《ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠨᠦᠭᠦᠳ ᠡᠶ᠎ᠡ ᠨᠠᠢᠷᠠᠮᠳᠠᠭᠤ ᠪᠠᠢᠬᠤ᠎ᠶ᠋ᠢᠨ ᠰᠦᠭ ᠰᠦᠨᠡᠰᠦ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠢ᠃ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠬᠥᠮᠦᠵᠢᠯ᠎ᠠᠴᠠ ᠡᠬᠢᠯᠡᠨ ᠠᠳᠭᠤᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠤᠳᠴᠤ᠌ ᠪᠠᠢᠭᠠᠳ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠭᠤᠯᠵᠤ᠂ ᠵᠥᠪ ᠤᠯᠤᠰ ᠤᠷᠤᠨ᠎ᠤ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠵᠤ᠂ ᠡᠯ᠎ᠡ ᠵᠦᠢᠯ᠎ᠤᠨ ᠪᠤᠷᠤᠭᠤ ᠦᠵᠡᠯ ᠰᠠᠨᠠᠭ᠎ᠠ ᠦᠵᠡᠯᠲᠡ᠎ᠶ᠋ᠢ ᠲᠤᠭ ᠳᠡᠮᠳᠡᠭ ᠲᠣᠳᠣᠷᠬᠠᠢ᠎ᠪᠠᠷ ᠡᠰᠡᠷᠭᠦᠴᠡᠵᠦ᠍᠂ 〈ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌〉 ᠨᠡᠢᠯᠡᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃》 ᠡᠨᠡ ᠵᠢᠯ᠎ᠤᠨ 3 ᠰᠠᠷ᠎ᠠ᠎ᠶ᠋ᠢᠨ 5 ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ ᠴᠢᠬᠤᠯᠠᠴᠢᠯᠠᠪᠠ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠬᠦ᠌ ᠪᠣᠯ ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠱᠢᠭ᠍ᠲᠠᠢ᠂ ᠦᠨᠳᠦᠰᠦᠲᠡᠨ᠎ᠤ ᠣᠷᠣᠨ᠎ᠤ ᠠᠵᠢᠯ᠎ᠢ ᠰᠠᠢᠲᠤᠷ ᠬᠢᠬᠦ᠌᠎ᠶ᠋ᠢᠨ ᠤᠷᠳᠤ ᠬᠤᠭᠤᠴᠠᠭᠠᠨ᠎ᠤ ᠪᠤᠳᠤᠯᠭ᠎ᠠ᠂ ᠦᠨᠳᠦᠰᠦ᠎ᠶ᠋ᠢ ᠪᠠᠬᠢᠵᠢᠭᠦᠯᠬᠦ᠌ ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠢᠷᠢᠯᠠᠭᠤᠯᠤᠯᠲᠠ᠎ᠶ᠋ᠢ ᠦᠨᠳᠦᠰᠦᠯᠡᠨ᠂ 2021 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠡᠬᠢᠯᠡᠨ ᠪᠥᠬᠦ᠌ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠨᠢᠭᠡᠳᠦᠭᠡᠷ᠂ ᠬᠤᠶᠠᠳᠤᠭᠠᠷ ᠣᠨ᠎ᠳᠤ ᠴᠦᠮ ᠨᠢᠭᠡᠳᠦᠯᠲᠡᠶ ᠨᠠᠢᠷᠠᠭᠤᠯᠤᠭ᠍ᠰᠠᠨ 《ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ》᠂ 《ᠬᠡᠯᠡ ᠪᠢᠴᠢᠭ》 ᠤᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢᠨ ᠬᠠᠮᠲᠤ᠌᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠵᠢᠭᠠᠨ ᠰᠤᠷᠭᠠᠨ᠎ᠠ; ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡᠳᠦᠭᠡᠷ᠂ ᠬᠤᠶᠠᠳᠤᠭᠠᠷ ᠣᠨ᠎ᠳᠤ ᠴᠥᠮ ᠨᠢᠭᠡᠳᠦᠯᠲᠡᠢ ᠨᠠᠢᠷᠠᠭᠤᠯᠤᠭ᠍ᠰᠠᠨ 《ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ》᠂ 《ᠬᠡᠯᠡ ᠪᠢᠴᠢᠭ》᠂ 《ᠲᠡᠦᠬᠡ》 ᠶ᠋ᠢᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢᠨ ᠬᠠᠮᠳᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠵᠢᠭᠠᠨ ᠰᠤᠷᠭᠠᠨ᠎ᠠ; ᠨᠥᠬᠦᠴᠡᠯ᠎ᠲᠠᠢ ᠰᠤᠷᠭᠠᠭᠤᠯᠢ᠎ᠨᠢ 2021 ᠣᠨ᠎ᠤ ᠬᠠᠪᠤᠷ᠎ᠤᠨ ᠰᠤᠷᠤᠯᠭ᠎ᠠ᠎ᠶ᠋ᠢᠨ ᠬᠤᠭᠤᠴᠠᠭᠠᠨ᠎ᠠᠴᠠ ᠬᠡᠷᠡᠭ᠌ᠯᠡᠪᠡ᠃ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠨᠠᠭᠠᠰᠢ᠂ ᠮᠠᠨ᠎ᠤ ᠣᠷᠣᠨ 《ᠨᠢᠭᠡ᠎ᠶ᠋ᠢ ᠪᠣᠯᠪᠠᠰᠤᠷᠠᠩᠭᠤᠶ ᠪᠤᠯᠭᠠᠵᠤ᠂ ᠨᠢᠭᠡ᠎ᠶ᠋ᠢ ᠲᠦᠯᠬᠢᠨ ᠠᠬᠢᠭᠤᠯᠬᠤ》 ᠵᠠᠷᠴᠢᠮ᠎ᠢ ᠪᠠᠷᠢᠮᠲᠠᠯᠠᠵᠤ᠂ ᠡᠯ᠎ᠡ ᠭᠠᠵᠠᠷ ᠡᠯ᠎ᠡ ᠰᠤᠷᠭᠠᠭᠤᠯᠢ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠦᠨ᠂ ᠦᠵᠡᠯ ᠤᠬᠠᠮᠰᠠᠷ ᠲᠠᠨᠢᠯᠲᠠ᠎ᠪᠠᠨ ᠴᠢᠩᠭᠠᠳᠭᠠᠵᠤ᠂ ᠬᠠᠷᠠᠯᠲᠠ ᠰᠡᠳᠭᠢᠴᠡ᠎ᠪᠠᠨ ᠲᠣᠳᠣᠷᠬᠠᠢᠯᠠᠨ᠂ ᠠᠷᠭ᠎ᠠ ᠪᠣᠳᠣᠯᠭ᠎ᠠ᠎ᠶ᠋ᠢ ᠡᠵᠡᠮᠱᠢᠵᠦ᠍᠂ ᠠᠵᠢᠯ᠎ᠤᠨ ᠠᠷᠭ᠎ᠠ ᠬᠡᠮᠵᠢᠶ᠎ᠡ᠎ᠪᠠᠨ ᠴᠢᠩᠭᠠᠷᠠᠭᠤᠯᠤᠨ᠂ ᠨᠠᠢᠳᠠᠪᠤᠷᠢᠵᠢᠭᠤᠯᠤᠯᠲᠠ᠎ᠶ᠋ᠢ ᠪᠥᠬᠦ᠌ ᠬᠦᠴᠦᠨ᠎ᠢᠶᠠᠷ ᠠᠬᠢᠭᠤᠯᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠢᠳᠡᠪᠬᠢᠲᠡᠶ ᠰᠠᠢᠲᠤᠷ ᠬᠢᠪᠠ᠃ 4 ᠰᠠᠷ᠎ᠠ᠎ᠶ᠋ᠢᠨ 23 ᠤ ᠡᠳᠦᠷ ᠪᠣᠯᠲᠠᠯ᠎ᠠ᠂ ᠪᠥᠬᠦ᠌ ᠣᠷᠣᠨ᠎ᠤ ᠪᠣᠶ ᠪᠥᠬᠦᠶ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠨᠢᠭᠡᠳᠦᠭᠡᠷ ᠤᠨ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡᠳᠦᠭᠡᠷ ᠣᠨ᠎ᠤ ᠰᠤᠷᠭᠠᠭᠤᠯᠢ᠎ᠳᠤ ᠰᠤᠷᠤᠯᠴᠠᠵᠤ ᠪᠠᠢᠭ᠎ᠠ 3.47 ᠲᠦᠮᠡᠨ ᠰᠤᠷᠤᠭ᠍ᠴᠢᠳ᠎ᠲᠤ ᠨᠢᠭᠡᠳᠦᠯᠲᠡᠶ ᠨᠠᠢᠷᠠᠭᠤᠯᠤᠭ᠍ᠰᠠᠨ 《ᠬᠡᠯᠡ ᠪᠢᠴᠢᠭ》᠂ 《ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ》᠂ 《ᠲᠡᠦᠬᠡ》 ᠶ᠋ᠢᠨ ᠵᠢᠭᠠᠬᠤ ᠮᠠᠲ᠋ᠧᠷᠢᠶᠠᠯ᠎ᠢ ᠪᠦᠬᠦᠨ᠎ᠢ ᠳᠡᠯᠭᠡᠷᠡᠭᠦᠯᠦᠨ ᠬᠡᠷᠡᠭ᠌ᠯᠡᠵᠦ᠍᠂ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠳᠤ ᠬᠡᠷᠡᠭ᠌ᠵᠢᠭᠦᠯᠬᠦ᠌ ᠲᠥᠯᠥᠪᠯᠡᠭᠡ᠎ᠪᠠᠨ ᠤᠷᠢᠳᠴᠢᠯᠠᠨ ᠪᠡᠶᠡᠯᠡᠭᠦᠯᠪᠡ᠃ ᠬᠡᠰᠡᠭ ᠠᠢᠮᠠᠭ ᠬᠤᠲᠠ ᠪᠠᠰᠠ ᠳᠡᠯᠭᠡᠷᠡᠭᠦᠯᠬᠦ᠌ ᠬᠡᠪᠴᠢᠶ᠎ᠡ᠎ᠪᠠᠨ ᠵᠠᠯᠭᠠᠭ᠎ᠠ᠎ᠪᠠᠷ ᠥᠷᠭᠡᠳᠭᠡᠵᠦ᠍᠂ ᠨᠢᠭᠡᠨᠲᠡ ᠪᠤᠰᠤᠳ ᠣᠨ᠎ᠤ 2.43 ᠲᠦᠮᠡᠨ ᠰᠣᠷᠣᠭ᠍ᠴᠢ᠎ᠳᠤ ᠤᠷᠢᠳ᠎ᠢᠶᠠᠷ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠵᠢᠭᠠᠨ ᠰᠤᠷᠭᠠᠵᠤ ᠪᠠᠢᠨ᠎ᠠ᠃ 5 ᠰᠠᠷ᠎ᠠ᠎ᠶ᠋ᠢᠨ 6 ᠤ ᠡᠳᠦᠷ ᠪᠣᠯᠲᠠᠯ᠎ᠠ᠂ ᠪᠥᠬᠦ᠌ ᠣᠷᠣᠨ᠎ᠤ ᠦᠨᠳᠦᠰᠦᠲᠡᠨ᠎ᠤ ᠬᠡᠦᠬᠡᠳ᠎ᠤᠨ ᠴᠡᠴᠡᠷᠯᠢᠭ᠎ᠤᠨ 5.09 ᠲᠦᠮᠡᠨ ᠬᠡᠦᠬᠡᠳ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠠᠰᠠᠷᠠᠨ ᠬᠥᠮᠦᠵᠢᠭᠦᠯᠬᠦ᠌ ᠰᠤᠷᠭᠠᠨ ᠬᠥᠮᠦᠵᠢᠯ᠎ᠢ ᠬᠡᠷᠡᠭ᠌ᠯᠡᠵᠦ᠍᠂ ᠪᠦᠬᠦᠨ᠎ᠢ ᠬᠠᠮᠤᠷᠬᠤ᠎ᠶ᠋ᠢ ᠪᠡᠶᠡᠯᠡᠭᠦᠯᠪᠡ᠃
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠵᠤ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠬᠦᠯᠦᠨ᠎ᠡ
《ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ᠎ᠶ᠋ᠢ ᠪᠠᠷᠢᠮᠲᠠᠯᠠᠬᠤ ᠪᠣᠯ ᠮᠠᠨ᠎ᠤ ᠰᠤᠷᠭᠠᠨ ᠬᠥᠮᠦᠵᠢᠯ᠎ᠤᠨ ᠠᠵᠢᠯᠳᠠᠨ ᠨᠢᠭᠡ ᠪᠦᠷᠢ᠎ᠶ᠋ᠢᠨ ᠭᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠮᠥᠨ᠂ ᠬᠤᠢᠱᠢᠳᠠ᠎ᠶ᠋ᠢᠨ ᠵᠢᠭᠠᠨ ᠰᠤᠷᠭᠠᠯᠲᠠ᠎ᠶ᠋ᠢᠨ ᠳᠤᠮᠳᠠ᠎ᠪᠠᠨ ᠪᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠦᠷ᠎ᠡ᠎ᠶ᠋ᠢ ᠬᠡᠦᠬᠡᠳ᠎ᠤᠨ ᠰᠡᠳᠭᠢᠯ᠎ᠳᠤ ᠬᠦᠨ ᠦᠨᠳᠦᠰᠦᠯᠡᠬᠦᠯᠦᠨᠡ》 ᠭᠡᠵᠦ᠍ ᠤᠷᠳᠤᠰ ᠬᠤᠳᠠ᠎ᠶ᠋ᠢᠨ ᠳ᠋ᠦᠩᠱᠧᠩ ᠲᠣᠭᠤᠷᠢᠭ᠎ᠤᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠳᠤ ᠱᠢᠨ᠎ᠡ᠎ᠪᠠᠷ ᠠᠵᠢᠯ᠎ᠤᠨ ᠭᠠᠷᠤᠭ᠎ᠠ ᠠᠪᠴᠤ᠌ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠯᠡ ᠪᠢᠴᠢᠭ᠎ᠢ ᠵᠢᠭᠠᠬᠤ᠎ᠪᠠᠷ ᠪᠠᠢᠭ᠎ᠠ ᠸᠧᠢ ᠮᠧᠢ ᠯᠢᠩ ᠪᠠᠭ᠍ᠰᠢ ᠬᠡᠯᠡᠪᠡ᠃ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ᠂ ᠲᠡᠷᠡ ᠪᠥᠬᠦ᠌ ᠣᠷᠣᠨ᠎ᠤ ᠦᠨᠳᠦᠰᠦᠲᠡᠨ᠎ᠤ ᠦᠭᠡ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠭᠤᠷᠪᠠᠨ ᠬᠢᠴᠢᠶᠡᠯ ᠲᠥᠷᠥᠯ᠎ᠤᠨ ᠱᠢᠨ᠎ᠡ ᠪᠠᠭ᠍ᠰᠢ᠎ᠶ᠋ᠢᠨ ᠰᠦᠯᠵᠢᠶᠡᠨ᠎ᠳᠠᠬᠢ ᠪᠣᠯᠪᠠᠰᠤᠷᠠᠯ᠎ᠤᠨ ᠠᠩᠭᠢ ᠪᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ᠎ᠳᠤ ᠣᠷᠣᠯᠴᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠶ ᠨᠠᠩ ᠭᠦᠨᠵᠡᠭᠡᠶ ᠣᠢᠯᠠᠭᠠᠯᠲᠠ᠎ᠲᠠᠢ ᠪᠣᠯᠵᠣ᠂ ᠦᠵᠡᠯ ᠤᠬᠠᠮᠰᠠᠷ ᠲᠠᠨᠢᠯᠲᠠ᠎ᠨᠢ ᠤᠯᠠᠮ ᠨᠢᠭᠡ ᠠᠯᠬᠤᠮ ᠳᠡᠭᠡᠭ᠌ᠰᠢᠯᠡᠪᠡ᠃
ᠦᠵᠡᠯ ᠰᠠᠨᠠᠭ᠎ᠠ ᠪᠣᠯ ᠦᠢᠯᠡ ᠠᠵᠢᠯᠯᠠᠭ᠎ᠠ᠎ᠶ᠋ᠢᠨ ᠤᠳᠤᠷᠢᠳᠤᠮᠵᠢ ᠮᠥᠨ᠂ ᠲᠠᠨᠢᠯᠲᠠ ᠪᠣᠯ ᠦᠢᠯᠡ ᠠᠵᠢᠯᠯᠠᠭᠠᠨ᠎ᠤ ᠬᠥᠳᠡᠯᠭᠡᠭ᠌ᠴᠢ ᠬᠦᠴᠦᠨ ᠮᠥᠨ᠃ ᠬᠡᠰᠡᠭ ᠬᠤᠭᠤᠴᠠᠭᠠᠨ᠎ᠤ ᠲᠤᠷᠰᠢ᠂ ᠮᠠᠨ᠎ᠤ ᠣᠷᠣᠨ᠎ᠤ ᠰᠤᠷᠭᠠᠨ ᠬᠥᠮᠦᠵᠢᠯ᠎ᠤᠨ ᠱᠢᠰᠲ᠋ᠧᠮ᠎ᠤᠨ᠎ᠬᠢᠨ ᠤᠨᠤᠯ᠎ᠢᠶᠠᠷ ᠵᠡᠪᠰᠡᠭ᠌ᠯᠡᠬᠦ᠌᠎ᠪᠠᠨ ᠲᠠᠰᠤᠷᠠᠯᠳᠠ ᠦᠭᠡᠢ ᠴᠢᠩᠭᠠᠳᠭᠠᠵᠤ᠂ ᠪᠠᠯᠠᠷᠬᠠᠢ ᠲᠠᠨᠢᠯᠲᠠ᠎ᠪᠠᠨ ᠤᠯᠠᠮ ᠴᠢᠨᠠᠭ᠍ᠰᠢᠳᠠ ᠲᠣᠳᠣᠷᠬᠠᠢᠯᠠᠵᠤ᠂ ᠪᠤᠷᠤᠭᠤ ᠲᠠᠨᠢᠯᠲᠠ᠎ᠪᠠᠨ ᠵᠠᠯᠠᠷᠠᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠡᠷᠡᠰ ᠪᠠᠲᠤ᠌᠂ ᠲᠡᠷᠡ ᠬᠡᠪ᠎ᠢᠶᠠᠷ᠎ᠨᠢ ᠨᠠᠢᠳᠠᠪᠤᠷᠢᠵᠢᠭᠤᠯᠬᠤ᠎ᠳᠤ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠴᠣᠭ᠍ᠴᠠᠯᠠᠪᠠ᠃
ᠨᠢᠳᠤᠨᠤᠨ᠎ᠤ 12 ᠰᠠᠷ᠎ᠠ᠎ᠠᠴᠠ ᠨᠠᠭᠠᠰᠢ᠂ ᠪᠥᠬᠦ᠌ ᠣᠷᠣᠨ᠎ᠤ ᠰᠤᠷᠭᠠᠨ ᠬᠥᠮᠦᠵᠢᠯ᠎ᠤᠨ ᠱᠢᠰᠲ᠋ᠧᠮ᠎ᠤᠨ᠎ᠬᠢᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠶ ᠰᠡᠳᠦᠪᠲᠦ ᠪᠣᠯᠪᠠᠰᠤᠷᠠᠯ᠎ᠢ ᠦᠷᠭᠦᠯᠵᠢᠯᠡᠨ ᠥᠷᠨᠢᠭᠦᠯᠵᠦ᠍᠂ ᠪᠥᠬᠦ᠌ ᠣᠷᠣᠨ᠎ᠤ ᠥᠷᠭᠡᠨ ᠣᠯᠠᠨ ᠰᠤᠷᠭᠠᠨ ᠬᠥᠮᠦᠵᠢᠯ᠎ᠤᠨ ᠠᠵᠢᠯᠲᠠᠳ᠎ᠢ ᠬᠥᠮᠦᠵᠢᠭᠦᠯᠦᠨ ᠵᠢᠯᠣᠭᠤᠳᠴᠤ᠌᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠵᠤ᠂ ᠨᠠᠮ᠎ᠤᠨ ᠲᠥᠪ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠱᠢᠭᠤᠷᠬᠠᠶ᠂ ᠲᠡᠷᠡ ᠬᠡᠪ᠎ᠢᠶᠠᠷ᠎ᠨᠢ ᠨᠠᠢᠳᠠᠪᠤᠷᠢᠵᠢᠭᠤᠯᠵᠤ᠂ ᠪᠥᠬᠦ᠌ ᠣᠷᠣᠨ᠎ᠤ ᠰᠤᠷᠭᠠᠨ ᠬᠥᠮᠦᠵᠢᠯ᠎ᠤᠨ ᠱᠢᠰᠲ᠋ᠧᠮ᠎ᠤᠨ ᠪᠣᠶ ᠪᠥᠬᠦᠶ ᠺᠠᠳ᠋ᠷ ᠪᠠᠭ᠍ᠰᠢ ᠠᠵᠢᠯᠲᠠᠨ ᠪᠦᠬᠦᠨ᠎ᠳᠤ ᠪᠤᠯᠪᠠᠰᠤᠷᠠᠯ ᠬᠦᠷᠳᠡᠬᠡᠪᠡ᠃ ᠡᠯ᠎ᠡ ᠭᠠᠵᠠᠷ᠎ᠤᠨ ᠡᠯ᠎ᠡ ᠰᠤᠷᠭᠠᠭᠤᠯᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ 《ᠳᠥᠷᠪᠡᠨ ᠤᠬᠠᠮᠰᠠᠷ》 ᠢᠶᠠᠨ ᠴᠢᠩᠭᠠᠳᠭᠠᠬᠤ᠂ 《ᠳᠥᠷᠪᠡᠨ ᠢᠲᠡᠭᠡᠯ》 ᠢᠶᠠᠨ ᠪᠠᠲᠤᠳᠭᠠᠬᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌᠎ᠶ᠋ᠢᠨ ᠪᠣᠳᠠᠲᠠᠶ ᠢᠯᠡᠷᠡᠯ ᠪᠣᠯᠭᠠᠵᠤ᠂ ᠨᠠᠮ᠎ᠤᠨ ᠪᠠᠢᠭᠤᠯᠤᠯᠲᠠ᠎ᠶ᠋ᠢᠨ ᠴᠢᠬᠤᠯᠠ ᠭᠠᠷᠳᠠᠴᠠ ᠪᠣᠯᠭᠠᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠵᠠᠪᠠᠯ ᠰᠤᠷᠤᠯᠴᠠᠬᠤ ᠠᠭᠤᠯᠭ᠎ᠠ ᠪᠣᠯᠭᠠᠵᠤ᠂ ᠰᠤᠷᠭᠠᠭᠤᠯᠢ ᠡᠷᠭᠢᠯᠡᠵᠦ᠍ ᠰᠤᠷᠭᠠᠭᠤᠯᠢ᠎ᠶ᠋ᠢ ᠵᠠᠰᠠᠬᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠌ ᠪᠥᠬᠦ᠌ ᠶᠠᠪᠤᠴᠠ᠎ᠳᠤ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠭ᠍ᠰᠠᠨ᠂ ᠱᠢᠨ᠎ᠡ ᠴᠠᠭ ᠦᠶ᠎ᠡ᠎ᠶ᠋ᠢᠨ ᠶᠡᠭᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠣᠨᠣᠯ᠎ᠤᠨ ᠬᠢᠴᠢᠶᠡᠯ᠎ᠢ ᠨᠢᠭᠡ ᠴᠣᠭ᠍ᠴᠠᠵᠢᠭᠤᠯᠬᠤ ᠠᠵᠢᠯ᠎ᠤᠨ ᠱᠢᠰᠲ᠋ᠧᠮ᠎ᠢ ᠪᠠᠢᠭᠤᠯᠤᠨ ᠰᠠᠢᠵᠢᠷᠠᠭᠤᠯᠪᠠ᠃ ᠡᠭᠦᠨ᠎ᠠᠴᠠ ᠭᠠᠳᠠᠨ᠎ᠠ᠂ 《ᠨᠠᠮ᠎ᠤᠨ ᠭᠡᠱᠢᠭᠦᠨ ᠪᠠᠭ᠍ᠰᠢ ᠨᠠᠷ ᠰᠤᠷᠪᠤᠯᠵᠢᠯᠠᠭ᠎ᠠ ᠬᠢᠬᠦ᠌》᠂ 《ᠬᠠᠪᠰᠤᠷᠤᠨ ᠵᠢᠯᠣᠭᠤᠳᠣᠭ᠍ᠴᠢ ᠬᠡᠷ᠎ᠲᠤ᠎ᠨᠢ ᠬᠦᠷᠴᠦ᠍ ᠰᠤᠷᠪᠤᠯᠵᠢᠯᠠᠭ᠎ᠠ ᠬᠢᠬᠦ᠌》 ᠵᠡᠷᠭᠡ ᠠᠵᠢᠯᠯᠠᠭ᠎ᠠ᠎ᠪᠠᠷ ᠳᠠᠮᠵᠢᠨ ᠰᠣᠷᠣᠭ᠍ᠴᠢ᠂ ᠬᠡᠷ᠎ᠤᠨ ᠠᠬᠠᠮᠠᠳ᠎ᠤᠨ ᠳᠤᠮᠳᠠ ᠨᠠᠮ᠎ᠤᠨ ᠰᠤᠷᠭᠠᠨ ᠬᠥᠮᠦᠵᠢᠯ᠎ᠤᠨ ᠴᠢᠭ᠌ᠯᠡᠯᠲᠡ ᠪᠠ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠶ ᠲᠠᠢᠯᠤᠮᠵᠢ ᠬᠢᠵᠦ᠍᠂ 《ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠭᠤᠤᠯ ᠰᠡᠳᠦᠪᠲᠦ ᠰᠤᠷᠤᠯᠴᠠᠯᠭ᠎ᠠ᠎ᠶ᠋ᠢᠨ ᠬᠤᠷᠠᠯ᠂ ᠶᠠᠷᠢᠯᠴᠠᠬᠤ ᠬᠤᠷᠠᠯ᠂ ᠰᠤᠳᠤᠯᠤᠨ ᠶᠠᠷᠢᠯᠴᠠᠬᠤ ᠬᠤᠷᠠᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠤᠨ ᠥᠷᠨᠢᠭᠦᠯᠪᠡ᠃ ᠪᠥᠬᠦ᠌ ᠣᠷᠣᠨ᠎ᠤ ᠰᠤᠷᠭᠠᠨ ᠬᠥᠮᠦᠵᠢᠯ᠎ᠤᠨ ᠱᠢᠰᠲ᠋ᠧᠮ᠎ᠤᠨ ᠥᠷᠭᠡᠨ ᠣᠯᠠᠨ ᠪᠠᠭ᠍ᠰᠢ ᠠᠵᠢᠯᠲᠠᠨ ᠵᠢᠴᠢ ᠰᠣᠷᠣᠭ᠍ᠴᠢ᠂ ᠬᠡᠷ᠎ᠤᠨ ᠠᠬᠠᠮᠠᠳ ᠬᠠᠮᠲᠤ᠎ᠶ᠋ᠢᠨ ᠲᠠᠨᠢᠯᠲᠠ᠎ᠪᠠᠨ ᠲᠠᠰᠤᠷᠠᠯᠲᠠ ᠥᠬᠡᠶ ᠨᠢᠭ᠍ᠲᠠᠷᠠᠭᠤᠯᠵᠤ᠂ ᠦᠵᠡᠯ ᠰᠠᠨᠠᠭ᠎ᠠ᠎ᠪᠠᠨ ᠨᠢᠭᠡᠳᠭᠡᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠳᠤ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠪᠡ᠃
