ᠣᠳᠣ ᠦᠶ᠎ᠡ᠎ᠶ᠋ᠢᠨ ᠡᠪᠡᠰᠦᠨ᠎ᠤ ᠦᠢᠯᠡᠰ᠎ᠤᠨ ᠬᠥᠭ᠌ᠵᠢᠯᠲᠡ᠎ᠶ᠋ᠢᠨ ᠵᠠᠮ᠎ᠢ ᠬᠠᠢᠨ ᠰᠦᠪᠡᠭ᠌ᠴᠢᠯᠡᠨ᠎ᠡ
2021-08-30 19:55:37
ᠵᠣᠬᠢᠶᠠᠭ᠍ᠴᠢ᠄
ᠸᠧᠶ ᠨᠠ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠡᠪ ᠬᠠᠮᠲᠤ ᠨᠠᠮ᠎ᠤᠨ ᠭᠡᠱᠢᠭᠦᠨ ᠭᠧᠯᠢᠭ᠎ᠢ ᠰᠤᠷᠪᠤᠯᠵᠢᠯᠠᠬ᠍ᠰᠡᠨ᠎ᠨᠢ 

ᠠᠷᠤ ᠬᠤᠷᠴᠢᠨ ᠬᠤᠱᠢᠭᠤᠨ᠎ᠤ ᠱᠤᠤᠬᠢᠨ ᠪᠠᠯᠭᠠᠰᠤᠨ᠎ᠤ ᠠᠮᠢᠨ᠌ᠦ᠌ᠨᠳᠦᠷ ᠭᠠᠴᠠᠭᠠᠨ᠎ᠳᠤ ᠬᠦᠷᠬᠦ᠌᠎ᠳᠤ᠂ ᠬᠦᠬᠡ ᠤᠬ᠍ᠳᠠᠷᠭᠤᠢ ᠴᠡᠯᠮᠡᠭ᠌ᠰᠢᠨ᠂ ᠬᠦᠳᠡᠭᠡ ᠲᠠᠯ᠎ᠠ ᠨᠤᠭᠤᠭᠠᠷᠠᠵᠤ᠂ ᠬᠡᠰᠡᠭ ᠬᠡᠰᠡᠭ ᠪᠣᠷᠣ ᠴᠠᠷᠭᠠᠰᠤ ᠰᠠᠯᠬᠢᠨ᠎ᠤ ᠠᠶ᠎ᠠ᠎ᠪᠠᠷ ᠨᠠᠢᠭᠤᠨ᠂ ᠠᠮᠢᠵᠢᠷᠠᠯ᠎ᠤᠨ ᠬᠦᠴᠦᠨ᠎ᠢᠶᠠᠷ ᠪᠢᠯᠬᠠᠨ᠎ᠠ᠃ ᠭᠡᠲᠡᠯ᠎ᠡ 10 ᠵᠢᠯ᠎ᠤᠨ ᠡᠮᠦᠨ᠎ᠡ ᠠᠳᠡ ᠱᠢᠷᠭᠠᠯ ᠡᠯᠡᠰᠦ ᠨᠡᠯᠦ᠋ᠢᠨ᠂ ᠬᠥᠮᠦᠨ ᠠᠮᠢᠲᠠᠨ ᠥᠬᠡᠶ ᠡᠯᠦᠶ ᠬᠤᠯᠤᠶ ᠪᠠᠢᠭ᠍ᠰᠠᠨ ᠪᠠᠢᠳᠠᠯ᠎ᠢ ᠬᠡᠨ ᠪᠤᠳᠤᠵᠤ ᠣᠯᠬᠤ ᠠᠵᠢ᠂ ᠡᠨᠡ ᠬᠦ᠌ ᠬᠤᠪᠢᠷᠠᠯᠲᠠ᠎ᠨᠢ ᠨᠢᠭᠡᠨ ᠮᠠᠯᠴᠢᠨ ᠨᠠᠮ᠎ᠤᠨ ᠭᠡᠱᠢᠭᠦᠨ᠎ᠤ ᠦᠢᠯᠡᠳᠣᠯᠭᠡ᠎ᠶ᠋ᠢᠨ ᠰᠥᠪᠡᠭ᠌ᠴᠢᠯᠡᠯᠲᠡ᠎ᠠᠴᠠ ᠢᠷᠡᠯᠲᠡ᠎ᠲᠠᠢ ᠶᠤᠮ᠂ ᠲᠡᠬᠦᠨ᠎ᠢ ᠭᠧᠯᠢᠭ ᠭᠡᠳᠡᠭ᠂ ᠤᠯᠠᠭᠠᠨᠬᠠᠳᠠ ᠬᠤᠲᠠ᠎ᠶ᠋ᠢᠨ ᠠᠷᠤ ᠬᠤᠷᠴᠢᠨ ᠬᠤᠱᠢᠭᠤᠨ᠎ᠤ ᠱᠤᠤᠬᠢᠨ ᠪᠠᠯᠭᠠᠰᠤᠨ᠎ᠤ ᠠᠮᠢᠠᠠᠦ᠋ᠨᠳᠥᠷ ᠭᠠᠴᠠᠭᠠᠨ᠎ᠤ ᠱᠢᠩ ᠶᠤᠸᠠᠨ ᠠᠷᠠᠳ᠎ᠲᠤ ᠠᠱᠢᠭ ᠬᠦᠷᠳᠡᠭᠡᠬᠦ᠌ ᠲᠠᠷᠢᠶᠠᠯᠠᠩ ᠮᠠᠯ ᠠᠵᠤ ᠠᠬᠤᠶ᠎ᠶ᠋ᠢᠨ ᠮᠠᠱᠢᠨ ᠮᠧᠬᠠᠨᠢᠭ᠎ᠤᠨ ᠲᠤᠰᠭᠠᠶ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠤᠨ ᠳᠠᠷᠤᠭ᠎ᠠ ᠪᠣᠯᠤᠨ᠎ᠠ᠃ 

ᠣᠯᠠᠨ ᠵᠢᠯ᠎ᠤᠨ ᠲᠤᠷᠰᠢ᠂ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢᠨ ᠵᠢᠯᠣᠭᠤᠳᠣᠯᠭ᠎ᠠ ᠳᠤᠤᠷ᠎ᠠ᠂ ᠭᠧᠯᠢᠭ ᠡᠪᠡᠰᠤ ᠲᠠᠷᠢᠬᠤ ᠦᠢᠯᠡᠰ᠎ᠢ ᠴᠢᠷᠮᠠᠢᠨ ᠬᠦᠭ᠌ᠵᠢᠬᠦᠯᠵᠤ᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠢ ᠳᠠᠭᠠᠭᠤᠯᠤᠨ ᠬᠠᠮᠲᠤ᠎ᠪᠠᠷ ᠪᠠᠶᠠᠵᠢᠨ ᠴᠢᠨᠡᠭᠡᠯᠢᠭ᠌ᠵᠢᠵᠦ᠍᠂ 《ᠮᠠᠯᠴᠢᠳ᠎ᠢ ᠰᠠᠢᠨ ᠰᠠᠢᠬᠠᠨ ᠠᠮᠢᠳᠤᠷᠠᠭᠤᠯᠬᠤ》 ᠢᠲᠡᠭᠡᠯ ᠵᠣᠷᠢᠭ᠎ᠢᠶᠠᠷ ᠠᠮᠢ ᠠᠬᠤᠶ᠎ᠶ᠋ᠢ ᠬᠠᠮᠠᠭᠠᠯᠠᠬᠤ᠂ ᠠᠵᠤ ᠠᠬᠤᠶ᠎ᠶ᠋ᠢ ᠬᠥᠭ᠌ᠵᠢᠭᠦᠯᠬᠦ᠂ ᠣᠷᠣᠯᠭ᠎ᠠ᠎ᠶ᠋ᠢ ᠨᠡᠮᠡᠭ᠌ᠳᠡᠭᠦᠯᠬᠦ᠌ ᠱᠢᠨ᠎ᠡ ᠵᠠᠮ᠎ᠢ ᠬᠠᠢᠨ ᠰᠦᠪᠡᠭ᠌ᠴᠢᠯᠡᠨ ᠭᠠᠷᠭᠠᠵᠤ᠂ ᠲᠤᠬᠠᠶ᠎ᠶ᠋ᠢᠨ ᠭᠠᠵᠠᠷ᠎ᠤᠨ ᠮᠠᠯᠴᠢᠳ᠎ᠤᠨ ᠦᠢᠯᠡᠳᠪᠤᠷᠢᠯᠡᠯ ᠠᠮᠢᠳᠤᠷᠠᠯ᠎ᠳᠤ ᠲᠦᠢᠯ᠎ᠤᠨ ᠶᠡᠭᠡ ᠬᠤᠪᠢᠷᠠᠯᠲᠠ ᠭᠠᠷᠭᠠᠭ᠍ᠰᠠᠨ ᠪᠠᠢᠨ᠎ᠠ᠃ 

