ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠬᠤ᠎ᠶ᠋ᠢᠨ ᠨᠡᠩ ᠶᠡᠭᠡ ᠠᠴᠢ ᠬᠤᠯᠪᠤᠭ᠍ᠳᠠᠯ᠎ᠨᠢ ᠠᠯᠤᠰ ᠢᠷᠡᠭᠡᠳᠦᠢ᠎ᠳᠤ ᠪᠤᠢ
2021-08-31 09:45:48
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠤᠷᠢᠶᠠᠨ᠎ᠤ ᠱᠦᠵᠢ ᠯᠢᠦ ᠡᠷᠳᠡᠮᠳᠤ᠎ᠶ᠋ᠢ ᠰᠤᠷᠪᠤᠯᠵᠢᠯᠠᠭ᠍ᠰᠠᠨ᠎ᠨᠢ 



《ᠦᠭᠡ ᠬᠡᠯᠡ ᠦᠰᠦᠭ ᠪᠢᠴᠢᠭ᠎ᠨᠢ ᠬᠥᠮᠦᠨ ᠬᠥᠮᠦᠨ᠎ᠤ ᠬᠤᠭᠤᠷᠣᠨᠳᠣᠬᠢ ᠰᠣᠯᠢᠯᠴᠠᠭ᠎ᠠ ᠨᠡᠪᠲᠡᠷᠡᠯᠴᠡᠭᠡ᠎ᠶ᠋ᠢᠨ ᠴᠢᠬᠤᠯᠠ ᠪᠠᠭᠠᠵᠢ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠱᠢᠨᠵᠢᠯᠡᠬᠦ᠌ ᠤᠬᠠᠭᠠᠨ ᠰᠣᠶᠣᠯ ᠮᠡᠳᠡᠯᠭᠡ᠎ᠶ᠋ᠢᠨ ᠴᠢᠬᠤᠯᠠ ᠠᠴᠢᠶᠠᠯᠠᠪᠤᠷᠢ ᠪᠣᠯᠤᠨ᠎ᠠ᠂ ᠨᠡᠩ ᠴᠤ᠌ ᠪᠢᠳᠡᠨ᠎ᠤ ᠳᠡᠯᠡᠬᠡᠢ ᠶᠢᠷᠲᠢᠨᠴᠦ᠎ᠶ᠋ᠢ ᠨᠡᠭᠡᠭᠡᠬᠦ᠌ ᠠᠯᠳᠠᠨ ᠲᠦᠯᠬᠢᠭᠦᠷ ᠪᠣᠯᠤᠨ᠎ᠠ᠃ ᠦᠨᠳᠦᠰᠦᠲᠡᠨ᠎ᠤ ᠣᠷᠣᠨ᠎ᠤ ᠰᠤᠷᠤᠭ᠍ᠴᠢᠳ᠎ᠲᠤ ᠠᠪᠴᠤ᠌ ᠬᠡᠯᠡᠪᠡᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠪᠣᠯ ᠦᠰᠦᠨ ᠪᠤᠢᠵᠢᠬᠤ᠂ ᠴᠢᠳᠠᠪᠤᠷᠢᠲᠠᠨ ᠪᠣᠯᠬᠤ᠎ᠶ᠋ᠢᠨ ᠪᠦᠲᠦᠮᠵᠢᠲᠡᠢ ᠠᠷᠭ᠎ᠠ ᠵᠠᠮ ᠮᠥᠨ᠂ ᠡᠳᠦᠬᠡ ᠴᠠᠭ᠎ᠲᠤ ᠭᠠᠪᠢᠶ᠎ᠠ ᠪᠠᠢᠭᠤᠯᠤᠨ ᠲᠦᠮᠡᠨ ᠦᠶ᠎ᠡ᠎ᠶ᠋ᠢ ᠢᠪᠡᠭᠡᠬᠦ᠌ ᠶᠡᠭᠡ ᠶᠠᠪᠤᠳᠠᠯ ᠮᠦᠨ》᠃ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠤᠷᠢᠶᠠᠨ᠎ᠤ ᠱᠦᠵᠢ ᠯᠢᠦ ᠡᠷᠳᠡᠮᠳᠤ ᠤᠢᠷ᠎ᠠ᠎ᠳᠤ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ ᠬᠦ᠍ᠯᠢᠶᠡᠬᠦ᠌᠎ᠳᠡᠭᠡᠨ ᠡᠢᠨ ᠬᠦ᠌ ᠶᠠᠷᠢᠯ᠎ᠠ᠃ 

ᠯᠢᠦ ᠡᠷᠳᠡᠮᠳᠤ ᠪᠣᠯ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠦ᠎ᠶ᠋ᠢᠨ ᠲᠥᠷᠥᠯ ᠵᠦᠶ᠋ᠯ᠎ᠢ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠂ ᠪᠥᠬᠦ᠌ ᠤᠯᠤᠰ᠎ᠤᠨ ᠦᠨᠳᠦᠰᠦᠲᠡᠨ᠎ᠤ ᠰᠤᠷᠭᠠᠨ ᠬᠥᠮᠦᠵᠢᠯ᠎ᠤᠨ ᠲᠤᠰᠭᠠᠶ ᠮᠡᠷᠭᠡᠵᠢᠯᠲᠡᠨ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠦᠨᠳᠦᠰᠦᠲᠡᠨ᠎ᠤ ᠰᠤᠳᠤᠯᠭᠠᠨ᠎ᠤ ᠱᠢᠯᠢᠳᠡᠭ ᠢᠳᠡᠷ ᠵᠠᠯᠠᠭᠤ ᠲᠤᠰᠭᠠᠶ ᠮᠡᠷᠭᠡᠵᠢᠯᠲᠡᠨ ᠪᠣᠯᠤᠨ᠎ᠠ᠃ ᠲᠡᠭᠦᠨ᠎ᠤ ᠦᠵᠡᠬᠦ᠌᠎ᠪᠠᠷ᠂ ᠦᠨᠳᠦᠰᠦᠲᠡᠨ᠎ᠤ ᠣᠷᠣᠨ᠎ᠳᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠪᠣᠯ ᠭᠠᠵᠠᠷ ᠣᠷᠣᠨ ᠪᠣᠯᠤᠨ ᠬᠤᠪᠢ ᠬᠥᠮᠦᠨ᠎ᠤ ᠢᠷᠡᠭᠡᠳᠦᠢ᠎ᠶ᠋ᠢᠨ ᠠᠯᠤᠰ ᠬᠡᠳᠤ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠪᠤᠰᠤᠳᠴᠢ ᠱᠠᠭᠠᠷᠳᠠᠯᠭ᠎ᠠ ᠮᠥᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠴᠢᠬᠤᠯᠠ ᠨᠥᠬᠦᠴᠡᠯ ᠮᠥᠨ᠂ ᠨᠡᠩ ᠴᠤ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠨᠳᠦᠰᠦᠨ ᠱᠠᠭᠠᠷᠳᠠᠯᠭ᠎ᠠ ᠮᠥᠨ᠃ ᠦᠨᠳᠦᠰᠦᠲᠡᠨ᠎ᠤ ᠣᠷᠣᠨ᠎ᠤ ᠬᠡᠦᠬᠡᠳ᠎ᠤᠳ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠬᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠬᠦ᠌᠎ᠪᠠᠷ ᠲᠠᠮᠵᠢᠨ ᠬᠠᠷᠠᠭ᠎ᠠ᠎ᠪᠠᠨ ᠥᠷᠭᠡᠳᠭᠡᠵᠦ᠍᠂ ᠮᠡᠳᠡᠯᠭᠡ᠎ᠪᠠᠨ ᠪᠠᠶᠠᠯᠢᠭ᠍ᠵᠢᠭᠤᠯᠵᠤ᠂ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠬᠡᠪ ᠪᠤᠯᠪᠠᠰᠤᠷᠠᠯ᠎ᠢᠶᠠᠨ ᠳᠡᠭᠡᠭ᠌ᠰᠢᠯᠡᠭᠦᠯᠵᠦ᠍ ᠴᠢᠳᠠᠨ᠎ᠠ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠮᠠᠨ᠎ᠤ ᠤᠯᠤᠰ᠎ᠲᠤ ᠠᠢ ᠰᠧ ᠴᠢ᠂ ᠯᠢ ᠰᠧ ᠭᠤᠸᠠᠩ᠂ ᠱᠢᠭᠤᠷᠭᠠᠨ᠂ ᠰᠠ ᠪᠸᠠ ᠮᠤᠤ᠂ ᠲᠤᠷᠵᠢ᠂ ᠤᠢᠱᠸᠦᠷ · ᠰᠠᠯᠠᠮᠦ ᠵᠡᠷᠭᠡ ᠨᠢᠭᠡ ᠪᠦᠯᠦᠭ ᠭᠠᠷᠮᠠᠭᠠᠢ ᠴᠢᠳᠠᠪᠤᠷᠢᠲᠠᠨ ᠴᠣᠯᠭᠤᠷᠠᠨ ᠭᠠᠷᠴᠠᠢ᠂ ᠲᠡᠳᠡ ᠪᠤᠯ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠤᠨ ᠠᠱᠢᠭ ᠬᠦᠷᠲᠡᠭ᠌ᠴᠢ ᠮᠥᠨ᠃ ᠲᠡᠳᠠ ᠰᠤᠷᠭᠠᠨ ᠬᠥᠮᠦᠵᠢᠯ᠂ ᠬᠦᠨ ᠤᠬᠠᠭᠠᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠠᠵᠤ ᠠᠬᠤᠢ᠂ ᠪᠡᠶ᠎ᠡ᠎ᠶ᠋ᠢᠨ ᠲᠠᠮᠢᠷ ᠵᠡᠷᠭᠡ ᠬᠦᠷᠢᠶᠡᠨ᠎ᠳᠤ ᠯᠤᠲᠤ ᠶᠡᠭᠡ ᠠᠮᠵᠢᠯᠲᠠ ᠪᠦᠲᠦᠭᠡᠯ ᠭᠠᠷᠭᠠᠵᠤ᠂ ᠮᠠᠨ᠎ᠤ ᠤᠯᠤᠰ᠎ᠤᠨ ᠣᠳᠣᠬᠢᠴᠢᠯᠠᠯᠳᠠ᠎ᠶ᠋ᠢᠨ ᠪᠦᠳᠦᠭᠡᠠ ᠪᠠᠢᠭᠤᠯᠤᠯᠲᠠ᠎ᠳᠤ ᠲᠤᠪᠦ᠋ᠢᠮ᠎ᠠ ᠬᠤᠪᠢ ᠨᠡᠮᠡᠷᠢ ᠦᠵᠡᠭᠦᠯᠦᠭ᠌ᠰᠡᠨ ᠪᠠᠢᠨ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠱᠢᠵᠦ᠍᠂ ᠴᠢᠨᠠᠷ ᠰᠠᠢᠲᠠᠢ ᠰᠤᠷᠭᠠᠭᠤᠯᠢ᠎ᠶ᠋ᠢᠨ ᠰᠤᠷᠭᠠᠨ ᠬᠥᠮᠦᠵᠢᠯ ᠬᠦᠷᠳᠡᠬᠦ᠌᠎ᠨᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭᠠᠳᠭᠠᠬᠤ᠎ᠳᠤ ᠠᠱᠢᠭ᠍ᠲᠠᠢ᠎ᠪᠠᠷ ᠪᠠᠷᠠᠬᠤ ᠦᠭᠡᠢ᠂ ᠨᠡᠩ ᠴᠤ᠌ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠭᠠᠷᠴᠤ᠌ ᠶᠠᠪᠤᠬᠤ᠂ ᠤᠳᠤ ᠦᠶ᠎ᠡ᠎ᠶ᠋ᠢᠨ ᠪᠣᠯᠪᠠᠰᠤᠨ᠎ᠤ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌ ᠠᠵᠠ ᠲᠣᠬᠢᠶᠠᠯ᠎ᠢ ᠡᠭᠦᠳᠴᠦ᠍ ᠥᠭ᠌ᠬᠦ ᠪᠣᠯᠤᠨ᠎ᠠ᠃ 

《ᠨᠠᠢᠵᠠ ᠤᠯᠠᠨ ᠪᠣᠯ ᠵᠠᠮ ᠲᠠᠷᠳᠠᠩ》 ᠬᠡᠬᠦ᠌ ᠠᠷᠠᠳ᠎ᠤᠨ ᠬᠠᠭᠤᠴᠢ ᠦᠭᠡ ᠪᠠᠢᠳᠠᠭ᠃ ᠯᠢᠦ ᠡᠷᠳᠡᠮᠳᠤ᠎ᠶ᠋ᠢᠨ ᠦᠵᠡᠬᠦ᠌᠎ᠪᠠᠷ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠨᠢ ᠢᠯᠡᠬᠦᠦ ᠨᠢᠬᠡ ᠵᠠᠮ᠎ᠲᠠᠢ ᠪᠤᠯᠬᠤ ᠶᠠᠪᠤᠳᠠᠯ ᠶᠤᠮ᠂ ᠡᠨᠡ ᠬᠦ᠌ ᠵᠠᠮ ᠲᠡᠭᠡᠷ᠎ᠡ ᠱᠢᠨ᠎ᠡ ᠮᠡᠳᠡᠯᠭᠡ ᠰᠤᠷᠴᠤ᠌᠂ ᠱᠢᠨ᠎ᠡ ᠨᠠᠢᠵᠠ᠎ᠲᠠᠢ ᠳᠠᠨᠢᠯᠴᠠᠵᠤ᠂ ᠬᠥᠮᠦᠨ᠎ᠤ ᠠᠮᠢᠳᠤᠷᠠᠯ᠎ᠳᠤ ᠨᠡᠩ ᠤᠯᠠᠨ ᠰᠣᠩᠭᠤᠯᠲᠠ᠎ᠲᠠᠢ ᠪᠣᠯᠤᠨ᠎ᠠ᠃ ᠡᠩ ᠲᠡᠷᠢᠭᠦᠨ᠎ᠳᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠨᠢᠭᠡᠳᠤᠯᠳᠠᠢ ᠱᠢᠯᠭᠠᠯᠳᠠ᠎ᠶ᠋ᠢᠨ ᠰᠣᠷᠣᠭ᠍ᠴᠢ ᠡᠯᠰᠡᠬᠦ᠌᠎ᠠᠴᠠ ᠠᠪᠴᠤ᠌ ᠦᠵᠡᠪᠡᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠬᠢᠴᠢᠶᠡᠯᠯᠡᠵᠦ᠍ ᠪᠠᠢᠭ᠎ᠠ ᠰᠣᠷᠣᠭ᠍ᠴᠢᠳ᠎ᠤᠨ ᠨᠡᠷ᠎ᠡ ᠮᠡᠳᠡᠬᠦᠯᠦᠨ ᠱᠢᠯᠭᠠᠭᠤᠯᠬᠤ ᠰᠤᠷᠭᠠᠭᠤᠯᠢ᠎ᠨᠢ ᠤᠯᠠᠨ᠂ ᠲᠥᠷᠥᠯ ᠵᠦᠶ᠋ᠯ᠎ᠨᠢ ᠠᠷᠪᠢᠨ᠂ ᠰᠣᠩᠭᠤᠬᠤ ᠬᠡᠪᠴᠢᠶ᠎ᠡ᠎ᠨᠢ ᠨᠠᠩ ᠦᠷᠬᠡᠨ ᠪᠠᠢᠳᠠᠭ; ᠳᠠᠷᠠᠭ᠎ᠠ᠎ᠨᠢ ᠰᠤᠷᠤᠯᠴᠠᠬᠤ ᠪᠠᠢᠳᠠᠯ᠎ᠠᠴᠠ ᠠᠪᠴᠤ᠌ ᠦᠵᠡᠪᠡᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠪᠡᠯ᠂ ᠪᠠᠭ᠍ᠰᠢ᠂ ᠵᠢᠭᠠᠬᠤ ᠮᠠᠲ᠋ᠧᠷᠢᠶᠠᠯ᠂ ᠮᠡᠳᠡᠭᠡ ᠵᠠᠩᠭᠢ ᠪᠠ ᠵᠢᠭᠠᠨ ᠰᠤᠷᠭᠠᠯᠲᠠ᠎ᠶ᠋ᠢᠨ ᠠᠷᠭ᠎ᠠ ᠪᠠᠷᠢᠯ ᠵᠡᠷᠭᠡ ᠲᠠᠯ᠎ᠠ᠎ᠶ᠋ᠢᠨ ᠡᠬᠢ ᠪᠠᠶᠠᠯᠢᠭ ᠨᠡᠩ ᠪᠠᠶᠠᠯᠢᠭ ᠪᠠᠢᠵᠤ᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠴᠤ᠌ ᠳᠡᠭᠡᠭ᠌ᠰᠢᠯᠡᠭᠦ᠌ ᠪᠣᠯᠤᠨ᠎ᠠ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠨᠢ ᠪᠠᠰᠠ ᠬᠡᠦᠬᠡᠳ᠎ᠤᠳ᠎ᠲᠤ ᠨᠠᠩ ᠡᠷᠬᠡ ᠲᠡᠭ᠌ᠰᠢ᠂ ᠨᠠᠩ ᠴᠢᠨᠠᠷ ᠰᠠᠢᠲᠠᠶ ᠣᠳᠣᠬᠢᠴᠢᠯᠠᠭ᠍ᠰᠠᠨ ᠰᠤᠷᠭᠠᠨ ᠬᠥᠮᠦᠵᠢᠯ ᠬᠦᠷᠲᠡᠭᠡᠬᠦ᠌᠎ᠳᠤ ᠠᠱᠢᠭ᠍ᠲᠠᠶ ᠶᠤᠮ; ᠲᠠᠬᠢᠪᠠᠯ᠂ ᠠᠵᠢᠯ ᠣᠯᠭᠤᠯᠲᠠ᠎ᠶ᠋ᠢᠨ ᠪᠠᠢᠳᠠᠯ᠎ᠠᠴᠠ ᠠᠪᠴᠤ᠌ ᠦᠵᠡᠪᠡᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠨᠢ ᠠᠵᠢᠯ ᠣᠯᠭᠤᠯᠲᠠ᠎ᠶ᠋ᠢᠨ ᠬᠦᠷᠢᠶ᠎ᠡ᠎ᠶ᠋ᠢ ᠥᠷᠭᠡᠳᠭᠡᠵᠦ᠍᠂ ᠠᠵᠢᠯ ᠣᠯᠭᠤᠯᠲᠠ᠎ᠶ᠋ᠢᠨ ᠠᠵᠠ ᠲᠣᠬᠢᠶᠠᠯ᠎ᠢ ᠨᠡᠮᠡᠭ᠌ᠳᠡᠭᠦᠯᠵᠦ᠍᠂ ᠭᠡᠦᠭᠡᠳ᠎ᠤᠳ᠎ᠢ ᠨᠡᠢᠭᠡᠮ᠎ᠲᠠᠢ ᠨᠡᠩ ᠰᠠᠢᠨ ᠠᠭᠤᠰᠤᠯᠴᠠᠭᠤᠯᠵᠤ᠂ ᠨᠡᠩ ᠥᠷᠭᠡᠨ ᠠᠭᠤᠳᠠᠮ ᠣᠷᠣᠨ ᠵᠠᠢ᠎ᠲᠠᠢ ᠪᠤᠯᠭᠠᠵᠤ᠂ ᠴᠠᠭ ᠦᠶ᠎ᠡ᠎ᠲᠠᠢ ᠵᠡᠷᠭᠡ᠎ᠪᠠᠷ ᠲᠠᠪᠱᠢᠵᠤ᠂ ᠬᠠᠮᠲᠤ᠎ᠪᠠᠷ ᠬᠥᠭ᠌ᠵᠢᠬᠦ᠌ ᠪᠣᠯᠭᠠᠨ᠎ᠠ᠃ 

ᠰᠤᠷᠭᠠᠨ ᠬᠥᠮᠦᠵᠢᠯ ᠪᠣᠯ ᠤᠯᠤᠰ᠎ᠤᠨ ᠶᠡᠭᠡ ᠪᠤᠳᠤᠯᠭ᠎ᠠ᠂ ᠨᠠᠮ᠎ᠤᠨ ᠶᠡᠭᠡ ᠪᠤᠳᠤᠯᠭ᠎ᠠ ᠮᠥᠨ᠃ ᠰᠤᠷᠭᠠᠨ ᠬᠥᠮᠦᠵᠢᠯ᠎ᠤᠨ ᠠᠵᠢᠯ᠎ᠤᠨ ᠹᠷᠤᠨᠲ᠎ᠲᠤ ᠤᠯᠠᠨ ᠵᠢᠯ ᠠᠵᠢᠯᠯᠠᠭ᠍ᠰᠠᠨ ᠯᠢᠦ ᠡᠷᠳᠡᠮᠳᠤ ᠣᠯᠠᠨ ᠠᠰᠫᠢᠷᠠᠨᠲ᠎ᠢ ᠵᠢᠯᠣᠭᠤᠳᠴᠤ᠌ ᠳᠡᠬᠦᠰᠭᠡᠭ᠌ᠰᠡᠨ ᠶᠤᠮ᠃ ᠲᠡᠷᠡ᠎ᠪᠠᠷ᠂ ᠦᠨᠳᠦᠰᠦᠲᠡᠨ᠎ᠤ ᠣᠷᠣᠨ᠎ᠤ ᠬᠡᠦᠬᠡᠳ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠡᠵᠡᠮᠱᠢᠭ᠌ᠰᠡᠨ ᠳᠠᠪᠠᠭᠤᠯᠢᠭ᠎ᠢᠶᠠᠷ᠎ᠢᠶᠠᠨ ᠲᠠᠯ᠎ᠠ ᠨᠤᠲᠤᠭ᠎ᠠᠴᠠ ᠭᠠᠷᠴᠤ᠌ ᠶᠠᠪᠤᠨ᠂ ᠪᠥᠬᠦ᠌ ᠤᠯᠤᠰ ᠪᠠ ᠳᠡᠯᠡᠬᠡᠶ ᠳ᠋ᠠᠬᠢᠨ᠎ᠳᠤ ᠬᠠᠨᠳᠤᠵᠤ᠂ ᠨᠤᠲᠤᠭ ᠤᠰᠤ᠎ᠪᠠᠨ ᠪᠥᠲᠥᠭᠡᠨ ᠪᠠᠢᠭᠤᠯᠬᠤ᠂ ᠡᠬᠡ ᠤᠯᠤᠰ᠎ᠲᠠᠭᠠᠨ ᠬᠦᠴᠦ᠎ᠪᠠᠨ ᠡᠷᠭᠦᠬᠦ᠌ ᠶᠠᠪᠤᠴᠠ᠎ᠳᠤ ᠥᠪᠡᠷ᠎ᠤᠨ ᠠᠮᠢᠳᠤᠷᠠᠬᠤᠶ᠎ᠶ᠋ᠢᠨ ᠦᠨ᠎ᠡ ᠥᠷᠲᠡᠭ᠎ᠢᠶᠠᠨ ᠪᠡᠶᠡᠯᠡᠭᠦᠯᠵᠦ᠍᠂ ᠳᠡᠯᠡᠬᠡᠶ᠎ᠶ᠋ᠢᠨ ᠲᠠᠪᠴᠠᠩ᠎ᠳᠤ ᠳᠤᠮᠳᠠᠳᠤ ᠤᠯᠤᠰ᠎ᠤᠨ ᠴᠤᠭ ᠵᠢᠪᠬᠤᠭ᠎ᠠ᠎ᠶ᠋ᠢ ᠭᠠᠢᠬᠠᠭᠤᠯᠵᠤ ᠪᠠᠢᠭ᠎ᠠ ᠬᠦᠮᠦᠰ ᠤᠯᠠᠮ᠎ᠠᠴᠠ ᠤᠯᠠᠮ ᠤᠯᠠᠱᠢᠷᠠᠵᠤ ᠪᠠᠢᠭ᠎ᠠ᠎ᠶ᠋ᠢ ᠨᠢᠳᠦ᠎ᠪᠠᠷ᠎ᠢᠶᠠᠨ ᠦᠵᠡᠪᠡ᠃ ᠲᠡᠷᠡ ᠰᠤᠷᠪᠤᠯᠵᠢᠯᠠᠭ᠍ᠴᠢ᠎ᠳᠤ᠄ 《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠳᠠ ᠦᠭᠡᠢ ᠪᠠᠲᠤ ᠴᠣᠭ᠍ᠴᠠᠯᠠᠪᠠᠯ᠂ ᠯᠠᠪᠳᠠᠢ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠶᠡᠭᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠨᠡᠩ ᠤᠯᠠᠨ ᠬᠥᠮᠦᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ᠂ ᠬᠦᠴᠦᠷᠬᠡᠭ ᠶᠡᠭᠡ ᠤᠶᠤᠨ᠎ᠤ ᠲᠤᠯᠭᠠᠭᠤᠷᠢᠯᠠᠯ ᠬᠠᠩᠭᠠᠵᠤ ᠴᠢᠳᠠᠨ᠎ᠠ》 ᠬᠡᠯ᠎ᠡ᠃ 

