᠌ᠵᠢᠭᠦᠯᠬᠦ᠌ ᠱᠢᠨ᠎ᠡ ᠴᠠᠭ ᠦᠶ᠎ᠡ᠎ᠶ᠋ᠢ ᠨᠡᠭᠡᠭᠡᠪᠡ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠦᠨᠳᠦᠰᠦᠲᠡᠨ᠎ᠤ ᠠᠵᠢᠯ᠎ᠤᠨ ᠲᠤᠬᠠᠢ ᠠᠯᠢ ᠤᠯᠠᠨ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠬᠢᠵᠦ᠍᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠠᠬᠢᠭᠤᠯᠤᠨ ᠲᠡᠦᠬᠡᠲᠦ ᠴᠢᠨᠠᠷᠲᠠᠢ ᠱᠢᠨ᠎ᠡ ᠠᠮᠵᠢᠯᠲᠠ ᠣᠯᠵᠠᠢ᠃ ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠤᠨ ᠬᠥᠮᠦᠨ ᠮᠡᠲᠦ ᠳᠣᠲᠣᠨᠣ ᠪᠠᠢᠵᠤ᠂ ᠳᠤᠮᠳᠠᠳᠤ᠎ᠶ᠋ᠢᠨ ᠵᠡᠭᠦᠳᠦ᠎ᠶ᠋ᠢ ᠰᠡᠳᠭᠢᠯ ᠨᠢᠭᠡᠳᠦᠨ ᠬᠠᠮᠲᠤ᠎ᠪᠠᠷ ᠲᠡᠷᠭᠡᠯᠱᠢᠭᠦᠯᠦᠨ᠎ᠡ᠂ ᠡᠨᠡ ᠪᠣᠯ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠤᠨ ᠠᠮᠢᠳᠤᠯᠢᠭ ᠵᠢᠷᠤᠭ᠍ᠯᠠᠯ ᠪᠣᠯᠬᠤ ᠪᠥᠭᠡᠳ ᠪᠠᠰᠠ ᠴᠤ᠌ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠱᠢᠨ᠎ᠡ᠎ᠶ᠋ᠢ ᠡᠭᠦᠳᠦᠨ ᠠᠬᠢᠭᠤᠯᠤᠭ᠍ᠰᠠᠨ ᠢᠯᠡ ᠲᠣᠳᠣ ᠣᠨᠴᠠᠯᠢᠭ ᠪᠣᠯᠤᠨ᠎ᠠ᠃ ᠨᠠᠮ᠎ᠤᠨ ᠦᠨᠳᠦᠰᠦᠲᠡᠨ᠎ᠤ ᠣᠨᠣᠯ ᠪᠠ ᠴᠢᠭ᠌ᠯᠡᠯᠲᠡ ᠲᠥᠷᠥ᠎ᠶ᠋ᠢᠨ ᠪᠣᠳᠣᠯᠭ᠎ᠠ ᠪᠣᠯ ᠵᠥᠪ ᠣᠨᠣᠪᠴᠢᠲᠠᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠠᠮ ᠪᠣᠯ ᠵᠥᠪ ᠣᠨᠣᠪᠴᠢᠲᠠᠢ ᠶᠤᠮ᠂ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠪᠡᠶᠡᠯᠡᠭᠦᠯᠵᠦ᠍ ᠴᠢᠳᠠᠨ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠰᠠᠶᠢ ᠡᠯ᠎ᠡ ᠦᠨᠳᠦᠰᠦᠲᠡᠨ᠎ᠢ ᠨᠢᠭ᠍ᠲᠠᠷᠠᠭᠤᠯᠵᠤ᠂ ᠡᠯ᠎ᠡ ᠦᠨᠳᠦᠰᠦᠲᠡᠨ᠎ᠢ ᠬᠥᠭ᠌ᠵᠢᠭᠦᠯᠵᠦ᠍᠂ ᠡᠯ᠎ᠡ ᠦᠨᠳᠦᠰᠦᠲᠡᠨ᠎ᠢ ᠴᠡᠴᠡᠭ᠌ᠯᠡᠭᠦᠯᠵᠦ᠍ ᠴᠢᠳᠠᠨ᠎ᠠ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠪᠡ᠃
ᠥᠭᠡᠷᠡᠴᠢᠯᠡᠯᠲᠡ ᠨᠡᠭᠡᠭᠡᠯᠳᠡ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠮᠠᠨ᠎ᠤ ᠨᠠᠮ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠭᠡᠷ ᠪᠦᠯᠢ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭ᠍ᠴᠠᠯᠠᠬᠤ ᠵᠡᠷᠭᠡ ᠣᠢᠯᠠᠭᠠᠭ᠍ᠳᠠᠬᠤᠨ᠎ᠢ ᠴᠢᠬᠤᠯᠠᠴᠢᠯᠠᠵᠤ᠂ ᠤᠳᠤᠮ ᠤᠯᠠᠮᠵᠢᠯᠠᠯ ᠨᠢᠭᠡᠲᠡᠢ ᠮᠥᠷᠲᠡᠭᠡᠨ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠨ ᠨᠠᠮ᠎ᠤᠨ ᠦᠨᠳᠦᠰᠦᠲᠡᠨ᠎ᠤ ᠤᠨᠤᠯ ᠪᠠ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠵᠤ᠂ ᠦᠨᠳᠦᠰᠦᠲᠡᠨ᠎ᠤ ᠠᠰᠠᠭᠤᠳᠠᠯ᠎ᠢ ᠡᠵᠡᠮᠳᠡᠬᠦ᠂ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌ ᠡᠷᠬᠢᠮ ᠨᠠᠨᠳᠢᠨ ᠲᠤᠷᠱᠢᠯᠭ᠎ᠠ᠎ᠶ᠋ᠢ ᠬᠤᠷᠠᠮᠳᠤᠭᠤᠯᠵᠤ᠂ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠨᠠᠮ᠎ᠤᠨ ᠴᠢᠬᠤᠯᠠ ᠦᠵᠡᠯ ᠰᠠᠨᠠᠭ᠎ᠠ᠎ᠶ᠋ᠢ ᠪᠦᠷᠢᠯᠳᠦᠭᠦᠯᠪᠡ᠃ ᠶᠡᠷᠦᠩᠬᠡᠢ ᠱᠦᠵᠢ ᠰᠢ᠎ᠶ᠋ᠢᠨ ᠫᠢᠩ 12 ᠲᠠᠯ᠎ᠠ᠎ᠠᠴᠠ ᠨᠡᠪᠲᠡᠷᠬᠡᠢ ᠬᠤᠷᠢᠶᠠᠩᠭᠤᠢᠯᠠᠯ ᠬᠢᠪᠡ᠂ ᠲᠤᠬᠠᠢᠯᠠᠪᠠᠯ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠢᠷᠢ᠎ᠶ᠋ᠢ ᠡᠵᠡᠮᠳᠡᠬᠦ᠌ ᠬᠡᠷᠡᠭ᠌ᠲᠡᠢ; ᠡᠷᠬᠡᠪᠰᠢ ᠦᠨᠳᠦᠰᠦᠲᠡᠨ᠎ᠨᠦᠭᠦᠳ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠥᠯᠥᠭᠡ ᠬᠠᠮᠲᠤ᠎ᠪᠠᠷ ᠲᠡᠮᠡᠴᠡᠬᠦ᠌᠎ᠶ᠋ᠢ ᠠᠬᠢᠭᠤᠯᠬᠤ ᠶᠠᠪᠤᠳᠠᠯ᠎ᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠡᠭᠦᠷᠭᠡ ᠪᠣᠯᠭᠠᠬᠤ ᠬᠡᠷᠡᠭ᠌ᠲᠡᠢ; ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠢᠵᠢᠮ ᠪᠣᠯᠭᠠᠬᠤ ᠬᠡᠷᠡᠭ᠌ᠲᠡᠢ; ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠵᠥᠪ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠬᠤ ᠬᠡᠷᠡᠭ᠌ᠲᠡᠢ; ᠡᠷᠬᠡᠪᠰᠢ ᠦᠨᠳᠦᠰᠦᠲᠡᠨ᠎ᠨᠦᠭᠦᠳ ᠴᠥᠮ ᠡᠷᠬᠡ ᠲᠡᠭ᠌ᠰᠢ ᠪᠠᠢᠬᠤ᠎ᠶ᠋ᠢ ᠪᠠᠷᠢᠮᠲᠠᠯᠠᠬᠤ ᠬᠡᠷᠡᠭ᠌ᠲᠡᠢ; ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠬᠤ ᠬᠡᠷᠡᠭ᠌ᠲᠡᠶ; ᠡᠷᠬᠡᠪᠰᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠬᠡᠷᠡᠭ᠌ᠲᠡᠢ; ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ ᠬᠡᠷᠡᠭ᠌ᠲᠡᠶ; ᠡᠷᠬᠡᠪᠰᠢ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭ᠌ᠲᠡᠢ; ᠡᠷᠬᠡᠪᠰᠢ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ᠎ᠶ᠋ᠢ ᠪᠠᠷᠢᠮᠲᠠᠯᠠᠬᠤ ᠬᠡᠷᠡᠭ᠌ᠲᠡᠢ; ᠡᠷᠬᠡᠪᠰᠢ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠬᠤ ᠬᠡᠷᠡᠭ᠌ᠲᠡᠢ; ᠡᠷᠬᠡᠪᠰᠢ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠬᠡᠷᠡᠭ᠌ᠲᠡᠢ᠃ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠨᠠᠮ᠎ᠤᠨ ᠦᠨᠳᠦᠰᠦᠲᠡᠨ᠎ᠤ ᠠᠵᠢᠯ᠎ᠤᠨ ᠤᠨᠤᠯ ᠪᠠ ᠦᠢᠯᠡᠳᠦᠯᠭᠡ᠎ᠶ᠋ᠢᠨ ᠤᠶᠤᠨ ᠤᠬᠠᠭᠠᠨ᠎ᠤ ᠲᠠᠯᠠᠰᠳᠤ ᠮᠥᠨ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠦᠨᠳᠦᠰᠦᠨ ᠵᠢᠷᠤᠮᠯᠠᠯ ᠮᠥᠨ᠂ ᠪᠦᠬᠦ᠌ ᠨᠠᠮ᠎ᠢᠶᠠᠷ᠎ᠢᠶᠠᠨ ᠡᠷᠬᠡᠪᠰᠢ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ᠎ᠪᠠᠷ ᠡᠵᠡᠮᠳᠡᠨ ᠲᠤᠭᠤᠱᠢᠯᠠᠭᠤᠯᠬᠤ ᠬᠡᠷᠡᠭ᠌ᠲᠡᠢ᠃
ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠷᠭᠦᠯᠵᠢᠯᠡᠨ ᠲᠡᠮᠡᠴᠡᠬᠦ᠌᠎ᠪᠠᠷ ᠳᠠᠮᠵᠢᠨ᠂ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠡᠬᠡ ᠭᠠᠵᠠᠷ᠎ᠲᠤ ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ᠎ᠤ ᠭᠠᠵᠠᠷ ᠣᠷᠣᠨ᠎ᠢ ᠪᠠᠭ᠍ᠲᠠᠭᠠᠭ᠍ᠰᠠᠨ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠢᠶᠠᠨ ᠡᠬᠢᠯᠡᠭᠦᠯᠵᠡᠢ᠃ ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠣᠨᠣᠪᠴᠢᠲᠠᠢ ᠡᠵᠡᠮᠱᠢᠨ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠬᠡᠷᠡᠭ᠌ᠲᠡᠢ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠤᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠦ᠍᠂ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠠᠯᠬᠤᠭ᠎ᠠ᠎ᠪᠠᠨ ᠲᠦᠷᠭᠡᠳᠭᠡᠬᠦ᠌᠎ᠶ᠋ᠢ ᠠᠬᠢᠭᠤᠯᠵᠦ᠍᠂ ᠦᠨᠳᠦᠰᠦᠲᠡᠨ᠎ᠤ ᠬᠡᠷᠡᠭ ᠶᠠᠪᠤᠲᠠᠯ᠎ᠤᠨ ᠵᠠᠰᠠᠯᠲᠠ᠎ᠶ᠋ᠢᠨ ᠬᠠᠤᠯᠢᠵᠢᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠦᠠ᠂ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭ᠌ᠰᠢᠭᠦᠷᠢ ᠭᠡᠮ ᠰᠣᠭᠤᠭ᠎ᠢ ᠰᠡᠷᠭᠡᠢᠯᠡᠨ ᠠᠷᠢᠯᠭᠠᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠦ᠍᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠢᠴᠢᠯᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠬᠡᠷᠡᠭ᠌ᠲᠡᠢ᠃
ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠠᠪᠱᠢᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠤ ᠠᠮᠢᠨ ᠰᠤᠲᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠤᠭᠡᠨ ᠪᠠᠢᠭᠤᠯᠬᠤ ᠱᠢᠨ᠎ᠡ ᠠᠶᠠᠨ᠎ᠳᠤ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠱᠢᠨ᠎ᠡ ᠴᠠᠭ ᠦᠶ᠎ᠡ᠎ᠳᠤ ᠡᠷᠡᠮᠡᠬᠡᠢᠯᠡᠨ ᠲᠡᠮᠡᠴᠡᠵᠦ᠍᠂ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ᠂ ᠪᠢᠳᠠ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠶᠤᠨ ᠤᠬᠠᠭᠠᠨ ᠪᠣᠯᠤᠨ ᠬᠦᠴᠦᠨ ᠴᠢᠳᠠᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠨᠢᠭ᠍ᠲᠠᠷᠠᠭᠤᠯᠵᠤ᠂ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ᠂ ᠴᠥᠬᠦᠷᠡᠰᠢ ᠦᠭᠡᠢ ᠲᠡᠮᠡᠴᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠰᠠᠢᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠶᠡᠭᠡ ᠦᠩᠭᠡ ᠭᠡᠷᠡᠯ᠎ᠢ ᠬᠠᠮᠲᠤ᠎ᠪᠠᠷ ᠡᠳ᠋ᠯᠡᠰᠦᠭᠡᠢ!
ᠱᠢᠨᠬᠤᠸᠠ ᠬᠤᠷᠢᠶᠠᠨ᠎ᠤ 8 ᠰᠠᠷ᠎ᠠ᠎ᠶ᠋ᠢᠨ 28 ᠤ ᠴᠠᠬᠢᠯᠭᠠᠨ ᠮᠡᠳᠡᠭᠡ