ᠵᠣᠷᠢᠭ᠍ᠲᠠᠶ᠎ᠪᠠᠷ ᠲᠦᠷᠦᠭᠦᠯᠡᠨ ᠬᠢᠭ᠌ᠰᠡᠨ 《ᠠᠮᠪᠡᠨ ᠱᠠᠷ》 

ᠭᠧᠯᠢᠭ ᠡᠭᠡᠯ ᠵᠢᠷ᠎ᠤᠨ ᠨᠢᠭᠡᠨ ᠮᠠᠯᠴᠢᠨ᠎ᠤ ᠭᠡᠷ᠎ᠲᠤ ᠲᠥᠷᠥᠵᠡᠢ᠃ 20 ᠵᠢᠯ᠎ᠤᠨ ᠡᠮᠦᠨ᠎ᠡ᠂ ᠭᠧᠯᠢᠭ ᠨᠢᠭᠡ ᠰᠡᠳᠭᠢᠯ᠎ᠢᠶᠠᠷ ᠭᠠᠳᠠᠭ᠍ᠰᠢ ᠶᠠᠪᠤᠬᠤ᠎ᠶ᠋ᠢ ᠵᠤᠷᠢᠵᠤ᠂ ᠶᠡᠭᠡ ᠰᠤᠷᠭᠠᠭᠤᠯᠢ ᠲᠡᠭᠦᠰᠦᠭ᠌ᠰᠡᠨ᠎ᠤ ᠳᠠᠷᠠᠭ᠎ᠠ ᠨᠢᠭ᠍ᠲᠠᠯᠠᠨ ᠪᠣᠳᠣᠭ᠍ᠴᠢ ᠪᠣᠯᠪᠠ᠃ ᠭᠡᠲᠡᠯ᠎ᠡ᠂ ᠨᠠᠮ᠎ᠤᠨ ᠭᠡᠱᠢᠭᠦᠨ᠂ ᠮᠠᠯᠴᠢᠨ᠎ᠤ ᠬᠦᠦ ᠪᠣᠯᠤᠭ᠍ᠰᠠᠨ᠎ᠤ ᠬᠤᠪᠢ᠎ᠳᠤ᠂ ᠲᠤᠬᠠᠢ᠎ᠶ᠋ᠢᠨ ᠦᠶ᠎ᠡ᠎ᠶ᠋ᠢᠨ ᠨᠤᠲᠤᠭ ᠪᠡᠯᠴᠢᠭᠡᠷ ᠡᠯᠡᠰᠦᠷᠬᠡᠭ᠌ᠵᠢᠨ ᠮᠠᠭᠤᠳᠠᠵᠤ᠂ ᠮᠠᠯᠴᠢᠳ ᠨᠡᠯᠢᠶᠡᠳ ᠶᠠᠳᠠᠭᠤ ᠬᠦᠴᠢᠷᠳᠡᠯᠲᠡᠢ ᠪᠠᠢᠭ᠍ᠰᠠᠨ ᠪᠣᠳᠠᠲᠤ ᠪᠠᠢᠳᠠᠯ᠎ᠳᠤ ᠲᠡᠷᠡ ᠲᠦᠢᠯ᠎ᠢᠶᠠᠷ ᠰᠡᠳᠭᠢᠯ ᠵᠤᠪᠠᠨᠢᠵᠤ ᠪᠠᠢᠯ᠎ᠡ᠃ 

1999 ᠣᠨ᠎ᠳᠤ᠂ ᠭᠧᠯᠢᠭ ᠡᠷᠡᠰ ᠱᠢᠭᠤᠷᠬᠠᠢ᠎ᠪᠠᠷ ᠠᠵᠢᠯ᠎ᠢᠶᠠᠨ ᠬᠠᠶᠠᠵᠤ ᠠᠷᠤ ᠬᠤᠷᠴᠢᠨ ᠬᠤᠱᠢᠭᠤᠨ᠎ᠳᠠᠭᠠᠨ ᠪᠤᠴᠠᠵᠤ᠂ ᠮᠠᠯᠴᠢᠳ᠎ᠢᠶᠠᠨ ᠳᠠᠭᠠᠭᠤᠯᠤᠨ ᠣᠳᠣᠬᠢᠴᠢᠯᠠᠭ᠍ᠰᠠᠨ ᠲᠠᠷᠢᠶᠠᠯᠠᠩ ᠮᠠᠯ ᠠᠵᠤ ᠠᠬᠤᠢ᠎ᠶ᠋ᠢᠨ ᠮᠡᠷᠭᠡᠵᠢᠯ᠎ᠢ ᠣᠢᠯᠠᠭᠠᠵᠤ᠂ ᠡᠪᠡᠰᠦ ᠲᠠᠷᠢᠬᠤ᠎ᠪᠠᠷ ᠳᠠᠮᠵᠢᠨ ᠣᠯᠠᠨ᠎ᠢ ᠳᠠᠭᠠᠭᠤᠯᠤᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠪᠠ᠃ 

ᠲᠤᠬᠠᠢ᠎ᠶ᠋ᠢᠨ ᠦᠶ᠎ᠡ᠎ᠳᠤ᠂ ᠲᠡᠷᠡ ᠥᠪᠡᠷ᠎ᠤᠨ ᠪᠦᠬᠦ᠌ ᠬᠦᠷᠦᠩᠭᠡ᠎ᠪᠠᠨ ᠲᠣᠭᠠᠯᠠᠨ ᠪᠦᠷᠢᠳᠭᠡᠵᠦ᠍᠂ ᠠᠰᠠᠷ᠎ᠢᠶᠠᠨ ᠬᠤᠳᠠᠯᠳᠤᠭ᠍ᠰᠠᠨ 4.5 ᠲᠦᠮᠡᠨ ᠲᠥᠭᠦᠷᠢᠭ᠎ᠢᠶᠠᠷ ᠡᠬᠢᠯᠡᠯᠲᠡ᠎ᠶ᠋ᠢᠨ ᠪᠡᠯᠡ ᠮᠥᠩᠭᠦ᠌ ᠪᠣᠯᠭᠠᠵᠤ᠂ ᠨᠢᠭᠡ ᠯᠡ ᠤᠳᠠᠭ᠎ᠠ ᠳᠡᠭᠡᠷ᠎ᠡ 1000 ᠮᠦ᠍ ᠬᠤᠵᠢᠷᠯᠢᠭ ᠡᠯᠡᠰᠦᠷᠬᠡᠭ ᠭᠠᠵᠠᠷ᠎ᠢ ᠳᠠᠭᠠᠭᠠᠴᠢᠯᠠᠵᠤ᠂ ᠡᠯᠡᠰᠦ᠎ᠶ᠋ᠢ ᠵᠠᠰᠠᠬᠤ ᠪᠠᠢᠯᠳᠤᠭᠠᠨ᠎ᠳᠤ ᠣᠷᠤᠯᠴᠠᠪᠠ᠃ ᠬᠠᠬᠢᠷ ᠬᠦᠢᠲᠡᠨ ᠠᠭᠠᠭᠢᠮ᠎ᠠ ᠬᠠᠯᠠᠭᠤᠨ᠎ᠢ ᠬᠠᠢᠬᠤᠷᠤᠯ ᠦᠭᠡᠢ᠂ ᠱᠢᠷᠣᠶ ᠲᠡᠭᠡᠭᠡᠵᠤ᠂ ᠭᠠᠵᠠᠷ ᠳᠡᠪᠢᠰᠦᠨ᠂ ᠬᠤᠳᠳᠤᠭ ᠮᠠᠯᠲᠠᠵᠤ ᠮᠠᠱᠢᠨ ᠮᠧᠬᠠᠨᠢᠭ ᠬᠤᠳᠠᠯᠳᠤᠨ ᠠᠪᠤᠪᠠ ᠁ ᠴᠥᠭᠡᠨ ᠪᠤᠰᠤ ᠬᠥᠮᠦᠨ ᠲᠡᠭᠦᠨ᠎ᠢ ᠤᠢ᠍ᠢᠯᠠᠭᠠᠬᠤ ᠦᠭᠡᠢ ᠪᠦᠭᠡᠳ ᠤᠷᠮ᠎ᠡ᠎ᠶ᠋ᠢ᠎ᠨᠢ ᠬᠤᠭᠤᠯᠵᠤ᠂ ᠲᠡᠭᠦᠨ᠎ᠢ 《ᠰᠣᠯᠢᠶᠠᠷᠠᠭ᠍ᠰᠠᠨ》 ᠭᠡᠵᠦ᠍ ᠬᠡᠯᠡᠳᠡᠭ ᠪᠣᠯᠪᠠᠴᠤ᠌ ᠲᠡᠷᠡ ᠶᠡᠷᠦ᠎ᠨᠢ ᠣᠢᠱᠢᠶᠠᠳᠠᠭ ᠦᠭᠡᠢ᠃ ᠬᠤᠶᠠᠷ ᠵᠢᠯ ᠭᠠᠷᠤᠶ᠎ᠶ᠋ᠢᠨ ᠴᠢᠷᠮᠠᠢᠯᠭ᠎ᠠ᠎ᠪᠠᠷ ᠳᠠᠮᠵᠢᠨ᠂ ᠲᠡᠷᠡ ᠬᠤᠵᠢᠷᠯᠢᠭ ᠡᠯᠡᠰᠦᠷᠬᠡᠭ ᠭᠠᠵᠠᠷ᠎ᠢ ᠥᠨᠳᠥᠷ ᠤᠨᠠᠯᠲᠠ᠎ᠲᠠᠢ ᠪᠣᠷᠳᠣᠭᠠᠨ ᠲᠠᠷᠢᠮᠠᠯ᠎ᠤᠨ ᠰᠠᠭᠤᠷᠢᠨ ᠭᠠᠵᠠᠷ ᠪᠣᠯᠭᠠᠨ ᠬᠤᠪᠢᠷᠠᠭᠤᠯᠪᠠ᠃ 

2010 ᠣᠨ᠎ᠳᠤ᠂ ᠬᠤᠱᠢᠭᠤᠨ᠎ᠠᠴᠠ ᠤᠰᠤ ᠠᠷᠪᠢᠯᠠᠬᠤ ᠤᠰᠤᠯᠠᠯᠲᠠ᠎ᠶ᠋ᠢᠨ ᠲᠠᠷᠢᠮᠠᠯ ᠪᠡᠯᠴᠢᠭᠡᠷ᠎ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠬᠤ᠎ᠳᠤ᠂ ᠭᠧᠯᠢᠭ ᠬᠠᠮᠤᠭ ᠲᠦᠷᠦᠭᠦᠨ᠎ᠳᠤ ᠴᠤᠤᠷᠢᠶᠠᠲᠤᠨ ᠳᠠᠭᠠᠵᠤ᠂ ᠤᠷᠢᠳ ᠬᠤᠵᠢᠳ 1500 ᠭᠠᠷᠤᠶ ᠲᠦᠮᠡᠨ ᠲᠥᠭᠦᠷᠢᠭ ᠵᠠᠷᠤᠴᠠᠭᠤᠯᠵᠤ᠂ 6000 ᠮᠥ᠍ ᠬᠠᠳᠤᠯᠠᠩ ᠪᠡᠯᠴᠢᠭᠡᠷ᠎ᠢ ᠳᠠᠭᠠᠭᠠᠴᠢᠯᠠᠨ ᠨᠢᠭᠡᠳᠭᠡᠵᠦ᠍᠂ ᠪᠤᠷᠤ ᠴᠠᠷᠭᠠᠰᠤ ᠳᠠᠷᠢᠬᠤ  ᠦᠢᠯᠡᠰ᠎ᠢ ᠶᠡᠭᠡ᠎ᠪᠠᠷ ᠬᠥᠭ᠌ᠵᠢᠭᠦᠯᠪᠡ᠃ ᠭᠡᠲᠡᠯ᠎ᠡ ᠬᠠᠪᠤᠷ᠎ᠤᠨ ᠤᠯᠠᠷᠢᠯ᠎ᠳᠤ ᠰᠠᠯᠬᠢ ᠶᠡᠭᠡ ᠪᠤᠷᠤᠭᠠᠨ ᠴᠦᠭᠡᠨ᠂ ᠡᠪᠦᠯ᠎ᠤᠨ ᠤᠯᠠᠷᠢᠯ᠎ᠳᠤ ᠬᠠᠬᠢᠷ ᠬᠦᠢᠲᠡᠨ ᠴᠠᠰᠤ ᠪᠠᠭ᠎ᠠ ᠠᠭᠤᠷ ᠠᠮᠢᠰᠭᠤᠯ᠎ᠤᠨ ᠣᠨᠴᠠᠯᠢᠭ᠎ᠨᠢ ᠪᠤᠷᠤ ᠴᠠᠷᠭᠠᠰᠤ᠎ᠶ᠋ᠢ ᠳᠠᠷᠢᠵᠤ ᠤᠷᠭᠤᠭᠤᠯᠬᠤ ᠪᠠ ᠬᠤᠷᠢᠶᠠᠬᠤ᠎ᠳᠤ ᠳᠠᠪᠬᠤᠷ ᠳᠠᠪᠬᠤᠷ ᠬᠠᠷᠰᠢ ᠰᠠᠭᠠᠳ ᠤᠴᠠᠷᠠᠭᠤᠯᠵᠤ᠂ ᠣᠶᠤᠨ ᠤᠬᠠᠭᠠᠨ᠎ᠢᠶᠠᠨ ᠱᠢᠪᠬᠠᠵᠤ ᠪᠠᠢᠭᠠᠳ ᠳᠠᠷᠢᠵᠤ ᠤᠷᠭᠤᠭᠤᠯᠤᠭ᠍ᠰᠠᠨ ᠴᠠᠷᠭᠠᠰᠤ᠎ᠨᠢ ᠬᠠᠷᠢᠨ 《ᠠᠮᠤᠷ ᠲᠦᠪᠱᠢᠨ᠎ᠢᠶᠠᠷ ᠡᠪᠦᠯᠵᠢᠵᠤ》 ᠲᠠᠢᠯᠬᠦ᠌ ᠥᠬᠡᠶ ᠪᠣᠯᠬᠤᠷ ᠤᠨᠠᠯᠲᠠ᠎ᠨᠢ ᠬᠦᠨᠳᠦ ᠨᠣᠴᠢᠲᠠᠶ ᠪᠠᠭᠤᠷᠠᠪᠠ᠃ 

ᠭᠧᠯᠢᠭ ᠠᠷᠭ᠎ᠠ ᠪᠦᠬᠦᠨ᠎ᠢ ᠰᠦᠪᠡᠭ᠌ᠴᠢᠯᠡᠨ ᠨᠤᠲᠤᠭ ᠪᠡᠯᠴᠢᠭᠡᠷ ᠮᠠᠯᠵᠢᠬᠤ ᠦᠢᠯᠡᠳᠪᠦᠷᠢᠯᠡᠯ᠎ᠤᠨ ᠪᠣᠯᠪᠠᠰᠤᠷᠠᠯ᠎ᠳᠤ ᠨᠢᠭᠡ ᠬᠤᠭᠤᠴᠠᠭ᠎ᠠ ᠴᠤ᠌ ᠠᠯᠳᠠᠯ ᠦᠭᠡᠢ ᠤᠷᠤᠯᠴᠠᠵᠤ᠂ ᠰᠥᠨᠢ ᠳᠦᠯᠢ᠎ᠪᠠᠷ ᠱᠢᠷᠭᠠᠭᠤ ᠰᠤᠷᠤᠯᠴᠠᠨ᠂ ᠶᠡᠭᠡ ᠬᠡᠮᠵᠢᠶᠡᠨ᠎ᠤ ᠬᠤᠯᠪᠤᠬ᠍ᠳᠠᠯ ᠪᠦᠬᠦᠢ ᠮᠠᠲ᠋ᠧᠷᠢᠶᠠᠯ᠎ᠢ ᠪᠠᠢᠴᠠᠭᠠᠨ ᠦᠵᠡᠪᠡ᠃ ᠪᠤᠷᠤ ᠴᠠᠷᠭᠠᠰᠤ ᠳᠠᠷᠢᠬᠤ ᠲᠤᠰᠭᠠᠶ ᠮᠡᠷᠭᠡᠵᠢᠯᠲᠡᠨ ᠬᠠᠮᠢᠭ᠎ᠠ ᠪᠠᠢᠬᠤ᠎ᠶ᠋ᠢ ᠲᠡᠷᠡ ᠰᠣᠨᠣᠰᠪᠠᠯ ᠲᠠᠷᠦ᠋ᠢᠬᠠᠨ ᠲᠡᠭᠦᠨ᠎ᠢ ᠤᠷᠢᠵᠤ ᠠᠪᠴᠢᠷᠠᠵᠤ᠂ ᠡᠯ᠎ᠡ ᠭᠠᠵᠠᠷ᠎ᠢᠶᠠᠷ ᠬᠦᠷᠴᠦ᠍ ᠲᠤᠷᠱᠢᠯᠭ᠎ᠠ ᠰᠤᠷᠭᠠᠮᠵᠢ ᠬᠤᠷᠠᠮᠳᠤᠭᠤᠯᠪᠠ᠃ ᠲᠡᠷᠡ ᠬᠡᠳᠦᠨ ᠵᠢᠯ᠎ᠤᠨ ᠴᠥᠬᠦᠷᠡᠰᠢ ᠥᠬᠡᠶ ᠴᠢᠷᠮᠠᠢᠯᠭ᠎ᠠ᠎ᠪᠠᠷ ᠳᠡᠮᠵᠢᠨ᠂ 《ᠬᠤᠷᠠᠭ᠍ᠰᠠᠨ ᠴᠠᠰᠤ᠎ᠶ᠋ᠢ ᠦᠯᠡᠳᠡᠭᠡᠬᠦ᠂ ᠵᠢᠮ᠎ᠡ ᠶᠣᠰᠣᠴᠢ ᠴᠢᠨᠠᠷᠲᠠᠶ᠎ᠪᠠᠷ ᠤᠰᠤᠯᠠᠬᠤ᠂ ᠬᠠᠮᠠᠭᠠᠯᠠᠯᠲᠠ᠎ᠶ᠋ᠢᠨ ᠴᠢᠨᠠᠷᠲᠠᠶ᠎ᠪᠠᠷ ᠳᠠᠷᠢᠬᠤ》 ᠵᠡᠷᠭᠡ ᠠᠷᠭ᠎ᠠ ᠬᠢᠳᠡᠯ᠎ᠢ ᠳ᠋ᠦᠩᠨᠡᠨ ᠰᠦᠪᠡᠭ᠌ᠴᠢᠯᠡᠵᠦ᠍᠂ ᠲᠡᠵᠢᠭᠡᠯ ᠡᠪᠡᠰᠦ ᠳᠠᠷᠢᠬᠤ᠎ᠶ᠋ᠢ ᠬᠢᠵᠠᠭᠠᠷᠯᠠᠵᠤ ᠪᠠᠢᠭ᠎ᠠ ᠮᠡᠷᠭᠡᠵᠢᠯ᠎ᠤᠨ ᠬᠦᠴᠢᠷ ᠠᠰᠠᠭᠤᠳᠠᠯ᠎ᠢ ᠱᠢᠢᠳᠪᠤᠷᠢᠯᠡᠵᠤ᠂ ᠵᠥᠪᠬᠡᠨ ᠡᠨᠡ ᠬᠦ᠌ ᠵᠦᠢᠯ᠎ᠤᠨ ᠵᠢᠯ᠎ᠤᠨ ᠣᠷᠣᠯᠭ᠎ᠠ᠎ᠨᠢ 350 ᠲᠦᠮᠡᠨ ᠲᠥᠭᠦᠷᠢᠭ᠎ᠲᠤ ᠬᠦᠷᠦᠭ᠌ᠰᠡᠨ ᠪᠠᠢᠨ᠎ᠡ᠃ 

