ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠨᠵᠡᠭᠡᠶ ᠲᠠᠨᠢᠰᠤᠭᠠᠢ — ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌᠎ᠨᠢ
2021-08-31 09:34:16
ᠵᠣᠬᠢᠶᠠᠭ᠍ᠴᠢ᠄
ᠠᠷᠠᠳ᠎ᠤᠨ ᠡᠳᠦᠷ᠎ᠤᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠳᠠᠷᠤᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠲᠦᠯᠦᠨ ᠵᠢᠯᠣᠭᠤᠳᠴᠤ᠌ ᠪᠠᠢᠭᠠᠳ ᠬᠦᠴᠢᠷ ᠪᠡᠷᠭᠡ᠎ᠶ᠋ᠢ ᠬᠠᠮᠳᠤ᠎ᠪᠠᠷ ᠲᠤᠭᠤᠯᠬᠤ᠂ ᠵᠢᠷᠭᠠᠯ ᠵᠣᠪᠠᠯ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠬᠤ ᠶᠠᠪᠤᠳᠠᠯ ᠪᠣᠯᠤᠨ᠎ᠠ》᠃ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ᠎ᠶ᠋ᠢᠨ ᠫᠢᠩ ᠨᠠᠮ ᠪᠣᠯᠤᠨ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠪᠥᠬᠦ᠌ ᠲᠠᠯ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠦᠨᠳᠦᠷᠴᠡ᠎ᠠᠴᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠨᠵᠡᠭᠡᠶ ᠲᠣᠳᠣᠷᠬᠠᠢᠯᠠᠵᠤ᠂ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ᠎ᠤᠨ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠶ ᠡᠷᠡᠰ ᠪᠠᠲᠤ ᠳᠡᠭᠡᠳᠦ ᠬᠡᠮᠵᠢᠶᠡᠨ᠎ᠤ ᠬᠠᠮᠲᠤ᠎ᠶ᠋ᠢᠨ ᠲᠠᠨᠢᠯᠲᠠ᠎ᠲᠠᠢ ᠪᠤᠯᠬᠤ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠤᠶᠤᠨ ᠰᠠᠨᠠᠭᠠᠨ᠎ᠤ ᠬᠦᠴᠦᠨ᠎ᠤ ᠰᠦᠭ ᠰᠦᠨᠡᠰᠦ ᠮᠥᠨ᠃ ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠠᠢ ᠨᠢᠭᠡᠳᠦᠭ᠌ᠰᠡᠨ ᠤᠯᠤᠰ ᠪᠠᠢᠵᠤ᠂ ᠤᠷᠳᠤ ᠤᠳᠠᠭᠠᠨ ᠲᠡᠦᠬᠡ᠎ᠶ᠋ᠢᠨ ᠶᠠᠪᠤᠴᠠ᠎ᠳᠤ ᠤᠯᠠᠨ ᠡᠱᠢᠲᠦ ᠨᠢᠭᠡ ᠴᠣᠭ᠍ᠴᠠ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠢ ᠪᠦᠷᠢᠯᠳᠦᠬᠦᠯᠦᠭ᠌ᠰᠡᠨ ᠶᠤᠮ᠃ ᠮᠠᠨ᠎ᠤ ᠥᠷᠭᠡᠨ ᠠᠭᠤᠳᠠᠮ ᠨᠤᠲᠤᠭ ᠳᠡᠪᠢᠰᠭᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠭ᠌ᠰᠡᠨ ᠶᠤᠮ᠂ ᠮᠠᠨ᠎ᠤ ᠥᠨᠢ ᠤᠳᠠᠭᠠᠨ ᠲᠡᠦᠬᠡ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭ᠌ᠯᠡᠭ᠌ᠰᠡᠨ ᠶᠤᠮ᠂ ᠮᠠᠨ᠎ᠤ ᠭᠡᠷᠡᠯ ᠰᠠᠴᠤᠷᠠᠩᠭᠤᠢ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠭ᠌ᠰᠡᠨ ᠶᠤᠮ᠂ ᠮᠠᠨ᠎ᠤ ᠠᠭᠤᠤ ᠶᠡᠭᠡ ᠵᠣᠷᠢᠭ ᠰᠠᠨᠠᠭ᠎ᠠ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠣᠶ ᠪᠤᠯᠭᠠᠬ᠍ᠰᠠᠨ ᠶᠤᠮ᠃ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠭᠢᠯ ᠰᠠᠨᠠᠭ᠎ᠠ᠎ᠪᠠᠨ ᠨᠢᠭᠡᠳᠭᠡᠨ᠂ ᠬᠤᠪᠢ ᠵᠠᠶᠠᠭ᠎ᠠ᠎ᠪᠠᠨ ᠬᠠᠮᠲᠤᠳᠭᠠᠵᠤ᠂ ᠰᠡᠳᠭᠢᠯ ᠵᠢᠷᠦᠬᠡ᠎ᠪᠠᠨ ᠬᠤᠯᠪᠣᠭ᠍ᠰᠠᠨ ᠲᠡᠮᠡᠴᠡᠯ᠎ᠤᠨ ᠥᠩᠭᠡᠷᠡᠯᠲᠡ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠦᠴᠦᠷᠬᠡᠭ ᠶᠡᠭᠡ ᠨᠢᠭ᠍ᠲᠠᠷᠠᠯ᠎ᠤᠨ ᠬᠦᠴᠦᠨ ᠪᠠ ᠶᠡᠷᠦ᠍ ᠪᠤᠰᠤ᠎ᠶ᠋ᠢᠨ ᠪᠦᠲᠦᠭᠡᠯᠴᠢ ᠬᠦᠴᠦᠨ᠎ᠤ ᠴᠢᠬᠤᠯᠠ ᠡᠬᠢ ᠪᠤᠯᠠᠭ ᠮᠥᠨ᠃ ᠳᠤᠮᠳᠠᠳᠤ ᠤᠯᠤᠰ᠎ᠤᠨ ᠲᠡᠦᠬᠡ ᠪᠣᠯ ᠳᠠᠷᠤᠢ ᠦᠨᠳᠦᠰᠦᠲᠡᠨ᠎ᠨᠦᠭᠦᠳ ᠠᠭᠤᠰᠤᠯᠴᠠᠭ᠍ᠰᠠᠨ᠂ ᠤᠯᠠᠨ ᠡᠱᠢᠲᠦ ᠨᠢᠭᠡ ᠴᠤᠬ᠍ᠴᠠᠵᠢᠬ᠍ᠰᠠᠨ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ ᠮᠥᠨ᠂ ᠳᠠᠷᠤᠢ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠣᠭ᠍ᠴᠠᠯᠠᠨ ᠪᠠᠢᠭᠤᠯᠵᠤ᠂ ᠬᠥᠭ᠌ᠵᠢᠭᠦᠯᠵᠦ᠍᠂ ᠪᠠᠬᠢᠵᠢᠭᠦᠯᠵᠦ᠍ ᠨᠢᠭᠡᠳᠦᠭ᠌ᠰᠡᠨ ᠠᠭᠤᠤ ᠶᠡᠭᠡ ᠡᠭᠡ ᠤᠯᠤᠰ᠎ᠤᠨ ᠲᠡᠦᠬᠡ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠣᠯᠠᠨ ᠡᠱᠢᠲᠦ ᠨᠢᠭᠡ ᠴᠣᠭ᠍ᠴᠠ ᠪᠣᠯ ᠤᠷᠢᠳᠤᠰ᠎ᠤᠨ ᠪᠢᠳᠡᠨ᠎ᠳᠤ ᠦᠯᠡᠳᠡᠭᠡᠵᠦ᠍ ᠥᠭ᠌ᠭᠦᠭ᠌ᠰᠡᠨ ᠡᠯᠪᠡᠭ ᠪᠠᠶᠠᠯᠢᠭ ᠥᠪ ᠬᠥᠷᠥᠩᠭᠡ ᠮᠥᠨ᠂ ᠪᠠᠰᠠ ᠴᠤ᠌ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠯᠤᠲᠤ ᠶᠡᠭᠡ ᠳᠠᠪᠠᠭᠤᠯᠢᠭ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠬᠦᠮᠦᠵᠢᠬᠦᠯᠬᠦ᠌᠎ᠪᠠᠷ ᠭᠤᠣᠯᠳᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠦᠨ ᠠᠬᠢᠭᠤᠯᠵᠤ᠂ ᠢᠯᠡᠳᠲᠡ ᠠᠮᠵᠢᠯᠲᠠ ᠪᠦᠳᠦᠮᠵᠢ ᠤᠯᠵᠠᠢ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠥᠷᠭᠡᠵᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠲᠠᠰᠤᠷᠠᠯᠲᠠ ᠦᠭᠡᠢ ᠴᠢᠩᠭᠠᠳᠴᠦ᠍᠂ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠩᠭᠤᠢ ᠨᠡᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠲᠠᠰᠤᠷᠠᠯᠲᠠ ᠦᠭᠡᠢ ᠪᠠᠬᠢᠵᠢᠨ ᠬᠥᠭ᠌ᠵᠢᠪᠡ᠃ ᠳᠤᠮᠳᠠᠳᠤ᠎ᠶ᠋ᠢᠨ ᠦᠨᠳᠦᠰᠦᠲᠡᠨ ᠪᠣᠯ ᠬᠤᠪᠢ ᠵᠠᠶᠠᠭᠠᠨ᠎ᠤ ᠬᠠᠮᠲᠤ ᠴᠣᠭ᠍ᠴᠠ ᠮᠥᠨ᠂ ᠨᠢᠭᠡ᠎ᠨᠢ ᠬᠥᠭ᠌ᠵᠢᠪᠡᠯ ᠪᠦᠭᠦᠳᠡᠭᠡᠷ ᠮᠠᠨᠳᠤᠵᠤ᠂ ᠨᠢᠭᠡ᠎ᠨᠢ ᠬᠤᠬᠢᠷᠠᠪᠠᠯ ᠪᠦᠭᠦᠳᠡᠭᠡᠷ ᠬᠤᠬᠢᠷᠠᠨ᠎ᠠ; ᠦᠨᠳᠦᠰᠦᠲᠡᠨ᠎ᠤ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠠᠪᠱᠢᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ ᠭᠡᠳᠡᠭ᠎ᠢ ᠲᠡᠤᠬᠡ ᠪᠠ ᠪᠤᠳᠠᠳᠤ ᠠᠬᠤᠢ ᠭᠦᠢᠴᠡᠳ ᠭᠡᠷᠡᠴᠢᠯᠡᠭ᠌ᠰᠡᠨ ᠪᠠᠢᠨ᠎ᠠ᠃

