​ ᠶᠠᠨ ᠠᠨ᠎ᠤ ᠵᠣᠷᠢᠭ ᠰᠠᠨᠠᠭ᠎ᠠ
2021-08-30 15:03:58
ᠵᠣᠬᠢᠶᠠᠭ᠍ᠴᠢ᠄
​ ᠵᠤᠸᠠᠩ ᠴᠢᠶᠠᠨ ᠶᠢᠦ
ᠣᠩᠱᠢᠭ᠍ᠰᠠᠨ ᠣᠳᠠᠭ᠎ᠠ᠄
★★★☆☆


QQ截图20210830145808.png


ᠶᠠᠨ ᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠱᠢᠨ᠎ᠠ ᠠᠶᠠᠨ᠎ᠳᠤ ᠦᠷᠭᠦᠯᠵᠢᠯᠡᠨ ᠲᠡᠮᠡᠴᠡᠶ᠎ᠡ 


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷ᠎ᠡ᠂ ᠶᠠᠨ ᠠᠨ᠎ᠤ ᠴᠠᠭ ᠦᠶ᠎ᠡ ᠪᠣᠯ ᠲᠤᠢᠯ᠎ᠤᠨ ᠴᠢᠬᠤᠯᠠ ᠲᠡᠦᠬᠡᠨ ᠴᠠᠭ ᠦᠶ᠎ᠡ ᠪᠣᠯᠬᠤ ᠶᠤᠮ᠃ 1935 ᠣᠨ᠎ᠠᠴᠠ 1948 ᠤᠨ ᠪᠣᠯᠲᠠᠯ᠎ᠠ᠂ ᠶᠠᠨ ᠠᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠭᠤᠭ᠎ᠠ ᠭᠠᠵᠠᠷ ᠪᠠᠢᠬ᠍ᠰᠡᠨ ᠪᠦᠭᠡᠳ ᠳᠤᠮᠳᠠᠳᠤ ᠤᠯᠤᠰ᠎ᠤᠨ ᠬᠤᠪᠢᠰᠭᠠᠯ᠎ᠤᠨ ᠲᠥᠪ ᠪᠠᠢᠵᠤ᠂ ᠮᠠᠤ ᠽᠧ ᠳ᠋ᠦᠩ᠎ᠢᠶᠠᠷ ᠲᠥᠯᠥᠭᠡᠯᠡᠭᠦᠯᠦᠭ᠌ᠰᠡᠨ ᠳᠤᠮᠳᠠᠳᠤ ᠤᠯᠤᠰ᠎ᠤᠨ ᠡᠪ ᠬᠠᠮᠲᠤᠴᠤᠳ ᠠᠳᠡ 13 ᠵᠢᠯ ᠱᠢᠷᠭᠠᠭᠤ ᠬᠠᠲᠠᠭᠤᠵᠢᠯᠲᠠᠢ ᠲᠡᠮᠡᠴᠡᠪᠡ᠃ ᠶᠠᠨ ᠠᠨ᠎ᠤ ᠴᠠᠭ ᠦᠶ᠎ᠡ᠎ᠳᠤ᠂ ᠨᠠᠮ᠎ᠠᠴᠠ ᠦᠨᠳᠦᠰᠦᠲᠡᠨ᠎ᠤ ᠲᠤᠰᠠᠭᠠᠷ ᠲᠣᠭ᠍ᠲᠠᠨᠢᠯ ᠪᠣᠯᠤᠨ ᠠᠷᠠᠳ᠎ᠤᠨ ᠴᠢᠯᠥᠭᠡᠯᠡᠯᠲᠡ᠎ᠶ᠋ᠢᠨ ᠦᠢᠯᠡᠰ᠎ᠢ ᠲᠡᠮᠡᠴᠡᠨ ᠤᠯᠬᠤ᠎ᠶ᠋ᠢ ᠤᠳᠤᠷᠢᠳᠤᠨ ᠴᠢᠬᠤᠯᠠ ᠶᠡᠭᠡ ᠢᠯᠠᠯᠲᠠ ᠣᠯᠵᠤ᠂ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠢᠯᠠᠯᠲᠠ᠎ᠶ᠋ᠢᠨ ᠪᠠᠲᠤ ᠪᠠᠬᠢ ᠰᠠᠭᠤᠷᠢ᠎ᠶ᠋ᠢ ᠲᠠᠯᠪᠢᠵᠠᠢ; ᠨᠠᠮ᠎ᠠᠴᠠ ᠮᠠᠷᠺᠰ᠎ᠤᠨ ᠦᠵᠡᠯ᠎ᠤᠨ ᠳᠤᠮᠳᠠᠳᠤ ᠤᠯᠤᠰᠴᠢᠯᠠᠯᠳᠠ᠎ᠶ᠋ᠢ ᠠᠬᠢᠭᠤᠯᠤᠭᠠᠳ ᠯᠤᠲᠤ ᠶᠡᠭᠡ ᠠᠮᠵᠢᠯᠲᠠ ᠣᠯᠵᠤ᠂ ᠮᠠᠷᠺᠰ᠎ᠤᠨ ᠦᠵᠡᠯ᠎ᠤᠨ ᠦᠨᠳᠦᠰᠦᠨ ᠤᠨᠤᠯ᠎ᠢ ᠳᠤᠮᠳᠠᠳᠤ ᠤᠯᠤᠰ᠎ᠤᠨ ᠬᠤᠪᠢᠰᠭᠠᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠭ᠍ᠰᠠᠨ ᠠᠩᠬᠠᠳᠠᠭ᠍ᠴᠢ ᠲᠡᠦᠬᠡᠲᠦ ᠴᠢᠨᠠᠷᠲᠠᠢ ᠦᠰᠦᠷᠦᠯᠲᠡ᠎ᠶ᠋ᠢ ᠪᠡᠶᠡᠯᠡᠭᠦᠯᠪᠡ; ᠨᠠᠮ᠎ᠠᠴᠠ ᠮᠠᠤ ᠽᠧ ᠳ᠋ᠦᠩ᠎ᠢᠶᠠᠷ ᠭᠤᠣᠯᠯᠠᠭᠤᠯᠤᠭ᠍ᠰᠠᠨ ᠪᠠᠲᠤ ᠴᠢᠩᠭ᠎ᠠ ᠲᠥᠪ ᠬᠤᠷᠢᠶᠠᠨ᠎ᠤ ᠤᠳᠤᠷᠢᠳᠭᠤ ᠬᠠᠮᠲᠤ᠎ᠶ᠋ᠢ ᠪᠦᠷᠢᠯᠳᠦᠭᠦᠯᠵᠦ᠍᠂ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠪᠠᠷ ᠨᠡᠩ ᠪᠣᠯᠪᠠᠰᠤᠷᠠᠩᠭᠤᠢ ᠪᠣᠯᠪᠠ ; ᠱᠠᠨᠰᠢ ᠭᠠᠨᠰᠦ ᠨᠢᠩᠱᠢᠶᠠ᠎ᠶ᠋ᠢᠨ ᠬᠢᠵᠠᠭᠠᠷ ᠣᠷᠣᠨ᠎ᠳᠤ ᠨᠠᠮ᠎ᠠᠴᠠ ᠤᠯᠤᠰ ᠲᠦᠷᠦ᠍᠂ ᠠᠵᠤ ᠠᠬᠤᠢ᠂ ᠰᠣᠶᠣᠯ᠂ ᠨᠡᠢᠭᠡᠮ᠎ᠤᠨ ᠪᠠᠢᠭᠤᠯᠤᠯᠲᠠ᠎ᠶ᠋ᠢ ᠤᠳᠤᠷᠢᠳᠴᠤ᠌᠂ ᠨᠠᠮ᠎ᠤᠨ ᠪᠦᠬᠦ᠌ ᠤᠯᠤᠰ᠎ᠤᠨ ᠵᠠᠰᠠᠭ᠎ᠤᠨ ᠡᠷᠬᠡ᠎ᠶ᠋ᠢ ᠠᠳᠭᠤᠬᠤ᠎ᠳᠤ ᠠᠮᠵᠢᠯᠲᠠ᠎ᠲᠠᠢ ᠲᠤᠷᠱᠢᠯᠭ᠎ᠠ ᠬᠤᠷᠠᠮᠳᠤᠭᠤᠯᠵᠠᠢ᠃ ᠶᠠᠨ ᠠᠨ᠎ᠤ ᠭᠡᠷᠡᠯ ᠰᠠᠴᠤᠷᠠᠩᠭᠤᠢ ᠴᠠᠭ ᠦᠶ᠎ᠡ᠎ᠨᠢ ᠠᠭᠤᠤ ᠶᠡᠭᠡ ᠶᠠᠨ ᠠᠨ᠎ᠤ ᠵᠣᠷᠢᠭ ᠰᠠᠨᠠᠭ᠎ᠠ᠎ᠶ᠋ᠢ ᠪᠦᠷᠢᠯᠳᠤᠬᠦᠯᠪᠠ᠃ 

ᠶᠠᠨ ᠠᠨ᠎ᠤ ᠵᠣᠷᠢᠭ ᠰᠠᠨᠠᠭᠠᠨ᠎ᠤ ᠭᠤᠣᠯ ᠠᠭᠤᠯᠭ᠎ᠠ᠎ᠳᠤ᠂ ᠵᠦᠪ ᠤᠯᠤᠰ ᠲᠦᠷᠦ᠎ᠶ᠋ᠢᠨ ᠴᠢᠭ᠌ᠯᠡᠯ᠎ᠢ ᠪᠠᠲᠤᠳᠭᠠᠬᠤ᠂ ᠦᠵᠡᠯ ᠰᠠᠨᠠᠭ᠎ᠠ᠎ᠪᠠᠨ ᠴᠢᠯᠥᠭᠡᠯᠡᠨ᠂ ᠦᠨᠡᠨ᠎ᠠᠴᠠ ᠵᠥᠪ᠎ᠢ ᠡᠷᠢᠬᠦ᠌ ᠦᠵᠡᠯ ᠰᠠᠨᠠᠭᠠᠨ᠎ᠤ ᠱᠤᠭᠤᠮ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠂ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠦ᠍᠂ ᠲᠡᠰᠪᠦᠷᠢ ᠬᠠᠲᠠᠭᠤᠵᠢᠯᠲᠠᠢ ᠲᠡᠮᠡᠴᠡᠬᠦ᠌ ᠦᠢᠯᠡᠰ ᠪᠤᠰᠭᠠᠬᠤ ᠵᠣᠷᠢᠭ ᠰᠠᠨᠠᠭ᠎ᠠ ᠵᠡᠷᠭᠡ ᠪᠠᠭ᠍ᠲᠠᠨ᠎ᠠ᠃ 