《ᠰᠤᠷᠭᠠᠭᠤᠯᠢ ᠪᠣᠯ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠴᠤᠭ᠍ᠴᠠᠯᠠᠬᠤ ᠠᠵᠢᠯ᠎ᠤᠨ ᠡᠮᠦᠨ᠎ᠡ ᠡᠩᠨᠡᠭᠡᠨ᠎ᠳᠤ ᠶᠠᠪᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠲᠠᠢ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌ ᠶᠣᠰᠣᠲᠠᠢ᠃ ᠦᠨᠳᠦᠰᠦᠲᠡᠨ᠎ᠤ ᠰᠤᠷᠭᠠᠭᠤᠯᠢ᠎ᠶ᠋ᠢᠨ ᠵᠠᠬᠢᠷᠤᠯ ᠪᠣᠯᠤᠭ᠍ᠰᠠᠨ᠎ᠤ ᠬᠤᠪᠢ᠎ᠳᠤ᠂ ᠪᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠣᠯ ᠱᠢᠵᠢᠮ᠎ᠢ ᠣᠨᠣᠪᠴᠢᠲᠠᠢ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠤᠨ ᠭᠤᠣᠯ ᠵᠢᠭ᠍ᠰᠠᠭᠠᠯ᠎ᠤᠨ ᠭᠠᠵᠠᠷ᠎ᠢ ᠪᠠᠢᠭᠤᠯᠬᠤ ᠠᠵᠢᠯ᠎ᠢ ᠨᠠᠷᠢᠨ ᠬᠢᠨᠠᠮᠠᠭᠠᠢ ᠰᠠᠢᠲᠤᠷ ᠠᠳᠭᠤᠨ᠎ᠠ》 ᠭᠡᠵᠦ᠍ ᠲᠦᠩᠯᠢᠶᠣᠤ ᠬᠤᠲᠠ᠎ᠶ᠋ᠢᠨ ᠬᠤᠷᠴᠢᠨ ᠵᠡᠭᠦᠨ ᠭᠠᠷᠤᠨ ᠬᠤᠢᠲᠤ ᠬᠤᠱᠢᠭᠤᠨ᠎ᠤ ᠤᠰᠤ ᠭᠤᠤᠯ ᠰᠤᠷᠭᠠᠭᠤᠯᠢ᠎ᠶ᠋ᠢᠨ ᠨᠠᠮ᠎ᠤᠨ ᠡᠭᠦᠷ᠎ᠤᠨ ᠱᠦᠵᠢ᠂ ᠵᠠᠬᠢᠷᠤᠯ ᠪᠠᠶ ᠹᠦ᠋ ᠴᠢᠤᠸᠠᠨ ᠬᠡᠯᠡᠨ᠎ᠡ᠃
ᠪᠣᠯᠪᠠᠰᠤᠷᠠᠯ ᠵᠢᠭᠠᠨ ᠰᠤᠷᠭᠠᠯᠲᠠ ᠰᠤᠳᠤᠯᠭᠠᠨ᠎ᠤ ᠣᠯᠠᠨ ᠬᠠᠷᠠᠭᠠᠰᠤ᠎ᠠᠴᠠ ᠳᠡᠰ ᠳᠠᠪᠬᠤᠷᠭ᠎ᠠ ᠬᠤᠪᠢᠶᠠᠨ ᠪᠠᠭ᠍ᠰᠢ᠎ᠶ᠋ᠢᠨ ᠡᠩᠨᠡᠭᠡ᠎ᠶ᠋ᠢ ᠪᠦᠷᠢᠨᠱᠢᠬᠦᠯᠦᠨ ᠬᠦᠴᠦᠷᠬᠡᠭ᠌ᠵᠢᠬᠦᠯᠦᠨᠡ
ᠡᠨᠡ ᠵᠣᠨ᠎ᠤ ᠠᠮᠠᠷᠠᠯᠲᠠ᠎ᠳᠤ᠂ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠯᠡ ᠪᠢᠴᠢᠭ᠎ᠤᠨ ᠬᠢᠴᠢᠶᠡᠯ ᠵᠢᠭᠠᠳᠠᠭ ᠸᠧᠶ ᠹᠦ᠋ ᠷᠦᠩ ᠪᠠᠭ᠍ᠰᠢ ᠤᠭ᠍ᠳᠤ ᠠᠮᠠᠷᠠᠭ᠍ᠰᠠᠨ ᠥᠬᠡᠶ᠂ ᠲᠡᠷᠡ ᠲᠠᠰᠤᠷᠠᠯᠲᠠ ᠥᠬᠡᠶ ᠰᠤᠷᠤᠯᠴᠠᠵᠤ ᠦᠪᠡᠷ᠎ᠢ᠎ᠪᠠᠨ ᠳᠡᠬᠦᠯᠳᠡᠷᠵᠢᠬᠦᠯᠪᠡ᠃ ᠲᠡᠷᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠶᠣᠰᠣ ᠰᠤᠷᠳᠠᠬᠤᠨ ᠬᠢᠭᠡᠳ ᠬᠠᠤᠯᠢ᠎ᠪᠠᠷ ᠵᠠᠰᠠᠬᠤᠢ᠂ ᠬᠡᠯᠡ ᠪᠢᠴᠢᠭ᠂ ᠲᠡᠦᠬᠡ᠎ᠶ᠋ᠢᠨ ᠬᠢᠴᠢᠶᠡᠯ ᠲᠥᠷᠥᠯ᠎ᠤᠨ 《ᠵᠢᠱ᠌ᠢᠶ᠎ᠡ ᠦᠵᠡᠭᠦᠯᠬᠦ᠌ ᠭᠠᠷᠮᠠᠭᠠᠢ ᠪᠠᠭ᠍ᠰᠢ》 ᠶ᠋ᠢᠨ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠤ ᠪᠣᠯᠪᠠᠰᠤᠷᠠᠯ᠎ᠤᠨ ᠠᠩᠭᠢ ᠪᠠ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢᠶᠠᠷ ᠬᠢᠴᠢᠶᠡᠯᠯᠡᠬᠦ᠌ ᠪᠠᠭ᠍ᠰᠢ ᠨᠠᠷ᠎ᠤᠨ ᠪᠣᠯᠪᠠᠰᠤᠷᠠᠯ᠎ᠤᠨ ᠠᠩᠭᠢ᠎ᠳᠤ ᠣᠷᠣᠯᠴᠠᠪᠠ᠃ 《ᠪᠤᠳᠠᠳᠠᠢ ᠪᠠᠢᠳᠠᠯ᠎ᠲᠠᠢ ᠤᠢ᠍ᠢᠷᠠᠳᠤᠭ᠍ᠰᠠᠨ ᠭᠤᠢᠳᠠ ᠰᠠᠢᠬᠠᠨ ᠬᠢᠴᠢᠶᠡᠯ ᠪᠠ ᠨᠡᠷ᠎ᠡ ᠲᠦᠷᠦ᠎ᠲᠠᠢ ᠲᠤᠰᠭᠠᠢ ᠮᠡᠷᠭᠡᠵᠢᠯᠲᠡᠨ᠎ᠤ ᠦᠨᠡᠯᠡᠯᠲᠡ᠎ᠶ᠋ᠢ ᠰᠣᠨᠣᠰᠤᠭᠠᠳ ᠪᠢ ᠮᠠᠰᠢ ᠶᠡᠭᠡ ᠣᠯᠤᠯᠲᠠ ᠲᠦᠷᠦᠭ᠌ᠳᠡᠯ᠎ᠲᠠᠢ᠂ ᠵᠢᠭᠠᠬᠤ ᠮᠠᠲ᠋ᠧᠷᠢᠶᠠᠯ᠎ᠢ ᠨᠡᠩ ᠨᠡᠪᠲᠡᠷᠬᠡᠢ ᠡᠵᠡᠮᠱᠢᠵᠦ᠍᠂ ᠵᠢᠭᠠᠨ ᠰᠤᠷᠭᠠᠬᠤ ᠴᠢᠳᠠᠪᠤᠷᠢ᠎ᠶ᠋ᠢᠨ ᠲᠦᠪᠱᠢᠨ ᠴᠦ᠍ ᠵᠣᠬᠢᠬᠤ ᠬᠡᠮᠵᠢᠶ᠎ᠡ᠎ᠪᠠᠷ ᠳᠡᠭᠡᠭ᠌ᠰᠢᠯᠡᠪᠡ᠃ ᠪᠢ ᠰᠤᠷᠴᠤ᠌ ᠡᠵᠡᠮᠱᠢᠭ᠌ᠰᠡᠨ ᠮᠡᠳᠡᠯᠭᠡ᠎ᠪᠠᠨ ᠬᠤᠵᠢᠮ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠳᠤᠮᠳᠠ᠎ᠪᠠᠨ ᠣᠷᠭᠠᠨᠢᠭ᠎ᠢᠶᠠᠷ ᠠᠭᠤᠰᠤᠯᠴᠠᠭᠤᠯᠵᠤ᠂ ᠰᠤᠷᠤᠭ᠍ᠴᠢᠳ᠎ᠲᠠᠢ᠎ᠪᠠᠨ ᠬᠠᠮᠲᠤ᠎ᠪᠠᠷ ᠳᠠᠪᠱᠢᠬᠤ᠎ᠪᠠᠷ ᠴᠢᠷᠮᠠᠢᠨ᠎ᠠ》 ᠭᠡᠵᠦ᠍ ᠸᠧᠢ ᠹᠦ᠋ ᠷᠦᠩ ᠬᠡᠯᠡᠪᠡ᠃
ᠸᠧᠶ ᠹᠦ᠋ ᠷᠦᠩ᠎ᠲᠠᠢ ᠠᠳᠠᠯᠢ᠎ᠪᠠᠷ᠂ ᠬᠥᠬᠡᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠪᠠᠭ᠍ᠰᠢ ᠸᠠᠩ ᠬᠤᠩ ᠶᠢᠩ ᠪᠠᠰᠠ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠪᠥᠬᠦ᠌ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠤ ᠲᠥᠪᠯᠡᠷᠡᠩᠭᠦᠶ ᠪᠣᠯᠪᠠᠰᠤᠷᠠᠯ᠎ᠳᠤ ᠣᠷᠣᠯᠴᠠᠭ᠍ᠰᠠᠨ ᠪᠦᠭᠡᠳ ᠪᠣᠯᠪᠠᠰᠤᠷᠠᠯ ᠳᠠᠭᠤᠰᠤᠭ᠍ᠰᠠᠨ᠎ᠤ ᠳᠠᠷᠠᠭ᠎ᠠ᠂ ᠥᠪᠡᠷ᠎ᠤᠨ PPT ᠬᠢᠴᠢᠶᠡᠯ᠎ᠤᠨ ᠲᠥᠰᠦᠪ᠎ᠢᠶᠠᠨ ᠲᠠᠰᠤᠷᠠᠯᠲᠠ ᠥᠬᠡᠶ ᠵᠠᠰᠠᠨ ᠲᠡᠭᠦᠯᠳᠡᠷᠵᠢᠭᠦᠯᠵᠦ᠍᠂ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠳᠤ ᠰᠤᠷᠤᠭ᠍ᠴᠢᠳ᠎ᠲᠠᠭᠠᠨ ᠨᠠᠩ ᠪᠠᠶᠠᠯᠢᠭ ᠠᠭᠤᠯᠤᠭ᠍ᠳᠠᠬᠤᠨ᠎ᠲᠠᠢ ᠬᠢᠴᠢᠶᠡᠯ ᠤᠷᠤᠬᠤ᠎ᠪᠠᠷ ᠪᠡᠯᠡᠳᠭᠡᠪᠡ᠃ ᠰᠤᠷᠭᠠᠭᠤᠯᠢ ᠡᠬᠢᠯᠡᠭ᠌ᠰᠡᠨ᠎ᠤ ᠲᠠᠷᠠᠭ᠎ᠠ᠂ ᠸᠠᠩ ᠬᠤᠩ ᠶᠢᠩ 6 ᠠᠩᠬᠢ᠎ᠶ᠋ᠢᠨ ᠰᠤᠷᠤᠭ᠍ᠴᠢᠳ᠎ᠲᠤ 《ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ》 ᠬᠢᠴᠢᠶᠡᠯ᠎ᠢ ᠵᠢᠭᠠᠵᠤ᠂ ᠬᠢᠴᠢᠶᠡᠯ᠎ᠤᠨ ᠴᠠᠭ᠎ᠨᠢ ᠭᠠᠷᠠᠭ ᠪᠦᠷᠢ 12 ᠴᠠᠭ ᠪᠠᠢᠭ᠍ᠰᠠᠨ᠎ᠠᠴᠠ 18 ᠴᠠᠭ ᠪᠣᠯᠵᠤ ᠨᠡᠮᠡᠭ᠌ᠳᠡᠨ᠎ᠡ᠃ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠤ ᠠᠩᠬᠠᠨ᠎ᠤ ᠬᠢᠴᠢᠶᠡᠯ᠎ᠳᠤ ᠲᠡᠭᠦᠨ᠎ᠤ ᠲᠣᠬᠢᠷᠠᠭᠤᠯᠤᠭ᠍ᠰᠠᠨ ᠬᠢᠴᠢᠶᠡᠯ᠎ᠤᠨ ᠠᠭᠤᠯᠭ᠎ᠠ ᠪᠣᠯ 《ᠤᠯᠤᠰ᠎ᠤᠨ ᠠᠱᠢᠭ ᠲᠤᠰᠠ᠎ᠶ᠋ᠢ ᠲᠠᠨᠢᠬᠤᠢ》 ᠪᠣᠯᠤᠨ᠎ᠠ᠂ ᠲᠡᠷᠡ᠎ᠪᠠᠷ ᠣᠯᠢᠮᠫᠢᠺ᠎ᠤᠨ ᠲᠠᠮᠢᠷᠴᠢᠳ᠎ᠤᠨ ᠠᠯᠲᠠᠨ ᠮᠧᠳᠠᠯ ᠤᠯᠤᠭ᠍ᠰᠠᠨ ᠳᠡᠷᠡ ᠬᠦ᠌ ᠬᠤᠷᠤᠮ᠎ᠠᠴᠠ ᠭᠠᠷᠳᠠᠨ ᠶᠠᠷᠢᠬᠤ᠎ᠪᠠᠷ ᠪᠡᠯᠡᠳᠭᠡᠭ᠌ᠰᠡᠨ ᠪᠠᠢᠵᠠᠢ᠃
ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠶ᠋ᠢ ᠪᠦᠷᠢᠨᠱᠢᠬᠦᠯᠦᠨ ᠬᠦᠴᠦᠷᠬᠡᠭ᠌ᠵᠢᠭᠦᠯᠬᠦ᠌ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢᠨ ᠰᠠᠭᠤᠷᠢ ᠴᠢᠨᠠᠷᠲᠠᠶ ᠢᠨᠵᠧᠨᠧᠷᠢᠩ ᠪᠣᠯᠤᠨ᠎ᠠ᠃ ᠨᠢᠳᠤᠨᠤᠨ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠨᠠᠷᠢᠨ ᠪᠠᠢᠳᠠᠯ᠎ᠢ ᠵᠢᠭ᠍ᠰᠠᠭᠠᠨ ᠪᠠᠢᠴᠠᠭᠠᠬᠤ᠎ᠪᠠᠷ ᠳᠡᠮᠵᠢᠨ ᠪᠥᠬᠦ᠌ ᠣᠷᠣᠨ᠎ᠳᠤ ᠭᠤᠷᠪᠠᠨ ᠬᠢᠴᠢᠶᠡᠯ ᠲᠥᠷᠥᠯ᠎ᠤᠨ ᠪᠠᠭ᠍ᠰᠢ 1346 ᠳᠤᠲᠠᠭ᠍ᠳᠠᠵᠤ ᠪᠠᠢᠭ᠎ᠠ᠎ᠶ᠋ᠢ ᠲᠤᠳᠤᠷᠬᠠᠢᠯᠠᠵᠤ᠂ ᠡᠨᠡ ᠵᠢᠯ᠎ᠤᠨ 6 ᠰᠠᠷ᠎ᠠ᠎ᠶ᠋ᠢᠨ ᠰᠡᠭᠦᠯᠴᠢ᠎ᠪᠠᠷ ᠪᠦᠬᠦᠨ᠎ᠢ ᠨᠥᠬᠦᠪᠥᠷᠢᠯᠡᠪᠡ᠃ ᠪᠠᠭ᠍ᠰᠢ᠎ᠶ᠋ᠢᠨ ᠪᠣᠯᠪᠠᠰᠤᠷᠠᠯ᠎ᠤᠨ ᠲᠠᠯ᠎ᠠ᠎ᠪᠠᠷ᠂ ᠪᠡᠭᠡᠵᠢᠩ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ ᠵᠡᠷᠭᠡ ᠣᠷᠣᠨ᠎ᠤ ᠭᠠᠳᠠᠨᠠᠬᠢ ᠥᠨᠳᠥᠷ ᠬᠢᠷᠢ ᠲᠦᠪᠱᠢᠨ ᠪᠥᠬᠦᠶ 14 ᠪᠠᠭ᠍ᠰᠢ᠎ᠶ᠋ᠢᠨ ᠶᠡᠭᠡ ᠳᠡᠭᠡᠳᠦ ᠰᠤᠷᠭᠠᠭᠤᠯᠢ᠎ᠶ᠋ᠢ ᠵᠣᠬᠢᠶᠠᠨ ᠪᠠᠢᠭᠤᠯᠵᠤ᠂ ᠮᠠᠨ᠎ᠤ ᠣᠷᠣᠨ᠎ᠤ 6 ᠪᠠᠭ᠍ᠰᠢ᠎ᠶ᠋ᠢᠨ ᠶᠡᠭᠡ ᠳᠡᠭᠡᠳᠦ ᠰᠤᠷᠭᠠᠭᠤᠯᠢ᠎ᠲᠠᠢ ᠬᠠᠮᠵᠢᠯᠴᠠᠨ᠂ ᠪᠣᠯᠪᠠᠰᠤᠷᠠᠯ ᠬᠦᠷᠳᠡᠭᠡᠬᠦ᠌ ᠴᠢᠬᠤᠯᠠᠲᠠᠶ ᠭᠤᠷᠪᠠᠨ ᠬᠢᠴᠢᠶᠡᠯ ᠲᠥᠷᠥᠯ᠎ᠤᠨ 4111 ᠪᠠᠭ᠍ᠰᠢ᠎ᠶ᠋ᠢ 3 ᠲᠣᠭᠤᠷᠢᠭ ᠬᠤᠪᠢᠶᠠᠨ ᠦᠷᠭᠦᠯᠵᠢᠯᠡᠨ ᠪᠣᠯᠪᠠᠰᠤᠷᠠᠯ ᠬᠦᠷᠳᠡᠭᠡᠨ᠂ ᠨᠡᠢᠲᠡ 8061 ᠬᠥᠮᠦᠨ ᠤᠳᠠᠭ᠎ᠠ᠎ᠳᠤ ᠪᠣᠯᠪᠠᠰᠤᠷᠠᠯ ᠬᠦᠷᠳᠡᠭᠡᠭ᠌ᠰᠡᠨ ᠪᠠᠢᠨ᠎ᠠ᠃ ᠭᠤᠷᠪᠠᠨ ᠬᠢᠴᠢᠶᠡᠯ ᠲᠥᠷᠥᠯ᠎ᠤᠨ 《ᠤᠨᠴᠠ ᠠᠵᠢᠯ᠎ᠤᠨ ᠪᠠᠢᠷᠢ᠎ᠶ᠋ᠢᠨ ᠪᠠᠭ᠍ᠰᠢ》 ᠶ᠋ᠢᠨ ᠲᠤᠰᠭᠠᠶ ᠲᠥᠯᠥᠪᠯᠡᠭᠡ᠎ᠪᠠᠷ ᠤᠷᠢᠵᠤ ᠡᠯᠰᠡᠬᠦ᠌᠎ᠶ᠋ᠢ ᠬᠡᠷᠡᠭ᠌ᠵᠢᠭᠦᠯᠵᠦ᠍᠂ 298 《ᠤᠨᠴᠠ ᠠᠵᠢᠯ᠎ᠤᠨ ᠪᠠᠢᠷᠢ᠎ᠶ᠋ᠢᠨ ᠪᠠᠭ᠍ᠰᠢ》 3 ᠰᠠᠷ᠎ᠠ᠎ᠶ᠋ᠢᠨ ᠪᠣᠯᠪᠠᠰᠤᠷᠠᠯ᠎ᠢᠶᠠᠷ ᠳᠠᠮᠵᠢᠭᠠᠳ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠳᠤ ᠰᠤᠷᠭᠠᠭᠤᠯᠢ᠎ᠳᠤ ᠬᠦᠷᠴᠦ᠍ ᠠᠵᠢᠯ᠎ᠤᠨ ᠪᠠᠢᠷᠢ᠎ᠶ᠋ᠢ ᠳᠠᠭᠠᠵᠤ ᠳᠠᠳᠤᠯᠭ᠎ᠠ ᠬᠢᠵᠦ᠍᠂ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠳᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠡᠯ᠎ᠠ ᠰᠤᠷᠭᠠᠭᠤᠯᠢ᠎ᠳᠤ ᠬᠦᠷᠴᠦ᠍ ᠵᠢᠭᠠᠨ ᠰᠤᠷᠭᠠᠯᠳᠠ ᠬᠢᠬᠦ᠌ ᠪᠤᠯᠤᠨ᠎ᠠ᠃ ᠪᠠᠭ᠍ᠰᠢ᠎ᠶ᠋ᠢᠨ ᠲᠥᠷᠥᠯ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠴᠡᠭ ᠲᠣᠭ᠍ᠲᠠᠭᠠᠨ ᠳᠠᠭᠠᠭᠠᠴᠢᠯᠠᠨ ᠬᠤᠯᠪᠣᠭᠠᠯᠠᠬᠤ᠎ᠶ᠋ᠢ ᠥᠷᠨᠢᠭᠦᠯᠵᠦ᠍᠂ 2539 ᠪᠠᠭ᠍ᠰᠢ ᠰᠣᠷᠣᠭ᠍ᠴᠢ᠎ᠶ᠋ᠢ ᠰᠣᠩᠭᠤᠨ ᠲᠣᠮᠢᠯᠠᠵᠤ ᠰᠤᠷᠭᠠᠨ ᠬᠥᠮᠦᠵᠢᠯ᠎ᠢ ᠳᠡᠮᠵᠢᠬᠦ᠌ ᠪᠦᠯᠬᠦᠮ᠎ᠢ ᠵᠣᠬᠢᠶᠠᠨ ᠪᠠᠢᠭᠤᠯᠵᠤ ᠤᠢ᠍ᠢᠷ ᠠ ᠬᠠᠪᠢ᠎ᠶ᠋ᠢᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ ᠪᠠ ᠬᠡᠦᠬᠡᠳ᠎ᠤᠨ ᠴᠡᠴᠡᠷᠯᠢᠭ᠎ᠢ ᠳᠠᠭᠠᠭᠠᠴᠢᠯᠠᠨ ᠬᠤᠯᠪᠤᠭᠠᠯᠠᠭᠤᠯᠪᠠ᠃ ᠴᠢᠨᠠᠷ ᠰᠠᠢᠳᠠᠢ ᠡᠩ᠎ᠤᠨ ᠰᠤᠷᠭᠠᠭᠤᠯᠢ ᠪᠠ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠰᠤᠷᠭᠠᠭᠤᠯᠢ᠎ᠶ᠋ᠢ ᠵᠣᠬᠢᠶᠠᠨ ᠪᠠᠢᠭᠤᠯᠤᠨ ᠠᠵᠢᠯ ᠲᠦᠷᠦᠯ᠎ᠤᠨ ᠬᠠᠪᠰᠤᠷᠤᠯᠴᠠᠭ᠎ᠠ ᠪᠠᠢᠭᠤᠯᠵᠤ᠂ 1475 ᠪᠠᠭ᠍ᠰᠢ᠎ᠶ᠋ᠢ ᠬᠠᠷᠢᠯᠴᠠᠨ ᠲᠣᠮᠢᠯᠠᠪᠠ᠃ ᠭᠤᠷᠪᠠᠨ ᠬᠢᠴᠢᠶᠡᠯ ᠲᠥᠷᠥᠯ᠎ᠤᠨ 300 ᠪᠠᠭ᠍ᠰᠢ᠎ᠶ᠋ᠢ ᠰᠣᠩᠭᠤᠨ 《ᠵᠢᠱ᠌ᠢᠶ᠎ᠡ ᠦᠵᠡᠭᠦᠯᠬᠦ᠌ ᠭᠠᠷᠮᠠᠭᠠᠢ ᠪᠠᠭ᠍ᠰᠢ》 ᠪᠠᠷ ᠬᠥᠮᠦᠵᠢᠭᠦᠯᠦᠨ ᠪᠣᠯᠪᠠᠰᠤᠷᠠᠭᠤᠯᠵᠤ᠂ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶᠯᠡᠳᠦᠯ᠎ᠢ ᠪᠠᠳᠠᠷᠠᠭᠤᠯᠪᠠ᠃ ᠪᠦᠬᠦ᠌ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠂ ᠬᠡᠦᠬᠡᠳ᠎ᠤᠨ ᠴᠡᠴᠡᠷᠯᠢᠭ᠎ᠤᠨ ᠠᠵᠢᠯ᠎ᠤᠨ ᠪᠠᠢᠷᠢ᠎ᠳᠤ ᠪᠠᠢᠭ᠎ᠠ ᠨᠡᠢᠲᠡᠯᠢᠭ ᠬᠡᠯᠡᠨ᠎ᠤ ᠳᠡᠰ᠎ᠤᠨ ᠦᠨᠡᠮᠯᠡᠯ ᠣᠯᠤᠭ᠎ᠠ ᠦᠭᠡᠢ 16466 ᠪᠠᠭ᠍ᠰᠢ ᠨᠠᠷ᠎ᠲᠤ ᠪᠣᠯᠪᠠᠰᠤᠷᠠᠯ ᠬᠦᠷᠳᠡᠭᠡᠨ ᠬᠢᠨᠠᠨ ᠱᠢᠯᠭᠠᠬᠤ᠎ᠶ᠋ᠢ ᠵᠣᠬᠢᠶᠠᠨ ᠪᠠᠢᠭᠤᠯᠵᠤ᠂ ᠣᠳᠣᠬᠠᠨ ᠪᠤᠯᠳᠠᠯ᠎ᠠ 15874 ᠬᠦᠮᠦᠨ ᠨᠡᠢᠲᠡᠯᠢᠭ ᠬᠡᠯᠡᠨ᠎ᠤ ᠬᠢᠷᠢ ᠬᠡᠮ᠎ᠤᠨ ᠳᠡᠰ᠎ᠤᠨ ᠦᠨᠡᠮᠯᠡᠯ ᠣᠯᠵᠠᠢ᠃ ᠣᠯᠠᠨ ᠲᠠᠯ᠎ᠠ᠎ᠪᠠᠷ ᠵᠡᠷᠭᠡ᠎ᠪᠠᠷ ᠠᠳᠭᠤᠨ᠂ ᠨᠠᠢᠯᠠᠯ ᠬᠦᠴᠦᠨ᠎ᠢ ᠪᠦᠷᠢᠯᠳᠦᠭᠦᠯᠵᠦ᠍᠂ ᠪᠥᠬᠦ᠌ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠪᠠᠭ᠍ᠰᠢ ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠬᠡᠷᠡᠭ᠌ᠯᠡᠭᠡᠨ᠎ᠤ ᠴᠢᠳᠠᠪᠤᠷᠢ᠎ᠶ᠋ᠢ ᠪᠦᠷᠢᠯᠳᠦᠭᠦᠯᠵᠦ᠍᠂ ᠵᠢᠭᠠᠬᠤ ᠮᠠᠲ᠋ᠧᠷᠢᠶᠠᠯ ᠪᠠ ᠬᠢᠴᠢᠶᠡᠯ᠎ᠤᠨ ᠪᠠᠷᠢᠮᠵᠢᠶ᠎ᠠ᠎ᠶ᠋ᠢ ᠤᠢᠯᠠᠭᠠᠨ ᠡᠵᠡᠮᠱᠢᠬᠦ᠌ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠵᠡᠢ᠃
ᠪᠠᠭ᠍ᠰᠢ᠎ᠶ᠋ᠢᠨ ᠵᠢᠭᠠᠨ ᠰᠤᠷᠭᠠᠬᠤ ᠴᠢᠳᠠᠪᠤᠷᠢ᠎ᠶ᠋ᠢᠨ ᠬᠢᠷᠢ ᠲᠦᠪᠱᠢᠨ᠎ᠤ ᠳᠡᠭᠡᠭ᠌ᠰᠢᠯᠡᠯᠲᠡ᠎ᠨᠢ ᠰᠤᠷᠤᠭ᠍ᠴᠢᠳ᠎ᠤᠨ ᠰᠤᠷᠤᠯᠴᠠᠬᠤ ᠢᠳᠡᠪᠬᠢᠵᠢᠯ᠎ᠢ ᠳᠡᠭᠡᠭ᠌ᠰᠢᠯᠡᠭᠦᠯᠪᠡ᠃ 《ᠪᠠᠭ᠍ᠰᠢ ᠡ᠂ ᠪᠢ 〈ᠤᠯᠠᠭᠠᠨ ᠠᠰᠠᠷ᠎ᠤᠨ ᠵᠡᠭᠦᠳᠦᠨ〉 ᠢ ᠳᠠᠬᠢᠨ ᠨᠢᠭᠡ ᠤᠳᠠᠭ᠎ᠠ ᠤᠩᠱᠢᠶᠠ ᠭᠡᠵᠦ᠍ ᠪᠣᠳᠣᠵᠤ ᠪᠠᠢᠨ᠎ᠠ᠂ ᠪᠢ ᠳᠥᠷᠪᠡᠨ ᠶᠡᠭᠡ ᠨᠡᠷᠡᠳᠦ ᠪᠦᠳᠦᠭᠡᠯ᠎ᠤᠨ ᠲᠠᠲᠠᠬᠤ ᠬᠦᠴᠦᠨ᠎ᠢ ᠦᠨᠡᠬᠡᠷ ᠮᠡᠳᠡᠷᠡᠯ᠎ᠡ》᠂ 《ᠥᠭᠦᠯᠡᠯᠭᠡ᠎ᠶ᠋ᠢᠨ ᠠᠭᠤᠯᠭ᠎ᠠ ᠪᠠᠶᠠᠯᠢᠭ᠂ ᠭᠤᠤᠯ ᠪᠠᠭᠠᠳᠤᠷ ᠤᠯᠠᠨ᠂ ᠤᠳᠭ᠎ᠠ ᠵᠣᠬᠢᠶᠠᠯ ᠤᠷᠠᠯᠢᠭ᠎ᠤᠨ ᠲᠠᠲᠠᠬᠤ ᠬᠦᠴᠦᠨ᠎ᠨᠢ ᠡᠭᠦᠨ᠎ᠳᠤ ᠪᠠᠢᠨ᠎ᠠ᠃》 ᠡᠨᠡ ᠪᠣᠯ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠬᠥᠬᠡᠬᠤᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠤᠨ ᠪᠠᠭ᠍ᠰᠢ ᠴᠧᠨ ᠲᠠᠨ᠎ᠠ᠎ᠶ᠋ᠢᠨ ᠰᠤᠷᠤᠭ᠍ᠴᠢᠲᠠᠢᠪᠠᠨ ᠵᠢᠷᠬᠢᠶ᠎ᠠ᠎ᠪᠠᠷ ᠶᠠᠷᠢᠯᠴᠠᠭ᠍ᠰᠠᠨ ᠶᠠᠷᠢᠯᠴᠠᠭ᠎ᠠ ᠪᠣᠯᠤᠨ᠎ᠠ᠃ ᠴᠧᠨ ᠳᠠᠨ᠎ᠠ ᠬᠡᠦᠬᠡᠳ᠎ᠤᠳ ᠤᠩᠱᠢᠯᠭ᠎ᠠ᠎ᠳᠤ ᠪᠠᠭ᠍ᠠᠲᠠᠢ ᠪᠣᠯᠤᠭ᠍ᠰᠠᠨ ᠪᠥᠭᠡᠳ ᠤᠩᠱᠢᠯᠭ᠎ᠠ᠎ᠪᠠᠷ ᠳᠠᠮᠵᠢᠨ ᠰᠣᠩᠭᠤᠳᠠᠭ ᠪᠦᠲᠦᠭᠡᠯ᠎ᠤᠨ ᠷᠢᠳᠢ ᠱᠢᠳᠢ᠎ᠶ᠋ᠢ ᠣᠢᠯᠠᠭᠠᠵᠤ᠂ ᠤᠩᠱᠢᠬᠤ᠎ᠶ᠋ᠢᠨ ᠲᠠᠭᠠᠤ ᠰᠡᠳᠭᠢᠨ ᠪᠣᠳᠣᠯᠬᠢᠯᠠᠬᠤ᠎ᠶ᠋ᠢ ᠠᠭᠠᠵᠢᠮ᠎ᠢᠶᠠᠷ ᠰᠤᠷᠴᠤ᠌ ᠡᠬᠢᠯᠡᠭ᠌ᠰᠡᠨ᠎ᠢ ᠪᠠᠶᠠᠷᠲᠠᠢ ᠣᠯᠵᠤ ᠬᠠᠷᠠᠪᠠ᠃
ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠪᠣᠯᠤᠨ ᠬᠢᠷᠢ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍ ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠨ᠎ᠡ
