ᠪᠠᠭᠠᠷᠢᠨ ᠵᠡᠭᠦᠨ ᠬᠤᠱᠢᠭᠤᠨ᠎ᠤ ᠯᠢᠨᠳᠦ᠋ᠩ ᠪᠠᠯᠭᠠᠰᠤᠨ᠎ᠤ ᠱᠢᠶᠠᠨ ᠹᠧᠩ ᠲᠣᠰᠭᠤᠨ᠎ᠤ ᠦᠩᠭᠡᠷᠡᠭ᠌ᠰᠡᠨᠢ ᠶᠠᠷᠢᠪᠠᠯ᠂ ᠵᠠᠮ ᠬᠠᠷᠢᠯᠴᠠᠭ᠎ᠠ ᠨᠡᠪᠲᠡᠷᠡᠬᠦ᠌ ᠦᠭᠡᠢ᠂ ᠪᠤᠢᠲᠠ ᠪᠦᠭ᠌ᠯᠡᠭᠦᠦ᠂ ᠬᠤᠴᠤᠷᠤᠩᠭᠤᠢ ᠭᠡᠰᠡᠨ ᠬᠡᠳᠦᠬᠡᠨ ᠦᠭᠡ᠎ᠪᠠᠷ ᠳ᠋ᠦᠩᠨᠡᠵᠤ ᠪᠤᠯᠳᠠᠭ᠃ ᠭᠡᠳᠡᠯ᠎ᠡ ᠡᠳᠦᠭᠡ ᠲᠤᠰ ᠲᠤᠰᠭᠤᠨ᠎ᠨᠢ ᠲᠡᠭ᠌ᠰᠢ ᠰᠠᠢᠬᠠᠠ ᠴᠠᠷᠳᠠᠮᠠᠯ ᠵᠠᠮ᠎ᠲᠠᠢ᠂ ᠤᠷᠴᠢᠨ ᠲᠤᠭᠤᠷᠢᠨ ᠭᠤᠢᠲᠠ ᠰᠠᠢᠬᠠᠨ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠠᠵᠤ ᠦᠢᠯᠡᠰ ᠬᠥᠭ᠌ᠵᠢᠯ ᠪᠠᠳᠠᠷᠠᠯ᠎ᠲᠠᠢ᠂ ᠠᠷᠠᠳ ᠢᠷᠭᠡᠳ ᠪᠠᠶᠠᠨ ᠴᠢᠨᠡᠭᠡᠯᠢᠭ᠂ ᠣᠷᠣᠱᠢᠨ ᠰᠠᠭᠤᠵᠤ ᠦᠢᠯᠡᠰ ᠪᠤᠰᠭᠠᠬᠤ᠎ᠳᠤ ᠲᠣᠬᠢᠷᠠᠮᠵᠢᠲᠠᠢ ᠣᠳᠣᠬᠢᠴᠢᠯᠠᠭ᠍ᠰᠠᠨ ᠦᠵᠡᠰᠭᠦᠯᠡᠩᠲᠦ ᠰᠠᠢᠬᠠᠨ ᠱᠢᠨ᠎ᠡ ᠬᠥᠳᠡᠭᠡ ᠲᠣᠰᠭᠤᠨ ᠪᠤᠯᠵᠤ ᠳᠡᠰ ᠳᠡᠪᠱᠢᠭ᠌ᠰᠡᠨ ᠪᠠᠢᠨ᠎ᠠ᠃
ᠱᠢᠶᠠᠨ ᠹᠧᠩ ᠲᠣᠰᠭᠤᠨ ᠯᠢᠨᠳᠦ᠋ᠩ ᠪᠠᠯᠭᠠᠰᠤ᠎ᠠᠴᠠ ᠵᠡᠭᠦᠨᠰᠢ 6 ᠺᠢᠯᠣᠮᠧᠲᠷ ᠵᠠᠢᠲᠠᠢ ᠪᠠᠢᠷᠢᠯᠠᠵᠤ᠂ ᠪᠠᠢᠩᠭᠤ ᠰᠠᠭᠤᠭ᠎ᠠ 464 ᠡᠷᠦᠬᠡ 1058 ᠬᠦᠮᠦᠨ ᠠᠮᠠ᠎ᠲᠠᠢ᠃ ᠣᠢᠷ᠎ᠠ᠎ᠶ᠋ᠢᠨ ᠵᠢᠯ᠎ᠠᠴᠠ᠂ ᠲᠤᠰ ᠲᠣᠰᠭᠤᠨ ᠣᠷᠣᠱᠢᠨ ᠰᠠᠭᠤᠷᠢᠱᠢᠬᠤ ᠦᠢᠯᠡᠰ ᠪᠤᠰᠭᠠᠬᠤ᠎ᠳᠤ ᠲᠣᠬᠢᠷᠠᠮᠵᠢᠲᠠᠶ ᠬᠥᠳᠡᠭᠡ ᠲᠣᠰᠭᠤᠨ᠎ᠢ ᠪᠥᠲᠥᠭᠡᠨ ᠪᠠᠢᠭᠤᠯᠬᠤ᠎ᠪᠠᠷ ᠬᠦᠴᠦᠯᠡᠵᠦ᠍᠂ ᠡᠬᠢ ᠪᠠᠶᠠᠯᠢᠭ ᠬᠦᠴᠦᠨ ᠴᠢᠳᠠᠯ᠎ᠢᠶᠠᠨ ᠲᠥᠪᠯᠡᠷᠡᠭᠦᠯᠦᠨ ᠬᠥᠳᠡᠭᠡ ᠲᠣᠰᠭᠤᠨ᠎ᠤ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠢ ᠰᠠᠢᠵᠢᠷᠠᠭᠤᠯᠵᠤ᠂ ᠰᠠᠭᠤᠷᠢ ᠲᠥᠬᠦᠭᠡᠷᠦᠮᠵᠢ᠎ᠶ᠋ᠢ ᠲᠡᠭᠦᠯᠳᠡᠷᠵᠢᠭᠦᠯᠦᠭ᠌ᠰᠡᠡᠢᠶᠠᠷ ᠲᠣᠰᠭᠤᠨ᠎ᠤ ᠠᠷᠠᠳ᠎ᠤᠨ ᠠᠮᠢᠳᠤᠷᠠᠯ ᠪᠣᠯᠤᠨ ᠲᠣᠰᠭᠤᠨ᠎ᠤ ᠳᠦᠷᠰᠦ ᠪᠠᠢᠳᠠᠯ ᠡᠳᠦᠷ᠎ᠠᠴᠠ ᠡᠳᠦᠷ ᠰᠠᠢᠵᠢᠷᠠᠵᠥ᠍᠂ 2019 ᠣᠨ᠎ᠳᠤ 《ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠣᠯᠪᠠᠰᠤᠨ ᠲᠣᠰᠭᠤᠨ》 ᠢᠶᠠᠷ ᠨᠡᠷᠡᠢᠳᠦᠭ᠌ᠳᠡᠪᠡ᠃
ᠲᠣᠰᠭᠤᠨ᠎ᠤ ᠠᠷᠠᠳ ᠮᠢᠶᠣᠣ ᠶᠠ ᠴᠢᠨᠤ᠎ᠳᠤ ᠬᠦᠷᠬᠦ᠌᠎ᠳᠤ᠂ ᠬᠤᠶᠠᠷ ᠳᠠᠪᠬᠤᠷ ᠠᠰᠠᠷ᠎ᠨᠢ ᠦᠵᠡᠮᠵᠢ ᠲᠡᠭᠦᠰ ᠬᠠᠷᠠᠭ᠍ᠳᠠᠨ᠎ᠠ᠃ ᠤᠤᠯ᠎ᠨᠢ ᠮᠢᠶᠣᠣ ᠶᠠ ᠴᠢᠨ ᠬᠥᠭ᠌ᠰᠢᠨᠲᠠᠢᠪᠠᠨ ᠯᠢᠨᠳᠦ᠋ᠩ ᠪᠠᠯᠭᠠᠰᠤᠨ᠎ᠳᠤ ᠪᠤᠯᠭᠤᠭ᠍ᠰᠠᠨ ᠢᠳᠡᠭᠡᠨ᠎ᠤ ᠮᠠᠢᠮᠠᠶ ᠬᠢᠵᠦ᠍ ᠪᠠᠢᠵᠠᠢ᠂ ᠨᠤᠲᠤᠭ᠎ᠤᠨ ᠶᠡᠭᠡ ᠬᠤᠪᠢᠷᠠᠯᠲᠠ᠎ᠨᠢ ᠬᠤᠶᠠᠷ ᠨᠠᠰᠤᠳᠠᠠᠤ ᠬᠦᠳᠡᠭᠡ ᠨᠤᠲᠤᠭ᠎ᠲᠠᠭᠠᠨ ᠪᠤᠴᠠᠵᠤ ᠢᠷᠡᠬᠦ᠌ ᠬᠦᠰᠡᠯ᠎ᠢ᠎ᠨᠢ ᠤᠯᠠᠮ ᠴᠢᠩᠭ᠎ᠠ ᠪᠤᠯᠭᠠᠪᠠ᠃ ᠲᠡᠭᠡᠭᠡᠳ 2019 ᠣᠠᠳᠤ ᠬᠤᠶᠡᠷ ᠨᠠᠰᠤᠳᠠᠠ ᠲᠣᠰᠭᠤᠨ᠎ᠳᠠᠭᠠᠨ ᠱᠢᠨ᠎ᠡ ᠬᠡᠷ ᠪᠠᠷᠢᠵᠤ ᠱᠢᠨ᠎ᠡ ᠠᠮᠢᠳᠤᠷᠠᠯ᠎ᠢᠶᠠᠨ ᠡᠬᠢᠯᠡᠭᠦᠯᠵᠥ᠍ ᠪᠢᠯᠡ᠃
ᠱᠢᠶᠠᠨ ᠹᠧᠩ ᠲᠣᠰᠭᠤᠨ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠪᠦᠳᠦᠭᠡᠨ ᠪᠠᠢᠭᠤᠯᠤᠯᠲᠠ᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠤᠶᠠᠯᠳᠤᠭᠤᠯᠵᠤ᠂ 《ᠳᠣᠲᠣᠷ᠎ᠠ ᠭᠠᠳᠠᠨ᠎ᠠ᠎ᠠᠴᠠ᠎ᠨᠢ ᠵᠡᠷᠭᠡ᠎ᠪᠡᠷ ᠵᠠᠰᠠᠬᠤ》 ᠶ᠋ᠢ ᠴᠢᠬᠤᠯᠠᠴᠢᠯᠠᠵᠤ᠂ ᠲᠣᠰᠭᠤᠨ᠎ᠤ ᠳᠦᠷᠰᠦ ᠪᠠᠢᠳᠠᠯ᠎ᠢ ᠱᠢᠨᠡᠳᠭᠡᠬᠦ᠌᠎ᠶ᠋ᠢᠨ ᠬᠠᠮᠲᠤ ᠲᠣᠰᠭᠤᠨ᠎ᠤ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠰᠠᠢᠵᠢᠷᠠᠭᠤᠯᠵᠤ᠂ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠠ ᠲᠣᠰᠭᠤᠨ᠎ᠤ ᠪᠦᠬᠦᠯᠢ ᠴᠣᠭ᠍ᠴᠠ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠪᠡ᠃ 2010 ᠣᠨ᠎ᠠᠴᠠ ᠣᠳᠣ ᠪᠣᠯᠲᠠᠯ᠎ᠠ᠂ ᠲᠤᠰ ᠲᠣᠰᠭᠤᠨ ᠬᠥᠭᠦᠷᠭᠡ ᠪᠠᠢᠭᠤᠯᠵᠤ᠂ ᠱᠦᠢᠨᠢ ᠵᠠᠮ ᠳᠡᠪᠢᠰᠤᠠ᠂ ᠦᠶᠡᠷ᠎ᠢ ᠰᠡᠷᠭᠡᠢᠯᠡᠬᠦ᠌ ᠳᠠᠯᠠᠩ ᠪᠠᠢᠭᠤᠯᠵᠤ᠂ ᠤᠰᠤ ᠳᠠᠮᠵᠢᠭᠤᠯᠬᠤ ᠬᠤᠭᠤᠯᠠᠶ ᠪᠤᠯᠠᠵᠤ᠂ ᠰᠣᠶᠣᠯ᠎ᠤᠨ ᠬᠡᠷᠡᠮ ᠪᠠ ᠰᠣᠶᠣᠯ᠎ᠤᠨ ᠠᠭᠤᠳᠠᠮ ᠲᠠᠯᠠᠪᠠᠶ ᠪᠠᠢᠭᠤᠯᠤᠠ᠂ ᠠᠢᠯ ᠲᠣᠰᠭᠤᠨ᠎ᠳᠠᠭᠠᠨ ᠮᠤᠳᠤ ᠲᠡᠷᠢᠵᠥ᠍ ᠨᠤᠭᠤᠭᠠᠷᠠᠭᠤᠯᠤᠠ᠂ ᠨᠤᠷᠠᠬᠤ ᠠᠶᠤᠯᠲᠠᠶ ᠭᠡᠷ ᠪᠠᠢᠱᠢᠩ᠎ᠢ ᠵᠠᠰᠠᠠ ᠱᠢᠨᠡᠳᠭᠡᠵᠥ᠍᠂ ᠡᠷᠡᠭᠦᠯ ᠬᠠᠮᠠᠭᠠᠯᠠᠯ᠎ᠤᠨ ᠲᠠᠰᠤᠭ ᠪᠠᠢᠭᠤᠯᠤᠨ᠂ ᠲᠣᠰᠭᠤᠨ᠎ᠤ 80 % ᠶ᠋ᠢᠨ ᠣᠷᠣᠨ ᠪᠦᠰᠡ᠎ᠶ᠋ᠢ ᠬᠠᠮᠤᠷᠤᠭ᠍ᠰᠠᠨ ᠬᠢᠨᠠᠨ ᠡᠵᠡᠮᠳᠡᠬᠦ᠌ ᠲᠥᠬᠦᠭᠡᠷᠦᠮᠵᠢ ᠤᠭ᠍ᠰᠠᠷᠠᠵᠡᠢ᠃
ᠡᠷᠡᠭᠦᠯ ᠬᠠᠮᠠᠭᠠᠯᠠᠯ᠎ᠢ ᠴᠢᠬᠤᠯᠠᠴᠢᠯᠠᠨ ᠬᠠᠮᠢᠶᠠᠷᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ ᠪᠣᠯ ᠲᠤᠰ ᠲᠣᠰᠭᠤᠨ᠎ᠤ ᠨᠢᠭᠡ ᠶᠡᠭᠡ ᠬᠢᠯᠠᠰ ᠴᠡᠭ ᠪᠣᠯᠤᠨ᠎ᠠ᠃ ᠲᠣᠰᠭᠤᠨ᠎ᠤ ᠨᠠᠮ᠎ᠤᠨ ᠡᠭᠦᠷ᠎ᠤᠨ ᠱᠦᠵᠢ ᠬᠤ᠌ ᠱᠢᠶᠤᠤ ᠮᠢᠩ᠄ 《2017 ᠣᠨ᠎ᠠᠴᠠ᠂ ᠲᠣᠰᠭᠤᠨ᠎ᠳᠤ ᠣᠷᠴᠢᠨ ᠲᠣᠭᠤᠷᠢᠨ᠎ᠤ ᠴᠡᠪᠡᠷᠯᠡᠭ᠌ᠴᠢ᠎ᠶ᠋ᠢᠨ ᠡᠩᠨᠡᠭᠡ ᠪᠠᠢᠭᠤᠯᠤᠠ 12 ᠴᠡᠪᠡᠷᠯᠡᠭ᠌ᠴᠢ ᠲᠤᠬᠢᠷᠠᠭᠤᠯᠵᠥ᠍ ᠡᠳᠦᠷ ᠪᠦᠷᠢ ᠲᠣᠭ᠍ᠲᠠᠭ᠍ᠰᠠᠨ ᠴᠠᠭ᠎ᠲᠤ ᠴᠡᠪᠡᠷᠯᠡᠨ ᠠᠷᠢᠯᠭᠠᠵᠤ ᠪᠤᠢ》 ᠭᠡᠵᠦ᠍ ᠲᠠᠨᠢᠯᠴᠠᠭᠤᠯᠪᠠ᠃
ᠤᠯᠠᠨ ᠨᠡᠢᠳᠡ᠎ᠶ᠋ᠢᠨ ᠦᠢᠯᠡᠴᠢᠯᠡᠭᠡᠨ᠎ᠤ ᠲᠦᠪᠱᠢᠨ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢᠨ ᠲᠦᠯᠦᠭᠡ᠂ ᠲᠤᠰ ᠲᠣᠰᠭᠤᠨ ᠨᠢᠳᠤᠨᠤᠨ ᠱᠢᠨ᠎ᠡ᠎ᠪᠠᠷ 600 ᠲᠡᠭ᠌ᠰᠢ ᠳᠥᠷᠪᠡᠯᠵᠢᠨ ᠮᠧᠲᠷ᠎ᠤᠨ ᠲᠡᠯᠠᠪᠠᠢ᠎ᠲᠠᠢ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ ᠪᠠᠢᠭᠤᠯᠵᠤ᠂ ᠲᠣᠰᠭᠤᠨ᠎ᠤ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡᠨ᠎ᠤ ᠲᠢᠩᠬᠢᠮ᠂ ᠨᠠᠮ᠎ᠤᠨ ᠭᠡᠱᠢᠭᠦᠨ᠎ᠤ ᠠᠵᠢᠯᠯᠠᠭ᠎ᠠ᠎ᠶ᠋ᠢᠨ ᠲᠠᠰᠤᠭ ᠪᠠ ᠰᠣᠶᠣᠯ᠎ᠤᠨ ᠠᠵᠢᠯᠯᠠᠭ᠎ᠠ᠎ᠶ᠋ᠢᠨ ᠲᠠᠰᠤᠭ ᠵᠡᠷᠭᠡ᠎ᠶ᠋ᠢ ᠲᠡᠭᠦᠯᠳᠡᠷᠵᠢᠭᠦᠯᠪᠡ᠃ ᠡᠭᠦᠨ᠎ᠤ ᠬᠠᠮᠲᠤ ᠮᠡᠳᠡᠭᠡ ᠵᠠᠩᠭᠢᠴᠢᠯᠠᠭ᠍ᠰᠠᠨ ᠠᠯᠪᠠᠨ ᠠᠵᠢᠯ᠎ᠤᠨ ᠲᠦᠬᠦᠭᠡᠷᠦᠮᠵᠢ᠎ᠶ᠋ᠢ ᠲᠥᠬᠦᠷᠵᠢᠭᠦᠯᠦᠨ᠂ ᠡᠯ᠎ᠡ ᠲᠥᠷᠥᠯ᠎ᠤᠨ ᠳᠦᠷᠢᠮ᠎ᠢ ᠬᠡᠷᠡᠮ ᠳᠡᠭᠡᠷ᠎ᠡ ᠢᠯᠡ ᠵᠠᠷᠯᠠᠵᠤ᠂ ᠲᠣᠰᠭᠤᠨ᠎ᠤ ᠱᠠᠲᠤᠨ᠎ᠤ ᠵᠢᠭ᠍ᠰᠠᠭᠠᠯ᠎ᠤᠨ ᠭᠠᠵᠠᠷ᠎ᠢ ᠦᠨᠡᠨ ᠬᠦ᠌ ᠲᠣᠰᠭᠤᠨ᠎ᠤ ᠠᠷᠠᠳ᠎ᠤᠨ ᠬᠡᠷᠡᠭ ᠵᠥᠪᠯᠡᠬᠦ᠂ ᠬᠥᠮᠦᠵᠢᠯ ᠪᠣᠯᠪᠠᠰᠤᠷᠠᠯ ᠬᠦᠷᠳᠡᠬᠦ᠂ ᠠᠷᠠᠳ᠎ᠲᠤ ᠳᠥᠭᠦᠮ ᠦᠵᠡᠭᠦᠯᠬᠦ᠌ ᠦᠢᠯᠡᠴᠢᠯᠡᠭᠡ ᠪᠠ ᠰᠣᠶᠣᠯ᠎ᠤᠨ ᠤᠬᠠᠭᠤᠯᠭ᠎ᠠ᠎ᠶ᠋ᠢᠨ ᠲᠥᠪ ᠪᠣᠯᠭᠠᠭ᠍ᠰᠠᠨ ᠪᠠᠢᠨ᠎ᠠ᠃
2020 ᠤᠨ᠎ᠳᠤ᠂ ᠲᠤᠰ ᠲᠤᠰᠭᠤᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ 1.36 ᠲᠦᠮᠡᠡ ᠲᠥᠭᠦᠷᠢᠭ᠎ᠲᠤ ᠬᠦᠷᠴᠦ᠍ ᠬᠤᠯᠠ ᠣᠢᠷ᠎ᠠ᠎ᠳᠠᠭᠠᠨ ᠠᠯᠳᠠᠷᠱᠢᠭ᠍ᠰᠠᠨ ᠵᠣᠯ ᠵᠢᠷᠭᠠᠯᠲᠤ ᠲᠣᠰᠭᠤᠨ ᠪᠣᠯᠵᠠᠢ᠃