ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠤᠨ᠎ᠠ
2021-08-03 10:30:27
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

— ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠤᠷᠢᠶᠠᠨ᠎ᠤ ᠭᠡᠱᠢᠭᠦᠨ᠂ ᠡᠷᠢᠶᠡᠨ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠯᠢᠦ ᡁᠢ ᠫᠢᠩ᠎ᠢ ᠰᠤᠷᠪᠤᠯᠵᠢᠯᠠᠭ᠍ᠰᠠᠨ᠎ᠨᠢ

 

《ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠠᠭᠠᠨ ᠦᠨᠡᠨ ᠶᠣᠰᠣ᠎ᠶ᠋ᠢ ᠪᠠᠷᠢᠮᠲᠠᠯᠠᠬᠤ᠂ ᠬᠦᠰᠡᠯᠡᠩ᠎ᠢᠶᠠᠨ ᠪᠠᠲᠤ ᠰᠠᠬᠢᠬᠤ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭ᠌ᠳᠡᠯ ᠰᠦᠢᠳᠦᠯ᠎ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ᠂ ᠠᠷᠠᠳ ᠲᠦᠮᠡᠨ᠎ᠳᠤ ᠣᠰᠣᠯᠳᠠᠬᠤ ᠦᠭᠡᠢ ᠪᠠᠢᠬᠤ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠳᠤᠷᠠᠳᠴᠤ᠌᠂ ᠪᠢᠳᠡᠨ᠎ᠢ ᠢᠷᠠᠭᠤ ᠠᠯᠳᠠᠷᠲᠤ ᠤᠯᠠᠮᠵᠢᠯᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠭᠠᠯ᠎ᠤᠨ ᠤᠳᠤᠮᠱᠢᠯ᠎ᠢᠶᠠᠨ ᠦᠷᠭᠦᠯᠵᠢᠯᠡᠨ ᠵᠠᠯᠭᠠᠮᠵᠢᠯᠠᠵᠤ᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠡᠭᠦᠷᠢᠳᠡ ᠵᠠᠯᠭᠠᠮᠵᠢᠯᠠᠵᠤ᠂ ᠪᠠᠳᠠᠷᠠᠭᠤᠯᠤᠨ ᠳᠡᠯᠭᠡᠷᠡᠭᠦᠯᠬᠦ᠌᠎ᠶ᠋ᠢ ᠱᠠᠭᠠᠷᠳᠠᠪᠠ》᠃ ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠤᠷᠢᠶᠠᠨ᠎ᠤ ᠭᠡᠱᠢᠭᠦᠨ᠂ ᠡᠷᠢᠶᠡᠨ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠯᠢᠦ ᡁᠢ ᠫᠢᠩ ᠰᠤᠷᠪᠤᠯᠵᠢᠯᠠᠭ᠎ᠠ ᠬᠦᠯᠢᠶᠡᠬᠦ᠌᠎ᠳᠡᠭᠡᠨ᠂ ᠡᠷᠢᠶᠡᠨ ᠪᠣᠭᠤᠮᠲᠠ ᠪᠣᠯ ᠮᠠᠨ᠎ᠤ ᠤᠯᠤᠰ᠎ᠤᠨ ᠮᠣᠩᠭᠤᠯ ᠤᠯᠤᠰ᠎ᠲᠤ ᠨᠡᠭᠡᠭᠡᠯᠲᠡ ᠬᠢᠬᠦ᠌ ᠬᠠᠮᠤᠭ᠎ᠤᠨ ᠶᠡᠭᠡ ᠪᠣᠭᠤᠮᠲᠠ ᠮᠥᠨ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠤᠨ ᠪᠥᠲᠥᠭᠡᠨ ᠪᠠᠢᠭᠤᠯᠤᠯᠲᠠ᠎ᠶ᠋ᠢᠨ ᠴᠢᠬᠤᠯᠠ ᠵᠠᠩᠭᠢᠯᠠᠭ᠎ᠠ᠎ᠶ᠋ᠢᠨ ᠴᠡᠭ ᠮᠥᠨ᠂ ᠪᠠᠰᠠ ᠴᠤ᠌ ᠠᠽᠢᠶ᠎ᠠ ᠧᠦ᠋ᠷᠣᠫᠠ᠎ᠶ᠋ᠢᠨ ᠡᠬᠡ ᠬᠠᠭᠤᠷᠠᠶ᠎ᠶ᠋ᠢᠨ ᠬᠥᠭᠦᠷᠭᠡ᠎ᠶ᠋ᠢᠨ ᠬᠠᠮᠤᠭ᠎ᠤᠨ ᠳᠥᠭᠦᠮ ᠳᠥᠲᠡ ᠵᠠᠮ᠎ᠤᠨ ᠨᠢᠭᠡ ᠮᠥᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ᠎ᠳᠤ ᠣᠷᠣᠯᠠᠭᠤᠯᠵᠤ ᠪᠣᠯᠤᠰᠢ ᠥᠬᠡᠶ  ᠦᠢᠯᠡᠳᠦᠯ᠎ᠲᠠᠢ ᠶᠤᠮ᠃ ᠱᠢᠨ᠎ᠡ ᠠᠶᠠᠨ ᠵᠠᠮ᠎ᠳᠤ ᠡᠷᠢᠶᠡᠨ ᠬᠤᠲᠠ ᠶᠡᠷᠦᠩᠬᠡᠶ ᠱᠦᠵᠢ᠎ᠶ᠋ᠢᠨ ᠥᠪᠥᠷ ᠮᠣᠩᠭᠤᠯ᠎ᠳᠤ ᠲᠠᠯᠪᠢᠭ᠍ᠰᠠᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠡᠭᠡ ᠲᠠᠯ᠎ᠠ᠎ᠳᠤ ᠠᠭᠤᠰᠤᠯᠴᠠᠬᠤ ᠪᠠ ᠦᠢᠯᠡᠴᠢᠯᠡᠬᠦ᠌ ᠳᠤᠮᠳᠠ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ  ᠦᠢᠯᠡᠳᠦᠯᠭᠡᠵᠢᠭᠦᠯᠵᠦ᠍᠂ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭ᠌ᠵᠢᠬᠦᠯᠬᠦ᠌》 ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠴᠢᠷᠮᠠᠢᠨ ᠵᠠᠮᠨᠠᠨ᠎ᠠ ᠬᠡᠵᠦ᠍ ᠢᠯᠡᠷᠬᠡᠢᠯᠡᠪᠡ᠃

ᠯᠢᠦ ᡁᠢ ᠫᠢᠩ ᠬᠡᠯᠡᠬᠦ᠌᠎ᠳᠡᠭᠡᠨ᠂ ᠨᠢᠭᠡ᠎ᠳᠤ ᠡᠷᠡᠰ ᠭᠤᠢᠪᠢᠰᠢ ᠦᠬᠡᠢ᠎ᠪᠠᠷ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠨᠡᠬᠡᠬᠡᠯᠳᠡ᠎ᠶ᠋ᠢ ᠥᠷᠭᠡᠳᠭᠡᠵᠦ᠍᠂ ᠪᠣᠭᠤᠮᠲᠠ᠎ᠪᠠᠷ ᠳᠠᠢᠴᠢᠯᠠᠬᠤ᠂ ᠳᠣᠲᠣᠷ᠎ᠠ ᠭᠠᠵᠠᠷ᠎ᠢᠶᠠᠷ ᠲᠤᠯᠭᠠᠭᠤᠷᠢᠯᠠᠬᠤ᠂ ᠬᠢᠯᠢ ᠬᠢᠵᠠᠭᠠᠷ ᠳᠣᠲᠣᠷ᠎ᠠ ᠭᠠᠵᠠᠷ ᠬᠤᠷᠱᠢᠯᠴᠠᠬᠤ ᠭᠠᠳᠠᠭᠠᠳᠤ ᠨᠡᠬᠡᠬᠡᠯᠳᠡ᠎ᠶ᠋ᠢᠨ ᠪᠠᠢᠷᠢᠱᠢᠯ᠎ᠢ ᠲᠦᠷᠭᠡᠨ ᠪᠦᠷᠢᠯᠳᠦᠭᠦᠯᠦᠨ᠎ᠡ᠃ ᠶᠡᠷᠦᠩᠬᠡᠢ ᠱᠦᠵᠢ ᠰᠢ᠎ᠶ᠋ᠢᠨ ᠫᠢᠩ 《ᠱᠢᠨ᠎ᠡ ᠠᠶᠠᠨ᠎ᠳᠤ ᠪᠢᠳᠠ ᠡᠷᠬᠡᠪᠰᠢ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶ᠋ᠢ ᠪᠠᠷᠢᠮᠲᠠᠯᠠᠵᠤ᠂ 〈ᠲᠠᠪᠤ᠎ᠶ᠋ᠢ ᠨᠢᠭᠡ ᠴᠤᠬ᠍ᠴᠠᠵᠢᠭᠤᠯᠬᠤ〉 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 〈ᠲᠦᠷᠪᠡᠨ ᠪᠦᠬᠦ᠌ ᠲᠠᠯ᠎ᠠ〉 ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠡᠷᠡᠭ᠌ᠲᠡᠢ》 ᠬᠡᠵᠦ᠍ ᠵᠢᠭᠠᠵᠦ᠍ ᠭᠠᠷᠭᠠᠬ᠍ᠰᠠᠨ ᠶᠤᠮ᠃ ᠡᠷᠢᠶᠡᠨ ᠬᠤᠲᠠ ᠥᠭᠡᠷᠡᠴᠢᠯᠡᠯᠲᠡ ᠨᠡᠭᠡᠭᠡᠯᠲᠡ᠎ᠶ᠋ᠢ ᠢᠮᠠᠭ᠍ᠲᠠ ᠬᠢᠯᠢ᠎ᠶ᠋ᠢᠨ ᠪᠣᠭᠤᠮᠲᠠ᠎ᠶ᠋ᠢᠨ ᠬᠥᠭ᠌ᠵᠢᠯᠲᠡ᠎ᠶ᠋ᠢᠨ ᠠᠮᠢᠨ ᠰᠤᠳᠠᠰᠤ ᠪᠣᠯᠭᠠᠵᠦ᠍᠂ ᠤᠯᠤᠰ᠎ᠤᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠳᠤ ᠦᠢᠯᠡᠴᠢᠯᠡᠬᠦ᠂ ᠬᠤᠤᠰ ᠣᠷᠴᠢᠯ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠂ ᠣᠷᠣᠨ ᠪᠦᠰᠡ᠎ᠶ᠋ᠢᠨ ᠦᠷᠭᠡᠨ ᠬᠡᠪᠴᠢᠶᠡᠨ᠎ᠤ ᠬᠢᠯᠢ᠎ᠶ᠋ᠢᠨ ᠪᠣᠭᠤᠮᠲᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠳᠤ ᠦᠢᠯᠡᠴᠢᠯᠡᠬᠦ᠌ ᠵᠠᠷᠴᠢᠮ᠎ᠢ ᠪᠠᠷᠢᠮᠲᠠᠯᠠᠵᠦ᠍᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠳᠤᠮᠳᠠ ᠵᠠᠮ᠎ᠤᠨ ᠦᠢᠯᠡᠳᠦᠯ᠎ᠢ ᠰᠠᠢᠲᠤᠷ ᠪᠠᠳᠠᠷᠠᠭᠤᠯᠵᠦ᠍᠂ ᠡᠷᠢᠶᠡᠨ ᠬᠤᠲᠠ — ᠤᠯᠠᠭᠠᠨᠴᠠᠪ᠎ᠤᠨ ᠤᠯᠤᠰ᠎ᠤᠨ ᠪᠠᠷᠠᠭᠠᠨ᠎ᠤ  ᠭᠦᠢᠯᠭᠡᠭᠡᠨ᠎ᠤ  ᠬᠦᠢᠰᠦ ᠭᠠᠵᠠᠷ᠎ᠤᠨ ᠪᠦᠲᠦᠭᠡᠨ ᠪᠠᠢᠭᠤᠯᠤᠯᠲᠠ ᠪᠠ ᠪᠣᠭᠤᠮᠲᠠ᠎ᠶ᠋ᠢ ᠨᠢᠭᠡ ᠴᠣᠭ᠍ᠴᠠᠵᠢᠭᠤᠯᠬᠤ ᠬᠦᠭ᠌ᠵᠢᠯᠲᠡ᠎ᠶ᠋ᠢ ᠢᠳᠡᠪᠬᠢᠲᠡᠢ ᠠᠬᠢᠭᠤᠯᠵᠦ᠍᠂ ᠪᠣᠭᠤᠮᠲᠠ᠎ᠶ᠋ᠢᠨ ᠬᠦᠢᠰᠦ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠳᠣᠲᠣᠭᠠᠳᠤ ᠭᠠᠳᠠᠭᠠᠳᠤ ᠣᠷᠴᠢᠯ᠎ᠤᠨ ᠬᠤᠯᠪᠣᠯᠳᠤᠯ᠂ ᠭᠠᠳᠠᠭᠠᠳᠤ ᠠᠷᠠᠯᠵᠢᠶ᠎ᠠ᠎ᠶ᠋ᠢ ᠳᠠᠬᠢᠨ᠎ᠢᠶᠠᠷ ᠨᠡᠮᠡᠭ᠌ᠳᠡᠬᠦᠯᠬᠦ᠂ ᠠᠵᠤ ᠦᠢᠯᠡᠰ᠎ᠢ ᠱᠢᠯᠢᠳᠡᠭ᠌ᠵᠢᠭᠦᠯᠦᠨ ᠪᠤᠢᠵᠢᠭᠤᠯᠬᠤ᠂ ᠬᠦᠷᠢᠶᠡᠯᠡᠩ ᠲᠣᠭᠤᠷᠢᠭ᠎ᠤᠨ ᠲᠠᠪᠴᠠᠩ᠎ᠤᠨ ᠬᠦᠴᠦᠨ᠎ᠢ ᠨᠢᠬ᠍ᠲᠠᠷᠠᠭᠤᠯᠬᠤ᠂ ᠬᠤᠳᠠᠯᠳᠤᠭ᠎ᠠ ᠡᠷᠬᠢᠯᠡᠬᠦ᠌ ᠤᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠱᠢᠪᠲᠤᠯᠤᠯᠲᠠ ᠭᠠᠷᠭᠠᠬᠤ᠂ ᠨᠡᠭᠡᠭᠡᠯᠲᠡ ᠬᠢᠵᠦ᠍ ᠰᠣᠯᠢᠯᠴᠠᠭ᠎ᠠ ᠬᠠᠮᠲᠤᠷᠠᠯᠴᠠᠭ᠎ᠠ ᠬᠢᠬᠦ᠌  ᠨᠠᠢ᠍ᠮᠠᠨ ᠵᠦᠢᠯ᠎ᠤᠨ ᠭᠤᠤᠯᠳᠠᠯᠭ᠎ᠠ᠎ᠲᠠᠢ ᠢᠨᠵᠧᠨᠧᠷᠢᠩ᠎ᠢ ᠨᠢᠭᠡᠲᠦᠯᠲᠡᠢ ᠲᠦᠯᠦᠪᠵᠢᠭᠦᠯᠦᠨ ᠬᠡᠷᠡᠭ᠌ᠵᠢᠭᠦᠯᠵᠦ᠍᠂ ᠡᠷᠢᠶᠡᠨ ᠬᠤᠲᠠ ᠬᠢᠯᠢ᠎ᠶ᠋ᠢᠨ ᠪᠣᠭᠤᠮᠲᠠ᠎ᠶ᠋ᠢ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠬᠤ ᠴᠡᠭ ᠪᠣᠯᠭᠠᠬᠤ᠎ᠪᠠᠷ ᠴᠢᠷᠮᠠᠢᠨ᠎ᠠ᠃ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠠᠷ ᠭᠤᠤᠯᠳᠠᠯᠭ᠎ᠠ ᠪᠣᠯᠭᠠᠵᠤ᠂ ᠪᠣᠭᠤᠮᠲᠠ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠪᠠᠷ ᠱᠢᠪᠲᠤᠯᠤᠯᠲᠠ᠎ᠶ᠋ᠢᠨ ᠴᠡᠭ ᠪᠣᠯᠭᠠᠵᠤ᠂ ᠲᠤᠰᠭᠠᠶ ᠲᠦᠷᠦᠯ᠎ᠢᠶᠠᠷ ᠲᠦᠯᠬᠢᠨ ᠠᠬᠢᠭᠤᠯᠬᠤ᠂ ᠬᠠᠷᠠᠯᠲᠠ ᠲᠦᠯᠦᠪᠯᠡᠭᠡ ᠲᠤᠬ᠍ᠲᠠᠭᠠᠨ ᠴᠢᠷᠮᠠᠢᠨ ᠲᠡᠮᠡᠴᠡᠬᠦ᠌ ᠵᠡᠷᠭᠡ ᠠᠷᠭ᠎ᠠ ᠮᠠᠶᠢᠭ᠎ᠢᠶᠠᠷ ᠪᠣᠭᠤᠮᠲᠠ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠨᠥᠯᠥᠭᠡᠯᠡᠬᠦ᠌ ᠲᠣᠪᠤᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠵᠦᠢᠯᠡᠰ᠎ᠢ ᠤᠯᠠᠮ ᠨᠢᠭᠡ ᠠᠯᠬᠤᠮ ᠴᠣᠮᠬᠠᠳᠭᠠᠨ᠂ ᠪᠣᠭᠤᠮᠲᠠ᠎ᠶ᠋ᠢᠨ  ᠦᠢᠯᠡᠴᠢᠯᠡᠭᠡᠨ᠎ᠤ ᠴᠢᠳᠠᠮᠵᠢ᠎ᠶ᠋ᠢ ᠲᠡᠭᠦᠯᠳᠡᠷᠵᠢᠭᠦᠯᠵᠦ᠍᠂ ᠪᠣᠭᠤᠮᠲᠠ᠎ᠶ᠋ᠢᠨ ᠠᠵᠢᠯ ᠶᠠᠪᠤᠳᠠᠯ  ᠭᠦᠢᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠯᠳᠦᠭᠦᠯᠵᠦ᠍᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠳᠤ ᠨᠠᠩ ᠳᠥᠭᠦᠮ ᠳᠥᠲᠡ᠂ ᠨᠡᠩ ᠣᠯᠠᠨ ᠶᠠᠩᠵᠤ᠎ᠶ᠋ᠢᠨ ᠣᠨᠣᠴᠠᠲᠠᠢ  ᠦᠢᠯᠡᠴᠢᠯᠡᠭᠡ ᠬᠠᠩᠭᠠᠵᠤ᠂ ᠳᠡᠯᠡᠬᠡᠢᠵᠢᠭ᠌ᠰᠡᠨ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠴᠢᠷᠮᠠᠢᠨ ᠪᠣᠶ ᠪᠣᠯᠭᠠᠨ᠎ᠠ᠃

ᠬᠤᠶᠠᠷ᠎ᠲᠤ᠌᠂ ᠠᠮᠢ ᠠᠬᠤᠢ᠎ᠶ᠋ᠢᠨ ᠠᠮᠤᠷ ᠲᠦᠪᠱᠢᠨ ᠪᠠ ᠬᠢᠯᠢ ᠬᠢᠵᠠᠭᠠᠷ᠎ᠤᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ ᠪᠠ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢᠨ ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ᠎ᠢ ᠦᠷᠭᠦᠯᠵᠢᠯᠡᠨ ᠪᠠᠬᠢᠵᠢᠭᠦᠯᠦᠨ᠎ᠡ᠃ ᠶᠡᠷᠦᠩᠬᠡᠢ ᠱᠦᠵᠢ ᠰᠢ᠎ᠶ᠋ᠢᠨ ᠫᠢᠩ᠂ 《ᠱᠢᠨ᠎ᠡ ᠠᠶᠠᠨ ᠵᠠᠮ᠎ᠳᠤ᠂ ᠪᠢᠳᠡ ᠡᠷᠬᠡᠪᠰᠢ ᠰᠠᠨᠠᠭᠠᠱᠢᠷᠠᠨ ᠵᠣᠪᠠᠨᠢᠬᠤ ᠤᠬᠠᠮᠰᠠᠷ᠎ᠢᠶᠠᠨ ᠴᠢᠩᠭᠠᠳᠭᠠᠵᠤ᠂ ᠢᠮᠠᠭ᠍ᠲᠠ ᠠᠮᠤᠷ ᠲᠦᠪᠱᠢᠨ ᠪᠠᠢᠬᠤ᠎ᠳᠠᠭᠠᠨ ᠠᠶᠤᠯ ᠲᠦᠭ᠌ᠰᠢᠭᠦᠷᠢ᠎ᠶ᠋ᠢ ᠪᠣᠳᠣᠯᠬᠢᠯᠠᠵᠤ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠪᠣᠯᠤᠨ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠮᠠᠨ᠎ᠤ ᠤᠯᠤᠰ᠎ᠤᠨ ᠨᠡᠢᠭᠡᠮ᠎ᠤᠨ ᠭᠤᠣᠯ ᠵᠥᠷᠢᠴᠡᠯ᠎ᠤᠨ ᠬᠤᠪᠢᠷᠠᠯᠲᠠ᠎ᠠᠴᠠ ᠪᠣᠯᠤᠭ᠍ᠰᠠᠨ ᠱᠢᠨ᠎ᠡ ᠣᠨᠴᠠᠯᠢᠭ ᠱᠢᠨ᠎ᠡ ᠱᠠᠭᠠᠷᠳᠠᠯᠭ᠎ᠠ᠎ᠶ᠋ᠢ ᠭᠦᠨᠵᠡᠭᠡᠢ ᠲᠠᠨᠢᠵᠤ᠂ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠣᠷᠴᠢᠨ ᠲᠣᠭᠤᠷᠢᠨ᠎ᠠᠴᠠ ᠪᠣᠯᠤᠭ᠍ᠰᠠᠨ ᠱᠢᠨ᠎ᠡ ᠵᠥᠷᠢᠴᠡᠯ ᠱᠢᠨ᠎ᠡ ᠥᠷᠢᠰᠥᠯᠳᠦᠭᠡᠨ᠎ᠢ ᠭᠦᠨᠵᠡᠭᠡᠢ ᠲᠠᠨᠢᠵᠤ᠂ ᠵᠣᠷᠢᠭ᠍ᠲᠠᠢ᠎ᠪᠠᠷ ᠲᠡᠮᠡᠴᠡᠵᠦ᠍᠂ ᠴᠢᠳᠠᠮᠠᠭᠠᠢ᠎ᠪᠠᠷ ᠲᠡᠮᠡᠴᠡᠵᠦ᠍᠂ ᠠᠭᠤᠯᠠ ᠲᠠᠭᠠᠷᠠᠪᠠᠯ ᠵᠠᠮ ᠨᠡᠭᠡᠭᠡᠵᠦ᠍᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠠᠯᠢᠪᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠵᠣᠷᠢᠭ᠍ᠲᠠᠢ᠎ᠪᠠᠷ ᠢᠯᠠᠨ ᠳᠠᠪᠠᠭ᠍ᠤ ᠬᠡᠷᠡᠭ᠌ᠲᠡᠢ!》 ᠭᠡᠵᠦ᠍ ᠴᠢᠬᠤᠯᠠᠴᠢᠯᠠᠪᠠ᠃ ᠡᠷᠢᠶᠡᠨ ᠬᠤᠳᠠ᠂ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠡᠮᠦᠨ᠎ᠡ ᠹᠷᠣᠨᠲ᠎ᠲᠤ ᠪᠠᠢᠷᠢᠯᠠᠵᠤ᠂ ᠭᠠᠳᠠᠭᠠᠳᠤ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ 《ᠡᠭᠦᠳᠡ》 ᠪᠣᠯᠬᠤ᠎ᠪᠠᠷ ᠪᠠᠷᠠᠬᠤ ᠦᠬᠡᠢ᠂ ᠪᠠᠰᠠ ᠤᠯᠤᠰ᠎ᠤᠨ ᠳᠦᠷᠢ ᠲᠥᠷᠬᠦ᠌᠎ᠶ᠋ᠢ ᠢᠯᠡᠷᠡᠭᠦᠯᠬᠦ᠌ 《ᠴᠣᠩᠬᠤ》 ᠪᠣᠯᠤᠨ᠎ᠠ᠃ ᠪᠢᠳᠡ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ᠎ᠶ᠋ᠢ ᠲᠡᠷᠢᠭᠦᠨ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠬᠢᠯᠢ᠎ᠶ᠋ᠢ ᠬᠠᠮᠢᠶᠠᠷᠴᠤ᠌ ᠬᠢᠯᠢ᠎ᠶ᠋ᠢ ᠡᠵᠡᠮᠳᠡᠬᠦ᠌ ᠡᠷᠴᠢᠮ᠎ᠢᠶᠠᠨ ᠴᠢᠩᠭᠠᠷᠠᠭᠤᠯᠵᠤ᠂ ᠬᠤᠲᠠ᠎ᠶ᠋ᠢᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠭᠠᠳᠠᠨ᠎ᠠ᠎ᠠᠴᠠ ᠢᠷᠡᠭ᠌ᠰᠡᠨ ᠬᠥᠮᠦᠨ ᠠᠮᠠ ᠪᠣᠯᠤᠨ ᠭᠠᠳᠠᠭᠠᠳᠤ᠎ᠶ᠋ᠢᠨ ᠬᠥᠮᠦᠨ᠎ᠤ ᠦᠢᠯᠡᠴᠢᠯᠡᠭᠡ ᠬᠠᠮᠢᠶᠠᠷᠤᠯᠲᠠ᠎ᠶ᠋ᠢ ᠴᠢᠩᠭᠠᠳᠭᠠᠵᠤ᠂ ᠠᠶᠤᠯᠭᠦᠶ  ᠦᠢᠯᠡᠳᠪᠦᠷᠢᠯᠡᠯ ᠪᠣᠯᠤᠨ ᠢᠳᠡᠭᠡᠨ ᠪᠠ ᠡᠮ᠎ᠤᠨ ᠵᠦᠢᠯᠡᠰ᠎ᠤᠨ ᠠᠮᠤᠷ ᠲᠦᠪᠱᠢᠨ᠎ᠤ ᠠᠵᠢᠯ᠎ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠠᠳᠭᠤᠵᠤ᠂ ᠵᠠᠬᠢᠳᠠᠯ ᠰᠤᠷᠪᠤᠯᠵᠢᠯᠠᠯ᠎ᠤᠨ ᠲᠣᠪᠤᠢᠮ᠎ᠠ ᠠᠰᠠᠭᠤᠳᠠᠯ᠎ᠢ ᠲᠣᠬᠢᠲᠠᠶ  ᠱᠢᠢᠳᠪᠦᠷᠢᠯᠡᠵᠦ᠍᠂ ᠬᠢᠵᠢᠭ᠎ᠤᠨ ᠪᠠᠢᠳᠠᠯ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠂ ᠳᠣᠲᠣᠭᠠᠳᠤ᠎ᠳᠠᠭᠠᠨ ᠳᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌》 ᠡᠯ᠎ᠡ  ᠵᠦᠢᠯ᠎ᠤᠨ ᠠᠵᠢᠯ᠎ᠢ ᠦᠷᠭᠦᠯᠵᠢᠯᠡᠨ ᠭᠦᠨᠵᠡᠭᠡᠶ ᠰᠠᠢᠲᠤᠷ ᠬᠢᠵᠦ᠍᠂ ᠨᠡᠢᠭᠡᠮ᠎ᠤᠨ ᠶᠡᠭᠡ ᠲᠠᠯ᠎ᠠ᠎ᠶ᠋ᠢᠨ ᠡᠶ᠎ᠡ ᠵᠣᠬᠢᠴᠠᠩᠭᠤᠶ ᠲᠣᠭ᠍ᠲᠠᠭᠤᠨ᠎ᠢ ᠦᠨᠡᠨ ᠬᠦ᠌ ᠪᠠᠲᠤᠯᠠᠨ᠎ᠠ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠠᠬᠢ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠮᠡᠳᠡᠭᠡ ᠵᠠᠩᠭᠢ᠎ᠶ᠋ᠢ ᠴᠤᠭ᠍ᠯᠠᠭᠤᠯᠬᠤ ᠰᠤᠳᠤᠯᠤᠨ ᠮᠠᠭᠠᠳᠯᠠᠵᠤ ᠵᠠᠳᠠᠯᠬᠤ ᠡᠷᠴᠢᠮ᠎ᠢᠶᠠᠨ ᠴᠢᠩᠭᠠᠷᠠᠭᠤᠯᠵᠤ᠂ ᠱᠢᠨ᠎ᠡ ᠵᠠᠭᠤᠴᠢᠯᠠᠭᠤᠷ᠎ᠢ ᠬᠡᠷᠡᠭ᠌ᠯᠡᠬᠦ᠌ ᠴᠢᠳᠠᠪᠤᠷᠢ ᠪᠠ ᠲᠦᠪᠱᠢᠨ᠎ᠢᠶᠠᠨ ᠳᠡᠭᠡᠭ᠌ᠰᠢᠯᠡᠭᠦᠯᠵᠦ᠍᠂ ᠶᠠᠷᠢᠶ᠎ᠠ ᠬᠡᠯᠡᠯᠴᠡᠭᠡ᠎ᠶ᠋ᠢ ᠰᠠᠢᠲᠤᠷ ᠬᠠᠮᠢᠶᠠᠷᠴᠤ᠌᠂ ᠵᠢᠭ᠍ᠰᠠᠭᠠᠯ᠎ᠤᠨ ᠭᠠᠵᠠᠷ᠎ᠢ ᠰᠠᠢᠲᠤᠷ ᠬᠠᠮᠢᠶᠠᠷᠴᠤ᠌᠂ ᠬᠢᠯᠢ᠎ᠶ᠋ᠢᠨ ᠭᠠᠳᠠᠨᠠᠬᠢ ᠳᠠᠢᠰᠤᠩᠨᠠᠭ᠍ᠴᠢ ᠬᠦᠴᠦᠨ᠎ᠤ ᠨᠡᠪᠴᠢᠯᠲᠡ ᠪᠠ ᠡᠪᠳᠡᠯᠡᠭᠡ ᠬᠢᠬᠦ᠌᠎ᠶ᠋ᠢ ᠴᠢᠩᠭ᠎ᠠ ᠰᠡᠷᠭᠡᠢᠯᠡᠨ ᠴᠢᠩᠭ᠎ᠠ ᠴᠣᠬᠢᠯᠲᠠ ᠥᠭ᠌ᠴᠦ᠂ ᠤᠯᠤᠰ᠎ᠤᠨ ᠤᠯᠤᠰ ᠲᠦᠷᠦ᠎ᠶ᠋ᠢᠨ ᠠᠮᠤᠷ ᠲᠦᠪᠱᠢᠨ᠎ᠢ ᠪᠦᠬᠦ᠌ ᠬᠦᠴᠦᠨ᠎ᠢᠶᠠᠷ᠎ᠢᠶᠠᠨ ᠬᠠᠮᠠᠭᠠᠯᠠᠨ᠎ᠠ᠃ ᠤᠰᠤ᠎ᠪᠠᠷ ᠭᠠᠷᠤᠯᠲᠠ᠎ᠶ᠋ᠢ ᠲᠣᠭ᠍ᠲᠠᠭᠠᠬᠤ᠂ ᠤᠰᠤ᠎ᠪᠠᠷ ᠬᠤᠲᠠ᠎ᠶ᠋ᠢ ᠲᠣᠭ᠍ᠲᠠᠭᠠᠬᠤ᠂ ᠤᠰᠤ᠎ᠪᠠᠷ ᠨᠣᠭᠤᠭᠠᠷᠠᠭᠤᠯᠤᠯᠲᠠ᠎ᠶ᠋ᠢ ᠲᠣᠭ᠍ᠲᠠᠭᠠᠬᠤ᠎ᠶ᠋ᠢ ᠪᠠᠷᠢᠮᠲᠠᠯᠠᠵᠤ᠂ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ᠂ ᠪᠡᠯᠴᠢᠭᠡᠷ᠎ᠢ ᠰᠡᠷᠭᠦᠭᠡᠬᠦ᠌ ᠵᠡᠷᠭᠡ ᠡᠯ᠎ᠡ ᠵᠦᠢᠯ᠎ᠤᠨ ᠠᠷᠭ᠎ᠠ ᠬᠡᠮᠵᠢᠶ᠎ᠡ ᠪᠠ ᠨᠤᠲᠤᠭ ᠪᠡᠯᠴᠢᠭᠡᠷ᠎ᠤᠨ ᠠᠮᠢ ᠠᠬᠤᠶ᠎ᠶ᠋ᠢᠨ ᠱᠠᠩᠨᠠᠵᠤ ᠨᠥᠬᠦᠪᠥᠷᠢᠯᠡᠬᠦ᠌ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ᠎ᠤ ᠡᠷᠬᠢᠨ ᠲᠣᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ ᠵᠡᠷᠭᠡ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠢᠨᠵᠧᠨᠧᠷᠢᠩ᠎ᠢ ᠪᠠᠢᠩᠭᠤᠵᠢᠭᠤᠯᠤᠨ ᠬᠡᠷᠡᠭ᠌ᠵᠢᠭᠦᠯᠵᠦ᠍᠂ ᠮᠣᠩᠭᠤᠯ ᠤᠯᠤᠰ᠎ᠯᠤᠭ᠎ᠠ ᠬᠥᠷᠰᠢ ᠵᠡᠷᠭᠡᠯᠡᠳᠡᠭᠡ ᠭᠠᠵᠠᠷ ᠣᠷᠣᠨ᠎ᠤ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠠᠮᠤᠷᠵᠢᠭᠤᠯᠤᠨ ᠰᠡᠷᠭᠦᠭᠡᠬᠦ᠂ ᠠᠶᠠᠨᠳᠠᠭᠠᠨ ᠵᠠᠰᠠᠨ ᠰᠡᠷᠭᠦᠭᠡᠬᠦ᠌᠎ᠶ᠋ᠢ ᠠᠬᠢᠭᠤᠯᠵᠤ᠂ ᠬᠢᠯᠢ᠎ᠶ᠋ᠢᠨ ᠱᠤᠭᠤᠮ ᠲᠠᠭᠠᠤ ᠰᠠᠯᠬᠢ᠎ᠶ᠋ᠢ ᠰᠡᠷᠭᠡᠢᠯᠡᠵᠦ᠍ ᠡᠯᠡᠰᠦ᠎ᠶ᠋ᠢ ᠲᠣᠭ᠍ᠲᠠᠪᠤᠷᠢᠵᠢᠭᠤᠯᠬᠤ 《ᠨᠤᠮᠢᠨ ᠨᠤᠭᠤᠭᠠᠨ ᠣᠷᠳᠣ ᠴᠠᠭᠠᠨ ᠬᠡᠷᠡᠮ》 ᠎ᠢ ᠪᠠᠢᠭᠤᠯᠤᠨ᠎ᠠ᠃

ᠭᠤᠷᠪᠠ᠎ᠳᠤ᠂ ᠢᠮᠠᠭ᠍ᠲᠠ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠩᠭᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠂ 《ᠲᠦᠷᠦ᠍ ᠵᠠᠰᠠᠭ ᠪᠣᠯ ᠳᠠᠷᠤᠢ ᠠᠷᠠᠳ ᠲᠦᠮᠡᠨ᠂ ᠠᠷᠠᠳ ᠲᠦᠮᠡᠨ ᠪᠣᠯ ᠳᠠᠷᠤᠢ ᠲᠦᠷᠦ᠍ ᠵᠠᠰᠠᠭ ᠮᠥᠨ᠂ ᠲᠦᠷᠦ᠍ ᠵᠠᠰᠠᠭ᠎ᠢᠶᠠᠨ ᠪᠠᠢᠭᠤᠯᠵᠤ᠂ ᠲᠦᠷᠦ᠍ ᠵᠠᠰᠠᠭ᠎ᠢᠶᠠᠨ ᠰᠠᠬᠢᠬᠤ ᠪᠤᠯ ᠲᠠᠷᠤᠢ ᠠᠷᠠᠳ ᠲᠦᠮᠡᠨ᠎ᠤ ᠰᠡᠳᠭᠢᠯ᠎ᠢ ᠰᠠᠬᠢᠬᠤ ᠶᠠᠪᠤᠲᠠᠯ ᠮᠦᠨ》 ᠭᠡᠵᠦ᠍ ᠴᠢᠬᠤᠯᠠᠴᠢᠯᠠᠵᠤ᠂ 《ᠡᠷᠬᠡᠪᠰᠢ ᠠᠷᠠᠳ ᠲᠦᠮᠡᠨ᠎ᠳᠤ ᠨᠢᠭ᠍ᠳᠠ ᠲᠦᠱᠢᠭ᠌ᠯᠡᠨ ᠲᠡᠦᠬᠡ᠎ᠶ᠋ᠢ ᠡᠭᠦᠳᠴᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠨ᠂ ᠠᠷᠠᠳ ᠲᠦᠮᠡᠨ᠎ᠤ ᠵᠣᠭ᠍ᠰᠣᠯᠲᠠ᠎ᠳᠤ ᠪᠠᠲᠤ ᠵᠣᠭ᠍ᠰᠣᠵᠤ᠂ ᠨᠠᠮ᠎ᠤᠨ ᠤᠯᠠᠨ ᠲᠦᠮᠡᠨᠴᠢ ᠱᠤᠭᠤᠮ᠎ᠢ ᠲᠤᠭᠤᠱᠢᠯᠠᠭᠤᠯᠵᠤ᠂ ᠠᠷᠠᠳ ᠲᠦᠮᠡᠨ᠎ᠤ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠬᠦ᠌ ᠬᠡᠷᠡᠭ᠌ᠲᠡᠢ》 ᠭᠡᠵᠦ᠍ ᠱᠠᠭᠠᠷᠳᠠᠪᠠ᠃ ᠮᠠᠨ᠎ᠤ ᠡᠨᠡ ᠱᠠᠲᠤᠨ᠎ᠳᠤ ᠨᠠᠢᠳᠠᠪᠤᠷᠢᠵᠢᠭᠤᠯᠬᠤ᠎ᠨᠢ ᠳᠠᠷᠤᠢ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠳᠠᠯ᠎ᠤᠨ᠎ᠢᠶᠠᠨ ᠬᠢᠷᠢ᠎ᠪᠠᠷ ᠴᠢᠷᠮᠠᠢᠵᠤ᠂ ᠴᠢᠳᠠᠯ᠎ᠤᠨ᠎ᠢᠶᠠᠨ ᠬᠢᠷᠢ᠎ᠪᠠᠷ ᠬᠢᠬᠦ᠌᠎ᠶ᠋ᠢ ᠪᠠᠷᠢᠮᠳᠠᠯᠠᠨ᠂ ᠠᠵᠢᠯ ᠣᠯᠭᠤᠯᠲᠠ᠂ ᠰᠤᠷᠭᠠᠨ ᠬᠦᠮᠤᠵᠢᠯ᠂ ᠡᠮ ᠡᠮᠨᠡᠯᠬᠡ᠂ ᠤᠷᠤᠨ ᠰᠠᠭᠤᠴᠠ᠂ ᠨᠡᠢᠭᠡᠮ᠎ᠤᠨ ᠪᠠᠲᠤᠯᠠᠭ᠎ᠠ ᠵᠡᠷᠭᠡ ᠰᠠᠭᠤᠷᠢ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ᠎ᠶ᠋ᠢᠨ ᠶᠠᠪᠤᠳᠠᠯ᠂ ᠨᠣᠭᠤᠭᠠᠷᠠᠭᠤᠯᠤᠯᠲᠠ ᠵᠡᠷᠭᠡ ᠣᠯᠠᠨ ᠨᠡᠢᠲᠡ᠎ᠶ᠋ᠢᠨ  ᠦᠢᠯᠡᠴᠢᠯᠡᠭᠡᠨ᠎ᠤ ᠲᠥᠬᠦᠭᠡᠷᠦᠮᠵᠢ᠎ᠢ ᠲᠡᠭᠦᠯᠳᠡᠷᠵᠢᠭᠦᠯᠵᠤ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》  ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠤᠨ᠂ ᠣᠯᠠᠨ ᠲᠦᠮᠡᠨ᠎ᠤ ᠬᠠᠯᠠᠮᠵᠢᠯᠠᠨ ᠠᠩᠬᠠᠷᠴᠤ᠌ ᠪᠠᠢᠭ᠎ᠠ ᠰᠠᠭᠤᠭᠠᠯᠢ ᠲᠣᠭᠤᠷᠢᠭ᠎ᠤᠨ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢ ᠬᠦᠴᠦᠯᠡᠨ  ᠱᠢᠢᠳᠪᠦᠷᠢᠯᠡᠵᠦ᠍᠂ ᠬᠡᠷ ᠪᠠᠢᠱᠢᠩ᠎ᠤᠨ ᠥᠮᠴᠢᠯᠡᠯ᠎ᠤᠨ ᠡᠷᠬᠡ᠎ᠶ᠋ᠢᠨ ᠭᠦᠢᠴᠡᠳᠭᠡᠯ᠂ ᠣᠷᠴᠢᠨ ᠲᠣᠭᠤᠷᠢᠨ᠎ᠤ ᠡᠷᠡᠭᠦᠯ ᠬᠠᠮᠠᠭᠠᠯᠠᠯ᠎ᠤᠨ ᠵᠠᠰᠠᠯᠲᠠ ᠵᠡᠷᠭᠡ ᠣᠯᠠᠨ ᠲᠦᠮᠡᠨ᠎ᠤ  ᠦᠢᠯᠡᠳᠪᠦᠷᠢᠯᠡᠯ ᠠᠮᠢᠳᠤᠷᠠᠯ᠎ᠲᠠᠢ ᠨᠢᠭ᠍ᠲᠠ ᠬᠤᠯᠪᠣᠭ᠍ᠳᠠᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠲᠦᠷᠭᠡᠳᠭᠡᠨ ᠬᠡᠷᠡᠭ᠌ᠵᠢᠭᠦᠯᠵᠤ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠡᠨᠡ ᠬᠦ᠌ ᠪᠣᠭᠤᠮᠲᠠ᠎ᠶ᠋ᠢᠨ ᠬᠤᠳᠠᠨ᠎ᠠ ᠠᠮᠢᠳᠤᠷᠠᠵᠤ ᠪᠠᠢᠭ᠎ᠠ ᠬᠥᠮᠦᠨ ᠪᠣᠯᠭᠠᠨ᠎ᠢ ᠬᠠᠷᠢᠶᠠᠯᠠᠭ᠍ᠳᠠᠬᠤ ᠲᠥᠷᠥᠭ᠌ᠳᠡᠯ᠂ ᠵᠥᠪᠱᠢᠶᠡᠷᠡᠬᠦ᠌ ᠰᠡᠳᠭᠢᠯᠭᠡ᠂ ᠬᠦᠷᠲᠡᠮᠵᠢ᠎ᠶ᠋ᠢᠨ ᠲᠥᠷᠥᠭ᠌ᠳᠡᠯ᠎ᠲᠠᠢ ᠪᠤᠯᠭᠠᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠎ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠤᠲᠠ᠎ᠶ᠋ᠢᠨ ᠦᠨᠳᠦᠰᠦᠲᠡᠨ᠎ᠤ ᠠᠵᠢᠯ᠎ᠤᠨ ᠵᠢᠮ᠎ᠡ ᠶᠣᠰᠣ᠂ ᠣᠨᠴᠠᠯᠢᠭ᠎ᠢ ᠨᠠᠷᠢᠨ ᠬᠢᠨᠠᠮᠠᠭᠠᠶ ᠰᠤᠳᠤᠯᠵᠤ᠂ ᠬᠠᠷᠢᠯᠴᠠᠨ ᠱᠢᠭᠢᠳᠭᠡᠬᠦ᠌ ᠮᠠᠶᠢᠭ᠎ᠤᠨ ᠨᠡᠢᠭᠡᠮ᠎ᠤᠨ ᠪᠦᠲᠦᠴᠡ ᠪᠠ ᠨᠡᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠪᠠᠢᠭᠤᠯᠬᠤ᠎ᠶ᠋ᠢ ᠠᠬᠢᠭᠤᠯᠤᠨ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠦᠷᠭᠦᠯᠵᠢᠯᠡᠨ ᠰᠠᠢᠲᠤᠷ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠦᠷᠭᠦᠯᠵᠢᠯᠡᠨ ᠪᠠᠲᠤ ᠴᠣᠭ᠍ᠴᠠᠯᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠌ ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭ᠍ᠳᠠᠷᠠᠭᠤᠯᠤᠨ᠎ᠠ᠃

《ᠬᠥᠮᠦᠨ ᠵᠣᠷᠢᠭ ᠰᠠᠨᠠᠭ᠎ᠠ ᠦᠭᠡᠢ ᠪᠤᠯ ᠡᠰᠠ ᠲᠣᠭ᠍ᠲᠠᠨᠢᠵᠤ ᠴᠢᠳᠠᠨ᠎ᠠ᠂ ᠤᠯᠤᠰ ᠣᠷᠣᠨ ᠵᠣᠷᠢᠭ ᠰᠠᠨᠠᠭ᠎ᠠ ᠦᠭᠡᠢ ᠪᠤᠯ ᠡᠰᠠ ᠬᠦᠴᠦᠷᠬᠡᠭ᠌ᠵᠢᠵᠦ᠍ ᠴᠢᠲᠠᠨ᠎ᠠ》᠃ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠨᠢ ᠤᠷᠳᠤ ᠬᠤᠭᠤᠴᠠᠭᠠᠨ᠎ᠤ ᠲᠡᠮᠡᠴᠡᠯ᠎ᠤᠨ ᠳᠤᠮᠳᠠ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠢ ᠪᠦᠷᠢᠯᠳᠦᠬᠦᠯᠵᠦ᠍᠂ ᠢᠯᠡ ᠲᠣᠳᠣ ᠤᠯᠤᠰ ᠲᠦᠷᠦ᠎ᠶ᠋ᠢᠨ ᠬᠡᠪ ᠴᠢᠨᠠᠷ᠎ᠢ ᠳᠠᠪᠲᠠᠨ ᠪᠣᠯᠪᠠᠰᠤᠷᠠᠭᠤᠯᠬᠤ ᠪᠤᠯᠤᠨ᠎ᠠ᠃ ᠱᠢᠨ᠎ᠡ ᠠᠶᠠᠨ ᠵᠠᠮ᠎ᠳᠤ᠂ ᠪᠢᠳᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠳᠠᠭ ᠯᠠ ᠶᠤᠮ ᠪᠣᠯ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠠᠬᠢᠯᠡᠯᠲᠡ᠎ᠶ᠋ᠢᠨ ᠪᠦᠳᠦᠭᠡᠨ ᠪᠠᠢᠭᠤᠯᠤᠯᠲᠠ᠎ᠳᠤ ᠦᠢᠯᠡᠴᠢᠯᠡᠬᠦ᠌ ᠪᠠ ᠠᠭᠤᠰᠤᠯᠴᠠᠵᠤ᠂ ᠡᠷᠢᠶᠡᠨ ᠬᠤᠳᠠ ᠬᠢᠯᠢ᠎ᠶ᠋ᠢᠨ ᠪᠣᠭᠤᠮᠲᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠪᠢᠴᠢᠭ᠌ᠯᠡᠬᠦ᠌᠎ᠨᠢ ᠯᠠᠪᠳᠠᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号