ᠱᠢᠷᠭᠠᠯ ᠡᠯᠡᠰᠤ ᠨᠡᠯᠦ᠋ᠢᠭ᠌ᠰᠡᠨ ᠬᠠᠮᠠᠷ ᠬᠠᠳᠭᠤᠬᠤ ᠡᠪᠡᠰᠦ ᠦᠭᠡᠢ ᠬᠠᠯᠴᠠᠭᠠᠢ ᠭᠠᠵᠠᠷ ᠡᠴᠦᠰ᠎ᠲᠡᠭᠡᠨ ᠭᠧᠯᠢᠭ᠎ᠤᠨ 10 ᠭᠠᠷᠤᠢ ᠵᠢᠯ᠎ᠤᠨ ᠵᠠᠰᠠᠯᠲᠠ᠎ᠪᠠᠷ ᠮᠠᠯᠴᠢᠳ᠎ᠤᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠭ᠍ᠰᠠᠨ 《ᠠᠯᠳᠠ ᠮᠥᠩᠭᠦᠨ ᠠᠭᠤᠯᠠ》 ᠪᠣᠯᠵᠠᠢ᠃ ᠣᠳᠣᠬᠠᠨ᠎ᠳᠤ᠂ ᠲᠡᠳᠡᠨ᠎ᠳᠤ 3500 ᠮᠥ᠍ ᠲᠡᠵᠢᠭᠡᠯ ᠪᠣᠷᠳᠣᠭᠠᠨ᠎ᠤ ᠭᠠᠵᠠᠷ᠂ 1500 ᠮᠥ᠍ ᠣᠢᠲᠤ ᠭᠠᠵᠠᠷ᠂ 8000 ᠮᠥ᠍ ᠲᠠᠷᠢᠮᠠᠯ ᠪᠡᠯᠴᠢᠭᠡᠷ᠂ 1120 ᠠᠯᠠᠱᠢᠨ ᠬᠤᠨᠢ᠂ 150 ᠠᠯᠠᠱᠢᠨ ᠦᠬᠡᠷ᠂ 61 ᠢᠵᠢ ᠲᠣᠮᠣ ᠬᠡᠯᠪᠡᠷᠢ᠎ᠶ᠋ᠢᠨ ᠲᠠᠷᠢᠶᠠᠯᠠᠩ᠎ᠤᠨ ᠮᠠᠱᠢᠨ ᠮᠧᠬᠠᠨᠢᠭ ᠵᠢᠴᠢ ᠰᠦᠷᠴᠢᠨ ᠤᠰᠤᠯᠠᠬᠤ ᠲᠥᠬᠦᠭᠡᠷᠦᠮᠵᠢ᠂ 5000 ᠲᠦᠮᠡᠨ ᠲᠥᠭᠦᠷᠢᠭ᠎ᠤᠨ ᠲᠣᠭ᠍ᠲᠠᠮᠠᠯ ᠬᠥᠷᠥᠩᠭᠡ᠎ᠲᠠᠢ ᠪᠤᠯᠪᠠ᠃ ᠭᠧᠯᠢᠭ 《ᠠᠮᠪᠡᠨ ᠱᠠᠷ》 ᠎ᠤᠨ ᠵᠣᠷᠢᠭ ᠰᠠᠨᠠᠭ᠎ᠠ᠎ᠪᠠᠷ ᠲᠠᠯ᠎ᠠ ᠨᠤᠲᠤᠭ᠎ᠤᠨ ᠠᠮᠢ ᠠᠬᠤᠢ᠎ᠶ᠋ᠢ ᠬᠠᠮᠠᠭᠠᠯᠠᠬᠤ ᠪᠠ ᠮᠠᠯᠴᠢᠳ᠎ᠤᠨ ᠪᠠᠶᠠᠵᠢᠨ ᠴᠢᠨᠡᠭᠡᠯᠢᠭ᠌ᠵᠢᠬᠦ᠌᠎ᠶ᠋ᠢ ᠵᠤᠬᠢᠴᠠᠭᠤᠯᠤᠬ᠍ᠰᠠᠨ ᠤᠳᠤ ᠦᠶ᠎ᠡ᠎ᠶ᠋ᠢᠨ ᠡᠪᠡᠰᠦᠨ᠎ᠤ ᠦᠢᠯᠡᠰ᠎ᠤᠨ ᠬᠥᠭ᠌ᠵᠢᠯᠲᠡ᠎ᠶ᠋ᠢᠨ ᠵᠠᠮ᠎ᠢ ᠨᠡᠭᠡᠭᠡᠵᠡᠢ᠃ 

ᠮᠠᠯᠴᠢᠨ ᠲᠦᠮᠡᠨ᠎ᠤ ᠴᠢᠨᠡᠭᠡᠯᠢᠭ᠌ᠵᠢᠯ᠎ᠳᠤ ᠵᠢᠳᠬᠦᠭ᠌ᠰᠡᠨ 《ᠨᠤᠮᠤᠬᠠᠨ ᠱᠠᠷ》 

ᠶᠡᠷᠦ᠎ᠶ᠋ᠢᠨ ᠦᠭᠡᠨ᠎ᠳᠤ 《ᠬᠥᠮᠦᠨ᠎ᠳᠤ ᠵᠢᠭᠠᠰᠤ ᠦᠭ᠌ᠬᠦ᠎ᠶ᠋ᠢᠨ ᠣᠷᠣᠨ᠎ᠳᠤ ᠵᠢᠭᠠᠰᠤ ᠠᠩᠨᠠᠬᠤ ᠠᠷᠭ᠎ᠠ᠎ᠶ᠋ᠢ ᠰᠤᠷᠭᠠᠭ᠍ᠰᠠᠨ ᠢᠨᠤ ᠡᠷᠬᠢᠮ》 ᠭᠡᠳᠡᠭ᠂ ᠭᠧᠯᠢᠭ᠎ᠤᠨ ᠰᠠᠭᠤᠷᠢᠱᠢᠵᠤ ᠪᠠᠢᠭ᠎ᠠ ᠱᠢᠷᠬᠤᠰᠤ᠂ ᠭᠤᠷᠪᠠᠨᠬᠤᠸᠠ ᠳᠤᠭᠤᠢᠯᠠᠩ᠎ᠤᠨ ᠮᠠᠯᠴᠢᠳ᠎ᠤᠨ ᠰᠠᠭᠤᠷᠢᠱᠢᠯ ᠲᠠᠷᠠᠬᠠᠶ ᠪᠤᠲᠠᠷᠬᠠᠶ ᠪᠠᠢᠵᠤ᠂ ᠭᠠᠴᠠᠭᠠᠨ᠎ᠤ ᠲᠥᠪ ᠲᠣᠭᠤᠷᠢᠭ᠎ᠠᠴᠠ ᠨᠡᠯᠢᠶᠡᠳ ᠬᠤᠯᠠ ᠲᠤᠯᠠ ᠪᠦᠬᠦ᠌ ᠭᠠᠴᠠᠭᠠᠨ᠎ᠤ ᠨᠠᠮ᠎ᠤᠨ ᠭᠡᠱᠢᠭᠦᠨ᠎ᠤ ᠬᠥᠮᠦᠵᠢᠯ ᠬᠠᠮᠢᠶᠠᠷᠤᠯᠲᠠ ᠪᠠ ᠣᠯᠠᠨ ᠲᠦᠮᠡᠨ᠎ᠳᠤ ᠦᠢᠯᠡᠴᠢᠯᠡᠬᠦ᠌᠎ᠳᠤ ᠴᠥᠮ ᠮᠠᠰᠢ ᠳᠥᠭᠦᠮ ᠦᠭᠡᠢ ᠪᠠᠢᠳᠠᠭ᠃ ᠡᠨᠡ ᠪᠠᠢᠳᠠᠯ᠎ᠳᠤ ᠴᠢᠭ᠌ᠯᠡᠭᠦᠯᠦᠨ ᠲᠡᠷᠡ ᠥᠪᠡᠷ᠎ᠢᠶᠠᠨ ᠪᠠᠯᠠ ᠮᠥᠩᠭᠦ᠌ ᠴᠤᠭ᠍ᠯᠠᠭᠤᠯᠵᠤ᠂ ᠬᠡᠷ᠎ᠲᠡᠭᠡᠨ ᠲᠤᠰᠭᠠᠢᠯᠠᠨ ᠨᠢᠭᠡ ᠮᠣᠩᠭᠤᠯ ᠬᠡᠷ ᠪᠤᠰᠭᠠᠬ᠍ᠰᠠᠨ ᠪᠥᠭᠡᠳ ᠲᠠᠭᠤ ᠲᠦᠷᠰᠤ᠎ᠶ᠋ᠢᠨ ᠲᠥᠬᠦᠭᠡᠷᠦᠮᠵᠢ ᠲᠣᠬᠢᠷᠠᠭᠤᠯᠵᠤ᠂ ᠨᠠᠮ᠎ᠤᠨ ᠭᠡᠱᠢᠭᠦᠨ᠎ᠤ ᠠᠵᠢᠯᠯᠠᠭᠠᠨ᠎ᠤ ᠲᠠᠰᠤᠭ ᠪᠣᠯᠭᠠᠨ᠂ ᠣᠢᠷ᠎ᠠ ᠬᠠᠪᠢ᠎ᠶ᠋ᠢᠨ 14 ᠨᠠᠮ᠎ᠤᠨ ᠭᠡᠱᠢᠭᠦᠨ᠎ᠲᠠᠢ ᠬᠠᠷᠢᠯᠴᠠᠵᠤ᠂ ᠡᠷᠬᠢᠨ ᠲᠣᠭᠤᠷᠢᠨ᠎ᠤ 86 ᠡᠷᠦᠬᠡ᠂ 192 ᠬᠥᠮᠦᠨ᠎ᠳᠤ ᠦᠢᠯᠡᠴᠢᠯᠡᠵᠦ᠍᠂ 《ᠨᠠᠮ᠎ᠤᠨ ᠭᠡᠱᠢᠭᠦᠨ᠎ᠤ ᠭᠤᠤᠯᠳᠠᠯᠭᠠᠲᠦ ᠡᠷᠦᠬᠡ》 ᠎ᠶ᠋ᠢᠨ ᠳᠠᠢᠴᠢᠯᠠᠬᠤ ᠦᠢᠯᠡᠳᠣᠯ᠎ᠢ ᠨᠡᠯᠢᠶᠡᠳ ᠰᠠᠢᠨ ᠪᠠᠳᠠᠷᠠᠭᠤᠯᠤᠭ᠍ᠰᠠᠨ ᠪᠠᠢᠨ᠎ᠠ᠃ ᠡᠭᠦᠨ᠎ᠤ ᠵᠡᠷᠭᠡ᠎ᠪᠠᠷ᠂ ᠭᠧᠯᠢᠭ ᠪᠠᠰᠠ ᠣᠢᠷ᠎ᠠ ᠬᠠᠪᠢ᠎ᠶ᠋ᠢᠨ᠎ᠢᠶᠠᠨ ᠮᠠᠯᠴᠢᠳ᠎ᠢᠶᠠᠨ ᠳᠠᠭᠠᠭᠤᠯᠤᠨ ᠲᠡᠳᠡᠨ᠎ᠲᠠᠢ ᠬᠠᠮᠲᠤ ᠪᠣᠷᠣ ᠴᠠᠷᠭᠠᠰᠤ ᠳᠠᠷᠢᠵᠤ᠂ ᠠᠬ᠍ᠳᠠᠨᠳᠠᠯ᠎ᠡ᠂ ᠠᠮᠢᠠᠠᠦ᠋ᠨᠳᠤᠷ᠂ ᠬᠤᠯᠪᠣᠭ᠎ᠠ᠂ ᠱᠤᠤᠬᠢᠨ ᠵᠡᠷᠭᠡ 4 ᠭᠠᠴᠠᠭᠠᠨ᠎ᠤ 36 ᠡᠷᠦᠬᠡ ᠮᠠᠯᠴᠢᠳ᠎ᠢ ᠬᠠᠪᠰᠤᠷᠤᠨ 1.5 ᠲᠦᠮᠡᠨ ᠮᠥ᠍ ᠪᠣᠷᠣ ᠴᠠᠷᠭᠠᠰᠤ ᠳᠠᠷᠢᠵᠤ᠂ ᠲᠤᠬᠠᠶ᠎ᠶ᠋ᠢᠨ ᠵᠢᠯ᠎ᠳᠡᠭᠡᠨ ᠡᠷᠦᠬᠡ ᠪᠦᠷᠢ᠎ᠶ᠋ᠢᠨ ᠳᠤᠮᠳᠠᠴᠢ ᠴᠡᠪᠡᠷ ᠣᠷᠣᠯᠭ᠎ᠠ᠎ᠶ᠋ᠢ 30 ᠲᠦᠮᠡᠨ ᠲᠥᠭᠦᠷᠢᠭ᠎ᠠᠴᠠ ᠳᠡᠭᠡᠭ᠌ᠰᠢ ᠨᠡᠮᠡᠭ᠌ᠳᠡᠭᠦᠯᠵᠤ᠂ ᠲᠡᠳᠡᠨ᠎ᠢ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭ᠌ᠵᠢᠭᠦᠯᠵᠦ᠍᠂ ᠰᠠᠢᠨ ᠳᠠᠭᠠᠭᠤᠯᠤᠭ᠍ᠴᠢ ᠪᠣᠯᠵᠣ᠂ ᠴᠢᠭ᠌ᠯᠡᠯ᠎ᠢ᠎ᠨᠢ ᠵᠢᠭᠠᠵᠤ ᠵᠠᠮ ᠳᠠᠭᠠᠭᠤᠯᠵᠠᠶ᠃ 

ᠮᠠᠯᠴᠢᠨ ᠲᠠᠭᠤᠯᠠ᠂ ᠪᠦᠬᠡ ᠪᠤᠯᠤᠨ ᠮᠤᠤᠬᠦ᠋ᠯᠦᠭᠡ 1150 ᠮᠦ᠍ ᠲᠡᠵᠢᠭᠡᠯ ᠡᠪᠡᠰᠦ ᠲᠠᠷᠢᠬ᠍ᠰᠠᠨ ᠪᠣᠯᠪᠠᠴᠤ᠌ ᠲᠤᠷᠱᠢᠯᠭ᠎ᠠ ᠮᠡᠬᠦᠰ ᠪᠣᠯᠬᠤᠷ ᠳᠣᠲᠣᠷ᠎ᠠ᠎ᠪᠠᠨ ᠲᠤᠭ᠎ᠠ ᠦᠭᠡᠢ ᠪᠠᠢᠯ᠎ᠠ᠂ ᠭᠧᠯᠢᠭ ᠶᠠᠳᠠᠷᠠᠯ ᠵᠦᠳᠡᠷᠡᠯ᠎ᠢ ᠬᠠᠢᠬᠤᠷᠤᠯ ᠦᠭᠡᠢ᠎ᠪᠠᠷ ᠤᠯᠠᠨ ᠤᠳᠠᠭ᠎ᠠ ᠲᠠᠷᠢᠶᠠᠨ ᠭᠠᠵᠠᠷ᠎ᠲᠤ ᠬᠦᠷᠴᠦ᠍ ᠵᠢᠭᠠᠨ ᠵᠢᠯᠣᠭᠤᠳᠴᠤ᠌᠂ ᠲᠡᠳᠡᠨ᠎ᠢ ᠬᠠᠪᠰᠤᠷᠤᠨ ᠲᠠᠷᠢᠶᠠᠨ ᠭᠠᠵᠠᠷ᠎ᠢ ᠨᠠᠷᠬᠠᠳᠠᠵᠤ᠂ ᠲᠠᠷᠢᠵᠤ ᠦᠭ᠌ᠭᠦᠭ᠌ᠰᠡᠨ ᠪᠦᠭᠡᠳ ᠦᠷ᠎ᠡ ᠬᠢᠮᠢ᠎ᠶ᠋ᠢᠨ ᠪᠤᠷᠳᠤᠭᠤᠷ᠎ᠢ ᠱᠡᠭᠡᠯᠡᠨ ᠦᠭ᠌ᠴᠤ᠂ 《ᠶᠠᠳᠠᠭᠤ ᠬᠦᠴᠢᠷᠳᠡᠯᠲᠡᠢ ᠡᠷᠦᠬᠡ》 ᠎ᠶ᠋ᠢ ᠬᠠᠪᠰᠤᠷᠤᠨ ᠶᠠᠳᠠᠭᠤ᠎ᠠᠴᠠ ᠠᠩᠭᠢᠵᠢᠷᠠᠭᠤᠯᠪᠠ᠃ 2013 ᠣᠨ᠎ᠳᠤ ᠭᠧᠯᠢᠭ ᠪᠠᠰᠠ ᠱᠢᠩ ᠶᠤᠸᠠᠨ ᠠᠷᠠᠳ᠎ᠲᠤ ᠠᠱᠢᠭ ᠬᠦᠷᠲᠡᠭᠡᠬᠦ᠌ ᠲᠤᠰᠭᠠᠢ ᠬᠤᠷᠱᠢᠶ᠎ᠠ᠎ᠶ᠋ᠢ ᠪᠠᠢᠭᠤᠯᠵᠤ᠂ ᠡᠵᠡᠩᠨᠡᠯᠲᠡ᠎ᠶ᠋ᠢᠨ ᠴᠢᠳᠠᠪᠤᠷᠢ ᠦᠭᠡᠢ 56 ᠮᠠᠯᠴᠢᠨ ᠡᠷᠦᠬᠡ᠎ᠶ᠋ᠢᠨ ᠨᠤᠲᠤᠭ ᠪᠡᠯᠴᠢᠭᠡᠷ᠎ᠢ ᠲᠥᠪᠯᠡᠷᠡᠭᠦᠯᠦᠨ᠂ ᠬᠠᠮᠲᠤ᠎ᠪᠠᠷ ᠬᠥᠭ᠌ᠵᠢᠬᠦ᠌᠎ᠶ᠋ᠢ ᠵᠤᠷᠢᠵᠤ᠂ ᠲᠤᠰᠭᠠᠢ ᠬᠤᠷᠱᠢᠶᠠᠨ᠎ᠳᠤ ᠤᠷᠤᠬ᠍ᠰᠠᠨ ᠭᠡᠱᠢᠭᠦᠨ᠎ᠳᠤ ᠦᠨ᠎ᠡ ᠲᠥᠯᠥᠪᠦᠷᠢ ᠦᠭᠡᠢ᠎ᠪᠠᠷ ᠪᠡᠯᠡ ᠮᠥᠩᠭᠦ᠌᠂ ᠮᠡᠷᠭᠡᠵᠢᠯ᠂ ᠪᠣᠷᠣᠯᠠᠭᠤᠯᠭ᠎ᠠ ᠵᠡᠷᠭᠡ ᠲᠠᠯ᠎ᠠ᠎ᠶ᠋ᠢᠨ 《ᠠᠰᠠᠷᠠᠭ᠍ᠴᠢ ᠮᠠᠶᠢᠭ》 ᠎ᠤᠨ ᠦᠢᠯᠡᠴᠢᠯᠡᠭᠡ ᠬᠠᠩᠭᠠᠵᠤ᠂ ᠮᠠᠯᠴᠢᠳ᠎ᠢ ᠳᠠᠭᠠᠭᠤᠯᠤᠨ ᠤᠷᠤᠯᠭ᠎ᠠ᠎ᠶ᠋ᠢ᠎ᠨᠢ ᠨᠡᠮᠡᠭ᠌ᠳᠡᠭᠦᠯᠬᠦ᠌ ᠪᠠᠶᠠᠵᠢᠯ᠎ᠤᠨ ᠵᠠᠮ᠎ᠢ ᠨᠡᠭᠡᠭᠡᠭ᠌ᠰᠡᠨ ᠪᠠᠢᠨ᠎ᠡ᠃ 

