— ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠠᠰᠫᠢᠷᠠᠨᠲ᠎ᠤᠨ ᠳᠡᠬᠡᠳᠤ ᠰᠤᠷᠭᠠᠭᠤᠯᠢ᠎ᠶ᠋ᠢᠨ ᠳᠡᠳ᠋ ᠵᠠᠬᠢᠷᠤᠯ ᠮᠧᠩ ᠶᠦᠩ ᠮᠧᠶ᠎ᠶ᠋ᠢ ᠰᠤᠷᠪᠤᠯᠵᠢᠯᠠᠭ᠍ᠰᠠᠨ᠎ᠨᠢ
《ᠡᠯ᠎ᠡ ᠦᠨᠳᠦᠰᠦᠲᠡᠨ᠎ᠤ ᠰᠤᠷᠤᠭ᠍ᠴᠢᠳ᠎ᠲᠤ ᠠᠪᠴᠤ᠌ ᠬᠡᠯᠡᠪᠡᠯ᠂ ᠢᠯᠡᠭᠦᠦ ᠨᠢᠭᠡ ᠵᠦᠶ᠋ᠯ᠎ᠤᠨ ᠬᠡᠯᠡ᠎ᠶ᠋ᠢ ᠰᠤᠷᠬᠤ᠎ᠨᠢ ᠳᠠᠷᠤᠶ ᠢᠯᠡᠭᠦᠦ ᠨᠢᠭᠡ ᠵᠦᠶ᠋ᠯ᠎ᠤᠨ ᠮᠡᠷᠭᠡᠵᠢᠯ᠎ᠢ ᠰᠤᠷᠴᠤ᠌᠂ ᠨᠠᠩ ᠣᠯᠠᠨ ᠮᠡᠳᠡᠯᠭᠡ᠎ᠶ᠋ᠢ ᠡᠵᠡᠮᠱᠢᠨ᠂ ᠨᠡᠢᠭᠡᠮ᠎ᠲᠠᠢ ᠨᠠᠩ ᠰᠠᠢᠲᠤᠷ ᠠᠭᠤᠰᠤᠯᠴᠠᠵᠤ ᠴᠢᠳᠠᠨ᠎ᠠ᠂ ᠡᠭᠦᠨ᠎ᠤ ᠤᠯᠠᠮ᠎ᠠᠴᠠ ᠥᠪᠡᠷ᠎ᠢ᠎ᠪᠠᠨ ᠢᠯᠡᠷᠡᠭᠦᠯᠬᠦ᠂ ᠥᠪᠡᠷ᠎ᠢ᠎ᠪᠠᠨ ᠬᠥᠭ᠌ᠵᠢᠭᠦᠯᠬᠦ᠂ ᠬᠦᠰᠡᠯ ᠮᠦᠷᠦᠬᠡᠳᠦᠯ᠎ᠢᠶᠠᠨ ᠳᠡᠷᠬᠡᠯᠱᠢᠬᠦᠯᠬᠦ᠌ ᠨᠠᠩ ᠣᠯᠠᠨ ᠠᠵᠠ ᠲᠣᠬᠢᠶᠠᠯ᠎ᠢ ᠣᠯᠵᠤ ᠴᠢᠳᠠᠨ᠎ᠠ》᠃ 8 ᠰᠠᠷ᠎ᠠ᠎ᠶ᠋ᠢᠨ 27 ᠤ ᠡᠳᠦᠷ᠂ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠠᠰᠫᠢᠷᠠᠨᠲ᠎ᠤᠨ ᠳᠡᠬᠡᠳᠤ ᠰᠤᠷᠭᠠᠭᠤᠯᠢ᠎ᠶ᠋ᠢᠨ ᠳᠡᠳ᠋ ᠵᠠᠬᠢᠷᠤᠯ ᠮᠧᠩ ᠶᠦᠩ ᠮᠧᠶ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠶᠠᠷᠢᠯ᠎ᠠ᠃