ᠵᠢᠵᠢᠭ᠌ᠬᠡᠨ ᠵᠢᠭᠠᠬᠤ ᠮᠠᠲ᠋ᠧᠷᠢᠶᠠᠯ ᠤᠯᠤᠰ᠎ᠤᠨ ᠶᠡᠭᠡ ᠶᠠᠪᠤᠳᠠᠯ᠎ᠲᠠᠢ ᠬᠤᠯᠪᠤᠭ᠍ᠳᠠᠨ᠎ᠠ᠃ ᠦᠨᠳᠦᠰᠦᠲᠡᠨ᠎ᠤ ᠳᠡᠭᠡᠳᠦ ᠰᠤᠷᠭᠠᠭᠤᠯᠢ᠎ᠶ᠋ᠢᠨ ᠨᠢᠭᠡᠨ ᠰᠤᠷᠭᠠᠨ ᠬᠥᠮᠦᠵᠢᠯ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠯᠢᠦ ᠡᠷᠳᠡᠮᠳᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠲᠤᠭ ᠲᠡᠮᠳᠡᠭ ᠲᠣᠳᠣᠷᠬᠠᠶ᠎ᠪᠠᠷ ᠨᠠᠮ᠎ᠤᠨ ᠲᠥᠪ ᠬᠤᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠭᠤᠢᠪᠢᠰᠢ ᠥᠬᠡᠶ ᠰᠠᠢᠲᠤᠷ ᠨᠠᠢᠳᠠᠪᠤᠷᠢᠵᠢᠭᠤᠯᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠡᠨᠡ ᠬᠦ᠌ 《ᠡᠳᠦᠬᠡ ᠴᠠᠭ᠎ᠲᠤ ᠭᠠᠪᠢᠶ᠎ᠠ ᠪᠠᠢᠢᠭᠤᠯᠤᠨ ᠲᠦᠮᠡᠨ ᠦᠶ᠎ᠠ᠎ᠶ᠋ᠢ ᠢᠪᠡᠭᠡᠬᠦ᠌》 ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠰᠠᠢᠲᠤᠷ ᠪᠡᠶᠡᠯᠡᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠪᠣᠯᠪᠠᠰᠤᠷᠠᠩᠭᠤᠶ ᠡᠵᠡᠮᠱᠢᠨ ᠬᠡᠷᠡᠭ᠌ᠯᠡᠵᠦ᠍ ᠳᠡᠢᠯᠬᠦ᠌ ᠬᠠᠮ ᠬᠡᠯᠪᠡᠷᠢ᠎ᠶ᠋ᠢᠨ᠂ ᠬᠡᠷᠡᠭ᠌ᠯᠡᠭᠡᠨ᠎ᠤ ᠬᠡᠯᠪᠡᠷᠢ᠎ᠶ᠋ᠢᠨ ᠴᠢᠳᠠᠪᠤᠷᠢᠲᠠᠨ᠎ᠢ ᠲᠠᠰᠤᠷᠠᠯᠲᠠ ᠥᠬᠡᠶ ᠬᠥᠮᠦᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠂ ᠦᠨᠳᠦᠰᠦᠲᠡᠨ᠎ᠤ ᠪᠦᠯᠬᠦᠮᠳᠡᠯ᠂ ᠨᠡᠢᠭᠡᠮ᠎ᠤᠨ ᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ᠍ ᠢᠯᠡᠳᠭᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号