ᠣᠳᠣ ᠱᠢᠩ ᠶᠤᠸᠠᠨ ᠠᠷᠠᠳ᠎ᠲᠤ ᠠᠱᠢᠭ ᠬᠦᠷᠲᠡᠭᠡᠬᠦ᠌ ᠲᠤᠰᠭᠠᠶ ᠠᠵᠢᠯ᠎ᠤᠨ ᠬᠤᠷᠱᠢᠶ᠎ᠠ᠎ᠳᠤ 24 ᠭᠡᠱᠢᠭᠦᠨ᠎ᠲᠠᠢ᠂ ᠵᠢᠯ᠎ᠤᠨ ᠣᠷᠣᠯᠭ᠎ᠠ᠎ᠨᠢ 600 ᠲᠦᠮᠡᠨ ᠲᠥᠭᠦᠷᠢᠭ᠎ᠠᠴᠠ ᠳᠡᠭᠡᠭ᠌ᠰᠢ ᠪᠠᠢᠵᠤ᠂ ᠲᠤᠰᠭᠠᠢ ᠬᠤᠷᠱᠢᠶ᠎ᠠ᠎ᠳᠤ ᠤᠷᠤᠭ᠍ᠰᠠᠨ ᠬᠡᠱᠢᠭᠦᠨ᠎ᠤ ᠭᠡᠷ ᠪᠦᠯᠢ᠎ᠶ᠋ᠢᠨ ᠬᠥᠮᠦᠨ ᠳᠤᠮᠳᠠᠴᠢ᠎ᠶ᠋ᠢᠨ ᠣᠷᠣᠯᠭ᠎ᠠ᠎ᠨᠢ ᠨᠢᠭᠡᠨᠲᠡ 6 ᠲᠦᠮᠡᠨ ᠲᠥᠭᠦᠷᠢᠭ᠎ᠲᠤ ᠬᠦᠷᠴᠡᠶ᠃ 

ᠠᠴᠢ ᠬᠠᠷᠢᠭᠤ ᠬᠦᠰᠡᠳᠡᠭ ᠦᠭᠡᠢ 《ᠠᠷᠠᠯ᠎ᠤᠨ ᠱᠠᠷ》 

ᠭᠧᠯᠢᠭ᠄ 《ᠭᠠᠭ᠍ᠴᠠ ᠬᠦ᠌ ᠨᠡᠷ᠎ᠡ ᠠᠱᠢᠭ᠎ᠢ ᠬᠥᠩᠭᠡᠪᠴᠢᠯᠡᠪᠡᠯ ᠰᠠᠶᠢ ᠠᠵᠢᠯ ᠦᠢᠯᠡᠰ᠎ᠢᠶᠠᠨ ᠰᠠᠢᠲᠤᠷ ᠬᠢᠵᠦ᠍᠂ ᠬᠤᠪᠢ ᠨᠡᠮᠡᠷᠢ ᠦᠵᠡᠭᠦᠯᠬᠦ᠌ ᠳᠤᠮᠳᠠ ᠬᠥᠮᠦᠨ᠎ᠤ ᠠᠮᠢᠳᠤᠷᠠᠯ᠎ᠤᠨ ᠦᠨ᠎ᠡ ᠥᠷᠲᠡᠭ᠎ᠢ ᠢᠯᠡᠷᠡᠭᠦᠯᠵᠦ᠍ ᠴᠢᠳᠠᠨ᠎ᠠ》 ᠭᠡᠵᠤ ᠦᠷᠬᠦᠯᠵᠢ ᠬᠡᠯᠡᠳᠡᠭ᠃ 

ᠡᠳᠡᠭᠡᠷ ᠵᠢᠯ᠎ᠤᠳ᠎ᠲᠤ᠌᠂ ᠭᠧᠯᠢᠭ ᠢᠮᠠᠭ᠍ᠲᠠ ᠬᠠᠲᠠᠭᠤᠵᠢᠯᠲᠠᠢ ᠪᠣᠷᠣᠭ᠍ᠵᠢᠭᠤᠨ ᠱᠢᠯᠢᠳᠡᠭ ᠤᠯᠠᠮᠵᠢᠯᠠᠯ᠎ᠢᠶᠠᠨ ᠪᠠᠷᠢᠮᠳᠠᠯᠠᠵᠤ᠂ ᠶᠡᠷᠦ᠎ᠠᠴᠠ ᠳᠡᠭᠡᠳᠤ ᠲᠡᠰ᠎ᠤᠨ ᠪᠠ ᠨᠡᠷᠡᠲᠦ ᠲᠡᠮᠳᠡᠭ᠌ᠳᠦ᠎ᠶ᠋ᠢ ᠬᠥᠭᠡᠭᠡᠴᠡᠯᠳᠦᠳᠡᠭ ᠦᠭᠡᠢ᠃ ᠬᠡᠳᠦ᠋ᠢᠪᠡᠷ ᠥᠪᠡᠷ᠎ᠤᠨ ᠪᠡᠶ᠎ᠡ᠎ᠳᠡᠭᠡᠨ 《ᠬᠠᠷᠠᠮᠴᠢ》 ᠪᠥᠭᠡᠳ ᠬᠠᠲᠠᠭᠤ ᠴᠢᠩᠭ᠎ᠠ ᠬᠠᠨᠳᠤᠳᠠᠭ ᠪᠣᠯᠪᠠᠴᠤ᠌ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠲᠤ ᠶᠠᠳᠠᠭᠤ ᠬᠦᠴᠢᠷᠳᠡᠯᠲᠡᠢ ᠤᠯᠠᠨ ᠲᠦᠮᠡᠨ᠎ᠳᠤ ᠬᠠᠷᠢᠨ ᠰᠡᠳᠭᠢᠭ᠌ᠳᠡᠰᠢ ᠦᠭᠡᠢ ᠥᠭ᠌ᠭᠢᠶᠡᠮᠦᠷᠴᠢ ᠪᠠᠢᠳᠠᠭ᠃ 

