ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ 16 ᠲᠥᠷᠥᠯ ᠵᠦᠢᠯ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠲᠥᠷᠥᠯ ᠵᠦᠢᠯ᠎ᠤᠨ ᠲᠤᠰᠠᠯᠠᠮᠵᠢ᠎ᠶ᠋ᠢ ᠭᠥᠷᠳᠡᠪᠡ
2021-08-30 16:14:46
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠵᠥᠪᠯᠡᠯ᠎ᠠᠴᠠ 2021 ᠣᠨ᠎ᠤ ᠲᠥᠪᠯᠡᠷᠡᠭᠦᠯᠦᠨ ᠭᠤᠶᠤᠴᠢᠯᠠᠨ ᠮᠡᠳᠡᠭᠦᠯᠬᠦ᠌ ᠬᠤᠭᠤᠴᠠᠭᠠᠨ᠎ᠳᠠᠬᠢ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠲᠥᠷᠥᠯ ᠵᠦᠢᠯ᠎ᠢ ᠬᠢᠨᠠᠨ ᠲᠣᠭ᠍ᠲᠠᠭᠠᠭ᠍ᠰᠠᠨ ᠦᠷ᠎ᠡ ᠳ᠋ᠦᠩ᠎ᠢ ᠨᠡᠢᠲᠡᠯᠡᠵᠦ᠍᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ 16 ᠵᠦᠢᠯ᠎ᠤᠨ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠲᠥᠷᠥᠯ ᠵᠦᠢᠯ᠎ᠢ ᠵᠥᠪᠱᠢᠶᠡᠷᠡᠪᠡ᠃

ᠡᠭᠦᠨ᠎ᠳᠤ᠂ ᠵᠠᠯᠠᠭᠤᠴᠤᠳ᠎ᠤᠨ ᠲᠥᠷᠥᠯ ᠵᠦᠢᠯ 1᠂ ᠶᠡᠭᠡ ᠲᠠᠯ᠎ᠠ᠎ᠶ᠋ᠢ ᠬᠠᠮᠤᠷᠤᠭ᠍ᠰᠠᠨ ᠲᠥᠷᠥᠯ ᠵᠦᠢᠯ 2᠂ ᠭᠠᠵᠠᠷ ᠣᠷᠣᠨ᠎ᠤ ᠲᠥᠷᠥᠯ ᠵᠦᠢᠯ 13 ᠪᠣᠶ᠃ ᠲᠥᠷᠥᠯ ᠵᠦᠢᠯ᠎ᠨᠢ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠵᠥᠪᠯᠡᠯ᠎ᠤᠨ ᠵᠣᠭᠤᠰ᠎ᠢᠶᠠᠷ ᠲᠤᠰᠠᠯᠠᠬᠤ ᠬᠡᠪᠴᠢᠶᠡᠨ᠎ᠳᠠᠬᠢ ᠳᠡᠯᠡᠬᠡᠶ᠎ᠶ᠋ᠢᠨ ᠪᠥᠮᠪᠥᠷᠴᠡᠭ᠎ᠤᠨ ᠱᠢᠨᠵᠢᠯᠡᠬᠦ᠌ ᠤᠬᠠᠭᠠᠨ᠎ᠤ ᠬᠡᠰᠡᠭ᠂ ᠮᠡᠳᠡᠭᠡ ᠵᠠᠩᠭᠢ᠎ᠶ᠋ᠢᠨ ᠱᠢᠨᠵᠢᠯᠡᠬᠦ᠌ ᠤᠬᠠᠭᠠᠨ᠎ᠤ ᠬᠡᠰᠡᠭ᠂ ᠠᠮᠢ᠎ᠶ᠋ᠢᠨ ᠱᠢᠨᠵᠢᠯᠡᠬᠦ᠌ ᠤᠬᠠᠭᠠᠨ᠎ᠤ ᠬᠡᠰᠡᠭ᠂ ᠬᠢᠮᠢ᠎ᠶ᠋ᠢᠨ ᠱᠢᠨᠵᠢᠯᠡᠬᠦ᠌ ᠤᠬᠠᠭᠠᠨ᠎ᠤ ᠬᠡᠰᠡᠭ ᠵᠡᠷᠭᠡ 6 ᠬᠡᠰᠡᠭ ᠠᠭᠤᠯᠭ᠎ᠠ᠎ᠶ᠋ᠢ ᠪᠠᠭ᠍ᠲᠠᠭᠠᠪᠠ᠃

ᠣᠢᠯᠠᠭᠠᠭ᠍ᠰᠠᠨ᠎ᠢᠶᠠᠷ᠂ ᠡᠨᠡ ᠵᠢᠯ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠲᠥᠷᠥᠯ ᠵᠦᠢᠯ᠎ᠨᠢ ᠲᠤᠭ᠎ᠠ ᠬᠡᠮᠵᠢᠶ᠎ᠡ᠂ ᠲᠠᠰ ᠳᠠᠪᠬᠤᠷᠭ᠎ᠠ᠂ ᠪᠦᠲᠦᠴᠡ᠎ᠶ᠋ᠢᠨ ᠲᠠᠯ᠎ᠠ᠎ᠪᠠᠷ ᠴᠥᠮ ᠳᠠᠪᠱᠢᠯᠲᠠ᠎ᠲᠠᠢ ᠪᠣᠯᠵᠣ᠂ ᠵᠥᠪᠱᠢᠶᠡᠷᠡᠯ ᠣᠯᠤᠭ᠍ᠰᠠᠨ ᠲᠥᠷᠥᠯ ᠵᠦᠢᠯ᠎ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 4 ᠲᠦᠷᠦᠯ ᠵᠦᠢᠯ ᠨᠡᠮᠡᠭ᠌ᠳᠡᠪᠡ᠃ ᠵᠥᠪᠱᠢᠶᠡᠷᠡᠯ ᠣᠯᠤᠭ᠍ᠰᠠᠨ ᠱᠢᠭᠤᠳ ᠵᠠᠷᠤᠳᠠᠯ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 189 ᠲᠦᠮᠡᠨ ᠲᠥᠭᠦᠷᠢᠭ ᠨᠡᠮᠡᠭ᠌ᠳᠡᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号