ᠵᠥᠪ ᠤᠯᠤᠰ ᠲᠦᠷᠦ᠎ᠶ᠋ᠢᠨ ᠴᠢᠭ᠌ᠯᠡᠯ᠎ᠢ ᠪᠠᠲᠤᠳᠭᠠᠬᠤ ᠪᠣᠯ ᠶᠠᠨ ᠠᠨ᠎ᠤ ᠵᠣᠷᠢᠭ ᠰᠠᠨᠠᠭᠠᠨ᠎ᠤ ᠰᠦᠭ ᠰᠦᠨᠡᠰᠦ ᠮᠥᠨ᠃ ᠶᠠᠨ ᠠᠨ᠎ᠤ ᠴᠠᠭ ᠦᠶ᠎ᠡ᠎ᠳᠤ᠂ ᠮᠠᠨ᠎ᠤ ᠨᠠᠮ ᠢᠮᠠᠭ᠍ᠲᠠ ᠮᠠᠷᠺᠰ᠎ᠤᠨ ᠦᠵᠡᠯ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠢᠮᠠᠭ᠍ᠲᠠ ᠡᠪ ᠬᠠᠮᠲᠤ ᠶᠣᠰᠣᠨ᠎ᠤ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠬᠤᠪᠢᠰᠭᠠᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠎ᠶ᠋ᠢ ᠢᠮᠠᠭ᠍ᠲᠠ ᠪᠠᠷᠢᠮᠲᠠᠯᠠᠵᠤ᠂ ᠨᠠᠮ᠎ᠤᠨ ᠬᠤᠪᠢᠰᠭᠠᠯ᠎ᠤᠨ ᠬᠠᠮᠤᠭ᠎ᠤᠨ ᠳᠡᠭᠡᠳᠦ ᠬᠥᠲᠥᠯᠪᠦᠷᠢ ᠪᠣᠯᠤᠨ ᠬᠠᠮᠤᠭ᠎ᠤᠨ ᠳᠤᠤᠷᠠᠳᠤ ᠬᠥᠲᠥᠯᠪᠦᠷᠢ᠎ᠶ᠋ᠢ ᠨᠢᠭᠡᠳᠭᠡᠬᠦ᠌᠎ᠶ᠋ᠢ ᠪᠠᠷᠢᠮᠲᠠᠯᠠᠵᠤ᠂ ᠪᠣᠳᠠᠲᠤ ᠪᠠᠢᠳᠠᠯ᠎ᠠᠴᠠ ᠡᠭᠦᠰᠴᠦ᠍ ᠵᠥᠪ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯᠲᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ᠎ᠶ᠋ᠢ ᠲᠣᠭ᠍ᠲᠠᠭᠠᠵᠤ᠂ ᠦᠨᠳᠦᠰᠦᠲᠡᠨ᠎ᠤ ᠲᠤᠰᠠᠭᠠᠷ ᠲᠣᠭ᠍ᠲᠠᠨᠢᠯ ᠪᠣᠯᠤᠨ ᠨᠡᠢᠭᠡᠮ᠎ᠤᠨ ᠴᠢᠯᠥᠭᠡᠯᠡᠯᠲᠡ᠎ᠶ᠋ᠢ ᠲᠡᠮᠡᠴᠡᠨ ᠤᠯᠬᠤ᠎ᠶ᠋ᠢ ᠤᠳᠤᠷᠢᠳᠭᠤ ᠠᠷᠢᠭᠤᠨ ᠲᠠᠷᠬᠠᠨ ᠡᠭᠦᠷᠭᠡ᠎ᠶ᠋ᠢ ᠵᠣᠷᠢᠭ᠍ᠲᠠᠢ ᠡᠭᠦᠷᠭᠡᠯᠡᠪᠡ᠃ 

ᠦᠵᠡᠯ ᠰᠠᠨᠠᠭ᠎ᠠ᠎ᠪᠠᠨ ᠴᠢᠯᠥᠭᠡᠯᠡᠨ᠂ ᠦᠨᠡᠨ᠎ᠠᠴᠠ ᠵᠥᠪ᠎ᠢ ᠡᠷᠢᠬᠦ᠌ ᠪᠣᠯ ᠶᠠᠨ ᠠᠨ᠎ᠤ ᠵᠣᠷᠢᠭ ᠰᠠᠨᠠᠭᠠᠨ᠎ᠤ ᠭᠤᠣᠯ ᠴᠢᠮᠥᠭᠡ ᠮᠥᠨ᠃ ᠶᠠᠨ ᠠᠨ᠎ᠤ ᠴᠠᠭ ᠦᠶ᠎ᠡ᠎ᠳᠤ᠂ ᠦᠨᠡᠨ᠎ᠠᠴᠠ ᠵᠥᠪ᠎ᠢ ᠡᠷᠢᠬᠦ᠌᠎ᠨᠢ ᠨᠠᠮ᠎ᠤᠨ ᠦᠵᠡᠯ ᠰᠠᠨᠠᠭ᠎ᠠ ᠤᠨᠤᠯ᠎ᠳᠤ ᠢᠯᠡᠷᠡᠵᠦ᠍ ᠪᠠᠢᠭ᠍ᠰᠠᠨ᠎ᠢᠶᠠᠷ ᠪᠠᠷᠠᠬᠤ ᠦᠭᠡᠢ᠂ ᠨᠠᠮ᠎ᠤᠨ ᠱᠤᠭᠤᠮ ᠴᠢᠭ᠌ᠯᠡᠯᠲᠡ ᠲᠦᠷᠦ᠎ᠶ᠋ᠢᠨ ᠪᠤᠳᠤᠯᠭ᠎ᠠ ᠪᠠ ᠬᠤᠪᠢᠰᠭᠠᠯ᠎ᠤᠨ ᠪᠠᠢᠯᠳᠤᠬᠤ ᠪᠤᠳᠤᠯᠭ᠎ᠠ ᠠᠷᠭ᠎ᠠ ᠪᠤᠳᠤᠯᠭ᠎ᠠ᠎ᠳᠤ ᠴᠤ᠌ ᠢᠯᠡᠷᠡᠵᠦ᠍ ᠪᠠᠢᠭ᠍ᠰᠠᠨ ᠶᠤᠮ᠃ ᠶᠠᠨ ᠠᠨ᠎ᠤ ᠴᠠᠭ ᠦᠶ᠎ᠡ᠎ᠳᠤ᠂ ᠮᠠᠨ᠎ᠤ ᠨᠠᠮ ᠮᠠᠷᠺᠰ᠎ᠤᠨ ᠦᠵᠡᠯ᠎ᠤᠨ ᠦᠨᠳᠦᠰᠦᠨ ᠤᠨᠤᠯ᠎ᠢᠶᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ᠎ᠤᠨ ᠤᠯᠤᠰ᠎ᠤᠨ ᠪᠠᠢᠳᠠᠯ ᠪᠠ ᠳᠤᠮᠳᠠᠳᠤ ᠤᠯᠤᠰ᠎ᠤᠨ ᠬᠤᠪᠢᠰᠭᠠᠯ᠎ᠤᠨ ᠪᠣᠳᠠᠲᠤ ᠪᠠᠢᠳᠠᠯ᠎ᠢ ᠱᠤᠭᠤᠮ᠂ ᠴᠢᠭ᠌ᠯᠡᠯᠲᠡ᠂ ᠲᠦᠷᠦ᠎ᠶ᠋ᠢᠨ ᠪᠤᠳᠤᠯᠭ᠎ᠠ ᠪᠠ ᠠᠵᠢᠯᠯᠠᠭᠠᠨ᠎ᠤ ᠬᠥᠲᠥᠯᠪᠦᠷᠢ ᠲᠣᠭ᠍ᠲᠠᠭᠠᠬᠤ ᠦᠨᠳᠦᠰᠦᠯᠡᠯ ᠪᠣᠯᠭᠠᠵᠤ᠂ ᠠᠯᠢ ᠤᠯᠠᠨ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠭᠠᠷᠭᠠᠭ᠍ᠰᠠᠨ ᠪᠥᠭᠡᠳ ᠵᠥᠪ ᠱᠤᠭᠤᠮ ᠴᠢᠭ᠌ᠯᠡᠯᠲᠡ ᠲᠦᠷᠦ᠎ᠶ᠋ᠢᠨ ᠪᠤᠳᠤᠯᠭ᠎ᠠ ᠪᠠ ᠠᠵᠢᠯᠯᠠᠭᠠᠨ᠎ᠤ ᠬᠥᠲᠥᠯᠪᠦᠷᠢ᠎ᠪᠠᠷ ᠳᠠᠮᠵᠢᠭᠤᠯᠤᠨ᠂ ᠠᠷᠠᠳ᠎ᠤᠨ ᠰᠡᠳᠭᠢᠯ᠎ᠢ ᠣᠯᠵᠤ᠂ ᠬᠦᠴᠦᠨ ᠴᠢᠳᠠᠯ᠎ᠢᠶᠠᠨ ᠪᠤᠵᠠᠭᠠᠢᠷᠠᠭᠤᠯᠤᠨ᠂ ᠬᠤᠪᠢᠰᠭᠠᠯ᠎ᠢ ᠵᠢᠯᠣᠭᠤᠳᠤᠨ ᠠᠮᠵᠢᠯᠲᠠ ᠪᠦᠲᠦᠮᠵᠢ ᠵᠦᠭ ᠤᠷᠤᠭ᠍ᠰᠢᠯᠠᠭᠤᠯᠤᠭ᠍ᠰᠠᠨ ᠶᠤᠮ᠃ 

ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠪᠣᠯ ᠶᠠᠨ ᠠᠨ᠎ᠤ ᠵᠣᠷᠢᠭ ᠰᠠᠨᠠᠭᠠᠨ᠎ᠤ ᠮᠥᠨ ᠴᠢᠨᠠᠷ ᠮᠥᠨ᠃ ᠶᠠᠨ ᠠᠨ᠎ᠤ ᠴᠠᠭ ᠦᠶ᠎ᠡ᠎ᠳᠤ᠂ ᠮᠠᠨ᠎ᠤ ᠨᠠᠮ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠵᠣᠷᠢᠭ ᠰᠠᠨᠠᠭ᠎ᠠ᠎ᠶ᠋ᠢ ᠨᠠᠮ᠎ᠤᠨ ᠵᠣᠷᠢᠯᠲᠠ ᠪᠣᠯᠭᠠᠬᠤ᠎ᠶ᠋ᠢ ᠲᠣᠳᠣᠷᠬᠠᠢᠯᠠᠨ ᠨᠠᠮ᠎ᠤᠨ ᠳᠦᠷᠢᠮ᠎ᠳᠤ ᠪᠢᠴᠢᠨ ᠣᠷᠣᠭᠤᠯᠵᠤ᠂ ᠠᠯᠢᠪᠠ ᠪᠦᠬᠦᠠ᠎ᠳᠤ ᠤᠯᠡᠠ ᠲᠦᠮᠡᠨ᠎ᠤ ᠲᠥᠯᠥᠭᠡ ᠪᠠᠢᠬᠤ᠂ ᠠᠯᠢᠪᠠ ᠪᠦᠬᠦᠠ᠎ᠳᠤ ᠤᠯᠡᠠ ᠲᠦᠮᠡᠨ᠎ᠢ ᠲᠦᠱᠢᠭ᠌ᠯᠡᠬᠦ᠂ ᠤᠯᠡᠠ ᠲᠦᠮᠡᠨ᠎ᠤ ᠳᠤᠮᠳᠠ᠎ᠠᠴᠠ ᠢᠷᠡᠵᠦ᠍᠂ ᠤᠯᠡᠠ ᠲᠦᠮᠡᠨ᠎ᠤ ᠳᠤᠮᠳᠠ ᠬᠦᠷᠬᠦ᠌ ᠤᠯᠡᠠ ᠲᠦᠮᠡᠨᠴᠢ ᠱᠤᠭᠤᠮ ᠪᠠ ᠠᠯᠢ ᠤᠯᠡᠠ ᠤᠯᠠᠨ ᠲᠦᠮᠡᠨᠴᠢ ᠠᠵᠢᠯᠯᠠᠭᠠᠨ᠎ᠤ ᠠᠷᠭ᠎ᠠ᠎ᠶ᠋ᠢ ᠠᠯᠬᠤᠮ ᠠᠯᠬᠤᠮ᠎ᠢᠶᠠᠷ ᠳᠤᠷᠠᠳᠤᠨ ᠭᠠᠷᠭᠠᠭ᠍ᠰᠠᠨ ᠪᠥᠭᠡᠳ ᠪᠦᠷᠢᠯᠳᠦᠭᠦᠯᠦᠭ᠌ᠰᠡᠨ ᠶᠤᠮ᠃ ᠶᠠᠨ ᠠᠨ᠎ᠤ ᠴᠠᠭ ᠦᠶ᠎ᠡ᠎ᠳᠤ᠂ ᠮᠠᠨ᠎ᠤ ᠨᠠᠮ᠎ᠤᠨ ᠤᠳᠤᠷᠢᠳᠤᠭ᠍ᠰᠠᠨ ᠬᠢᠵᠠᠭᠠᠷ ᠣᠷᠣᠨ᠎ᠤ ᠵᠠᠰᠠᠭ᠎ᠤᠨ ᠣᠷᠳᠣᠨ ᠠᠷᠠᠳᠴᠢᠯᠠᠭ᠍ᠰᠠᠨ ᠵᠠᠰᠠᠭ᠎ᠤᠨ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠵᠤ᠂ ᠭᠤᠷᠪᠠ ᠭᠤᠷᠪᠠ᠎ᠶ᠋ᠢᠨ ᠳᠦᠷᠢᠮᠲᠦ ᠵᠠᠰᠠᠭ᠎ᠤᠨ ᠪᠦᠲᠦᠴᠡ᠎ᠶ᠋ᠢ ᠬᠡᠷᠡᠭ᠌ᠵᠢᠭᠦᠯᠵᠦ᠍᠂ ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ᠌ ᠡᠷᠬᠡ᠎ᠶ᠋ᠢ ᠪᠡᠶᠡᠯᠡᠭᠦᠯᠵᠡᠢ᠃ ᠰᠣᠶᠣᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠰ᠎ᠢ ᠢᠳᠡᠪᠬᠢᠲᠡᠢ ᠬᠥᠭ᠌ᠵᠢᠭᠦᠯᠵᠦ᠍᠂ ᠨᠡᠢᠭᠡᠮ᠎ᠤᠨ ᠥᠭᠡᠷᠡᠴᠢᠯᠡᠯᠲᠡ᠎ᠶ᠋ᠢᠨ ᠬᠥᠳᠡᠯᠭᠡᠭᠡᠨ᠎ᠢ ᠡᠷᠴᠢᠮ᠎ᠲᠠᠢ ᠥᠷᠨᠢᠭᠦᠯᠵᠦ᠍᠂ ᠠᠷᠠᠳ᠎ᠤᠨ ᠠᠮᠢᠳᠤᠷᠠᠯ᠎ᠢ ᠲᠠᠰᠤᠷᠠᠯᠳᠠ ᠦᠭᠡᠢ ᠰᠠᠢᠵᠢᠷᠠᠭᠤᠯᠪᠠ᠃ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠤ᠂ ᠲᠡᠰᠪᠦᠷᠢ ᠬᠠᠲᠠᠭᠤᠵᠢᠯᠲᠠᠶ ᠲᠡᠮᠡᠴᠡᠬᠦ᠌ ᠪᠣᠯ ᠶᠠᠨ ᠠᠨ᠎ᠤ ᠵᠣᠷᠢᠭ ᠰᠠᠨᠠᠭᠠᠨ᠎ᠤ ᠦᠨᠳᠦᠰᠦᠨ ᠣᠨᠴᠠᠯᠢᠭ ᠮᠥᠨ᠃ ᠶᠠᠨ ᠠᠨ᠎ᠤ ᠵᠣᠷᠢᠭ ᠰᠠᠨᠠᠭ᠎ᠠ᠎ᠨᠢ ᠲᠦᠢᠯ᠎ᠤᠨ ᠪᠡᠷᠬᠡ ᠬᠠᠲᠠᠭᠤᠵᠢᠯᠲᠠᠢ ᠬᠤᠪᠢᠰᠭᠠᠯ᠎ᠤᠨ ᠴᠠᠭ ᠦᠶ᠎ᠡ᠎ᠳᠤ ᠪᠦᠷᠢᠯᠳᠦᠵᠦ᠍᠂ ᠭᠤᠮᠢᠨᠳᠠᠩ᠎ᠤᠨ ᠱᠠᠨᠰᠢ ᠭᠠᠨᠰᠦ ᠨᠢᠩᠱᠢᠶᠠ᠎ᠶ᠋ᠢᠨ ᠬᠢᠵᠠᠭᠠᠷ ᠣᠷᠣᠨ᠎ᠳᠠᠬᠢ ᠠᠵᠤ ᠠᠬᠤᠢ᠎ᠶ᠋ᠢᠨ ᠪᠢᠲᠡᠭᠦᠮᠵᠢᠯᠡᠯ᠎ᠠᠴᠠ ᠪᠣᠯᠤᠭ᠍ᠰᠠᠨ ᠲᠦᠢᠯ᠎ᠤᠨ ᠬᠠᠲᠠᠭᠤ ᠪᠡᠷᠭᠡ ᠣᠷᠣᠱᠢᠨ ᠲᠣᠭ᠍ᠲᠠᠨᠢᠬᠤ ᠬᠦᠴᠢᠷᠳᠡᠯ᠎ᠤᠨ ᠡᠮᠦᠨ᠎ᠡ᠂ ᠨᠠᠮ᠎ᠤᠨ ᠲᠥᠪ  ᠬᠤᠷᠢᠶ᠎ᠠ᠎ᠠᠴᠠ ᠥᠪᠡᠷ᠎ᠢᠶᠠᠨ ᠬᠦᠳᠡᠯᠮᠦᠷᠢᠯᠡᠵᠦ᠍᠂ ᠢᠳᠡᠵᠦ᠍ ᠡᠮᠦᠰᠭᠦ᠎ᠪᠠᠷ ᠡᠯᠪᠡᠭ ᠳᠡᠯᠪᠡᠭ ᠪᠣᠯᠬᠤ᠎ᠶ᠋ᠢ ᠤᠷᠢᠶᠠᠯᠠᠵᠤ᠂ ᠬᠢᠵᠠᠭᠠᠷ ᠣᠷᠣᠨ᠎ᠳᠤ ᠰᠦᠷ ᠳᠠᠯᠠᠢᠴᠠᠲᠠᠢ ᠶᠡᠭᠡ ᠦᠢᠯᠡᠳᠪᠦᠷᠢᠯᠡᠯ᠎ᠤᠨ ᠬᠥᠳᠡᠯᠭᠡᠭᠡᠨ ᠥᠷᠨᠢᠭᠦᠯᠪᠡ᠃ ᠡᠢᠮᠦᠷᠭᠦᠦ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠦ᠍᠂ ᠲᠡᠰᠪᠦᠷᠢ ᠬᠠᠲᠠᠭᠤᠵᠢᠯᠲᠠᠢ ᠲᠡᠮᠡᠴᠡᠬᠦ᠌ ᠵᠣᠷᠢᠭ ᠰᠠᠨᠠᠭ᠎ᠠ᠎ᠨᠢ ᠪᠢᠳᠡᠨ᠎ᠢ ᠬᠠᠪᠰᠤᠷᠴᠤ᠌ ᠡᠳ᠋᠎ᠤᠨ ᠵᠠᠰᠠᠭ ᠠᠵᠤ ᠠᠬᠤᠢ᠎ᠶ᠋ᠢᠨ ᠲᠦᠢᠯ᠎ᠤᠨ ᠬᠦᠨᠳᠦ ᠬᠦᠴᠢᠷ ᠪᠡᠷᠬᠡᠱᠢᠶᠡᠯ᠎ᠢ ᠢᠯᠠᠨ ᠳᠠᠪᠠᠭᠤᠯᠵᠤ᠂ ᠬᠢᠵᠠᠭᠠᠷ ᠣᠷᠣᠨ᠎ᠤ ᠴᠡᠷᠢᠭ ᠠᠷᠠᠳ᠎ᠤᠨ ᠠᠮᠢᠳᠤᠷᠠᠯ᠎ᠢ ᠰᠠᠢᠵᠢᠷᠠᠭᠤᠯᠤᠭ᠍ᠰᠠᠨ ᠪᠥᠭᠡᠳ ᠶᠠᠫᠣᠨ᠎ᠢ ᠡᠰᠡᠷᠭᠦᠴᠡᠬᠦ᠌ ᠲᠠᠢᠨ᠎ᠤ ᠢᠯᠠᠯᠲᠠ᠎ᠶ᠋ᠢ ᠲᠡᠮᠡᠴᠡᠨ ᠤᠯᠬᠤ᠎ᠳᠤ ᠪᠠᠲᠤ ᠪᠠᠬᠢ ᠪᠣᠳᠠᠰ᠎ᠤᠨ ᠰᠠᠭᠤᠷᠢ᠎ᠶ᠋ᠢ ᠲᠠᠯᠪᠢᠵᠤ ᠥᠭ᠌ᠭᠦᠭ᠌ᠰᠡᠨ ᠶᠤᠮ᠃ 

ᠣᠳᠣᠬᠠᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠳᠠᠭᠠᠭᠤᠯᠤᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠤ ᠪᠤᠢ᠃ ᠱᠢᠨ᠎ᠡ ᠠᠶᠠᠨ᠎ᠳᠤ᠂ ᠶᠠᠨ ᠠᠨ᠎ᠤ ᠵᠣᠷᠢᠭ ᠰᠠᠨᠠᠭ᠎ᠠ ᠮᠦᠨ ᠯᠡ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠴᠢᠬᠤᠯᠠ ᠴᠠᠭ ᠦᠶ᠎ᠡ᠎ᠶ᠋ᠢᠨ ᠦᠨ᠎ᠡ ᠦᠷᠳᠡᠭ᠎ᠲᠠᠢ ᠶᠤᠮ᠃ 

ᠱᠢᠨ᠎ᠡ ᠠᠶᠠᠨ᠎ᠳᠤ᠂ ᠶᠠᠨ ᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ᠂ ᠢᠮᠠᠭ᠍ᠲᠠ ᠵᠥᠪ ᠤᠯᠤᠰ ᠲᠦᠷᠦ᠎ᠶ᠋ᠢᠨ ᠴᠢᠭ᠌ᠯᠡᠯ᠎ᠢ ᠪᠠᠲᠤᠳᠭᠠᠬᠤ᠎ᠶ᠋ᠢ ᠡᠪ ᠬᠠᠮᠲᠤᠴᠤᠳ᠎ᠤᠨ ᠣᠷᠣᠱᠢᠨ ᠲᠣᠭ᠍ᠲᠠᠨᠢᠬᠤ ᠦᠨᠳᠦᠰᠦ ᠪᠣᠯᠭᠠᠵᠤ᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ᠎ᠶ᠋ᠢ ᠪᠠᠲᠤᠯᠠᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ  ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠢᠯᠡᠰ᠎ᠤᠨ ᠢᠮᠠᠭ᠍ᠲᠠ ᠵᠥᠪ ᠴᠢᠭ᠌ᠯᠡᠯ᠎ᠢᠶᠠᠷ ᠤᠷᠤᠭ᠍ᠰᠢᠯᠠᠬᠤ᠎ᠶ᠋ᠢ ᠪᠠᠲᠤᠯᠠᠬᠤ ᠬᠡᠷᠡᠭ᠌ᠲᠡᠢ᠃ 

ᠱᠢᠨ᠎ᠡ ᠠᠶᠠᠨ᠎ᠳᠤ᠂ ᠶᠠᠨ ᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ᠂ ᠦᠵᠡᠯ ᠰᠠᠨᠠᠭ᠎ᠠ᠎ᠪᠠᠨ ᠴᠢᠯᠥᠭᠡᠯᠡᠨ᠂ ᠦᠨᠡᠨ᠎ᠠᠴᠠ ᠵᠥᠪ᠎ᠢ ᠡᠷᠢᠬᠦ᠌ ᠦᠵᠡᠯ ᠰᠠᠨᠠᠭᠠᠨ᠎ᠤ ᠱᠤᠭᠤᠮ᠎ᠢ ᠢᠮᠠᠭ᠍ᠲᠠ ᠡᠪ ᠬᠠᠮᠲᠤᠴᠤᠳ᠎ᠤᠨ ᠠᠭᠤᠤ ᠦᠢᠯᠡᠰ᠎ᠢ ᠪᠦᠲᠦᠭᠡᠬᠦ᠌ ᠦᠵᠡᠯ ᠰᠠᠨᠠᠭᠠᠨ᠎ᠤ ᠰᠠᠭᠤᠷᠢ ᠪᠣᠯᠭᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠯᠠᠪᠳᠠᠭᠤᠨ ᠪᠠᠲᠤᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠭᠠᠪᠱᠢᠭᠠᠢᠯᠠᠨ ᠲᠡᠮᠡᠴᠡᠬᠦ᠌ ᠬᠡᠷᠡᠭ᠌ᠲᠡᠢ᠃ 

ᠱᠢᠨ᠎ᠡ ᠠᠶᠠᠨ᠎ᠳᠤ᠂ ᠶᠠᠨ ᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ᠂ ᠵᠣᠷᠢᠯᠲᠠ᠎ᠶ᠋ᠢᠨ ᠤᠬᠠᠮᠰᠠᠷ᠎ᠢ ᠪᠠᠲᠤ ᠪᠤᠢ ᠪᠣᠯᠭᠠᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠨᠡᠨ ᠬᠦ᠌ ᠦᠢᠯᠡᠳᠦᠯᠭᠡᠵᠢᠭᠦᠯᠦᠨ᠂ ᠢᠮᠠᠭ᠍ᠲᠠ ᠠᠷᠠᠳ ᠲᠦᠮᠡᠨ᠎ᠯᠦᠭᠡ᠎ᠶ᠋ᠢᠨ ᠴᠢᠰᠤ ᠮᠢᠬᠠᠨ᠎ᠤ ᠬᠠᠷᠢᠴᠠᠭ᠎ᠠ᠎ᠪᠠᠨ ᠪᠠᠲᠤᠯᠠᠵᠤ᠂ ᠢᠮᠠᠭ᠍ᠲᠠ ᠠᠷᠠᠳ ᠲᠦᠮᠡᠨ᠎ᠲᠠᠢ ᠰᠡᠳᠭᠢᠯ ᠨᠢᠭᠡᠳᠤᠨ ᠬᠦᠴᠦ᠎ᠪᠠᠨ ᠬᠠᠮᠲᠤᠳᠭᠠᠵᠤ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠤᠨ᠂ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠠᠷᠠᠳ ᠲᠦᠮᠡᠨ᠎ᠢ ᠳᠠᠭᠠᠭᠤᠯᠤᠨ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ᠎ᠨᠢ ᠲᠠᠰᠤᠷᠠᠯᠳᠠ ᠦᠭᠡᠢ ᠪᠡᠶᠡᠯᠡᠭᠦᠯᠬᠦ᠌ ᠬᠡᠷᠡᠭ᠌ᠲᠡᠢ᠃ 

ᠱᠢᠨ᠎ᠡ ᠠᠶᠠᠨ᠎ᠳᠤ᠂ ᠶᠠᠨ ᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ᠂ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠦ᠍᠂ ᠲᠡᠰᠪᠦᠷᠢ ᠬᠠᠲᠠᠭᠤᠵᠢᠯᠲᠠᠢ ᠲᠡᠮᠡᠴᠡᠬᠦ᠌ ᠤᠯᠤᠰ ᠲᠦᠷᠦ᠎ᠶ᠋ᠢᠨ ᠤᠤᠷ ᠴᠢᠨᠠᠷ᠎ᠢᠶᠠᠨ ᠢᠮᠠᠭ᠍ᠲᠠ ᠪᠠᠲᠤᠯᠠᠵᠤ᠂ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠤᠨ ᠳᠦᠷᠰᠦ ᠪᠠᠢᠳᠠᠯ ᠪᠣᠯᠤᠨ ᠡᠭᠦᠷᠢᠳᠡ ᠦᠯᠦ᠍ ᠴᠠᠯᠠᠭᠠᠢᠷᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠪᠤᠢ ᠪᠣᠯᠭᠠᠨ᠂ ᠵᠣᠷᠢᠭ᠍ᠲᠠᠢ᠎ᠪᠠᠷ ᠲᠡᠮᠡᠴᠡᠵᠦ᠍᠂ ᠵᠣᠷᠢᠭ᠍ᠲᠠᠢ᠎ᠪᠠᠷ ᠢᠯᠠᠯᠲᠠ ᠣᠯᠵᠤ᠂ ᠵᠠᠮ ᠨᠡᠭᠡᠭᠡᠨ ᠤᠷᠤᠭ᠍ᠰᠢᠯᠠᠨ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠴᠦ᠍᠂ ᠲᠠᠰᠤᠷᠠᠯᠳᠠ ᠦᠭᠡᠢ ᠱᠢᠨ᠎ᠡ ᠪᠠᠢᠳᠠᠯ᠎ᠢ ᠡᠭᠦᠳᠦᠨ᠂ ᠱᠢᠨ᠎ᠡ ᠠᠮᠵᠢᠯᠲᠠ᠎ᠶ᠋ᠢ ᠡᠭᠦᠳᠬᠦ᠌ ᠬᠡᠷᠡᠭ᠌ᠲᠡᠢ᠃ 

(ᠵᠣᠬᠢᠶᠠᠭ᠍ᠴᠢ᠎ᠶ᠋ᠢᠨ ᠪᠠᠢᠭᠤᠯᠭ᠎ᠠ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠤᠯᠤᠰ ᠲᠦᠷᠦ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ)


【 ᠦᠨᠳᠦᠰᠦᠨ ᠱᠠᠳᠤᠨ᠎ᠤ ᠲᠠᠭᠤᠨ 】



ᠱᠢᠨ᠎ᠡ ᠴᠠᠭ ᠦᠶ᠎ᠡ᠎ᠶ᠋ᠢᠨ ᠶᠠᠨ ᠠᠨ᠎ᠤ ᠵᠣᠷᠢᠭ ᠰᠠᠨᠠᠭᠠᠨ᠎ᠤ ᠦᠢᠯᠡᠳᠦᠯᠭᠡᠵᠢᠭᠦᠯᠦᠭ᠌ᠴᠢ ᠪᠣᠯᠤᠨ᠎ᠠ 

               

                 ᠺᠠᠩ ᠯᠢ ᠨᠠ 


ᠯᠢᠦ ᠱᠢᠩ ᠺᠦᠢ ᠪᠣᠯ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠵᠢᠨᠴᠢᠶᠤᠤ ᠨᠡᠬᠡᠬᠡᠯᠳᠡ᠎ᠶ᠋ᠢᠨ ᠲᠣᠭᠤᠷᠢᠭ᠎ᠤᠨ ᠠᠯᠳᠠᠨ ᠨᠡᠢᠭᠡᠮ ᠲᠣᠭᠤᠷᠢᠭ᠎ᠤᠨ ᠡᠭᠡᠯ ᠵᠢᠷ᠎ᠤᠨ ᠠᠵᠢᠯᠳᠠᠨ ᠪᠣᠯᠬᠤ ᠶᠤᠮ᠃ ᠠᠵᠢᠯ᠎ᠤᠨ ᠭᠠᠷᠤᠭ᠎ᠠ᠎ᠪᠠᠨ ᠠᠪᠤᠭ᠍ᠰᠠᠨ ᠠᠩᠬᠠᠨ᠎ᠤ ᠡᠳᠤᠷ᠎ᠠᠴᠠ ᠡᠬᠢᠯᠠᠵᠤ᠂ ᠯᠢᠦ ᠱᠢᠩ ᠺᠦᠢ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠢᠮᠠᠭ᠍ᠲᠠ ᠪᠠᠷᠢᠮᠲᠠᠯᠠᠨ ᠦᠢᠯᠡᠳᠦᠯᠭᠡᠵᠢᠭᠦᠯᠵᠦ᠍᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠤᠷᠢ ᠵᠠᠯᠠᠭᠤ ᠨᠠᠰᠤᠨ᠎ᠤ ᠤᠶᠤᠨ ᠤᠬᠠᠭᠠᠨ ᠬᠦᠴᠤᠨ ᠴᠢᠳᠠᠯ᠎ᠢᠶᠠᠨ ᠨᠠᠮᠠᠷᠢᠯᠠᠨ᠎ᠠ᠃ 