2016 ᠣᠨ᠎ᠠᠴᠠ ᠡᠬᠢᠯᠡᠨ᠂ ᠵᠢᠯ ᠪᠦᠷᠢ᠎ᠶ᠋ᠢᠨ 《7 · 1》 ᠎ᠤ ᠨᠠᠮ ᠪᠠᠢᠭᠤᠯᠤᠬ᠍ᠳᠠᠬ᠍ᠰᠡᠨ ᠡᠳᠤᠷ ᠲᠡᠷᠡ ᠴᠥᠮ 3 ᠲᠦᠮᠡᠨ ᠲᠥᠭᠦᠷᠢᠭ ᠭᠠᠷᠭᠠᠵᠤ᠂ ᠲᠤᠰ ᠲᠣᠰᠭᠤᠨ᠎ᠤ 5 ᠶᠠᠳᠠᠭᠤ ᠬᠦᠴᠢᠷᠳᠡᠯᠲᠡᠢ ᠰᠤᠷᠤᠬ᠍ᠴᠢ᠂ 8 ᠥᠨᠥᠴᠢᠨ ᠬᠡᠦᠬᠡᠳ᠎ᠤᠨ ᠰᠤᠷᠤᠯᠭ᠎ᠠ᠎ᠳᠤ ᠲᠤᠰᠠᠯᠠᠳᠠᠭ᠃ 2012 ᠣᠨ᠎ᠤ 10 ᠰᠠᠷ᠎ᠠ᠎ᠳᠤ᠂ ᠭᠧᠯᠢᠭ ᠮᠠᠯᠴᠢᠨ ᠪᠦᠬᠡᠸᠴᠢᠷ ᠨᠠᠰᠤᠲᠠᠨ ᠡᠷ᠎ᠡ ᠡᠮ᠎ᠡ ᠬᠤᠶᠠᠭᠤᠯᠠ᠎ᠶ᠋ᠢᠨ ᠨᠠᠰᠤ ᠠᠬᠠᠱᠢᠷᠠᠵᠤ ᠪᠡᠶ᠎ᠡ ᠮᠠᠭᠤ ᠡᠪᠡᠳᠴᠢᠨ ᠬᠠᠭᠤᠴᠢᠨ᠎ᠲᠠᠢ ᠪᠥᠭᠡᠳ ᠬᠤᠶᠠᠷ ᠣᠶᠤᠲᠠᠨ᠎ᠢ ᠰᠤᠷᠭᠠᠭᠤᠯᠢ᠎ᠳᠤ ᠰᠤᠷᠤᠯᠴᠠᠭᠤᠯᠵᠤ ᠠᠮᠢᠳᠤᠷᠠᠯ᠎ᠨᠢ ᠲᠦᠢᠯ᠎ᠤᠨ ᠬᠦᠴᠢᠷᠳᠡᠯᠳᠠᠢ ᠪᠠᠢᠬᠤ ᠪᠣᠳᠠᠲᠤ ᠪᠠᠢᠳᠠᠯ᠎ᠢ ᠣᠢᠯᠠᠭᠠᠵᠤ ᠮᠡᠳᠡᠭᠡᠳ᠂ ᠰᠠᠨᠠᠭᠠᠴᠢᠯᠠᠭ᠎ᠠ᠎ᠠᠴᠠ᠎ᠪᠠᠨ ᠬᠤᠶᠠᠷ ᠨᠠᠰᠤᠲᠠᠨ᠎ᠢ ᠺᠣᠮᠫᠠᠨᠢ᠎ᠶ᠋ᠢᠨ ᠰᠠᠭᠤᠷᠢᠨ᠎ᠳᠤ ᠠᠷᠰᠠᠷ ᠠᠵᠢᠯ ᠬᠢᠯᠭᠡᠬᠦ᠌᠎ᠪᠠᠷ ᠲᠥᠪᠬᠢᠨᠡᠭᠦᠯᠵᠦ᠍᠂ ᠵᠢᠯ ᠪᠦᠷᠢ 6 ᠲᠦᠮᠡᠨ ᠲᠥᠭᠦᠷᠢᠭ᠎ᠤᠨ ᠴᠠᠯᠢᠩ ᠬᠦᠯᠤᠰᠤ ᠤᠯᠭᠤᠬ᠍ᠰᠡᠨ ᠪᠠᠢᠨ᠎ᠠ᠃ ᠤᠳᠤ ᠡᠪᠦᠭᠡᠨ ᠬᠥᠭ᠌ᠰᠢᠨ ᠬᠤᠶᠠᠭᠤᠯᠠ ᠬᠤᠶᠠᠷ ᠤᠶᠤᠳᠠᠨ᠎ᠤ᠎ᠪᠠᠨ ᠰᠤᠷᠤᠯᠭ᠎ᠠ᠎ᠶ᠋ᠢ ᠠᠮᠵᠢᠯᠲᠠ᠎ᠲᠠᠢ ᠲᠡᠬᠦᠰᠭᠡᠭ᠌ᠰᠡᠨ ᠪᠦᠭᠡᠳ ᠪᠠᠰᠠ ᠬᠠᠳᠠᠭᠠᠯᠠᠮᠵᠢ᠎ᠲᠠᠢ ᠪᠣᠯᠵᠠᠶ᠃ ᠨᠠᠰᠤᠲᠠᠨ ᠢᠦᠢ ᠴᠢᠩ ᠡᠷ᠎ᠡ ᠡᠮ᠎ᠡ ᠬᠤᠶᠠᠭᠤᠯᠠ᠎ᠶ᠋ᠢᠨ ᠠᠮᠢᠳᠤᠷᠠᠯ᠎ᠤᠨ ᠨᠥᠬᠦᠴᠡᠯ᠎ᠢ ᠰᠠᠢᠵᠢᠷᠠᠭᠤᠯᠬᠤ᠎ᠶ᠋ᠢᠨ ᠲᠥᠯᠥᠭᠡ᠂ 2012 ᠣᠨ᠎ᠤ 10 ᠰᠠᠷ᠎ᠠ᠎ᠠᠴᠠ ᠡᠬᠢᠯᠡᠨ᠂ ᠲᠡᠷᠡ ᠤᠷᠢᠳ ᠬᠤᠵᠢᠳ 2 ᠲᠦᠮᠡ ᠭᠠᠷᠤᠢ ᠲᠥᠭᠦᠷᠢᠭ ᠭᠠᠷᠭᠠᠵᠤ ᠨᠠᠰᠤᠲᠠᠨ᠎ᠳᠤ ᠴᠢᠪᠠᠭ᠎ᠠ ᠪᠠᠯᠭᠠᠰᠤᠨ᠎ᠠᠴᠠ ᠭᠡᠷ ᠲᠦᠷᠢᠶᠡᠰᠦᠯᠡᠨ ᠥᠭ᠌ᠴᠦ᠂ ᠭᠤᠯᠢᠷ ᠪᠤᠳᠠᠭ᠎ᠠ᠂ ᠢᠳᠡᠱᠢᠨ ᠨᠣᠭᠤᠭ᠎ᠠ ᠵᠡᠷᠭᠡ᠎ᠶ᠋ᠢ ᠬᠠᠩᠭᠠᠬ᠍ᠰᠡᠨ ᠪᠦᠭᠡᠳ ᠲᠣᠭ᠍ᠲᠠᠮᠠᠯ ᠬᠤᠭᠤᠴᠠᠭ᠎ᠠ᠎ᠲᠠᠢ᠎ᠪᠠᠷ ᠡᠷᠭᠢᠨ ᠦᠵᠡᠪᠠ᠃ 

2020 ᠣᠨ᠎ᠤ ᠡᠪᠦᠯ᠂ ᠲᠡᠳᠡᠨ᠎ᠤ ᠭᠠᠴᠠᠭ᠎ᠠ ᠬᠡᠳᠦᠨ ᠠᠷᠪᠠᠨ ᠵᠢᠯ᠎ᠳᠤ ᠲᠣᠬᠢᠶᠠᠯᠳᠤᠭ᠎ᠠ ᠥᠬᠡᠶ ᠣᠨᠴᠠ ᠶᠡᠭᠡ ᠵᠤᠳ᠎ᠲᠤ ᠳᠠᠭᠠᠷᠢᠭ᠍ᠳᠠᠵᠤ᠂ ᠡᠨᠡ ᠬᠦ᠌ ᠭᠡᠨᠡᠳᠲᠡ ᠡᠭᠦᠰᠦᠭ᠌ᠰᠡᠨ ᠭᠠᠮᠱᠢᠭ᠎ᠨᠢ ᠣᠯᠠᠨ ᠲᠦᠮᠡᠨ᠎ᠤ ᠦᠢᠯᠡᠳᠪᠤᠷᠢᠯᠡᠯ ᠠᠮᠢᠳᠤᠷᠠᠯ᠎ᠳᠤ ᠲᠦᠢᠯ᠎ᠤᠨ ᠳᠥᠭᠦᠮ ᠦᠭᠡᠢ ᠪᠣᠯᠪᠠ᠂ ᠭᠧᠯᠢᠭ ᠰᠠᠨᠠᠭᠠᠴᠢᠯᠠᠭ᠎ᠠ᠎ᠠᠴᠠ᠎ᠪᠠᠨ 5 ᠡᠳᠦᠷ ᠰᠦᠢᠳᠭᠡᠯ ᠬᠤᠷᠢᠶᠠᠬᠤ ᠥᠬᠡᠶ᠎ᠪᠠᠷ ᠭᠠᠴᠠᠭᠠᠨ᠎ᠤ 30 ᠭᠠᠷᠤᠶ ᠺᠢᠯᠣᠮᠧᠲᠷ ᠵᠠᠮ᠎ᠤᠨ ᠬᠤᠷᠠᠭ᠍ᠰᠠᠨ ᠴᠠᠰᠤ᠎ᠶ᠋ᠢ ᠴᠡᠪᠡᠷᠯᠡᠬᠦ᠌᠎ᠶ᠋ᠢᠨ ᠬᠠᠮᠲᠤ 4 ᠲᠦᠮᠡᠨ ᠲᠥᠭᠦᠷᠢᠭ᠎ᠤᠨ ᠪᠠᠯᠠ ᠮᠥᠩᠭᠦ᠌ ᠭᠠᠷᠭᠠᠵᠤ᠂ ᠬᠤᠯᠪᠣᠭ᠎ᠠ᠂ ᠠᠮᠢᠠᠠᠦ᠋ᠨᠳᠤᠷ ᠵᠡᠷᠭᠡ 4 ᠭᠠᠴᠠᠭ᠎ᠠ᠎ᠶ᠋ᠢᠨ ᠵᠤᠳ᠎ᠲᠤ ᠳᠠᠭᠠᠷᠢᠭ᠍ᠳᠠᠭ᠍ᠰᠠᠨ ᠬᠦᠴᠢᠷᠳᠡᠯᠲᠡᠶ ᠣᠯᠠᠨ ᠲᠦᠮᠡᠨ᠎ᠤ ᠡᠪᠡᠰᠦ ᠪᠣᠷᠳᠤᠭ᠎ᠠ ᠬᠤᠳᠠᠯᠳᠤᠨ ᠠᠪᠴᠤ᠌ ᠬᠦᠴᠢᠷᠳᠡᠯ᠎ᠢ᠎ᠨᠢ ᠱᠢᠢᠳᠪᠤᠷᠢᠯᠡᠪᠡ᠃ ᠲᠤᠰ ᠲᠣᠰᠭᠤᠨ᠎ᠤ ᠨᠠᠰᠤᠲᠠᠢᠴᠤᠳ᠎ᠤᠨ ᠰᠠᠭᠤᠵᠤ ᠪᠠᠢᠭ᠎ᠠ ᠵᠣᠯ ᠵᠢᠷᠭᠠᠯ᠎ᠤᠨ ᠬᠠᠪᠰᠤᠷᠤᠯᠴᠠᠬᠤ ᠬᠦᠷᠢᠶᠡᠯᠡᠩ᠎ᠤᠨ ᠳᠤᠯᠠᠭᠠᠯᠠᠬᠤ ᠲᠥᠬᠦᠭᠡᠷᠦᠮᠵᠢ ᠡᠪᠳᠡᠷᠡᠭ᠌ᠰᠡᠨ᠎ᠢ ᠰᠣᠨᠣᠰᠤᠭᠠᠳ ᠲᠡᠷᠡ ᠡᠩ ᠲᠡᠷᠢᠭᠦᠨ᠎ᠳᠤ 5 ᠲᠦᠮᠡᠨ ᠲᠥᠭᠦᠷᠢᠭ ᠭᠠᠷᠭᠠᠵᠤ᠂ ᠲᠥᠬᠦᠭᠡᠷᠦᠮᠵᠢ ᠪᠣᠯᠤᠨ ᠲᠦᠯᠡᠰᠢ ᠬᠤᠳᠠᠯᠳᠤᠨ ᠠᠪᠴᠤ᠌᠂ ᠪᠠᠷᠢᠯᠭ᠎ᠠ᠎ᠶ᠋ᠢᠨ ᠠᠵᠢᠯ᠎ᠢ ᠵᠣᠬᠢᠶᠠᠨ ᠪᠠᠢᠭᠤᠯᠵᠤ ᠤᠭ᠍ᠰᠠᠷᠠᠭᠤᠯᠪᠠ᠃ ᠡᠨᠡ ᠤᠴᠢᠷ᠎ᠢ ᠶᠠᠷᠢᠬᠤ᠎ᠳᠤ᠂ ᠬᠠᠪᠰᠤᠷᠤᠯᠴᠠᠬᠤ ᠬᠦᠷᠢᠶᠡᠯᠡᠩ᠎ᠤᠨ ᠨᠠᠰᠤᠲᠠᠢᠴᠤᠳ ᠪᠦᠷ ᠲᠡᠷᠡ ᠡᠪᠦᠯ᠎ᠢ ᠣᠨᠴᠠᠭᠠᠢ ᠳᠤᠯᠠᠭᠠᠬᠠᠨ ᠦᠡᠭ᠌ᠭᠡᠷᠡᠬᠦᠯᠵᠠᠢ ᠭᠡᠵᠦ᠍ ᠬᠡᠯᠡᠳᠡᠭ᠃ 

ᠤᠳᠤ ᠪᠤᠯᠬᠤ᠎ᠳᠤ᠂ ᠭᠧᠯᠢᠭ᠎ᠤᠨ ᠬᠠᠨᠳᠢᠪᠯᠠᠭ᠍ᠰᠠᠨ ᠪᠡᠯᠡ ᠮᠦᠩᠭᠦ᠌ ᠡᠳ᠋ ᠪᠣᠳᠠᠰ ᠨᠡᠢᠳᠡ 200 ᠭᠠᠷᠤᠢ ᠲᠦᠮᠡᠨ ᠲᠥᠭᠦᠷᠢᠭ᠎ᠲᠤ ᠬᠦᠷᠴᠡᠢ᠂ ᠲᠡᠷᠡ ᠪᠣᠳᠠᠲᠤ ᠠᠵᠢᠯᠯᠠᠭ᠎ᠠ᠎ᠪᠠᠷ᠎ᠢᠶᠠᠨ ᠨᠢᠭᠡᠨ ᠡᠪ ᠬᠠᠮᠲᠤ ᠨᠠᠮ᠎ᠤᠨ ᠭᠡᠱᠢᠭᠦᠨ᠎ᠤ ᠬᠠᠷᠢᠭᠤᠴᠠᠯᠭ᠎ᠠ ᠪᠠ ᠡᠭᠦᠷᠭᠡᠯᠡᠯ᠎ᠢ ᠲᠠᠢᠯᠪᠤᠷᠢᠯᠠᠵᠤ᠂ ᠵᠢᠵᠢᠭ ᠰᠠᠵᠢᠭ ᠶᠠᠪᠤᠳᠠᠯ᠎ᠢᠶᠠᠷ ᠨᠢᠭᠡᠨ ᠡᠪ ᠬᠠᠮᠲᠤ ᠨᠠᠮ᠎ᠤᠨ ᠭᠡᠱᠢᠭᠦᠨ᠎ᠤ ᠠᠷᠠᠳ᠎ᠤᠨ ᠲᠥᠯᠥᠭᠡ ᠵᠢᠳᠬᠦᠬᠦ᠌ ᠰᠡᠳᠭᠢᠯᠭᠡ᠎ᠶ᠋ᠢ ᠢᠯᠡᠷᠡᠭᠦᠯᠵᠦ᠍᠂ ᠵᠢᠳᠬᠦᠯ ᠴᠢᠷᠮᠠᠢᠯᠭ᠎ᠠ᠎ᠪᠠᠷ᠎ᠢᠶᠠᠨ ᠨᠢᠭᠡᠨ ᠬᠢᠷᠢ ᠲᠡᠩᠴᠡᠭ᠌ᠰᠡᠨ ᠡᠪ ᠬᠠᠮᠲᠤ ᠨᠠᠮ᠎ᠤᠨ ᠭᠡᠱᠢᠭᠦᠨ᠎ᠤ ᠮᠥᠨ ᠴᠢᠨᠠᠷ᠎ᠢ ᠭᠡᠷᠡᠴᠢᠯᠡᠪᠡ᠃ ᠲᠡᠷᠡ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠡᠭᠡᠯ ᠵᠢᠷ᠎ᠤᠨ ᠠᠵᠢᠯ᠎ᠤᠨ ᠪᠠᠢᠷᠢ ᠳᠡᠭᠡᠷ᠎ᠡ᠎ᠪᠠᠨ ᠶᠡᠷᠦ᠍ ᠪᠤᠰᠤ᠎ᠶ᠋ᠢᠨ ᠠᠮᠢᠳᠤᠷᠠᠬᠤᠢ᠎ᠶ᠋ᠢᠨ ᠢᠷᠠᠭᠤ ᠲᠤᠤᠯᠢᠰ᠎ᠢ ᠪᠢᠴᠢᠭ᠌ᠯᠡᠵᠦ᠍᠂ ᠪᠠᠷᠢᠮᠲᠠᠯᠠᠬᠤ ᠪᠠ ᠵᠣᠷᠢᠭᠤᠯᠬᠤ᠎ᠪᠠᠷ ᠠᠮᠢᠳᠤᠷᠠᠬᠤᠢ᠎ᠶ᠋ᠢᠨ ᠦᠷᠳᠡᠭ᠎ᠢᠶᠠᠨ ᠢᠯᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号