《ᠲᠠᠷᠠᠭᠠᠴᠢ᠎ᠶ᠋ᠢᠨ ᠠᠯᠬᠤᠮ᠎ᠳᠤ᠂ ᠮᠠᠨ᠎ᠤ ᠣᠷᠣᠨ ᠦᠷᠭᠦᠯᠵᠢᠯᠡᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠬᠥᠮᠦᠨ ᠬᠥᠮᠦᠵᠢᠭᠦᠯᠬᠦ᠌ ᠭᠤᠤᠯ ᠠᠷᠭ᠎ᠠ ᠵᠠᠮ᠎ᠤᠨ ᠦᠶᠯᠡᠳᠦᠯ᠎ᠢ ᠦᠨᠡᠨ ᠬᠦ᠌ ᠰᠠᠢᠲᠤᠷ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠪᠠᠢᠭᠤᠯᠤᠯᠲᠠ᠎ᠳᠤ ᠪᠥᠬᠦ᠌ ᠲᠠᠯ᠎ᠠ᠎ᠪᠠᠷ ᠠᠭᠤᠰᠤᠯᠴᠠᠭᠤᠯᠤᠨ᠎ᠠ᠃ ᠡᠭᠦᠨ᠎ᠠᠴᠠ ᠭᠠᠳᠠᠨ᠎ᠠ᠂ ᠪᠢᠳᠡ 〈ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠴᠢᠩᠭᠠᠳᠭᠠᠬᠤ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠬᠦᠨᠵᠡᠭᠡᠢ ᠤᠳᠠᠭᠠᠨ ᠲᠠᠭᠠᠭᠠᠮᠠᠭᠠᠢ ᠦᠷᠨᠢᠭᠦᠯᠬᠦ᠌ ᠲᠥᠰᠦᠯ (2021 — 2025 ᠤᠨ)〉 ᠢ ᠳᠤᠭ᠍ᠳᠠᠭᠠᠵᠤ᠂ ᠵᠢᠷᠭᠤᠭᠠᠨ ᠶᠡᠭᠡ ᠲᠦᠷᠦᠯ᠎ᠤᠨ ᠲᠤᠰᠭᠠᠢ ᠠᠵᠢᠯᠯᠠᠭ᠎ᠠ᠎ᠶ᠋ᠢ ᠱᠢᠰᠲ᠋ᠧᠮ᠎ᠲᠠᠢ ᠲᠥᠯᠥᠪᠯᠡᠵᠦ᠍᠂ 20 ᠵᠦᠢᠯ᠎ᠤᠨ ᠪᠣᠳᠠᠲᠠᠢ ᠡᠭᠦᠷᠭᠡ᠎ᠶ᠋ᠢ ᠲᠣᠳᠣᠷᠬᠠᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠣᠯ ᠱᠢᠵᠢᠮ᠎ᠲᠠᠢ ᠨᠢᠭ᠍ᠲᠠ ᠤᠶᠠᠯᠳᠤᠭᠤᠯᠤᠨ᠂ ᠤᠯᠤᠰ ᠲᠦᠷᠦ᠎ᠶ᠋ᠢᠨ ᠪᠠᠢᠭᠤᠯᠤᠯᠲᠠ᠂ ᠦᠵᠡᠯ ᠰᠠᠨᠠᠭ᠎ᠠ᠎ᠪᠠᠷ ᠬᠦᠲᠦᠯᠦᠨ ᠳᠠᠭᠠᠭᠤᠯᠬᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠂ ᠭᠤᠣᠯ ᠰᠡᠳᠦᠪᠲᠦ ᠬᠥᠮᠦᠵᠢᠯ᠂ ᠰᠣᠶᠣᠯ᠎ᠢᠶᠠᠷ ᠬᠥᠮᠦᠨ ᠬᠥᠮᠦᠵᠢᠭᠦᠯᠬᠦ᠂ ᠨᠡᠢᠭᠡᠮ᠎ᠤᠨ ᠦᠢᠯᠡᠳᠦᠯᠭᠡ ᠵᠡᠷᠭᠡ ᠤᠯᠠᠨ ᠡᠱᠢᠵᠢᠭ᠌ᠰᠡᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠤᠨ ᠱᠢᠰᠲ᠋ᠧᠮ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠪᠦᠬᠦ᠌ ᠲᠠᠯ᠎ᠠ᠎ᠪᠠᠷ ᠭᠦᠨᠵᠡᠭᠡᠢ ᠠᠬᠢᠭᠤᠯᠵᠤ ᠪᠠᠢᠨ᠎ᠠ》 ᠬᠡᠵᠦ᠍ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠪᠠ᠃
ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠠᠴᠠ ᠪᠠᠭ᠍ᠰᠢ᠎ᠶ᠋ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ᠎ᠢ ᠦᠷᠭᠦᠯᠵᠢᠯᠡᠨ ᠰᠠᠢᠲᠤᠷ ᠬᠢᠨ᠎ᠠ᠃ ᠡᠮᠦᠨᠡᠬᠢ ᠬᠤᠭᠤᠴᠠᠭᠠᠨ᠎ᠤ ᠲᠦᠪᠯᠡᠷᠡᠩᠬᠦᠢ ᠪᠣᠯᠪᠠᠰᠤᠷᠠᠯ᠎ᠤᠨ ᠰᠠᠭᠤᠷᠢᠨ ᠳᠡᠭᠡᠷ᠎ᠡ᠂ ᠪᠠᠭ᠍ᠰᠢ᠎ᠶ᠋ᠢᠨ ᠪᠠᠢᠩᠭᠤᠵᠢᠭ᠍ᠰᠠᠨ ᠪᠣᠯᠪᠠᠰᠤᠷᠠᠯ᠎ᠤᠨ ᠲᠥᠯᠥᠪᠯᠡᠭᠡ᠎ᠶ᠋ᠢ ᠲᠣᠭ᠍ᠲᠠᠭᠠᠵᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠪᠣᠳᠠᠲᠠᠶ ᠪᠠᠢᠳᠠᠯ ᠪᠠ ᠪᠠᠭ᠍ᠰᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠤᠷᠢᠨ᠎ᠳᠤ ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠶ᠋ᠢᠨ ᠵᠢᠭᠠᠨ ᠰᠤᠷᠭᠠᠯᠲᠠ᠂ ᠵᠢᠭᠠᠨ ᠰᠤᠳᠤᠯᠬᠤ ᠶᠠᠪᠤᠴᠠ᠎ᠳᠤ ᠣᠷᠣᠱᠢᠵᠤ ᠪᠠᠢᠭ᠎ᠠ ᠠᠰᠠᠭᠤᠳᠠᠯ ᠪᠠ ᠬᠦᠴᠢᠷᠳᠡᠯᠯᠦᠭᠡ ᠤᠶᠠᠯᠳᠤᠭᠤᠯᠤᠨ᠂ ᠳᠤᠳᠠᠭᠤᠳᠠᠯ᠎ᠢ ᠨᠥᠬᠦᠪᠥᠷᠢᠯᠡᠬᠦ᠌ ᠮᠠᠶᠢᠭ᠎ᠤᠨ ᠲᠤᠰᠭᠠᠶ ᠪᠣᠯᠪᠠᠰᠤᠷᠠᠯ᠎ᠢ ᠢᠳᠡᠪᠬᠢᠲᠡᠶ ᠵᠣᠬᠢᠶᠠᠨ ᠪᠠᠢᠭᠤᠯᠤᠨ ᠥᠷᠨᠢᠭᠦᠯᠵᠦ᠍ ᠪᠠᠢᠨ᠎ᠠ᠃ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠪᠠᠭ᠍ᠰᠢ᠎ᠶ᠋ᠢᠨ ᠨᠡᠢᠲᠡᠯᠢᠭ ᠬᠡᠯᠡᠨ᠎ᠤ ᠪᠣᠯᠪᠠᠰᠤᠷᠠᠯ ᠱᠢᠯᠭᠠᠯᠲᠠ᠎ᠶ᠋ᠢᠨ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠭᠤᠷᠪᠠᠨ ᠬᠢᠴᠶᠡᠯ ᠲᠥᠷᠥᠯ᠎ᠤᠨ ᠪᠠᠭ᠍ᠰᠢ᠎ᠳᠤ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠵᠢᠭᠠᠨ ᠰᠤᠷᠭᠠᠯᠲᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠬᠢᠴᠢᠶᠡᠯᠯᠡᠬᠦ᠌ ᠴᠢᠳᠠᠪᠤᠷᠢ ᠪᠠ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠪᠠᠢᠨ᠎ᠠ᠃
— ᠪᠠᠢᠩᠭᠤᠵᠢᠭ᠍ᠰᠠᠨ ᠵᠢᠭᠠᠨ ᠰᠤᠳᠤᠯᠬᠤ ᠵᠢᠯᠣᠭᠤᠳᠣᠯᠭ᠎ᠠ᠎ᠶ᠋ᠢ ᠭᠦᠨᠵᠡᠭᠡᠶ ᠠᠬᠢᠭᠤᠯᠤᠨ᠎ᠠ᠃ ᠪᠠᠭ᠍ᠰᠢ ᠨᠠᠷ ᠬᠢᠴᠢᠶᠡᠯ᠎ᠤᠨ ᠪᠠᠷᠢᠮᠵᠢᠶ᠎ᠠ᠎ᠶ᠋ᠢ ᠪᠥᠬᠦ᠌ ᠲᠠᠯ᠎ᠠ᠎ᠪᠠᠷ ᠣᠢᠯᠠᠭᠠᠬᠤ ᠪᠠ ᠣᠨᠣᠪᠴᠢᠲᠠᠶ ᠡᠵᠡᠮᠱᠢᠬᠦ᠂ ᠵᠢᠭᠠᠬᠤ ᠮᠠᠲ᠋ᠧᠷᠢᠶᠠᠯ᠎ᠢ ᠨᠡᠪᠲᠡᠷᠬᠡᠶ ᠣᠢᠯᠠᠭᠠᠬᠤ᠂ ᠬᠢᠴᠢᠶᠡᠯ᠎ᠤᠨ ᠵᠠᠭ᠍ᠪᠤᠷ᠎ᠤᠨ ᠵᠢᠭᠠᠬᠤ ᠠᠷᠭ᠎ᠠ᠎ᠶ᠋ᠢ ᠠᠮᠢᠳᠤᠯᠢᠭ᠎ᠢᠶᠠᠷ ᠬᠡᠷᠡᠭ᠌ᠯᠡᠬᠦ᠌ ᠵᠡᠷᠭᠡ᠎ᠶ᠋ᠢ ᠭᠤᠤᠯᠳᠠᠯᠭ᠎ᠠ᠎ᠲᠠᠢ ᠵᠢᠯᠣᠭᠤᠳᠴᠤ᠌᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠦᠶᠯᠡᠳᠦᠯᠭᠡ᠎ᠶ᠋ᠢᠨ ᠴᠢᠳᠠᠪᠤᠷᠢ᠎ᠶ᠋ᠢᠨ ᠬᠥᠮᠦᠵᠢᠯ᠎ᠢ ᠬᠦᠴᠦᠯᠡᠨ ᠴᠢᠩᠭᠠᠳᠭᠠᠨ᠎ᠠ᠃
— ᠡᠬᠢ ᠪᠠᠶᠠᠯᠢᠭ᠎ᠤᠨ ᠪᠠᠢᠭᠤᠯᠤᠯᠲᠠ᠎ᠶ᠋ᠢ ᠲᠠᠰᠤᠷᠠᠯᠲᠠ ᠤᠢ᠍ᠭᠡᠢ ᠱᠢᠯᠢᠳᠡᠭ᠌ᠵᠢᠭᠦᠯᠦᠨ ᠪᠦᠷᠢᠨᠱᠢᠬᠦᠯᠦᠨᠡ᠃ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠢᠯ》 ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠪᠦᠬᠦ᠌ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ᠎ᠤᠨ ᠴᠡᠴᠡᠷᠯᠢᠭ᠎ᠲᠤ ᠬᠢᠴᠢᠶᠡᠯ ᠪᠡᠯᠡᠳᠭᠡᠬᠦ᠌ ᠪᠠ ᠬᠢᠴᠢᠶᠡᠯ ᠤᠷᠤᠬᠤ ᠱᠢᠰᠲ᠋ᠧᠮ ᠪᠤᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠡᠭᠦᠯᠡᠨ ᠲᠠᠪᠴᠠᠩ᠎ᠳᠤ ᠲᠦᠱᠢᠭ᠌ᠯᠡᠨ᠂ ᠭᠤᠷᠪᠠᠨ ᠬᠢᠴᠢᠶᠡᠯ ᠲᠥᠷᠥᠯ᠎ᠤᠨ ᠪᠠᠭ᠍ᠰᠢ᠎ᠶ᠋ᠢᠨ ᠰᠦᠯᠵᠢᠶ᠎ᠡ᠎ᠪᠠᠷ ᠰᠤᠳᠤᠯᠤᠨ ᠰᠤᠷᠤᠯᠴᠠᠬᠤ ᠪᠠ ᠰᠦᠯᠵᠢᠶᠡᠨ ᠳᠡᠭᠡᠷ᠎ᠡ ᠵᠢᠭᠠᠨ ᠰᠤᠳᠤᠯᠬᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠰᠦᠯᠵᠢᠶ᠎ᠡ᠎ᠪᠠᠷ ᠵᠢᠭᠠᠨ ᠰᠤᠷᠭᠠᠬᠤ ᠡᠬᠢ ᠪᠠᠶᠠᠯᠢᠭ᠎ᠢ ᠦᠷᠭᠦᠯᠵᠢᠯᠡᠨ ᠨᠡᠭᠡᠭᠡᠨ ᠬᠥᠭ᠌ᠵᠢᠭᠦᠯᠵᠦ᠍᠂ ᠪᠥᠬᠦ᠌ ᠣᠷᠣᠨ᠎ᠤ ᠱᠢᠯᠢᠳᠡᠭ ᠪᠠᠭ᠍ᠰᠢ ᠨᠠᠷ᠎ᠢ ᠵᠣᠬᠢᠶᠠᠨ ᠪᠠᠢᠭᠤᠯᠵᠤ ᠪᠠᠢᠭᠠᠳ 《ᠰᠦᠯᠵᠢᠶᠡᠨ᠎ᠳᠠᠬᠢ ᠱᠢᠯᠢᠳᠡᠭ ᠬᠢᠴᠢᠶᠡᠯ》 ᠸᠢᠳᠢᠣ᠋ ᠬᠢᠴᠢᠶᠡᠯ᠎ᠢ ᠦᠷᠭᠦᠯᠵᠢᠯᠡᠨ ᠱᠢᠩᠭᠡᠭᠡᠨ ᠦᠢᠯᠡᠳᠴᠦ᠍᠂ 《ᠠᠵᠢᠯ ᠠᠯᠬᠤᠮ᠎ᠳᠤ ᠬᠢᠴᠢᠶᠡᠯ᠎ᠤᠨ ᠲᠠᠩᠬᠢᠮ》 ᠤᠨ ᠸᠢᠳᠢᠣ᠋ ᠡᠬᠢ ᠪᠠᠶᠠᠯᠢᠭ᠎ᠢ ᠲᠠᠰᠤᠷᠠᠯᠲᠠ ᠥᠬᠡᠶ ᠪᠠᠶᠠᠯᠢᠭ᠍ᠵᠢᠭᠤᠯᠤᠨ᠎ᠠ᠃ ᠰᠤᠷᠭᠠᠨ ᠬᠥᠮᠦᠵᠢᠯ᠎ᠤᠨ ᠶᠠᠮᠤᠨ᠎ᠤ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠲᠠᠪᠴᠠᠩ᠎ᠯᠤᠭ᠎ᠠ ᠤᠯᠠᠮ ᠨᠢᠭᠡ ᠠᠯᠬᠤᠮ ᠵᠣᠯᠭᠠᠭᠤᠯᠵᠤ᠂ ᠤᠯᠤᠰ᠎ᠠᠴᠠ ᠴᠢᠨᠠᠷ ᠰᠠᠢᠲᠠᠶ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠲᠠᠰᠤᠷᠠᠯᠲᠠ ᠥᠬᠡᠶ ᠣᠷᠣᠭᠤᠯᠤᠨ ᠠᠪᠴᠢᠷᠠᠨ᠎ᠠ᠃
— ᠬᠠᠪᠰᠤᠷᠤᠯᠴᠠᠭ᠎ᠠ ᠪᠠᠢᠭᠤᠯᠵᠤ ᠬᠠᠮᠲᠤ᠎ᠪᠠᠷ ᠪᠠᠢᠭᠤᠯᠬᠤ ᠪᠠ ᠬᠠᠪᠰᠤᠷᠤᠨ ᠲᠡᠳᠬᠦᠬᠦ᠌᠎ᠶ᠋ᠢ ᠦᠷᠭᠦᠯᠵᠢᠯᠡᠨ ᠥᠷᠨᠢᠭᠦᠯᠦᠨ᠎ᠡ᠃ ᠴᠢᠨᠠᠷ ᠰᠠᠢᠲᠠᠶ ᠡᠩ᠎ᠤᠨ ᠰᠤᠷᠭᠠᠭᠤᠯᠢ ᠬᠢᠭᠡᠳ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠨᠤᠭᠤᠳ᠎ᠤᠨ ᠠᠵᠢᠯ ᠲᠦᠷᠦᠯ᠎ᠤᠨ ᠬᠠᠪᠰᠤᠷᠤᠯᠴᠠᠭ᠎ᠠ ᠪᠠᠢᠭᠤᠯᠵᠤ᠂ ᠬᠠᠮᠲᠤ᠎ᠪᠠᠷ ᠪᠠᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠬᠠᠷᠢᠯᠴᠠᠨ ᠪᠠᠭ᠍ᠰᠢ ᠲᠣᠮᠢᠯᠠᠬᠤ ᠡᠷᠴᠢᠮ᠎ᠢᠶᠠᠨ ᠴᠢᠩᠭᠠᠷᠠᠭᠤᠯᠤᠨ᠂ ᠬᠠᠮᠲᠤ᠎ᠶ᠋ᠢᠨ ᠵᠢᠭᠠᠨ ᠰᠤᠳᠤᠯᠬᠤ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠨᠠᠷᠠᠲᠤ ᠪᠠᠭ᠍ᠰᠢ ᠱᠠᠪᠢ ᠳᠠᠭᠠᠭᠤᠯᠬᠤ ᠠᠵᠢᠯᠯᠠᠭ᠎ᠠ᠎ᠶ᠋ᠢ ᠥᠷᠨᠢᠭᠦᠯᠦᠨ᠂ ᠪᠠᠭ᠍ᠰᠢ᠎ᠶ᠋ᠢᠨ ᠲᠥᠷᠥᠯ᠎ᠤᠨ ᠶᠡᠭᠡ ᠳᠡᠭᠡᠳᠦ ᠰᠤᠷᠭᠠᠭᠤᠯᠢ᠎ᠨᠤᠭᠤᠳ ᠴᠡᠭ ᠲᠣᠭ᠍ᠲᠠᠭᠠᠨ ᠳᠠᠭᠠᠭᠠᠴᠢᠯᠠᠨ ᠬᠤᠯᠪᠣᠭᠠᠯᠠᠬᠤ᠂ ᠳᠠᠳᠤᠯᠭ᠎ᠠ ᠬᠢᠵᠦ᠍ ᠰᠤᠷᠭᠠᠨ ᠬᠥᠮᠦᠵᠢᠯ᠎ᠢ ᠳᠡᠮᠵᠢᠭᠦ᠌ ᠵᠡᠷᠭᠡ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠵᠢᠭᠠᠨ ᠰᠤᠷᠭᠠᠯᠳᠠ᠎ᠶ᠋ᠢᠨ ᠰᠤᠳᠤᠯᠤᠨ ᠶᠠᠷᠢᠯᠴᠠᠬᠤ ᠪᠠ ᠬᠠᠪᠰᠤᠷᠤᠨ ᠲᠡᠳᠬᠦᠬᠦ᠌᠎ᠶ᠋ᠢ ᠪᠠᠢᠩᠭᠤ ᠥᠷᠨᠢᠭᠦᠯᠦᠨ᠎ᠡ᠃
ᠨᠠᠮ᠎ᠤᠨ ᠲᠥᠯᠥᠭᠡ ᠬᠥᠮᠦᠨ ᠬᠥᠮᠦᠵᠢᠭᠦᠯᠵᠦ᠍᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠵᠦ᠍᠂ ᠴᠢᠨᠠᠷ ᠰᠠᠢᠲᠠᠶ ᠰᠤᠷᠭᠠᠨ ᠬᠥᠮᠦᠵᠢᠯ᠎ᠤᠨ ᠱᠢᠰᠲ᠋ᠧᠮ᠎ᠢ ᠲᠦᠷᠭᠡᠪᠴᠢᠯᠡᠨ ᠪᠠᠢᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠣᠷᠣᠨ ᠨᠠᠮ᠎ᠤᠨ ᠰᠤᠷᠭᠠᠨ ᠬᠥᠮᠦᠵᠢᠯ᠎ᠤᠨ ᠠᠵᠢᠯ᠎ᠳᠠᠬᠢ ᠪᠥᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠦᠨᠡᠨ ᠬᠦ᠌ ᠴᠢᠩᠭᠠᠳᠭᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠴᠢᠨᠠᠷ ᠰᠠᠢᠲᠠᠶ ᠰᠤᠷᠭᠠᠨ ᠬᠥᠮᠦᠵᠢᠯ᠎ᠤᠨ ᠱᠢᠰᠲ᠋ᠧᠮ᠎ᠢ ᠬᠦᠴᠦᠯᠡᠨ ᠪᠠᠢᠭᠤᠯᠵᠤ᠂ ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠨ᠎ᠡ᠃