ᠰᠤᠷᠪᠤᠯᠵᠢᠯᠠᠭ᠍ᠴᠢ ᠯᠢᠦ ᠱᠢᠩ ᠺᠦᠢ᠎ᠶ᠋ᠢ ᠰᠤᠷᠪᠤᠯᠵᠢᠯᠠᠬᠤ᠎ᠪᠠᠷ ᠬᠦᠷᠬᠦ᠌᠎ᠳᠤ ᠲᠡᠷᠡ ᠶᠠᠭ ᠰᠠᠶᠢᠬᠠᠨ 《ᠠᠯᠳᠠᠨ ᠨᠡᠢᠭᠡᠮ ᠲᠣᠭᠤᠷᠢᠭ᠎ᠤᠨ ᠰᠠᠢᠨ ᠲᠤᠷᠠᠴᠤᠳ》 ᠭᠡᠬᠦ᠌  ᠵᠢᠷᠭᠢᠶ᠎ᠡ᠎ᠶ᠋ᠢᠨ ᠬᠤᠯᠪᠣᠭ᠎ᠠ᠎ᠳᠠᠭᠠᠨ ᠮᠡᠳᠡᠭ᠌ᠳᠠᠯ ᠪᠠᠭᠤᠯᠭᠠᠭᠠᠳ ᠶᠠᠭᠠᠷᠠᠵᠤ ᠪᠠᠢᠬ᠍ᠰᠠᠨ ᠠᠵᠢ᠃ 《ᠣᠢᠷ᠎ᠠ᠎ᠳᠤ᠂ ᠨᠡᠢᠭᠡᠮ ᠲᠣᠭᠤᠷᠢᠭ᠎ᠤᠨ᠎ᠬᠢᠨ 〈ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠭᠦ〉 ᠦᠶ᠋ᠯᠡᠳᠦᠯᠭᠡ᠎ᠶ᠋ᠢᠨ ᠠᠵᠢᠯᠯᠠᠭ᠎ᠠ᠎ᠲᠠᠢ ᠤᠶᠠᠯᠳᠤᠭᠤᠯᠤᠨ᠂ ᠰᠠᠢᠨ ᠲᠤᠷᠠᠴᠤᠳ᠎ᠢ ᠵᠣᠬᠢᠶᠠᠨ ᠪᠠᠢᠭᠤᠯᠤᠨ ᠡᠷᠦᠬᠡ᠎ᠳᠤ ᠣᠷᠣᠵᠤ ᠪᠤᠯᠪᠠᠰᠤᠨ ᠬᠤᠲᠠ᠎ᠶ᠋ᠢ ᠡᠬᠦᠳᠤᠨ ᠪᠠᠢᠭᠤᠯᠬᠤ ᠲᠤᠬᠠᠢ ᠤᠬᠠᠭᠤᠯᠭ᠎ᠠ ᠬᠢᠬᠦ᠌᠎ᠶ᠋ᠢᠨ ᠬᠠᠮᠲᠤ ᠪᠠᠢᠴᠠᠭᠠᠯᠲᠠ᠎ᠶ᠋ᠢᠨ ᠠᠰᠠᠭᠤᠯᠲᠠ᠎ᠶ᠋ᠢᠨ ᠬᠠᠭᠤᠳᠠᠰᠤ ᠲᠠᠭ᠍ᠯᠠᠨ ᠪᠢᠴᠢᠬᠦᠯᠵᠤ ᠰᠠᠨᠠᠯ ᠬᠤᠷᠢᠶᠠᠵᠤ ᠪᠤᠢ᠃ ᠡᠢᠮᠦᠷᠬᠦᠦ ᠠᠵᠢᠯᠯᠠᠭ᠎ᠠ᠎ᠨᠢ ᠪᠤᠯᠪᠠᠰᠤᠨ ᠬᠤᠲᠠ᠎ᠶ᠋ᠢ ᠡᠬᠦᠳᠤᠨ ᠪᠠᠢᠭᠤᠯᠬᠤ ᠲᠤᠬᠠᠶ ᠣᠯᠠᠨ  ᠲᠦᠮᠡᠨ᠎ᠤ ᠦᠵᠡᠯᠳᠠ ᠲᠠᠨᠢᠯᠲᠠ᠎ᠶ᠋ᠢ ᠳᠡᠭᠡᠭ᠌ᠰᠢᠯᠡᠭᠦᠯᠦᠭ᠌ᠰᠡᠨ ᠪᠦᠭᠡᠳ ᠲᠡᠳᠠᠨᠠᠷ᠎ᠤᠨ ᠢᠳᠡᠪᠬᠢ ᠬᠦᠴᠤᠨ᠎ᠢ ᠶᠡᠭᠡ᠎ᠪᠠᠷ ᠲᠠᠢᠴᠢᠯᠠᠭ᠍ᠰᠠᠨ ᠪᠠᠢᠨ᠎ᠠ》 ᠭᠡᠵᠦ᠍ ᠯᠢᠦ ᠱᠢᠩ ᠺᠦᠢ ᠬᠡᠯᠡᠨ᠎ᠠ᠃ 

ᠨᠡᠢᠭᠡᠮ ᠲᠣᠭᠤᠷᠢᠭ᠎ᠤᠨ ᠠᠵᠢᠯ ᠬᠡᠳᠦ᠋ᠢᠪᠡᠷ ᠶᠠᠷᠱᠢᠭ ᠲᠦᠪᠡᠭ᠎ᠲᠠᠢ ᠪᠣᠯᠪᠠᠴᠤ᠌᠂ ᠤᠯᠠᠨ ᠲᠦᠮᠡᠨ᠎ᠯᠦᠭᠡ᠎ᠶ᠋ᠢᠨ ᠬᠠᠷᠢᠯᠴᠠᠭ᠎ᠠ ᠶᠠᠪᠤᠯᠴᠠᠭ᠎ᠠ ᠬᠠᠮᠤᠭ᠎ᠤᠨ ᠨᠢᠭ᠍ᠲᠠ ᠪᠠᠢᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠤ ᠪᠠᠢᠳᠠᠯ᠎ᠢ ᠬᠠᠮᠤᠭ ᠪᠤᠳᠠᠳᠠᠢ ᠮᠦᠷᠳᠡᠭᠡᠨ ᠤᠨᠤᠴᠠᠳᠠᠢ ᠤᠢᠯᠠᠭᠠᠵᠤ ᠲᠠᠢᠢᠯᠳᠡᠭ᠃ 《ᠦᠨᠳᠦᠰᠦᠨ ᠱᠠᠲᠤᠨ᠎ᠤ ᠨᠡᠢᠭᠡᠮ ᠲᠣᠭᠤᠷᠢᠭ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢ ᠪᠣᠳᠠᠲᠤ ᠠᠵᠢᠯᠯᠠᠭ᠎ᠠ᠎ᠪᠠᠷ᠎ᠢᠶᠠᠨ ᠶᠠᠨ ᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠶᠠᠨ ᠠᠨ᠎ᠤ ᠵᠣᠷᠢᠭ ᠰᠠᠨᠠᠭᠠᠨ᠎ᠤ ᠦᠢᠯᠡᠳᠦᠯᠭᠡᠵᠢᠭᠦᠯᠦᠭ᠌ᠴᠢ ᠪᠣᠯᠬᠤ᠎ᠪᠠᠷ ᠬᠦᠴᠤᠯᠠᠨ ᠴᠢᠷᠮᠠᠢᠨ᠎ᠠ》 ᠭᠡᠵᠦ᠍ ᠯᠢᠦ ᠱᠢᠩ ᠺᠦᠢ ᠢᠳᠡᠭᠡᠯ ᠵᠤᠷᠢᠭ᠎ᠢᠶᠠᠨ ᠬᠦᠪᠴᠢᠯᠡᠨ᠎ᠠ᠃




ᠬᠠᠷᠢᠭᠤᠴᠠᠯᠭ᠎ᠠ ᠡᠭᠦᠷᠭᠡᠯᠡᠨ ᠬᠤᠪᠢ ᠨᠠᠮᠠᠷᠢ ᠦᠵᠡᠬᠦᠯᠤᠨ᠎ᠠ 

                   

                 ᠳ᠋ᠧᠩ ᠢᠦᠶ ᠱᠢᠶᠠ

 

《ᠲᠠᠨ᠎ᠤ ᠪᠠᠷᠠᠭᠠᠨ᠎ᠤ ᠤᠭ ᠭᠠᠷᠤᠯᠲᠠ᠎ᠶ᠋ᠢᠨ ᠭᠠᠵᠠᠷ᠎ᠤᠨ ᠦᠨᠡᠮᠯᠡᠯ᠎ᠢ ᠨᠢᠭᠡᠨᠲᠡ ᠬᠢᠨᠠᠨ ᠪᠠᠲᠤᠯᠠᠪᠠ᠂ ᠲᠠ ᠤᠳᠤ᠎ᠪᠠᠷ᠎ᠢᠶᠠᠨ ᠰᠦᠯᠵᠢᠶᠡᠨ᠎ᠳᠤ ᠭᠠᠷᠴᠤ᠌ ᠳᠠᠷᠤᠮᠠᠯᠯᠠᠵᠤ ᠪᠣᠯᠤᠨ᠎ᠠ》᠃ ᠬᠤᠶᠠᠷ ᠮᠢᠨᠦ᠋ᠲ ᠪᠣᠯᠤᠭᠠᠳᠤᠢ᠎ᠪᠠᠷ᠂ ᠹᠦ᠋ ᠵᠢᠶᠠ ᠦᠪᠤᠷ ᠮᠣᠩᠭᠤᠯ᠎ᠤᠨ ᠢᠯᠢ ᠠᠵᠤ ᠦᠶ᠋ᠯᠡᠰ᠎ᠤᠨ ᠪᠦᠯᠦᠭ᠌ᠯᠡᠯ ᠺᠣᠮᠫᠠᠨᠢ᠎ᠶ᠋ᠢᠨ ᠢᠨᠳᠣᠨᠧᠱᠢᠶ᠎ᠠ᠎ᠳᠤ ᠭᠠᠷᠭᠠᠬᠤ ᠮᠦᠰᠦᠯᠠᠮᠵᠢ᠎ᠶ᠋ᠢᠨ 《ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠤᠭ᠎ᠠ》 ᠎ᠶ᠋ᠢᠨ ᠣᠭ ᠭᠠᠷᠤᠯᠲᠠ᠎ᠶ᠋ᠢᠨ ᠭᠠᠵᠠᠷ᠎ᠤᠨ ᠦᠨᠡᠮᠯᠡᠯ᠎ᠢ ᠭᠤᠶᠤᠴᠢᠯᠠᠨ ᠤᠯᠤᠭ᠍ᠰᠠᠨ ᠪᠠᠢᠵᠠᠢ᠃ ᠤᠳᠠᠯ ᠦᠭᠡᠢ᠂ ᠡᠳᠡᠭᠡᠷ ᠮᠦᠰᠦᠯᠡᠮᠵᠢ᠎ᠶ᠋ᠢ ᠤᠡᠭ᠌ᠭᠤᠴᠠᠨ᠎ᠳᠤ ᠲᠡᠭᠡᠭᠡᠪᠤᠷᠢᠯᠡᠵᠤ ᠢᠨᠳᠣᠨᠧᠱᠢᠶ᠎ᠠ᠎ᠳᠤ ᠭᠠᠷᠭᠠᠬᠤ ᠪᠤᠯᠤᠨ᠎ᠠ᠃

ᠡᠩᠭᠡᠷ᠎ᠲᠡᠭᠡᠨ ᠨᠠᠮ᠎ᠤᠨ ᠰᠦᠯᠳᠡ ᠬᠢᠯᠠᠯᠵᠠᠭᠤᠯᠤᠭ᠍ᠰᠠᠨ ᠹᠦ᠋ ᠵᠢᠶᠠ ᠪᠣᠯ ᠰᠠᠢᠬᠠᠨ ᠪᠣᠭᠤᠮᠲᠠ᠎ᠶ᠋ᠢᠨ ᠡᠭᠡᠯ ᠵᠢᠷ᠎ᠤᠨ ᠵᠠᠯᠠᠭᠤ ᠠᠵᠢᠯᠲᠠᠨ ᠪᠣᠯᠬᠤ ᠪᠥᠭᠡᠳ ᠨᠡᠩ ᠴᠤ᠌ ᠨᠢᠭᠡᠨ ᠡᠪ ᠬᠠᠮᠲᠤ ᠨᠠᠮ᠎ᠤᠨ ᠭᠡᠱᠢᠭᠦᠨ ᠪᠣᠯᠬᠤ ᠶᠤᠮ᠃ ᠠᠵᠢᠯ᠎ᠤᠨ ᠭᠠᠷᠤᠭ᠎ᠠ᠎ᠪᠠᠨ ᠠᠪᠤᠭ᠍ᠰᠠᠨ᠎ᠠᠴᠠ ᠨᠠᠭᠠᠰᠢ᠂ ᠪᠠᠢᠴᠠᠭᠠᠯᠲᠠ᠎ᠶ᠋ᠢᠨ ᠡᠷᠡᠮᠡᠯᠵᠡᠯᠡᠯ᠎ᠢ ᠬᠦᠯᠢᠶᠡᠨ ᠠᠪᠴᠤ᠌ ᠱᠢᠢᠳᠪᠦᠷᠢᠯᠡᠬᠦ᠂ ᠭᠠᠢᠯᠢ᠎ᠶ᠋ᠢᠨ ᠬᠠᠭᠤᠳᠠᠰᠤ ᠳᠠᠷᠤᠮᠠᠯᠯᠠᠬᠤ᠂ ᠣᠬ ᠭᠠᠷᠤᠯᠲᠠ᠎ᠶ᠋ᠢᠨ ᠭᠠᠵᠠᠷ᠎ᠤᠨ ᠦᠨᠡᠮᠯᠡᠯ᠎ᠢ ᠭᠦᠢᠴᠡᠳᠭᠡᠬᠦ᠌᠎ᠠᠴᠠ ᠲᠦᠷᠦ᠎ᠶ᠋ᠢᠨ ᠪᠤᠳᠤᠯᠭ᠎ᠠ ᠬᠠᠤᠯᠢ ᠲᠣᠭ᠍ᠲᠠᠭᠠᠯ᠎ᠤᠨ ᠲᠠᠢᠯᠤᠮᠵᠢ ᠬᠢᠬᠦ᠌ ᠬᠦᠷᠲᠡᠯ᠎ᠡ᠂ ᠲᠡᠷᠡ ᠶᠡᠷᠦ᠎ᠨᠢ ᠨᠢᠭᠡ ᠰᠡᠳᠭᠢᠯ ᠨᠢᠭᠡ ᠵᠤᠷᠢᠭ᠎ᠢᠶᠠᠷ ᠠᠵᠤ ᠠᠬᠤᠢᠯᠠᠯ ᠨᠢᠭᠡᠪᠦᠷᠢ᠎ᠳᠤ ᠦᠢᠯᠡᠴᠢᠯᠡᠭ᠌ᠰᠡᠭᠡᠷ ᠢᠷᠡᠵᠠᠢ᠃ ᠲᠠᠷᠠ᠄ 《ᠶᠠᠨ ᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠵᠤ ᠤᠯᠠᠮᠵᠢᠯᠠᠨ ᠵᠠᠯᠭᠠᠮᠵᠢᠯᠠᠬᠤ ᠪᠣᠯ ᠳᠠᠷᠤᠢ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠲᠠᠰᠤᠷᠠᠯᠳᠡ ᠦᠭᠡᠢ ᠳᠡᠭᠡᠭ᠌ᠰᠢᠯᠡᠭᠦᠯᠵᠦ᠍᠂ ᠠᠵᠢᠯ᠎ᠢᠶᠠᠨ ᠬᠠᠢᠷᠠᠯᠠᠬᠤ᠂ ᠤᠯᠠᠨ ᠲᠦᠮᠡᠨ᠎ᠳᠤ ᠦᠢᠯᠡᠴᠢᠯᠡᠬᠦ᠌ ᠬᠠᠯᠠᠭᠤᠨ ᠰᠡᠳᠭᠢᠯᠭᠡ᠎ᠪᠠᠷ ᠭᠤᠢᠪᠢᠰᠢ ᠦᠭᠡᠢ ᠦᠷᠳᠡᠭ᠎ᠤᠨ ᠬᠥᠭᠡᠭᠡᠴᠡᠯᠳᠦᠯ ᠪᠣᠯᠭᠠᠵᠤ᠂ ᠬᠦᠰᠡᠯᠡᠩ ᠢᠲᠡᠭᠡᠯ ᠪᠢᠱᠢᠷᠡᠯ᠎ᠢᠶᠠᠨ ᠤᠯᠤᠰ ᠲᠦᠷᠦ᠎ᠶ᠋ᠢᠨ ᠲᠠᠯ᠎ᠠ᠎ᠪᠠᠷ ᠡᠷᠡᠰ ᠪᠠᠲᠤ᠌᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠬᠦ᠌ ᠡᠭᠦᠷᠭᠡ ᠬᠠᠷᠢᠭᠤᠴᠠᠯᠭ᠎ᠠ᠎ᠳᠠᠭᠠᠨ ᠠᠭᠤᠰᠤᠯᠴᠠᠭᠤᠯᠬᠤ ᠶᠠᠪᠤᠳᠠᠯ ᠪᠣᠯᠤᠨ᠎ᠠ》 ᠭᠡᠵᠤ ᠪᠤᠳᠤᠯ᠎ᠢᠶᠠᠨ ᠭᠡᠯᠡᠨ᠎ᠠ᠃ 

《ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠡᠷᠬᠡᠪᠰᠢ ᠶᠠᠨ ᠠᠨ᠎ᠤ ᠵᠣᠷᠢᠭ ᠰᠠᠨᠠᠭ᠎ᠠ᠎ᠪᠠᠷ ᠥᠪᠡᠷ᠎ᠢ᠎ᠪᠠᠨ ᠵᠣᠷᠢᠭ᠍ᠵᠢᠭᠤᠯᠬᠤ ᠬᠡᠷᠡᠭ᠌ᠲᠡᠢ᠃ ᠶᠠᠮᠠᠷᠪᠠ ᠴᠠᠭ ᠦᠶ᠎ᠡ᠂ ᠶᠠᠮᠠᠷᠪᠠ ᠪᠠᠢᠳᠠᠯ ᠳᠤᠤᠷ᠎ᠠ᠂ ᠢᠮᠠᠭ᠍ᠲᠠ ᠪᠥᠬᠦ᠌ ᠰᠡᠳᠭᠢᠯ ᠪᠥᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠶ᠋ᠯᠡᠴᠢᠯᠡᠬᠦ᠌ ᠦᠨᠳᠦᠰᠦᠨ ᠵᠣᠷᠢᠯᠲᠠ᠎ᠪᠠᠷ ᠥᠪᠡᠷ᠎ᠢ᠎ᠪᠠᠨ ᠱᠠᠭᠠᠷᠳᠠᠵᠤ᠂ ᠦᠪᠡᠷ᠎ᠤᠨ ᠲᠤᠬᠠᠢᠯᠠᠭ᠍ᠰᠠᠨ ᠠᠵᠢᠯ᠎ᠤᠨ ᠪᠠᠢᠷᠢᠨ᠎ᠳᠠᠭᠠᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ》 ᠭᠡᠵᠦ᠍ ᠹᠦ᠋ ᠵᠢᠶᠠ ᠵᠤᠷᠢᠭ᠎ᠢᠶᠠᠨ ᠢᠯᠡᠳᠭᠡᠨ᠎ᠠ᠃



ᠲᠠᠰᠪᠤᠷᠢ ᠬᠠᠳᠠᠭᠤᠵᠢᠯᠳᠠᠢ ᠲᠠᠮᠠᠴᠡᠵᠤ ᠵᠠᠮ ᠨᠡᠭᠡᠭᠡᠨ ᠱᠢᠨ᠎ᠡ᠎ᠶ᠋ᠢ ᠡᠭᠦᠳᠦᠨ᠎ᠡ 

               