ᠮᠧᠩ ᠶᠦᠩ ᠮᠧᠢ ᠤᠯᠠᠨ ᠵᠢᠯ᠎ᠤᠨ ᠲᠤᠷᠰᠢ ᠠᠨᠠᠭᠠᠬᠤ ᠤᠬᠠᠭᠠᠨ᠎ᠤ ᠰᠤᠷᠭᠠᠨ ᠬᠥᠮᠦᠵᠢᠯ᠎ᠤᠨ ᠬᠦᠷᠢᠶᠡᠨ᠎ᠳᠤ ᠠᠵᠢᠯᠯᠠᠵᠤ᠂ ᠵᠠᠯᠠᠭᠤ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠴᠤ᠌ ᠰᠠᠢᠲᠤᠷ ᠬᠡᠷᠡᠭ᠌ᠯᠡᠬᠦ᠌ ᠲᠤᠬᠠᠢ ᠥᠪᠡᠷ᠎ᠤᠨ ᠣᠢᠯᠠᠭᠠᠯᠲᠠ᠎ᠲᠠᠢ ᠪᠣᠯᠵᠠᠢ᠃
ᠮᠧᠩ ᠶᠦᠩ ᠮᠧᠶ᠎ᠶ᠋ᠢᠨ ᠲᠠᠨᠢᠯᠴᠠᠭᠤᠯᠬᠤ᠎ᠪᠠᠷ᠂ ᠮᠣᠩᠭᠤᠯ ᠠᠨᠠᠭᠠᠬᠤ ᠤᠬᠠᠭᠠᠨ ᠪᠣᠯ ᠮᠣᠩᠭᠤᠯ ᠦᠨᠳᠦᠰᠦᠲᠡᠨ᠎ᠤ ᠣᠷᠳᠣ ᠬᠤᠭᠤᠴᠠᠭᠠᠨ᠎ᠤ ᠡᠮᠴᠢᠯᠡᠭᠡᠨ᠎ᠤ ᠦᠶ᠋ᠯᠡᠳᠦᠯᠭᠡ ᠳᠤᠮᠳᠠ ᠠᠯᠭᠤᠷ ᠬᠥᠭ᠌ᠵᠢᠵᠦ᠍ ᠢᠷᠡᠭ᠌ᠰᠡᠨ ᠤᠯᠠᠮᠵᠢᠯᠠᠯᠲᠤ ᠠᠨᠠᠭᠠᠬᠤ ᠤᠬᠠᠭᠠᠨ ᠮᠥᠨ᠂ ᠲᠡᠷᠡ᠎ᠨᠢ ᠬᠢᠲᠠᠳ ᠡᠮᠨᠡᠯᠭᠡ᠂ ᠡᠷᠲᠡᠨ᠎ᠤ ᠡᠨᠡᠳᠭᠡᠭ᠎ᠤᠨ ᠠᠨᠠᠭᠠᠬᠤ ᠤᠬᠠᠭᠠᠨ᠂ ᠲᠥᠪᠡᠳ ᠠᠨᠠᠭᠠᠬᠤ ᠤᠬᠠᠭᠠᠨ᠎ᠤ ᠣᠨᠣᠯ᠎ᠤᠨ ᠣᠬᠢ ᠲᠠᠯᠠᠰᠳᠤ᠎ᠶ᠋ᠢ ᠱᠢᠩᠭᠡᠭᠡᠨ ᠠᠪᠴᠤ᠌᠂ ᠢᠯᠡ ᠲᠣᠳᠣ ᠣᠷᠣᠨ ᠨᠤᠲᠤᠭ᠎ᠤᠨ ᠣᠨᠴᠠᠯᠢᠭ᠎ᠲᠠᠢ ᠠᠨᠠᠭᠠᠬᠤ ᠤᠬᠠᠭᠠᠨ᠎ᠢ ᠠᠯᠬᠤᠮ ᠠᠯᠬᠤᠮ᠎ᠢᠶᠠᠷ ᠪᠦᠷᠢᠯᠳᠦᠬᠦᠯᠵᠡᠢ᠃ ᠮᠣᠩᠭᠤᠯ ᠡᠮ ᠡᠮᠨᠡᠯᠭᠡ ᠪᠣᠯ ᠮᠠᠨ᠎ᠤ ᠤᠯᠤᠰ᠎ᠤᠨ ᠤᠯᠠᠮᠵᠢᠯᠠᠯᠲᠤ ᠰᠣᠶᠣᠯ᠎ᠤᠨ ᠦᠨᠡᠲᠦ ᠦᠪ᠂ 《ᠠᠮᠢᠳᠤ》 ᠰᠣᠶᠣᠯ᠎ᠤᠨ ᠥᠪ᠂ ᠡᠬᠡ ᠤᠯᠤᠰ᠎ᠤᠨ ᠤᠯᠠᠮᠵᠢᠯᠠᠯᠲᠤ ᠠᠨᠠᠭᠠᠬᠤ ᠤᠬᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠮᠣᠩᠭᠤᠯ ᠡᠮ ᠡᠮᠨᠡᠯᠭᠡ᠎ᠨᠢ ᠡᠯ᠎ᠡ ᠳᠡᠦᠬᠡᠨ ᠴᠠᠭ ᠦᠶ᠎ᠠ᠎ᠳᠤ ᠠᠵᠤ ᠠᠬᠤᠶ᠎ᠶ᠋ᠢᠨ ᠴᠢᠨᠠᠷ᠂ ᠬᠡᠷᠡᠭ᠌ᠯᠡᠭᠡᠨ᠎ᠤ ᠴᠢᠨᠠᠷ ᠵᠢᠴᠢ ᠣᠨᠣᠪᠴᠢᠲᠠᠶ ᠡᠮᠴᠢᠯᠡᠭᠡᠨ᠎ᠤ ᠠᠴᠢ ᠲᠤᠰᠠ᠎ᠪᠠᠷ᠎ᠢᠶᠠᠨ ᠲᠤᠬᠠᠶ᠎ᠶ᠋ᠢᠨ ᠭᠠᠵᠠᠷ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠰ᠎ᠲᠤ ᠭᠠᠷᠮᠠᠭᠠᠶ ᠬᠤᠪᠢ ᠨᠡᠮᠡᠷᠢ ᠦᠵᠡᠭᠦᠯᠦᠭ᠌ᠰᠡᠨ ᠪᠠᠢᠨ᠎ᠠ᠃ ᠮᠣᠩᠭᠤᠯ ᠡᠮ ᠡᠮᠨᠡᠯᠭᠡ᠎ᠶ᠋ᠢ ᠤᠯᠠᠮᠵᠢᠯᠠᠨ ᠵᠠᠯᠭᠠᠮᠵᠢᠯᠠᠬᠤ ᠪᠣᠯ ᠶᠢᠷᠲᠢᠨᠴᠦ᠎ᠶ᠋ᠢ ᠲᠤᠰᠠᠯᠠᠵᠤ ᠠᠷᠠᠳ᠎ᠲᠤ ᠠᠱᠢᠭ ᠬᠦᠷᠲᠡᠭᠡᠬᠦ᠂ ᠬᠥᠮᠦᠨ ᠲᠥᠷᠥᠯᠬᠢᠲᠡᠨ᠎ᠳᠤ ᠪᠤᠶᠠᠨ ᠦᠢᠯᠡᠳᠬᠦ᠌ ᠦᠢᠯᠡᠰ ᠮᠥᠨ᠂ ᠮᠣᠩᠭᠤᠯ ᠡᠮ ᠡᠮᠨᠡᠯᠭᠡ᠎ᠶ᠋ᠢ ᠨᠡᠩ ᠤᠯᠠᠨ ᠬᠥᠮᠦᠨ᠎ᠳᠤ ᠲᠠᠨᠢᠭᠤᠯᠵᠤ ᠣᠢᠯᠠᠭᠠᠭᠤᠯᠤᠶᠠ ᠭᠡᠪᠡᠯ᠂ ᠥᠪᠥᠷ ᠮᠣᠩᠭᠤᠯ᠎ᠠᠴᠠ ᠭᠠᠷᠴᠤ᠌᠂ ᠪᠦᠬᠦ᠌ ᠤᠯᠤᠰ᠎ᠲᠤ ᠬᠠᠨᠳᠤᠨ᠂ ᠳᠡᠯᠡᠬᠡᠢ ᠳ᠋ᠠᠬᠢᠨ᠎ᠳᠤ ᠬᠠᠨᠳᠤᠬᠤ ᠬᠡᠷᠡᠭ᠌ᠳᠡᠢ᠂ ᠡᠨᠡ᠎ᠨᠢ ᠡᠷᠬᠡᠪᠰᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠲᠤ ᠲᠦᠱᠢᠭ᠌ᠯᠡᠬᠦ᠌ ᠬᠡᠷᠡᠭ᠌ᠲᠡᠢ ᠪᠢᠯᠡ᠃
ᠮᠧᠩ ᠶᠦᠩ ᠮᠧᠢ᠄ 《ᠡᠨᠡ ᠵᠢᠯ ᠪᠣᠯ 〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠤ ᠡᠬᠢᠯᠡᠯᠲᠡ᠎ᠶ᠋ᠢᠨ ᠵᠢᠯ ᠪᠣᠯᠤᠨ᠎ᠠ᠃ ᠱᠢᠨ᠎ᠡ ᠴᠠᠭ ᠦᠶ᠎ᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠤᠨ ᠦᠢᠯᠡᠰ᠎ᠲᠤ ᠱᠢᠨ᠎ᠡ ᠠᠭᠤᠯᠤᠭ᠍ᠳᠠᠬᠤᠨ ᠨᠡᠮᠡᠷᠢᠯᠡᠵᠡᠢ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠦᠨᠳᠦᠰᠦᠲᠡᠨ᠎ᠨᠦᠭᠦᠳ ᠭᠠᠷ ᠬᠤᠯᠪᠣᠨ ᠮᠥᠷᠥ᠍ ᠵᠡᠷᠭᠡᠴᠡᠨ ᠬᠠᠮᠲᠤ᠎ᠪᠠᠷ ᠴᠢᠷᠮᠠᠢᠨ ᠲᠡᠮᠡᠴᠡᠬᠦ᠌ ᠬᠡᠷᠡᠭ᠌ᠲᠡᠢ᠃ ᠰᠣᠶᠣᠯ᠎ᠤᠨ ᠤᠯᠠᠮᠵᠢᠯᠠᠯ᠎ᠤᠨ ᠠᠴᠢᠶᠠᠯᠠᠪᠤᠷᠢ ᠪᠣᠯᠤᠭ᠍ᠰᠠᠨ᠎ᠤ ᠬᠤᠪᠢ᠎ᠳᠤ᠂ ᠭᠠᠭ᠍ᠴᠠ ᠬᠦ᠌ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠨ ᠡᠵᠡᠮᠱᠢᠪᠡᠯ ᠪᠢᠳᠡ ᠰᠠᠶᠢ ᠨᠡᠩ ᠰᠠᠢᠲᠤᠷ ᠶᠠᠪᠤᠯᠴᠠᠭ᠎ᠠ ᠰᠣᠯᠢᠯᠴᠠᠭ᠎ᠠ ᠬᠢᠵᠦ᠍᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠪᠠᠨ ᠴᠢᠩᠭᠠᠳᠭᠠᠵᠤ᠂ ᠲᠠᠰᠤᠷᠠᠯᠳᠠ ᠦᠭᠡᠢ ᠬᠦᠭ᠌ᠵᠢᠨ ᠲᠠᠪᠱᠢᠵᠤ ᠴᠢᠳᠠᠨ᠎ᠠ᠃ ᠶᠡᠭᠡ ᠳᠡᠭᠡᠳᠦ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠬᠠᠷᠢᠭᠤᠴᠠᠯᠭ᠎ᠠ ᠨᠡᠩ ᠬᠦᠨᠳᠦ ᠶᠡᠭᠡ ᠰᠠᠨᠠᠭ᠍ᠳᠠᠵᠤ ᠪᠠᠢᠨ᠎ᠠ᠃ ᠰᠤᠷᠭᠠᠨ ᠬᠥᠮᠦᠵᠢᠯ᠎ᠤᠨ ᠠᠵᠢᠯ᠎ᠢ ᠬᠢᠭ᠌ᠰᠡᠨ ᠠᠷᠪᠠᠨ ᠬᠡᠳᠦᠨ ᠵᠢᠯ᠎ᠤᠨ ᠲᠤᠷᠰᠢ᠂ ᠪᠢ ᠢᠮᠠᠭ᠍ᠳᠠ ᠪᠢᠴᠢᠭ ᠵᠢᠭᠠᠵᠤ ᠬᠥᠮᠦᠨ ᠬᠥᠮᠦᠵᠢᠭᠦᠯᠬᠦ᠌ ᠡᠮᠦᠨ᠎ᠡ ᠹᠷᠣᠨᠲ᠎ᠲᠤ ᠠᠵᠢᠯᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠪᠣᠯ ᠳᠤᠮᠳᠠᠳᠤ᠎ᠶ᠋ᠢᠨ ᠬᠥᠪᠡᠭᠦᠳ ᠥᠬᠢᠳ ᠨᠢᠭᠡ ᠪᠦᠷᠢ᠎ᠶ᠋ᠢᠨ ᠬᠠᠷᠢᠭᠤᠴᠠᠯᠭ᠎ᠠ ᠮᠥᠨ᠃ ᠪᠢᠳᠠ ᠪᠦᠬᠦ᠌ ᠤᠯᠤᠰ᠂ ᠪᠦᠬᠦ᠌ ᠳᠡᠯᠡᠬᠡᠢ᠎ᠳᠤ ᠬᠠᠨᠳᠤᠭ᠍ᠰᠠᠨ ᠦᠷᠭᠡᠨ ᠬᠠᠷᠠᠭ᠎ᠠ ᠪᠠ ᠬᠡᠭᠦᠳᠡᠭ ᠴᠡᠭᠡᠵᠢ᠎ᠲᠠᠢ ᠪᠠᠢᠪᠠᠯ ᠰᠠᠶᠢ ᠬᠥᠮᠦᠨ᠎ᠤ ᠠᠮᠢᠳᠤᠷᠠᠯ᠎ᠤᠨ ᠦᠨ᠎ᠡ ᠦᠷᠲᠡᠭ᠎ᠢᠶᠠᠨ ᠨᠡᠩ ᠰᠠᠢᠨ ᠪᠡᠶᠡᠯᠡᠭᠦᠯᠵᠦ᠍ ᠴᠢᠳᠠᠨ᠎ᠠ ᠬᠡᠵᠦ᠍ ᠰᠤᠷᠤᠭ᠍ᠴᠢᠳ᠎ᠢᠶᠠᠨ ᠦᠷᠬᠦᠯᠵᠢ ᠰᠤᠷᠭᠠᠮᠵᠢᠯᠠᠳᠠᠭ᠃ ᠪᠢ ᠪᠠᠰᠠ ᠰᠤᠷᠤᠭ᠍ᠴᠢᠳ᠎ᠢᠶᠠᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠬᠡᠪᠯᠡᠭᠦᠯᠦᠭ᠌ᠰᠡᠨ ᠨᠣᠮ ᠪᠢᠴᠢᠭ᠂ ᠰᠤᠷᠪᠤᠯᠵᠢ ᠪᠢᠴᠢᠭ᠎ᠢ ᠶᠡᠭᠡ ᠬᠡᠮᠵᠢᠶ᠎ᠡ᠎ᠪᠠᠷ ᠤᠩᠱᠢᠭᠤᠯᠵᠤ᠂ ᠨᠡᠩ ᠥᠷᠭᠡᠨ ᠬᠠᠷᠠᠭᠠᠰᠤ᠎ᠠᠴᠠ ᠨᠡᠢᠭᠡᠮ᠎ᠳᠤ ᠭᠠᠷᠴᠤ᠌᠂ ᠥᠪᠡᠷ᠎ᠤᠨ ᠬᠥᠭ᠌ᠵᠢᠯᠲᠡ᠎ᠶ᠋ᠢᠨ ᠣᠷᠣᠨ ᠵᠠᠢ᠎ᠪᠠᠨ ᠥᠷᠭᠡᠳᠭᠡᠬᠦ᠌᠎ᠶ᠋ᠢ ᠵᠢᠯᠤᠭᠤᠳᠳᠠᠭ》 ᠬᠡᠵᠦ᠍ ᠶᠠᠷᠢᠨ᠎ᠠ᠃