《ᠳᠤᠮᠳᠠᠳᠤ ᠤᠯᠤᠰ᠎ᠤᠨ ᠴᠠᠭᠠᠨ ᠢᠳᠡᠭᠡᠨ᠎ᠤ ᠬᠤᠳᠠ》 ᠎ᠠᠴᠠ 《ᠲᠠᠯᠠᠬᠡᠢ᠎ᠶ᠋ᠢᠨ ᠴᠠᠭᠠᠨ ᠢᠳᠡᠭᠡᠨ᠎ᠤ ᠬᠤᠳᠠ》 ᠎ᠶ᠋ᠢ ᠪᠦᠳᠦᠬᠡᠨ ᠪᠠᠢᠭᠤᠯᠬᠤ ᠢᠳᠡᠷᠬᠡᠭ ᠠᠯᠬᠤᠭ᠎ᠠ — ᠬᠥᠬᠡᠬᠤᠲᠠ 《ᠮᠢᠩᠭᠠᠨ ᠳ᠋ᠦᠩᠱᠢᠭᠤᠷ᠎ᠤᠨ ᠲᠠᠰ》 ᠎ᠤᠨ ᠰᠦ᠎ᠶ᠋ᠢᠨ ᠦᠢᠯᠡᠰ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠴᠤᠭ᠍ᠴᠠᠯᠠᠵᠤ ᠪᠠᠢᠨ᠎ᠠ
2021-08-04 10:08:50
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠡᠪᠡᠰᠤ ᠪᠤᠷᠳᠤᠭ᠎ᠠ᠎ᠠᠴᠠ ᠰᠦ ᠰᠠᠭᠠᠯᠢ ᠬᠦᠷᠳᠡᠯ᠎ᠠ᠂ ᠲᠠᠵᠢᠬᠡᠪᠤᠷᠢ᠎ᠶ᠋ᠢᠨ ᠲᠠᠯᠠᠪᠠᠢ᠎ᠠᠴᠠ ᠬᠤᠭᠤᠯᠠᠨ ᠱᠢᠷᠡᠭᠡ ᠬᠦᠷᠳᠡᠯ᠎ᠡ ᠁ ᠬᠦᠬᠡᠬᠤᠳᠠ᠎ᠶ᠋ᠢᠨ᠎ᠬᠢᠨ 2023 ᠤᠨ᠎ᠤ ᠰᠡᠬᠦᠯᠴᠢ ᠪᠤᠯᠳᠠᠯ᠎ᠠ ᠰᠦ᠎ᠶ᠋ᠢᠨ ᠦᠢᠯᠡᠰ᠎ᠢᠶᠠᠷ ᠭᠤᠤᠯ ᠪᠣᠯᠭᠠᠭ᠍ᠰᠠᠨ ᠪᠣᠬᠢᠷᠲᠤᠯ ᠥᠬᠡᠶ ᠢᠳᠡᠭᠡᠨ ᠡᠳ᠋ᠱᠢᠭᠦᠯᠵᠤ ᠪᠤᠯᠪᠠᠰᠤᠷᠠᠭᠤᠯᠬᠤ ᠠᠵᠤ ᠦᠢᠯᠡᠰ᠎ᠤᠨ ᠰᠦᠷᠦᠭ᠌ᠵᠢᠯ᠎ᠢ ᠪᠠᠢᠭᠤᠯᠵᠤ᠂ 《ᠮᠢᠩᠭᠠᠨ ᠳ᠋ᠦᠩᠱᠢᠭᠤᠷ᠎ᠤᠨ ᠲᠠᠰ》 ᠎ᠤᠨ ᠰᠦ᠎ᠶ᠋ᠢᠨ ᠦᠢᠯᠡᠰ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠴᠤᠭ᠍ᠴᠠᠯᠠᠨ᠂ 《ᠲᠠᠯᠠᠬᠡᠢ᠎ᠶ᠋ᠢᠨ ᠴᠠᠭᠠᠨ ᠢᠳᠡᠭᠡᠨ᠎ᠤ ᠬᠤᠳᠠ》 ᠎ᠶ᠋ᠢ ᠪᠦᠳᠦᠬᠡᠨ ᠪᠠᠢᠭᠤᠯᠬᠤ᠎ᠪᠠᠷ ᠢᠳᠡᠬᠡᠯ ᠲᠡᠬᠦᠯᠳᠡᠷ ᠤᠷᠤᠭ᠍ᠰᠢᠯᠠᠨ᠎ᠠ᠃

ᠬᠥᠬᠡᠬᠤᠲᠠ ᠪᠤᠯ 《ᠳᠤᠮᠳᠠᠳᠤ ᠤᠯᠤᠰ᠎ᠤᠨ ᠴᠠᠭᠠᠨ ᠢᠳᠡᠭᠡᠨ᠎ᠤ ᠬᠤᠳᠠ》 ᠮᠦᠨ᠃ ᠣᠢᠷ᠎ᠠ᠎ᠶ᠋ᠢᠨ ᠵᠢᠯ᠎ᠠᠴᠠ ᠨᠠᠭᠠᠰᠢ᠂ ᠲᠤᠰ ᠬᠤᠳᠠ᠎ᠶ᠋ᠢᠨ᠎ᠬᠢᠨ ᠰᠦ᠎ᠶ᠋ᠢᠨ ᠦᠢᠯᠡᠰ᠎ᠢ ᠪᠦᠬᠦ᠌ ᠬᠤᠳᠠ᠎ᠶ᠋ᠢᠨ᠎ᠢᠶᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠡᠷᠢᠭᠦᠨ ᠴᠢᠬᠤᠯᠠ ᠠᠵᠤ ᠦᠢᠯᠡᠰ ᠪᠣᠯᠭᠠᠨ ᠠᠳᠭᠤᠵᠤ᠂ ᠰᠦ᠎ᠶ᠋ᠢᠨ ᠦᠢᠯᠡᠰ᠎ᠲᠤᠨᠢ ᠱᠢᠨ᠎ᠡ᠎ᠶ᠋ᠢ ᠡᠭᠦᠳᠬᠦ᠌ ᠲᠦᠪᠱᠢᠨ ᠤᠷᠢᠳᠤ ᠭᠠᠷᠤᠭ᠎ᠠ ᠦᠬᠡᠢ ᠲᠠᠬᠡᠭ᠌ᠰᠢᠯᠡᠭ᠌ᠰᠡᠨ᠂ ᠠᠵᠤ ᠦᠢᠯᠡᠰ᠎ᠤᠨ ᠰᠦᠷᠦᠭ᠌ᠵᠢᠯ᠎ᠤᠨ ᠬᠡᠪᠴᠢᠶ᠎ᠡ ᠲᠤᠮᠤᠷᠠᠭ᠍ᠰᠠᠨ᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠪᠦᠲᠦᠴᠡ ᠱᠢᠯᠢᠳᠡᠭ᠌ᠵᠢᠭ᠌ᠰᠡᠨ᠂ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠭ᠍ᠰᠠᠨ ᠵᠡᠷᠬᠡ ᠬᠥᠭ᠌ᠵᠢᠯᠲᠡ᠎ᠶ᠋ᠢᠨ ᠣᠨᠴᠠᠯᠢᠭ ᠢᠯᠡᠷᠡᠪᠡ᠃ ᠢᠯᠢ ᠪᠦᠯᠦᠭ᠌ᠯᠡᠯ ᠪᠤᠯᠤᠨ ᠮᠧᠩ ᠨᠢᠦ ᠺᠤᠮᠫᠠᠨᠢ ᠪᠤᠯ ᠳᠡᠯᠡᠬᠡᠶ᠎ᠶ᠋ᠢᠨ ᠰᠦ᠎ᠶ᠋ᠢᠨ ᠦᠢᠯᠡᠰ᠎ᠤᠨ ᠠᠷᠪᠠᠨ ᠬᠦᠴᠦᠷᠬᠡᠭ᠎ᠲᠤ ᠤᠷᠤᠭ᠍ᠰᠠᠨ ᠬᠤᠶᠠᠷ ᠲᠣᠮᠣ ᠠᠵᠤ ᠠᠬᠤᠢ᠍ᠢᠯᠠᠯ ᠪᠤᠯᠬᠤ ᠶᠤᠮ᠂ ᠡᠢᠮᠤ ᠬᠤᠶᠠᠷ ᠬᠦᠴᠦᠳᠤ ᠶᠡᠭᠡ ᠲᠠᠭᠠᠭᠤᠯᠤᠭ᠍ᠴᠢ ᠠᠵᠤ ᠠᠬᠤᠢ᠍ᠢᠯᠠᠯ᠎ᠲᠠᠢ ᠪᠤᠯᠬᠤᠷ ᠬᠦᠬᠡᠬᠤᠳᠠ᠎ᠶ᠋ᠢᠨ ᠰᠦ᠎ᠶ᠋ᠢᠨ ᠦᠢᠯᠡᠰ ᠵᠢᠯ᠎ᠠᠴᠠ ᠵᠢᠯ ᠬᠦᠭ᠌ᠵᠢᠨ ᠪᠤᠵᠠᠭᠠᠢᠷᠠᠵᠤ᠂ 2020 ᠤᠨ᠎ᠳᠤ ᠴᠠᠭᠠᠨ ᠢᠳᠡᠭᠡᠨ᠎ᠤ ᠪᠣᠷᠣᠯᠠᠭᠤᠯᠭ᠎ᠠ᠎ᠶ᠋ᠢᠨ ᠣᠷᠣᠯᠭ᠎ᠠ᠎ᠨᠢ ᠪᠥᠬᠦ᠌ ᠤᠯᠤᠰ᠎ᠤᠨ ᠴᠠᠭᠠᠨ ᠢᠳᠡᠭᠡᠨ᠎ᠤ ᠶᠠᠷᠤᠩᠬᠡᠢ ᠪᠤᠷᠤᠯᠠᠭᠤᠯᠭ᠎ᠠ᠎ᠶ᠋ᠢᠨ ᠤᠷᠤᠯᠭ᠎ᠠ᠎ᠶ᠋ᠢᠨ 51% ᠎ᠶ᠋ᠢ ᠡᠵᠡᠯᠡᠪᠡ᠃

ᠬᠦᠬᠡᠬᠤᠳᠠ ᠰᠦ᠎ᠶ᠋ᠢᠨ ᠦᠢᠯᠡᠰ᠎ᠤᠨ ᠨᠢᠬᠡ ᠪᠦᠯᠦᠭ ᠤᠯᠤᠰ᠎ᠤᠨ ᠲᠡᠰ᠎ᠤᠨ ᠤᠶᠤᠨᠲᠤ ᠦᠢᠯᠡᠳᠪᠦᠷᠢ ᠪᠤᠯᠤᠨ ᠭᠤᠣᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠢ ᠪᠠᠢᠭᠤᠯᠤᠨ᠂ ᠰᠦ ᠰᠠᠭᠠᠯᠢ ᠠᠪᠬᠤ᠎ᠠᠴᠠ ᠡᠳ᠋ᠱᠢᠭᠦᠯᠦᠨ ᠪᠣᠷᠣᠯᠠᠭᠤᠯᠬᠤ ᠬᠦᠷᠲᠡᠯᠡᠬᠢ ᠪᠦᠬᠦ᠌ ᠠᠵᠤ ᠦᠢᠯᠡᠰ᠎ᠤᠨ ᠬᠡᠯᠬᠢᠶ᠎ᠠ᠎ᠶ᠋ᠢᠨ ᠱᠢᠨ᠎ᠡ᠎ᠶ᠋ᠢ ᠡᠭᠦᠳᠬᠦ᠌ ᠲᠣᠭ᠍ᠲᠠᠴᠠ᠎ᠶ᠋ᠢ ᠦᠨᠳᠤᠰᠤᠨ᠎ᠳᠡᠭᠡᠨ ᠪᠦᠷᠢᠯᠳᠦᠭᠦᠯᠵᠦ᠍᠂ ᠤᠳᠤᠬᠠᠨ᠎ᠳᠤ ᠶᠠᠭ ᠲᠠᠯᠠᠬᠡᠢ ᠳ᠋ᠠᠬᠢᠨ᠎ᠳᠤ ᠨᠥᠯᠥᠭᠡᠯᠡᠬᠦ᠌ ᠬᠦᠴᠦᠨ᠎ᠲᠠᠢ ᠪᠦᠬᠦ᠌ ᠤᠯᠤᠰ᠎ᠤᠨ ᠰᠦ᠎ᠶ᠋ᠢᠨ ᠦᠢᠯᠡᠰ᠎ᠤᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠢ ᠡᠬᠢᠯᠡᠨ ᠪᠠᠢᠭᠤᠯᠵᠤ ᠪᠤᠢ᠃ ᠤᠳᠤ ᠬᠥᠬᠡᠬᠤᠲᠠ᠎ᠳᠤ ᠴᠡᠯᠡᠭᠡᠷ ᠲᠠᠯ᠎ᠠ ᠰᠦ᠎ᠶ᠋ᠢᠨ ᠦᠢᠯᠡᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠳᠤᠭᠤᠷᠢᠭ᠂ ᠬᠤᠷᠢᠨᠭᠡᠷ ᠰᠦ᠎ᠶ᠋ᠢᠨ ᠦᠢᠯᠡᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠲᠣᠭᠤᠷᠢᠭ ᠭᠡᠭᠦ᠌ ᠲᠤᠰᠭᠠᠢᠯᠠᠨ ᠰᠦ᠎ᠶ᠋ᠢᠨ ᠦᠢᠯᠡᠰ᠎ᠢᠶᠠᠷ ᠭᠤᠤᠯᠯᠠᠭᠤᠯᠤᠭ᠍ᠰᠠᠨ 2 ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠠᠢ ᠪᠠᠢᠵᠤ᠂ ᠰᠦ᠎ᠶ᠋ᠢᠨ ᠪᠦᠲᠦᠭᠡᠭ᠌ᠳᠡᠬᠦᠨ᠎ᠤ ᠠᠵᠤ ᠦᠢᠯᠡᠰ᠎ᠤᠨ ᠰᠦᠷᠦᠭ᠌ᠵᠢᠯ᠎ᠢ ᠲᠥᠪᠯᠡᠷᠡᠭᠦᠯᠦᠨ ᠪᠤᠢᠵᠢᠭᠤᠯᠵᠤ ᠬᠥᠭ᠌ᠵᠢᠭᠦᠯᠤᠨ ᠪᠤᠵᠠᠭᠠᠢᠷᠠᠭᠤᠯᠵᠤ ᠪᠠᠢᠨ᠎ᠠ᠃ ᠪᠠᠰᠠ ᠶᠡᠷᠦᠩᠬᠡᠢ ᠪᠠᠯᠠ ᠣᠷᠣᠭᠤᠯᠤᠯᠲᠠ᠎ᠨᠢ ᠮᠢᠩᠭᠠᠨ ᠳ᠋ᠦᠩᠱᠢᠭᠤᠷ ᠲᠥᠭᠦᠷᠢᠭ᠎ᠢ ᠲᠠᠪᠠᠭ᠍ᠤ ᠢᠯᠢ ᠣᠲᠣ ᠥᠶ᠎ᠡ᠎ᠶ᠋ᠢᠨ ᠤᠶᠤᠨᠲᠤ ᠡᠷᠡᠭᠦᠯ ᠮᠡᠨᠳᠦ᠎ᠶ᠋ᠢᠨ ᠬᠦᠨᠳᠠᠢ ᠪᠤᠯᠤᠨ ᠮᠧᠩ ᠨᠢᠦ ᠰᠦ᠎ᠶ᠋ᠢᠨ ᠦᠢᠯᠡᠰ᠎ᠤᠨ ᠠᠵᠤ ᠦᠢᠯᠡᠰ᠎ᠤᠨ ᠬᠦᠷᠢᠶᠡᠯᠡᠩ᠎ᠢ ᠪᠦᠳᠦᠭᠡᠨ ᠪᠠᠢᠭᠤᠯᠵᠤ ᠪᠤᠢ᠃ 《ᠠᠵᠤ ᠦᠢᠯᠡᠰ᠎ᠤᠨ ᠬᠡᠯᠬᠢᠶ᠎ᠡ᠎ᠶ᠋ᠢ ᠲᠠᠰ ᠳᠡᠪᠱᠢᠬᠦᠯᠬᠦ᠌ ᠡᠨᠡ ᠬᠤᠶᠠᠷ ᠶᠡᠭᠡ ᠲᠥᠷᠥᠯ ᠵᠦᠢᠯ ᠠᠱᠢᠬ᠍ᠯᠠᠯᠳᠠ᠎ᠳᠤ ᠤᠷᠤᠪᠠᠯ ᠪᠦᠬᠦ᠌ ᠤᠯᠤᠰ᠂ ᠴᠢᠨᠠᠭ᠍ᠰᠢᠯᠠᠪᠠᠯ ᠳᠡᠯᠡᠬᠡᠶ ᠳ᠋ᠠᠬᠢᠨ᠎ᠤ ᠰᠦ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠪᠠᠢᠷᠢᠱᠢᠯ᠎ᠢ ᠬᠤᠪᠢᠷᠠᠭᠤᠯᠬᠤ ᠪᠣᠯᠤᠨ᠎ᠠ》 ᠬᠡᠵᠤ ᠬᠦᠬᠡᠬᠤᠳᠠ᠎ᠶ᠋ᠢᠨ ᠵᠠᠰᠠᠭ᠎ᠤᠨ ᠤᠷᠳᠤᠨ᠎ᠤ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠪᠦᠷᠢᠯᠳᠦᠬᠦᠨ ᠱᠢᠤᠢ ᠱᠸᠤ ᠵᠶ᠋ᠢ ᠢᠳᠡᠬᠡᠯ ᠲᠦᠬᠦᠷᠡᠩ ᠬᠡᠯᠡᠨ᠎ᠠ᠃

ᠲᠦᠷᠦᠬᠦᠬᠡᠨ ᠬᠦᠬᠡᠬᠤᠳᠠ᠎ᠶ᠋ᠢᠨ ᠵᠠᠰᠠᠭ᠎ᠤᠨ ᠤᠷᠳᠤᠨ 《ᠰᠦ᠎ᠶ᠋ᠢᠨ ᠦᠢᠯᠡᠰ᠎ᠢᠶᠠᠷ ᠭᠤᠤᠯ ᠪᠣᠯᠭᠠᠭ᠍ᠰᠠᠨ ᠪᠣᠬᠢᠷᠲᠤᠯ ᠥᠬᠡᠶ ᠢᠳᠡᠭᠡᠨ ᠡᠳ᠋ᠱᠢᠭᠦᠯᠵᠤ ᠪᠤᠯᠪᠠᠰᠤᠷᠠᠭᠤᠯᠬᠤ ᠠᠵᠤ ᠦᠢᠯᠡᠰ᠎ᠤᠨ ᠰᠦᠷᠦᠭ᠌ᠵᠢᠯ᠎ᠢ ᠪᠠᠢᠭᠤᠯᠤᠨ ᠴᠢᠨᠠᠷ ᠰᠠᠢᠲᠠᠶ᠎ᠪᠠᠷ ᠬᠥᠭ᠌ᠵᠢᠭᠦᠯᠬᠦ᠌ ᠭᠤᠷᠪᠠᠨ ᠵᠢᠯ᠎ᠤᠨ ᠠᠵᠢᠯᠯᠠᠭᠠᠨ᠎ᠤ ᠲᠥᠰᠦᠯ (2021 — 2023 ᠣᠨ)》 ᠎ᠢ ᠨᠡᠢᠳᠡᠯᠡᠵᠤ᠂ 《ᠮᠢᠩᠭᠠᠨ ᠳ᠋ᠦᠩᠱᠢᠭᠤᠷ᠎ᠤᠨ ᠲᠠᠰ》 ᠎ᠤᠨ ᠰᠦ᠎ᠶ᠋ᠢᠨ ᠦᠢᠯᠡᠰ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠴᠤᠭ᠍ᠴᠠᠯᠠᠬᠤ ᠠᠶᠠᠨ᠎ᠤ ᠭᠠᠷᠤᠭ᠎ᠠ᠎ᠪᠠᠨ ᠡᠬᠢᠯᠡᠬᠦᠯᠦᠭ᠌ᠰᠡᠨ᠎ᠢ ᠵᠠᠷᠯᠠᠪᠠ᠃ 《ᠲᠦᠰᠦᠯ》 ᠎ᠳᠤ᠂ ᠭᠤᠷᠪᠠᠨ ᠵᠢᠯ᠎ᠤᠨ ᠴᠢᠷᠮᠠᠢᠯᠭ᠎ᠠ᠎ᠪᠠᠷ ᠲᠠᠮᠵᠢᠨ ᠪᠦᠬᠦ᠌ ᠬᠤᠳᠠ᠎ᠪᠠᠷ᠎ᠢᠶᠠᠨ ᠱᠢᠨ᠎ᠠ᠎ᠪᠠᠷ 20 ᠲᠣᠮᠣ ᠬᠡᠯᠪᠡᠷᠢ᠎ᠶ᠋ᠢᠨ ᠰᠠᠭᠠᠯᠢ᠎ᠶ᠋ᠢᠨ ᠦᠨᠢᠶᠡᠨ᠎ᠤ ᠮᠠᠯᠵᠢᠯ᠎ᠤᠨ ᠲᠠᠯᠠᠪᠠᠶ ᠪᠤᠯᠤᠨ 20 ᠰᠠᠭᠠᠯᠢ᠎ᠶ᠋ᠢᠨ ᠢᠮᠠᠭᠠᠨ᠎ᠤ ᠮᠠᠯᠵᠢᠯ᠎ᠤᠨ ᠲᠠᠯᠠᠪᠠᠶ ᠪᠠᠢᠭᠤᠯᠵᠤ᠂ ᠰᠠᠭᠠᠯᠢ᠎ᠶ᠋ᠢᠨ ᠦᠨᠢᠶ᠎ᠡ᠎ᠪᠠᠨ 46 ᠲᠦᠮᠡ᠂ ᠰᠠᠭᠠᠯᠢ᠎ᠶ᠋ᠢᠨ ᠢᠮᠠᠭ᠎ᠠ᠎ᠪᠠᠨ 15 ᠲᠦᠮᠡ᠎ᠳᠤ ᠬᠦᠷᠭᠡᠬᠦ᠌᠎ᠶ᠋ᠢᠨ ᠬᠠᠮᠲᠤ 150 ᠲᠦᠮᠡᠨ ᠮᠥ᠎ᠶ᠋ᠢᠨ ᠡᠪᠡᠰᠦ ᠪᠣᠷᠳᠣᠭᠠᠨ᠎ᠤ ᠰᠠᠭᠤᠷᠢᠨ ᠪᠠᠢᠭᠤᠯᠵᠤ᠂ ᠰᠦ᠎ᠶ᠋ᠢᠨ ᠦᠢᠯᠡᠰ᠎ᠤᠨ ᠪᠥᠬᠦ᠌ ᠠᠵᠤ ᠦᠢᠯᠡᠰ᠎ᠤᠨ ᠬᠡᠯᠬᠢᠶᠡᠨ᠎ᠤ ᠵᠢᠯ᠎ᠤᠨ ᠦᠢᠯᠡᠳᠬᠦᠨ᠎ᠤ ᠥᠷᠲᠡᠭ᠎ᠢ 2200 ᠳ᠋ᠦᠩᠱᠢᠭᠤᠷ ᠲᠥᠭᠦᠷᠢᠭ᠎ᠲᠤ ᠬᠦᠷᠭᠡᠨ᠎ᠠ ᠬᠡᠵᠤ ᠲᠤᠳᠤᠷᠬᠠᠢ ᠲᠤᠷᠠᠳᠴᠠᠢ᠃

ᠬᠠᠷᠠᠯᠳᠠ ᠲᠤᠳᠤᠷᠠᠵᠤ ᠠᠯᠬᠤᠭ᠎ᠠ ᠲᠦᠷᠬᠡᠰᠤᠯ᠎ᠠ᠃ ᠬᠦᠬᠡᠬᠤᠳᠠ᠎ᠶ᠋ᠢᠨ᠎ᠬᠢᠨ ᠢᠯᠢ ᠣᠲᠣ ᠥᠶ᠎ᠡ᠎ᠶ᠋ᠢᠨ ᠤᠶᠤᠨᠲᠤ ᠡᠷᠡᠭᠦᠯ ᠮᠡᠨᠳᠦ᠎ᠶ᠋ᠢᠨ ᠬᠦᠨᠳᠠᠢ᠂ ᠮᠧᠩ ᠨᠢᠦ ᠰᠦ᠎ᠶ᠋ᠢᠨ ᠦᠢᠯᠡᠰ᠎ᠤᠨ ᠠᠵᠤ ᠦᠢᠯᠡᠰ᠎ᠤᠨ ᠬᠦᠷᠢᠶᠡᠯᠡᠩ᠂ ᠱᠧᠩ ᠵᠢᠶᠠᠨ ᠢᠮᠠᠭᠠᠨ ᠰᠦ᠎ᠶ᠋ᠢᠨ ᠲᠠᠯᠬ᠎ᠠ ᠮᠡᠳᠤ᠎ᠶ᠋ᠢᠨ ᠴᠠᠭᠠᠨ ᠢᠳᠡᠭᠡᠨ ᠡᠳ᠋ᠱᠢᠬᠦᠯᠤᠨ ᠪᠤᠯᠪᠠᠰᠤᠷᠠᠭᠤᠯᠬᠤ ᠭᠤᠤᠯᠳᠠᠯᠭ᠎ᠠ᠎ᠲᠠᠢ ᠲᠦᠷᠦᠯ ᠵᠦᠢᠯ᠎ᠤᠨ ᠪᠦᠳᠦᠬᠡᠨ ᠪᠠᠢᠭᠤᠯᠤᠯᠳᠠ᠎ᠶ᠋ᠢ ᠬᠦᠴᠦᠯᠡᠨ ᠠᠬᠢᠭᠤᠯᠬᠤ᠎ᠶ᠋ᠢᠨ ᠬᠠᠮᠳᠤ ᠲᠦᠬᠦᠬᠡᠢ ᠰᠦ᠎ᠶ᠋ᠢᠨ ᠢᠷᠡᠯᠳᠡ᠎ᠶ᠋ᠢᠨ ᠰᠠᠭᠤᠷᠢᠨ᠎ᠤ ᠪᠦᠳᠦᠬᠡᠨ ᠪᠠᠢᠭᠤᠯᠤᠯᠳᠠ᠎ᠪᠠᠨ ᠴᠢᠩᠭᠠᠳᠭᠠᠨ᠂ ᠡᠨᠡ ᠵᠢᠯ ᠡᠷᠬᠢᠨ ᠲᠤᠭᠤᠷᠢᠨ᠎ᠤ ᠠᠢᠮᠠᠭ ᠬᠤᠳᠠ᠎ᠳᠤ ᠲᠦᠬᠦᠬᠡᠢ ᠰᠦ᠎ᠶ᠋ᠢᠨ ᠢᠷᠡᠯᠳᠡ᠎ᠶ᠋ᠢᠨ 10 ᠶᠡᠭᠡ ᠰᠠᠭᠤᠷᠢᠨ᠎ᠤ ᠪᠦᠳᠦᠬᠡᠨ ᠪᠠᠢᠭᠤᠯᠤᠯᠳᠠ᠎ᠶ᠋ᠢ ᠡᠬᠢᠯᠡᠬᠦᠯᠬᠦ᠌᠎ᠪᠠᠷ ᠪᠡᠯᠡᠳᠭᠡᠵᠤ ᠪᠠᠢᠨ᠎ᠠ; ᠰᠦ᠎ᠶ᠋ᠢᠨ ᠦᠢᠯᠡᠰ᠎ᠤᠨ ᠣᠶᠤᠨᠴᠢᠯᠠᠯᠳᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠰᠦ᠎ᠶ᠋ᠢᠨ ᠢᠷᠡᠯᠲᠡ᠎ᠶ᠋ᠢᠨ ᠲᠣᠭᠠᠴᠢᠯᠠᠭ᠍ᠰᠠᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠂ ᠡᠨᠡ ᠵᠢᠯ ᠵᠢᠱ᠌ᠢᠶ᠎ᠠ ᠦᠵᠡᠬᠦᠯᠬᠦ᠌ 8 ᠤᠶᠤᠨᠳᠤ ᠮᠠᠯᠵᠢᠯ᠎ᠤᠨ ᠲᠠᠯᠠᠪᠠᠢ ᠪᠠᠢᠭᠤᠯᠤᠨ ᠪᠦᠬᠦᠨ᠎ᠢ ᠠᠱᠢᠬ᠍ᠯᠠᠯᠳᠠ᠎ᠳᠤ ᠤᠷᠤᠭᠤᠯᠬᠤ᠎ᠪᠠᠷ ᠪᠤᠢ; ᠪᠠᠰᠠ ᠰᠦ᠎ᠶ᠋ᠢᠨ ᠦᠢᠯᠡᠰ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠲᠥᠪ᠂ ᠰᠦ᠎ᠶ᠋ᠢᠨ ᠦᠢᠯᠡᠰ᠎ᠤᠨ ᠲᠣᠮᠣ ᠳ᠋ᠠᠢᠲ᠋ᠠ᠎ᠶ᠋ᠢᠨ ᠲᠥᠪ᠂ ᠰᠦ᠎ᠶ᠋ᠢᠨ ᠦᠢᠯᠡᠰ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠲᠠᠪᠴᠠᠩ᠂ ᠴᠠᠭᠠᠨ ᠢᠳᠡᠭᠡᠨ᠎ᠤ ᠶᠠᠰᠤ ᠴᠢᠨᠠᠷ᠎ᠢ ᠪᠠᠢᠴᠠᠭᠠᠨ ᠱᠢᠯᠭᠠᠬᠤ ᠲᠥᠪ᠂ ᠣᠶᠤᠨᠳᠤ ᠪᠠᠷᠠᠭᠠᠨ᠎ᠤ ᠭᠦᠢᠯᠭᠡᠭᠡ᠎ᠶ᠋ᠢᠨ ᠲᠥᠪ ᠵᠡᠷᠭᠡ᠎ᠶ᠋ᠢ ᠪᠦᠲᠦᠭᠡᠨ ᠪᠠᠢᠭᠤᠯᠬᠤ ᠪᠡᠯᠡᠳᠭᠡᠯ ᠠᠵᠢᠯ᠎ᠢᠶᠠᠨ ᠱᠠᠯᠠᠪᠳᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号