                     ᠬᠠᠨ ᠱᠢᠤᠸᠠᠢ ᠷᠦ᠋


ᠸᠠᠩ ᠱᠢᠶᠤᠤ ᠪᠢᠩ ᠪᠣᠯ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠲᠠᠷᠢᠮᠠᠯ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠨᠢᠭᠡᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠪᠤᠯᠬᠤ ᠶᠤᠮ᠃ ᠲᠠᠷᠠ 20 ᠭᠠᠷᠤᠶ ᠵᠢᠯ᠎ᠤᠨ ᠲᠤᠷᠰᠢ᠂ ᠪᠣᠭᠤᠳᠠᠶ᠎ᠶ᠋ᠢᠨ ᠱᠢᠨ᠎ᠡ ᠡᠭᠦᠯᠳᠡᠷ᠎ᠢ ᠰᠣᠩᠭᠤᠨ ᠪᠤᠢᠵᠢᠭᠤᠯᠬᠤ᠂ ᠳᠠᠷᠢᠬᠤ ᠮᠡᠷᠭᠡᠵᠢᠯ᠎ᠤᠨ ᠰᠤᠳᠤᠯᠭᠠᠨ᠂ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠵᠢᠴᠢ ᠠᠵᠤ ᠦᠶ᠋ᠯᠡᠰ᠎ᠤᠨ ᠮᠡᠷᠭᠡᠵᠢᠯ᠎ᠤᠨ ᠦᠶ᠋ᠯᠡᠴᠢᠯᠡᠭᠡ ᠬᠢᠬᠦ᠌ ᠵᠡᠷᠭᠡ ᠠᠵᠢᠯ᠎ᠢ ᠬᠤᠪᠢᠳᠠᠨ ᠬᠢᠵᠤ ᠢᠷᠠᠵᠠᠢ᠃ 《ᠶᠠᠨ ᠠᠨ᠎ᠤ ᠵᠣᠷᠢᠭ ᠰᠠᠨᠠᠭ᠎ᠠ ᠪᠣᠯ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠦ᠍᠂ ᠲᠡᠰᠪᠦᠷᠢ ᠬᠠᠲᠠᠭᠤᠵᠢᠯᠲᠠᠢ ᠲᠡᠮᠡᠴᠡᠬᠦ᠌ ᠵᠣᠷᠢᠭ ᠰᠠᠨᠠᠭ᠎ᠠ ᠮᠥᠨ᠂ ᠦᠵᠡᠯ ᠰᠠᠨᠠᠭ᠎ᠠ᠎ᠪᠠᠨ ᠴᠢᠯᠥᠭᠡᠯᠡᠨ᠂ ᠦᠨᠡᠨ᠎ᠠᠴᠠ ᠵᠥᠪ᠎ᠢ ᠡᠷᠢᠬᠦ᠌ ᠵᠣᠷᠢᠭ ᠰᠠᠨᠠᠭ᠎ᠠ ᠮᠥᠨ᠂ ᠠᠵᠢᠯᠴᠢ ᠠᠷᠪᠢᠴᠢ᠎ᠪᠠᠷ ᠠᠮᠢᠳᠤᠷᠠᠬᠤ᠂ ᠬᠠᠲᠠᠭᠤᠵᠢᠯᠲᠠᠢ ᠪᠣᠷᠣᠭ᠍ᠵᠢᠭᠤᠨ ᠪᠠᠢᠬᠤ ᠵᠣᠷᠢᠭ ᠰᠠᠨᠠᠭ᠎ᠠ ᠮᠥᠨ᠂ ᠪᠠᠰᠠ ᠴᠤ᠌ ᠠᠯᠢᠪᠠ᠎ᠪᠠᠨ ᠵᠤᠷᠢᠭᠤᠯᠬᠤ᠂ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠬᠦ᠌ ᠵᠣᠷᠢᠭ ᠰᠠᠨᠠᠭ᠎ᠠ ᠮᠥᠨ》 ᠭᠡᠵᠦ᠍ ᠸᠠᠩ ᠱᠢᠶᠤᠤ ᠪᠢᠩ ᠤᠯᠤᠯᠳᠠ ᠲᠦᠷᠦᠭ᠌ᠳᠡᠯ᠎ᠢᠶᠠᠨ ᠭᠡᠯᠡᠨ᠎ᠠ᠃ 

ᠤᠯᠠᠨ ᠵᠢᠯ᠎ᠤᠨ ᠲᠤᠷᠰᠢ᠂ ᠸᠠᠩ ᠱᠢᠶᠤᠤ ᠪᠢᠩ ᠪᠦᠯᠬᠦᠮ᠎ᠢᠶᠠᠨ ᠳᠠᠭᠠᠭᠤᠯᠤᠨ ᠨᠢᠭᠡ ᠰᠡᠳᠭᠢᠯ ᠨᠢᠭᠡ ᠵᠤᠷᠢᠭ᠎ᠢᠶᠠᠷ ᠰᠤᠳᠤᠯᠭᠠᠨ ᠬᠢᠵᠦ᠍᠂ ᠤᠯᠠᠨ ᠵᠦᠢᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠱᠠᠩᠨᠠᠯ ᠬᠦᠷᠳᠡᠪᠡ᠃ ᠲᠠᠷᠠ᠄ 《ᠪᠢᠳᠠ ᠶᠠᠨ ᠠᠨ᠎ᠤ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠤᠭ᠍ᠰᠠᠨ ᠰᠠᠭᠤᠷᠢᠨ ᠳᠡᠭᠡᠷ᠎ᠡ᠂ ᠴᠠᠭ ᠦᠶ᠎ᠡ᠎ᠶ᠋ᠢ᠎ᠲᠠᠭᠠᠨ ᠤᠷᠤᠭ᠍ᠰᠢᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠬᠤ ᠬᠡᠷᠡᠭ᠌ᠲᠡᠢ᠃ ᠮᠠᠨ᠎ᠤ ᠣᠷᠣᠨ᠎ᠤ ᠪᠤᠭᠤᠳᠠᠶ᠎ᠶ᠋ᠢᠨ ᠦᠢᠯᠡᠳᠪᠦᠷᠢᠯᠡᠯ᠎ᠳᠠᠬᠢ ᠡᠭᠦᠯᠳᠡᠷ ᠳᠤᠲᠠᠭ᠍ᠳᠠᠬᠤ᠂ ᠲᠠᠷᠢᠵᠤ ᠤᠷᠭᠤᠭᠤᠯᠬᠤ ᠮᠡᠷᠭᠡᠵᠢᠯ᠎ᠤᠨ ᠲᠦᠪᠱᠢᠨ ᠳᠣᠣᠷ᠎ᠠ ᠪᠠᠢᠭ᠎ᠠ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠴᠢᠨᠠᠷ ᠰᠠᠢᠲᠠᠶ ᠥᠨᠳᠥᠷ ᠤᠨᠠᠯᠲᠠ᠎ᠲᠠᠢ ᠡᠭᠦᠯᠳᠡᠷ ᠪᠣᠯᠤᠨ ᠥᠨᠳᠥᠷ ᠤᠨᠠᠯᠲᠠ᠎ᠲᠠᠢ ᠥᠨᠳᠥᠷ ᠦᠷ᠎ᠡ ᠠᠱᠢᠭ᠎ᠲᠠᠢ ᠦᠢᠯᠡᠳᠪᠦᠷᠢᠯᠡᠯ᠎ᠤᠨ ᠮᠡᠷᠭᠡᠵᠢᠯ᠎ᠢ ᠰᠤᠳᠤᠯᠤᠨ ᠨᠡᠭᠡᠭᠡᠵᠦ᠍᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠲᠠᠷᠢᠶᠠᠯᠠᠩ᠎ᠤᠨ ᠦᠢᠯᠡᠳᠪᠦᠷᠢᠯᠡᠯ᠎ᠳᠤ ᠦᠢᠯᠡᠴᠢᠯᠡᠭᠦᠯᠬᠦ᠌ ᠬᠡᠷᠡᠭ᠌ᠲᠡᠶ》 ᠭᠡᠨ᠎ᠠ᠃ ᠸᠠᠩ ᠱᠢᠶᠤᠤ ᠪᠢᠡᠭ ᠪᠠᠰᠠ᠄ 《ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠤᠮᠲᠠ ᠱᠢᠪᠲᠤᠯᠬᠤ ᠠᠵᠢᠯ᠎ᠢ ᠰᠠᠢᠲᠤᠷ ᠬᠢᠬᠦ᠌᠎ᠳᠤ ᠡᠷᠬᠡᠪᠰᠢ ᠲᠠᠰᠪᠤᠷᠢ ᠬᠠᠳᠠᠭᠤᠵᠢᠯᠳᠠᠢ ᠲᠠᠮᠡᠴᠡᠨ ᠦᠢᠯᠡᠰ ᠪᠤᠰᠭᠠᠬᠤ ᠪᠣᠳᠠᠲᠤ ᠠᠵᠢᠯᠯᠠᠭ᠎ᠠ᠎ᠪᠠᠷ᠎ᠢᠶᠠᠨ ᠠᠷᠠᠳ ᠲᠦᠢᠮᠡᠨ᠎ᠳᠤ ᠦᠢᠯᠡᠴᠢᠯᠡᠬᠦ᠌ ᠡᠷᠴᠢ ᠵᠤᠷᠢᠭ᠎ᠢᠶᠠᠨ ᠬᠦᠪᠴᠢᠯᠡᠵᠤ᠂ ᠶᠠᠨ ᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠬᠤ ᠬᠡᠷᠡᠭ᠌ᠲᠡᠢ》 ᠭᠡᠵᠤ ᠦᠵᠡᠯᠳᠠ᠎ᠪᠠᠨ ᠲᠤᠳᠤᠷᠠᠭᠤᠯᠤᠨ᠎ᠠ᠃




ᠶᠠᠨ ᠠᠨ᠎ᠤ ᠵᠣᠷᠢᠭ ᠰᠠᠨᠠᠭ᠎ᠠ᠎ᠪᠠᠷ ᠦᠶ᠋ᠯᠡᠰ ᠪᠤᠰᠭᠠᠬᠤ ᠡᠷᠴᠢ ᠵᠤᠷᠢᠭ᠎ᠢᠶᠠᠨ ᠬᠦᠪᠴᠢᠯᠡᠨ᠎ᠠ 

   

             ᠳ᠋ᠧᠩ ᠢᠦᠶ ᠱᠢᠶᠠ


ᠱᠢᠤᠢ ᠵᠠᠨ ᠱᠢᠶᠠᠩ ᠪᠣᠯ ᠥᠪᠥᠷ ᠮᠣᠩᠭᠤᠯ᠎ᠤᠨ ᠮᠧᠩ ᠴᠢᠩ ᠱᠢᠯᠢᠳᠡᠭ᠎ᠢ ᠡᠬᠦᠳᠬᠦ᠌ ᠱᠢᠨ᠎ᠠ ᠡᠬᠦᠳᠦᠭ᠌ᠴᠢᠳ᠎ᠤᠨ ᠮᠡᠳᠡᠭᠡ ᠵᠠᠩᠭᠢ᠎ᠶ᠋ᠢᠨ ᠺᠣᠮᠫᠠᠨᠢ᠎ᠶ᠋ᠢᠨ ᠬᠠᠷᠢᠭᠤᠴᠠᠯᠭᠠᠲᠠᠨ᠂ ᠨᠤᠲᠤᠭ᠎ᠲᠠᠭᠠᠨ ᠪᠤᠴᠠᠵᠤ ᠦᠶ᠋ᠯᠡᠰ ᠪᠤᠰᠭᠠᠬ᠍ᠰᠠᠨ ᠣᠶᠤᠲᠠᠨ ᠪᠤᠯᠬᠤ ᠶᠤᠮ᠃ ᠰᠤᠷᠭᠠᠭᠤᠯᠢ᠎ᠪᠠᠨ ᠲᠠᠬᠦᠰᠦᠭ᠌ᠰᠨᠨ᠎ᠤ ᠲᠠᠷᠠᠭ᠎ᠠ᠂ ᠲᠠᠷᠠ ᠤᠷᠢ ᠵᠠᠯᠠᠭᠤ᠎ᠶ᠋ᠢᠨ ᠤᠶᠤᠨ ᠤᠬᠠᠭᠠᠨ ᠬᠦᠴᠤᠨ ᠴᠢᠳᠠᠯ᠎ᠢᠶᠠᠨ ᠦᠯᠦᠭᠡᠢ ᠨᠤᠳᠤᠭ᠎ᠲᠠᠭᠠᠨ ᠨᠠᠮᠠᠷᠢᠯᠡᠬᠦ᠌ ᠭᠡᠵᠤ ᠨᠤᠳᠤᠭ᠎ᠲᠠᠭᠠᠨ ᠪᠤᠴᠠᠵᠤ ᠦᠢᠯᠡᠰ ᠪᠤᠰᠭᠠᠵᠠᠢ᠃

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠴᠢᠳᠠᠪᠤᠷᠢᠲᠠᠨ ᠪᠣᠯ ᠵᠠᠩᠭᠢᠯᠠᠭ᠎ᠠ ᠪᠤᠯᠬᠤ ᠶᠤᠮ᠃ 2016 ᠣᠨ᠎ᠳᠤ᠂ ᠱᠢᠤᠢ ᠵᠠᠨ ᠱᠢᠶᠠᠩ ᠨᠤᠳᠤᠭ᠎ᠲᠠᠭᠠᠨ ᠪᠤᠴᠠᠵᠤ ᠬᠥᠳᠡᠭᠡ ᠲᠣᠰᠭᠤᠨ᠎ᠤ ᠱᠢᠨ᠎ᠡ᠎ᠶ᠋ᠢ ᠡᠭᠦᠳᠦᠭ᠌ᠴᠢᠳ᠎ᠤᠨ ᠲᠥᠪ᠎ᠢ ᠪᠠᠢᠭᠤᠯᠵᠤ᠂ ᠤᠳᠤ ᠪᠤᠯᠳᠠᠯ᠎ᠠ ᠤᠶᠤᠲᠠᠳ᠎ᠤᠨ ᠬᠥᠳᠡᠭᠡ ᠲᠣᠰᠭᠤᠨ᠎ᠤ ᠨᠡᠢᠭᠡᠮ᠎ᠤᠨ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ 14 ᠬᠤᠭᠤᠴᠠᠭ᠎ᠠ ᠡᠷᠬᠢᠯᠡᠵᠦ᠍᠂ ᠤᠷᠢᠳ ᠬᠤᠵᠢᠳ 30 ᠣᠶᠤᠲᠠᠨ᠎ᠢ ᠬᠥᠳᠡᠭᠡ ᠲᠣᠰᠭᠤᠨ᠎ᠳᠤ ᠦᠯᠡᠳᠡᠭᠡᠨ ᠬᠥᠳᠡᠭᠡ ᠲᠣᠰᠭᠤᠨ᠎ᠤ ᠬᠥᠭ᠌ᠵᠢᠯᠲᠡ ᠪᠣᠯᠤᠨ ᠱᠢᠨ᠎ᠡ᠎ᠶ᠋ᠢ ᠡᠭᠦᠳᠤᠨ ᠦᠢᠯᠡᠰ ᠪᠤᠰᠭᠠᠬᠤ᠎ᠳᠤ ᠣᠷᠣᠯᠴᠠᠭᠤᠯᠪᠠ᠃ ᠲᠠᠷᠠ᠄ 《ᠵᠥᠪ ᠤᠨᠤᠪᠴᠢᠳᠠᠢ ᠤᠯᠤᠰ ᠲᠦᠷᠦ᠎ᠶ᠋ᠢᠨ ᠴᠢᠭ᠌ᠯᠡᠯ᠎ᠢ ᠪᠠᠷᠢᠮᠲᠠᠯᠠᠪᠠᠯ ᠰᠠᠶᠢ ᠵᠥᠪ ᠵᠠᠮ᠎ᠢ ᠰᠤᠩᠭᠤᠵᠤ᠂ ᠵᠥᠪ ᠴᠢᠭ᠌ᠯᠡᠯ᠎ᠢ ᠡᠷᠢᠵᠤ ᠴᠢᠳᠠᠨ᠎ᠠ; ᠭᠠᠭ᠍ᠴᠠ ᠬᠦ᠌ ᠪᠦᠬᠦ᠌ ᠰᠡᠳᠭᠢᠯ ᠪᠦᠬᠦ᠌ ᠵᠣᠷᠢᠭ᠎ᠢᠶᠠᠷ ᠠᠷᠠᠳ ᠲᠦᠮᠡᠨ᠎ᠳᠤ ᠦᠢᠯᠡᠴᠢᠯᠡᠬᠦ᠌᠎ᠶ᠋ᠢ ᠠᠵᠢᠯ ᠬᠢᠵᠦ᠍ ᠦᠢᠯᠡᠰ ᠪᠤᠰᠭᠠᠬᠤ ᠦᠨᠳᠦᠰᠦᠨ ᠵᠣᠷᠢᠯᠲᠠ ᠪᠣᠯᠭᠠᠪᠠᠯ ᠰᠠᠶᠢ ᠲᠡᠰᠦᠷᠡᠯᠳᠠ ᠤᠢᠭᠡᠢ ᠬᠥᠳᠡᠯᠭᠡᠭ᠌ᠴᠢ ᠬᠦᠴᠦᠨ ᠪᠠ ᠡᠷᠴᠢ ᠬᠦᠴᠦᠨ᠎ᠲᠠᠢ ᠪᠤᠯᠵᠦ᠍ ᠴᠢᠳᠠᠨ᠎ᠠ; ᠭᠠᠭ᠍ᠴᠠ ᠬᠦ᠌ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠦ᠍᠂ ᠲᠡᠰᠪᠦᠷᠢ ᠬᠠᠲᠠᠭᠤᠵᠢᠯᠲᠠᠢ ᠲᠡᠮᠡᠴᠡᠪᠡᠯ ᠰᠠᠶᠢ ᠬᠦᠴᠢᠷ ᠪᠡᠷᠬᠡᠱᠢᠶᠡᠯ᠎ᠢ ᠲᠠᠪᠠᠵᠤ᠂ ᠨᠠᠩ ᠶᠡᠭᠡ ᠤᠢᠷᠳᠡᠭ᠎ᠢ ᠡᠭᠦᠳᠴᠦ᠍ ᠴᠢᠳᠠᠬᠤ ᠶᠤᠮ》 ᠭᠡᠵᠤ ᠦᠵᠡᠯᠳᠠ ᠲᠠᠨᠢᠯᠳᠠ᠎ᠪᠠᠨ ᠭᠡᠯᠡᠨ᠎ᠠ᠃

《5 ᠵᠢᠯ᠎ᠤᠨ ᠦᠢᠯᠡᠰ ᠪᠣᠰᠭᠠᠭ᠍ᠰᠠᠨ ᠦᠡᠭ᠌ᠭᠡᠷᠡᠯᠲᠡ ᠭᠡᠵᠤ ᠮᠠᠰᠢ ᠬᠠᠲᠠᠭᠤᠵᠢᠯᠲᠠᠢ᠂ ᠭᠡᠪᠡᠴᠦ᠍ ᠲᠠᠷᠢᠶᠠᠴᠢᠳ᠎ᠤᠨ ᠢᠨᠢᠶᠠᠮᠰᠦᠭ᠌ᠯᠡᠯ ᠪᠢᠯᠬᠠᠭ᠍ᠰᠠᠨ ᠴᠢᠷᠠᠢ᠎ᠶ᠋ᠢ ᠬᠠᠷᠠᠬᠤ ᠪᠤᠯᠭᠠᠨ ᠡᠨᠡ ᠪᠦᠬᠦᠨ ᠪᠦᠷ ᠮᠠᠰᠢ ᠦᠨ᠎ᠡ ᠦᠷᠲᠡᠭ᠎ᠲᠠᠢ ᠰᠠᠨᠠᠬ᠍ᠳᠠᠬᠤ ᠶᠤᠮ》 ᠭᠡᠰᠡᠨ ᠦᠭᠡ᠎ᠨᠢ ᠲᠡᠭᠦᠨ᠎ᠤ ᠲᠠᠷᠢᠶᠠᠴᠢᠨ ᠪᠠ ᠬᠥᠳᠡᠭᠡ ᠲᠣᠰᠭᠤᠨ᠎ᠤ ᠬᠥᠭ᠌ᠵᠢᠯᠲᠡ᠎ᠲᠠᠢ ᠬᠤᠪᠢ ᠵᠠᠶᠠᠭ᠎ᠠ᠎ᠪᠠᠨ ᠬᠤᠯᠪᠤᠬ᠍ᠰᠠᠨ ᠵᠢᠷᠭᠠᠯᠲᠤ ᠲᠦᠷᠦᠭ᠌ᠳᠡᠯ᠎ᠢ ᠲᠤᠳᠤᠷᠠᠭᠤᠯᠬᠤ ᠶᠤᠮ᠃ 《ᠪᠢᠳᠡ ᠪᠣᠯ ᠱᠢᠨ᠎ᠡ ᠴᠠᠭ ᠦᠶ᠎ᠡ᠎ᠶ᠋ᠢᠨ 〈ᠨᠤᠲᠤᠭ᠎ᠲᠠᠭᠠᠨ ᠪᠤᠴᠠᠭ᠍ᠰᠠᠨ ᠰᠡᠬᠡᠭᠡᠲᠡᠨ〉 ᠮᠥᠨ᠂ ᠪᠢᠳᠡ ᠳᠤᠷᠠᠲᠠᠶ᠎ᠠ ᠶᠠᠨ ᠠᠨ᠎ᠤ ᠵᠣᠷᠢᠭ ᠰᠠᠨᠠᠭ᠎ᠠ᠎ᠪᠠᠷ ᠦᠢᠯᠡᠰ ᠪᠤᠰᠭᠠᠬᠤ ᠡᠷᠴᠢ ᠵᠤᠷᠢᠭ᠎ᠢᠶᠠᠨ ᠬᠦᠪᠴᠢᠯᠡᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠴᠢᠳᠠᠯ᠎ᠢᠶᠠᠨ ᠨᠠᠮᠠᠷᠢᠯᠠᠨ᠎ᠠ》 ᠭᠡᠵᠦ᠍ ᠱᠢᠤᠢ ᠵᠠᠨ ᠱᠢᠶᠠᠩ ᠬᠠᠷᠠᠯᠳᠠ᠎ᠪᠠᠨ ᠲᠠᠯᠭᠡᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号