ᠬᠥᠬᠡᠬᠤᠲᠠ᠎ᠶ᠋ᠢᠨ ᠤᠷᠢᠳᠴᠢᠯᠠᠨ ᠪᠣᠯᠵᠣᠵᠤ ᠳ᠋ᠤᠭᠠᠷᠯᠠᠬᠤ ᠨᠢᠭᠡᠳᠦᠯᠲᠡᠶ ᠲᠠᠪᠴᠠᠩ ᠵᠢᠩᠬᠢᠨᠢ᠎ᠪᠠᠷ ᠠᠱᠢᠬ᠍ᠯᠠᠯᠳᠠ᠎ᠳᠤ ᠣᠷᠣᠪᠠ
2021-08-04 10:17:22
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠬᠥᠬᠡᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠠᠴᠠ ᠣᠢᠯᠠᠭᠠᠭ᠍ᠰᠠᠨ᠎ᠢᠶᠠᠷ᠂ ᠣᠢᠷ᠎ᠠ᠎ᠳᠤ ᠬᠥᠬᠡᠬᠤᠲᠠ᠎ᠶ᠋ᠢᠨ ᠤᠷᠢᠳᠴᠢᠯᠠᠨ ᠪᠣᠯᠵᠣᠵᠤ ᠳ᠋ᠤᠭᠠᠷᠯᠠᠬᠤ ᠨᠢᠭᠡᠳᠦᠯᠲᠡᠶ ᠲᠠᠪᠴᠠᠩ ᠵᠢᠩᠬᠢᠨᠢ᠎ᠪᠠᠷ ᠠᠱᠢᠬ᠍ᠯᠠᠯᠳᠠ᠎ᠳᠤ ᠣᠷᠣᠪᠠ᠃ 

ᠲᠤᠰ ᠤᠷᠢᠳᠴᠢᠯᠠᠨ ᠪᠣᠯᠵᠣᠵᠤ ᠳ᠋ᠤᠭᠠᠷᠯᠠᠬᠤ ᠨᠢᠭᠡᠳᠦᠯᠲᠡᠶ ᠲᠠᠪᠴᠠᠩ ᠪᠤᠯ ᠬᠦᠬᠡᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠤᠨ ᠠᠯᠪᠠᠨ ᠲᠠᠯ᠎ᠠ᠎ᠶ᠋ᠢᠨ ᠵᠢᠭᠠᠨ ᠲᠣᠭ᠍ᠲᠠᠭᠠᠭ᠍ᠰᠠᠨ ᠬᠤᠲᠠ᠎ᠶ᠋ᠢᠨ ᠠᠷᠠᠳ᠎ᠤᠨ ᠣᠨᠣᠱᠢᠯᠠᠨ ᠡᠮᠨᠡᠬᠦ᠌ ᠤᠷᠢᠳᠴᠢᠯᠠᠨ ᠳ᠋ᠤᠭᠠᠷᠯᠠᠬᠤ ᠠᠷᠭ᠎ᠠ ᠵᠠᠮ ᠪᠠᠢᠵᠤ᠂ 《ᠬᠥᠬᠡᠬᠤᠲᠠ᠎ᠶ᠋ᠢᠨ ᠡᠮᠴᠢᠯᠡᠭᠡ》 ᠵᠢᠷᠬᠢᠶ᠎ᠠ᠎ᠶ᠋ᠢᠨ ᠣᠯᠠᠨ ᠨᠡᠢᠲᠡ᠎ᠶ᠋ᠢᠨ ᠲᠠᠪᠴᠠᠩ᠎ᠢᠶᠠᠷ ᠤᠷᠢᠳᠴᠢᠯᠠᠨ ᠳ᠋ᠤᠭᠠᠷᠯᠠᠵᠤ ᠪᠣᠯᠤᠨ᠎ᠠ᠃ ᠣᠳᠣᠬᠠᠨ᠎ᠳᠤ ᠨᠢᠭᠡᠨᠳᠡ ᠥᠪᠥᠷ ᠮᠣᠩᠭᠤᠯ᠎ᠤᠨ ᠠᠷᠠᠳ᠎ᠤᠨ ᠡᠮᠨᠡᠯᠭᠡ᠎ᠶ᠋ᠢᠨ ᠬᠤᠷᠢᠶ᠎ᠠ᠂ ᠥᠪᠥᠷ ᠮᠣᠩᠭᠤᠯ᠎ᠤᠨ ᠡᠬᠡ ᠨᠢᠯᠬ᠎ᠠ᠎ᠶ᠋ᠢᠨ ᠡᠷᠡᠬᠦᠯᠵᠢᠯ᠎ᠤᠨ ᠡᠮᠨᠡᠯᠭᠡ᠎ᠶ᠋ᠢᠨ ᠬᠤᠷᠢᠶ᠎ᠠ᠂ ᠬᠥᠬᠡᠬᠤᠲᠠ᠎ᠶ᠋ᠢᠨ ᠮᠣᠩᠭᠤᠯ ᠬᠢᠲᠠᠳ ᠡᠮᠨᠡᠯᠭᠡ᠎ᠶ᠋ᠢᠨ ᠬᠤᠷᠢᠶ᠎ᠠ᠂ ᠬᠥᠬᠡᠬᠤᠲᠠ᠎ᠶ᠋ᠢᠨ ᠡᠬᠡ ᠨᠢᠯᠬ᠎ᠠ᠎ᠶ᠋ᠢᠨ ᠡᠷᠡᠬᠦᠯᠵᠢᠯ᠎ᠤᠨ ᠡᠮᠨᠡᠯᠭᠡ᠎ᠶ᠋ᠢᠨ ᠬᠤᠷᠢᠶ᠎ᠠ᠂ ᠥᠪᠥᠷ ᠮᠣᠩᠭᠤᠯ᠎ᠤᠨ ᠣᠯᠠᠨ ᠤᠯᠤᠰ᠎ᠤᠨ ᠮᠣᠩᠭᠤᠯ ᠡᠮᠨᠡᠯᠭᠡ᠎ᠶ᠋ᠢᠨ ᠬᠤᠷᠢᠶ᠎ᠠ᠂ ᠥᠪᠥᠷ ᠮᠣᠩᠭᠤᠯ᠎ᠤᠨ ᠬᠢᠲᠠᠳ ᠡᠮᠨᠡᠯᠭᠡ᠎ᠶ᠋ᠢᠨ ᠬᠤᠷᠢᠶ᠎ᠠ᠂ ᠥᠪᠥᠷ ᠮᠣᠩᠭᠤᠯ᠎ᠤᠨ ᠤᠶᠤᠨ᠎ᠤ ᠡᠷᠡᠭᠦᠯ ᠬᠠᠮᠠᠭᠠᠯᠠᠯ᠎ᠤᠨ ᠲᠥᠪ ᠵᠡᠷᠭᠡ 7 ᠭᠤᠷᠪᠠᠳᠤᠭᠠᠷ ᠳᠡᠰ᠎ᠤᠨ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶ᠎ᠠ ᠬᠢᠬᠡᠳ ᠳᠡᠪᠴᠡᠩ᠎ᠤᠨ ᠵᠤᠯᠭᠠᠯᠴᠠᠭ᠎ᠠ᠎ᠶ᠋ᠢ ᠪᠡᠶᠡᠯᠡᠬᠦᠯᠪᠡ᠃ ᠬᠦᠭᠡᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠠᠴᠠ ᠡᠯ᠎ᠡ ᠡᠮᠨᠡᠯᠭᠡ᠎ᠶ᠋ᠢᠨ ᠬᠤᠷᠢᠶ᠎ᠠ ᠬᠢᠭᠡᠳ ᠲᠠᠪᠴᠠᠩ᠎ᠤᠨ ᠵᠣᠯᠭᠠᠯᠴᠠᠭ᠎ᠠ᠎ᠶ᠋ᠢ ᠵᠣᠬᠢᠴᠠᠭᠤᠯᠵᠤ᠂ ᠬᠤᠲᠠ᠎ᠶ᠋ᠢᠨ ᠠᠷᠠᠳ ᠡᠯᠧᠺᠲᠷᠣᠨ ᠡᠷᠡᠭᠦᠯ ᠮᠡᠨᠳᠦ᠎ᠶ᠋ᠢᠨ ᠺᠣᠳ᠋᠎ᠢᠶᠠᠨ ᠠᠱᠢᠬ᠍ᠯᠠᠨ ᠲᠠᠪᠴᠠᠩ ᠳᠡᠭᠡᠷ᠎ᠡ᠎ᠠᠴᠠ ᠨᠢᠭᠡᠨᠲᠡ ᠵᠤᠯᠭᠠᠭᠤᠯᠬᠤ᠎ᠶ᠋ᠢ ᠪᠡᠶᠡᠯᠡᠬᠦᠯᠦᠭ᠌ᠰᠡᠨ ᠡᠮᠨᠡᠯᠭᠡ᠎ᠶ᠋ᠢᠨ ᠬᠤᠷᠢᠶ᠎ᠠ᠎ᠶ᠋ᠢ ᠰᠤᠩᠭᠤᠵᠦ᠍᠂ 7 ᠡᠳᠦᠷ᠎ᠤᠨ ᠳᠣᠲᠣᠷᠠᠬᠢ ᠴᠠᠭ ᠬᠤᠪᠢᠶᠠᠭ᠍ᠰᠠᠨ ᠳ᠋ᠤᠭᠠᠷ᠎ᠢᠶᠠᠨ ᠰᠣᠩᠭᠤᠵᠤ ᠪᠣᠯᠬᠤ᠎ᠶ᠋ᠢᠨ ᠬᠠᠮᠲᠤ ᠪᠠᠰᠠ ᠬᠡᠷ᠎ᠤᠨ ᠬᠥᠮᠦᠰ᠎ᠢᠶᠠᠨ ᠬᠠᠪᠰᠤᠷᠤᠨ ᠳ᠋ᠤᠭᠠᠷ ᠠᠪᠴᠤ᠌ ᠪᠣᠯᠤᠨ᠎ᠠ᠃ ᠬᠤᠲᠠ᠎ᠶ᠋ᠢᠨ ᠠᠷᠠᠳ 《ᠬᠥᠬᠡᠬᠤᠲᠠ᠎ᠶ᠋ᠢᠨ ᠡᠮᠴᠢᠯᠡᠭᠡ》 ᠎ᠪᠠᠷ ᠳᠠᠮᠵᠢᠨ ᠤᠷᠢᠳᠴᠢᠯᠠᠨ ᠪᠣᠯᠵᠣᠵᠤ ᠳ᠋ᠤᠭᠠᠷᠯᠠᠬᠤ ᠲᠠᠪᠴᠠᠩ᠎ᠳᠤ ᠵᠠᠯᠭᠠᠵᠦ᠍ ᠳ᠋ᠤᠭᠠᠷᠯᠠᠭ᠍ᠰᠠᠨ᠎ᠤ ᠳᠠᠷᠠᠭ᠎ᠠ᠂ ᠪᠣᠯᠵᠣᠭ᠍ᠰᠠᠨ ᠡᠳᠦᠷ ᠪᠠ ᠴᠠᠭ ᠶᠣᠰᠣᠭᠠᠷ ᠳᠠᠷᠤᠶ ᠡᠯᠧᠺᠲᠷᠣᠨ ᠡᠷᠡᠭᠦᠯ ᠮᠡᠨᠳᠦ᠎ᠶ᠋ᠢᠨ ᠺᠣᠳ᠋ ᠪᠤᠶᠤ ᠵᠠᠬᠢᠶᠠᠯᠠᠭ᠎ᠠ᠎ᠶ᠋ᠢᠨ ᠨᠠᠷᠢᠨ ᠪᠠᠢᠳᠠᠯ᠎ᠢ ᠦᠨᠳᠦᠰᠦᠯᠡᠨ ᠡᠮᠨᠡᠯᠭᠡ᠎ᠳᠤ ᠬᠦᠷᠴᠦ᠍ ᠡᠮᠨᠡᠭᠦᠯᠵᠦ᠍ ᠪᠣᠯᠤᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号