ᠣᠳᠣᠬᠠᠨ᠎ᠤ ᠳᠡᠯᠡᠬᠡᠢ ᠶᠢᠷᠲᠢᠨᠴᠦ᠍ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠥᠩᠭᠡᠷᠡᠭᠡᠵᠦ᠍᠂ ᠮᠠᠨ᠎ᠤ ᠤᠯᠤᠰ ᠶᠠᠭ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠃ ᠨᠠᠷᠢᠨ ᠪᠤᠳᠤᠯᠢᠶᠠᠨᠲᠠᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠡᠮᠦᠨ᠎ᠡ᠂ ᠪᠢᠳᠡ ᠨᠡᠩ ᠪᠦᠯᠬᠦᠮᠳᠡᠨ ᠨᠢᠭᠡᠳᠴᠦ᠍᠂ ᠬᠦᠴᠦᠨ ᠴᠢᠳᠠᠯ᠎ᠢᠶᠠᠨ ᠨᠢᠭ᠍ᠲᠠᠷᠠᠭᠤᠯᠤᠨ᠂ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠲᠤᠮᠤ ᠬᠥᠯᠭᠡ ᠣᠩᠭᠤᠴᠠ᠎ᠶ᠋ᠢᠨ ᠢᠯᠠᠯᠲᠠ᠎ᠲᠠᠢ᠎ᠪᠠᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠦᠨᠳᠦᠰᠦᠲᠡᠨ᠎ᠨᠦᠭᠦᠳ᠎ᠤᠨ ᠦᠨᠳᠦᠰᠦᠨ ᠠᠱᠢᠭ ᠲᠤᠰᠠ᠎ᠶ᠋ᠢ ᠬᠠᠮᠠᠭᠠᠯᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠩᠭᠤᠢ ᠨᠡᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ᠎ᠶ᠋ᠢ ᠪᠠᠬᠢᠵᠢᠭᠦᠯᠦᠨ ᠬᠥᠭ᠌ᠵᠢᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ ᠪᠠᠢᠳᠠᠯ᠎ᠢ ᠡᠭᠦᠳᠦᠨ ᠨᠡᠭᠡᠭᠡᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠭᠠᠭ᠍ᠴᠠ ᠬᠦ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠵᠤ᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠪᠠᠲᠤ ᠪᠠᠬᠢ ᠦᠵᠡᠯ ᠰᠠᠨᠠᠭᠠᠨ᠎ᠤ ᠤᠷᠳᠤ ᠴᠠᠭᠠᠨ ᠬᠡᠷᠡᠮ᠎ᠢ ᠪᠠᠢᠭᠤᠯᠵᠤ᠂ ᠦᠨᠳᠦᠰᠦᠲᠡᠨ᠎ᠨᠦᠭᠦᠳ ᠤᠯᠤᠰ ᠣᠷᠣᠨ᠎ᠤ ᠠᠮᠤᠷ ᠲᠦᠪᠱᠢᠨ ᠪᠠ ᠨᠡᠢᠭᠡᠮ᠎ᠤᠨ ᠲᠣᠭ᠍ᠲᠠᠭᠤᠨ ᠪᠠᠢᠳᠠᠯ᠎ᠢ ᠬᠠᠮᠲᠤ᠎ᠪᠠᠷ ᠰᠠᠢᠲᠤᠷ ᠬᠠᠮᠠᠭᠠᠯᠠᠪᠠᠯ ᠰᠠᠶᠢ ᠡᠯ᠎ᠡ ᠵᠦᠢᠯ᠎ᠤᠨ ᠬᠡᠲᠦᠷᠡᠮᠡᠬᠡᠢ᠂ ᠬᠠᠭᠠᠴᠨᠭᠤᠯᠬᠤ ᠦᠵᠡᠯ ᠰᠠᠨᠠᠭᠠᠨ᠎ᠤ ᠨᠡᠪᠴᠢᠯᠲᠡ ᠨᠤᠷᠠᠭᠠᠯᠲᠠ᠎ᠶ᠋ᠢ ᠪᠦᠲᠦᠮᠵᠢᠲᠡᠢ ᠡᠰᠡᠷᠭᠦᠴᠡᠠ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠪᠡᠶᠡᠯᠡᠭᠦᠯᠵᠦ᠍᠂ ᠦᠨᠳᠦᠰᠦᠲᠡᠨ᠎ᠨᠦᠭᠦᠳ᠎ᠤᠨ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠵᠤ᠂ ᠰᠠᠢᠲᠤᠷ ᠬᠠᠮᠠᠭᠠᠯᠠᠠ᠂ ᠰᠠᠢᠲᠤᠷ ᠬᠥᠭ᠌ᠵᠢᠭᠦᠯᠵᠦ᠍ ᠴᠢᠳᠠᠨ᠎ᠠ; ᠭᠠᠭ᠍ᠴᠠ ᠬᠦ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠪᠠᠯ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠴᠠ᠎ᠳᠤ ᠦᠨᠳᠦᠰᠦᠲᠡᠨ᠎ᠤ ᠬᠦᠷᠢᠶᠡᠨ᠎ᠳᠤ ᠡᠭᠦᠰᠴᠦ᠍ ᠮᠡᠳᠡᠬᠦ᠌ ᠠᠶᠤᠯ ᠲᠦᠭ᠌ᠰᠢᠭᠦᠷᠢ ᠪᠠ ᠱᠢᠯᠭᠠᠯᠲᠠ᠎ᠶ᠋ᠢ ᠪᠦᠲᠦᠮᠵᠢᠲᠡᠢ ᠠᠷᠭᠠᠴᠨᠭᠠᠵᠤ᠂ ᠨᠠᠮ ᠪᠠ ᠤᠯᠤᠰ ᠣᠷᠣᠨ᠎ᠤ ᠬᠥᠭ᠌ᠵᠢᠨ ᠮᠠᠨᠳᠤᠬᠤ᠂ ᠥᠨᠢ ᠤᠳᠠᠭᠠᠨ ᠠᠮᠤᠷ ᠲᠦᠪᠱᠢᠨ ᠪᠠᠢᠬᠤ᠎ᠳᠤ ᠴᠢᠬᠤᠯᠠ ᠦᠵᠡᠯ ᠰᠠᠨᠠᠭᠠᠨ᠎ᠤ ᠪᠠᠲᠤᠯᠠᠭ᠎ᠠ ᠬᠠᠩᠭᠠᠵᠤ ᠴᠢᠳᠠᠨ᠎ᠠ; ᠭᠠᠭ᠍ᠴᠠ ᠬᠦ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠᠯ ᠰᠠᠶᠢ ᠦᠨᠳᠦᠰᠦᠲᠡᠨ᠎ᠨᠦᠭᠦᠳ᠎ᠤᠨ ᠳᠤᠮᠳᠠᠳᠤ᠎ᠶ᠋ᠢᠨ ᠦᠨᠳᠦᠰᠦᠲᠡᠨ᠎ᠤ ᠲᠤᠬᠠᠢ ᠤᠬᠠᠮᠰᠠᠷᠲᠤ ᠬᠠᠮᠳᠤ᠎ᠶ᠋ᠢᠨ ᠳᠠᠨᠢᠯᠳᠠ᠎ᠶ᠋ᠢ ᠨᠡᠮᠡᠭ᠌ᠳᠡᠭᠦᠯᠵᠦ᠍᠂ ᠮᠠᠨ᠎ᠤ ᠤᠯᠤᠰ᠎ᠤᠨ ᠦᠨᠳᠦᠰᠦᠲᠡᠨ᠎ᠤ ᠬᠠᠷᠢᠴᠠᠭ᠎ᠠ᠎ᠶ᠋ᠢᠨ ᠬᠥᠭ᠌ᠵᠢᠯᠲᠡ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠳᠤ᠎ᠶ᠋ᠢᠨ ᠳᠠᠨᠢᠯᠳᠠ᠎ᠶ᠋ᠢᠨ ᠬᠡᠮᠵᠢᠶ᠎ᠡ᠎ᠪᠠᠷ ᠨᠡᠩ ᠥᠨᠳᠥᠷ᠂ ᠨᠢᠭ᠍ᠲᠠᠷᠠᠯ᠎ᠤᠨ ᠬᠦᠴᠦᠨ᠎ᠢᠶᠠᠷ ᠨᠡᠩ ᠴᠢᠩᠭ᠎ᠠ ᠬᠤᠪᠢ ᠵᠠᠶᠠᠭᠠᠨ᠎ᠤ ᠬᠠᠮᠲᠤ ᠴᠣᠭ᠍ᠴᠠ ᠪᠣᠯᠬᠤ᠎ᠶ᠋ᠢ ᠠᠬᠢᠭᠤᠯᠵᠤ ᠴᠢᠳᠠᠨ᠎ᠠ; ᠭᠠᠭ᠍ᠴᠠ ᠬᠦ᠌ ᠴᠠᠭ ᠦᠶ᠎ᠡ᠎ᠶ᠋ᠢᠨ ᠬᠤᠪᠢᠷᠠᠯᠲᠠ᠎ᠶ᠋ᠢ ᠳᠠᠭᠠᠵᠤ᠂ ᠨᠡᠢᠲᠡᠯᠢᠭ ᠴᠢᠨᠠᠷ᠎ᠢ ᠨᠡᠮᠡᠭ᠌ᠳᠡᠭᠦᠯᠬᠦ᠌ ᠴᠢᠭ᠌ᠯᠡᠯ᠎ᠢᠶᠠᠷ ᠦᠨᠳᠦᠰᠦᠲᠡᠨ᠎ᠤ ᠠᠵᠢᠯ᠎ᠢ ᠰᠠᠢᠵᠢᠷᠠᠭᠤᠯᠵᠤ᠂ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠤᠪᠢᠰᠤᠩᠭᠤᠶ ᠨᠢᠭᠡᠳᠦᠯ᠂ ᠦᠨᠳᠦᠰᠦᠲᠡᠨ᠎ᠤ ᠬᠦᠴᠦᠨ ᠵᠦᠢᠯ ᠪᠠ ᠣᠷᠣᠨ ᠪᠦᠰᠡ᠎ᠶ᠋ᠢᠨ ᠬᠦᠴᠦᠨ ᠵᠦᠢᠯ᠎ᠤᠨ ᠣᠷᠭᠠᠨᠢᠭ ᠤᠶᠠᠯᠳᠤᠯ᠎ᠢ ᠪᠡᠶᠡᠯᠡᠭᠦᠯᠪᠡᠯ ᠰᠠᠶᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠨᠠᠷᠢᠯᠢᠭ ᠪᠥᠭᠡᠳ ᠯᠠᠪᠳᠠᠭᠤᠨ ᠪᠠᠲᠤᠲᠠᠶ ᠬᠢᠵᠦ᠍ ᠴᠢᠳᠠᠨ᠎ᠠ ᠭᠡᠳᠡᠭ᠎ᠢ ᠭᠦᠨᠵᠡᠭᠡᠢ ᠲᠠᠨᠢᠬᠤ ᠬᠡᠷᠡᠭ᠌ᠲᠡᠢ᠃

ᠶᠡᠷᠦᠩᠬᠡᠢ ᠱᠦᠵᠢ ᠰᠢ᠎ᠶ᠋ᠢᠨ ᠫᠢᠩ᠄ 《ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ ᠪᠣᠯ ᠵᠥᠪ ᠣᠨᠣᠪᠴᠢᠲᠠᠢ᠎ᠶ᠋ᠢ ᠪᠠᠷᠢᠮᠳᠠᠯᠠᠵᠦ᠍᠂ ᠴᠠᠭ᠎ᠠᠴᠠ ᠬᠤᠴᠣᠷᠤᠭ᠍ᠰᠠᠨ᠎ᠢ ᠲᠤᠬᠢᠷᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠨᠡᠩ ᠰᠠᠢᠲᠤᠷ ᠪᠠᠲᠤᠯᠠᠬᠤ ᠶᠠᠪᠤᠳᠠᠯ ᠪᠣᠯᠤᠨ᠎ᠠ》᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ᠂ ᠭᠤᠣᠯᠳᠠᠭᠤ ᠬᠡᠳᠦᠨ ᠲᠠᠯ᠎ᠠ᠎ᠶ᠋ᠢᠨ ᠬᠠᠷᠢᠴᠠᠭ᠎ᠠ᠎ᠶ᠋ᠢ ᠰᠠᠢᠲᠤᠷ ᠡᠵᠡᠮᠳᠡᠬᠦ᠌ ᠬᠡᠷᠡᠭ᠌ᠲᠡᠢ᠄ ᠨᠡᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠨᠡᠢᠲᠡᠯᠢᠭ ᠴᠢᠨᠠᠷ᠎ᠢ ᠨᠡᠮᠡᠭ᠌ᠳᠡᠭᠦᠯᠵᠦ᠍᠂ ᠵᠥᠷᠢᠶᠡᠲᠦ ᠴᠢᠨᠠᠷ᠎ᠢ ᠬᠦᠨᠳᠦᠳᠭᠡᠨ ᠪᠠᠭ᠍ᠲᠠᠭᠠᠬᠤ ᠪᠣᠯ ᠦᠨᠳᠦᠰᠦᠲᠡᠨ᠎ᠤ ᠠᠵᠢᠯ᠎ᠤᠨ ᠴᠢᠬᠤᠯᠠ ᠵᠠᠷᠴᠢᠮ ᠪᠣᠯᠤᠨ᠎ᠠ; ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠠ ᠡᠯ᠎ᠡ ᠦᠨᠳᠦᠰᠦᠲᠡᠨ᠎ᠤ ᠤᠬᠠᠮᠰᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠡᠯ᠎ᠡ ᠦᠨᠳᠦᠰᠦᠲᠡᠨ᠎ᠢ ᠬᠦᠲᠦᠯᠦᠨ ᠵᠢᠯᠣᠭᠤᠳᠴᠤ᠌ ᠪᠠᠢᠭᠠᠳ ᠳᠤᠮᠳᠠᠳᠤ᠎ᠶ᠋ᠢᠨ ᠦᠨᠳᠦᠰᠦᠲᠡᠨ᠎ᠤ ᠠᠱᠢᠭ ᠲᠤᠰᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠲᠤᠰ ᠦᠨᠳᠦᠰᠦᠲᠡᠨ᠎ᠤ ᠤᠬᠠᠮᠰᠠᠷ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠳᠠᠭᠠᠬᠤ ᠪᠠ ᠲᠡᠭᠦᠨ᠎ᠳᠤ ᠦᠢᠯᠡᠴᠢᠯᠡᠬᠦ᠌᠎ᠶ᠋ᠢᠨ ᠬᠠᠮᠲᠤ᠌᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠠᠬᠢᠴᠠ ᠳᠤᠮᠳᠠ ᠡᠯ᠎ᠡ ᠦᠨᠳᠦᠰᠦᠲᠡᠨ᠎ᠤ ᠪᠣᠳᠠᠲᠠᠢ ᠠᠱᠢᠭ ᠲᠤᠰᠠ᠎ᠶ᠋ᠢ ᠰᠠᠢᠲᠤᠷ ᠪᠡᠶᠡᠯᠡᠭᠦᠯᠵᠦ᠍᠂ ᠬᠢᠲᠠᠳ᠎ᠤᠨ ᠳᠡᠭᠡᠷᠡᠩᠭᠦᠢ ᠦᠵᠡᠯ ᠪᠠ ᠣᠷᠣᠨ ᠨᠤᠲᠤᠭ᠎ᠤᠨ ᠦᠨᠳᠦᠰᠦᠲᠡᠨ᠎ᠤ ᠦᠵᠡᠯ᠎ᠨᠢ ᠴᠥᠮ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠳᠤ ᠠᠱᠢᠭ ᠦᠭᠡᠢ ᠶᠤᠮ; ᠳᠤᠮᠳᠠᠳᠤ᠎ᠶ᠋ᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠬᠦᠨ ᠬᠡᠰᠡᠭ ᠮᠥᠨ᠂ ᠳᠤᠮᠳᠠᠳᠤ᠎ᠶ᠋ᠢᠨ ᠰᠣᠶᠣᠯ ᠪᠣᠯ ᠭᠤᠣᠯ ᠡᠰᠢ ᠮᠥᠨ᠂ ᠦᠨᠳᠦᠰᠦᠲᠡᠨ᠎ᠨᠦᠭᠦᠳ᠎ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠪᠥᠭᠡᠳ ᠡᠰᠢ ᠢᠳᠡᠷᠡᠭᠦᠨ ᠪᠠᠢᠪᠠᠯ ᠰᠠᠶᠢ ᠰᠠᠯᠠᠭ᠎ᠠ ᠨᠠᠮᠠᠭ᠎ᠠ᠎ᠨᠢ ᠢᠭ᠍ᠴᠤ ᠰᠠᠬᠤᠯᠢᠭ ᠪᠠᠢᠵᠤ ᠴᠢᠳᠠᠨ᠎ᠠ; ᠪᠣᠳᠠᠰ ᠪᠠ ᠤᠶᠤᠨ ᠰᠠᠨᠠᠭᠠᠨ᠎ᠤ ᠬᠠᠷᠢᠴᠠᠭ᠎ᠠ᠎ᠶ᠋ᠢ ᠵᠥᠪ ᠡᠵᠡᠮᠳᠡᠵᠦ᠍᠂ ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠬᠦ᠌ ᠠᠴᠢ ᠬᠤᠯᠪᠣᠭ᠍ᠳᠠᠯ᠂ ᠨᠢᠭᠡᠳᠦᠯ᠎ᠢ ᠬᠠᠮᠠᠭᠠᠯᠠᠬᠤ᠂ ᠬᠠᠭᠠᠴᠨᠭᠤᠯᠬᠤ᠎ᠶ᠋ᠢ ᠡᠰᠡᠷᠭᠦᠴᠡᠬᠦ᠌ ᠠᠴᠢ ᠬᠤᠯᠪᠣᠭ᠍ᠳᠠᠯ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠬᠥᠮᠦᠰ᠎ᠤᠨ ᠰᠡᠳᠭᠢᠯ᠎ᠢ ᠨᠢᠭ᠍ᠲᠠᠷᠠᠭᠤᠯᠬᠤ ᠠᠴᠢ ᠬᠤᠯᠪᠣᠭ᠍ᠳᠠᠯ ᠤᠯᠭᠤᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢ ᠡᠪᠳᠡᠷᠡᠰᠢ ᠦᠭᠡᠢ ᠪᠠᠲᠤ ᠪᠠᠬᠢ ᠪᠣᠯᠭᠠᠬᠤ ᠬᠡᠷᠡᠭ᠌ᠲᠡᠢ᠃

ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠬᠡᠷ ᠪᠦᠯᠢ᠎ᠳᠤ᠂ ᠦᠨᠳᠦᠰᠦᠲᠡᠨ᠎ᠨᠦᠭᠦᠳ ᠭᠠᠭ᠍ᠴᠠ ᠬᠦ᠌ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠪᠠᠯ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠶᠡᠭᠡ ᠬᠦᠰᠡᠯ ᠵᠡᠭᠦᠳᠦ ᠰᠠᠶᠢ ᠤᠷᠤᠭ᠍ᠰᠢᠲᠠᠶ ᠪᠡᠶᠡᠯᠡᠭ᠌ᠳᠡᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠴᠡᠴᠡᠭᠡᠰ ᠰᠠᠶᠢ ᠥᠨᠢᠳᠡ ᠪᠠᠳᠠᠷᠠᠨ ᠬᠥᠭ᠌ᠵᠢᠵᠦ᠍ ᠴᠢᠳᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶ᠋ᠢᠨ ᠵᠠᠢᠯᠠᠰᠢ ᠦᠭᠡᠢ ᠴᠢᠨᠠᠷ᠂ ᠲᠦᠢᠯ᠎ᠤᠨ ᠴᠢᠬᠤᠯᠠ ᠴᠢᠨᠠᠷ ᠪᠠ ᠠᠬᠤᠢᠴᠢ ᠬᠠᠨᠳᠤᠯᠭᠠᠲᠤ ᠴᠢᠨᠠᠷ᠎ᠢ ᠭᠦᠨᠵᠡᠭᠡᠢ ᠲᠠᠨᠢᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠤᠭᠤᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠪᠠᠯ᠂ ᠪᠢᠳᠠ ᠯᠠᠪᠲᠠᠢ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠨᠡᠩ ᠭᠡᠷᠡᠯ ᠰᠠᠴᠤᠷᠠᠩᠭᠤᠢ ᠢᠷᠡᠭᠡᠳᠦᠢ᠎ᠶ᠋ᠢ ᠴᠣᠭ᠍ᠴᠠᠯᠠᠵᠤ ᠴᠢᠳᠠᠨ᠎ᠠ!

(ᠱᠢᠨᠬᠤᠸᠠ ᠬᠤᠷᠢᠶᠠᠨ᠎ᠤ ᠪᠡᠭᠡᠵᠢᠩ᠎ᠤᠨ 8 ᠰᠠᠷ᠎ᠠ᠎ᠶ᠋ᠢᠨ 29 ᠎ᠤ ᠴᠠᠬᠢᠯᠭᠠᠨ ᠮᠡᠳᠡᠭᠡ᠎ᠠᠴᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号