ᠣᠳᠣᠬᠠᠨ᠎ᠳᠤ᠂ ᠡᠯ᠎ᠡ ᠭᠠᠵᠠᠷ᠎ᠤᠨ 2021 ᠣᠨ᠎ᠤ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠵᠢᠩᠬᠢᠨᠢ ᠠᠩᠭᠢ᠎ᠶ᠋ᠢᠨ ᠪᠦᠯᠦᠭ ᠤᠳᠠᠭ᠎ᠠ᠎ᠪᠠᠷ ᠰᠤᠷᠤᠭ᠍ᠴᠢ ᠡᠯᠰᠡᠬᠦ᠌ ᠠᠵᠢᠯ ᠵᠠᠯᠭᠠᠭ᠎ᠠ᠎ᠪᠠᠷ ᠳᠠᠭᠤᠰᠪᠠ᠃ ᠡᠨᠡ ᠵᠢᠯ᠎ᠤᠨ ᠱᠢᠯᠭᠠᠭᠤᠯᠤᠭ᠍ᠴᠢ᠎ᠶ᠋ᠢᠨ ᠲᠤᠰᠭᠠᠶ ᠮᠡᠷᠭᠡᠵᠢᠯ᠎ᠤᠨ ᠰᠣᠩᠭᠤᠯᠲᠠ᠎ᠳᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠥᠷᠥᠯ᠂ ᠪᠠᠭ᠍ᠰᠢ᠎ᠶ᠋ᠢᠨ ᠲᠤᠰᠭᠠᠢ ᠮᠡᠷᠭᠡᠵᠢᠯ᠎ᠤᠨ ᠲᠥᠷᠥᠯ ᠶᠡᠭᠡ ᠬᠠᠯᠠᠭᠤᠷᠠᠯ ᠪᠤᠯᠵᠤ᠂ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠶ᠋ᠢᠨ ᠲᠠᠲᠠᠬᠤ ᠬᠦᠴᠦᠨ ᠴᠢᠩᠭᠠᠷᠠᠪᠠ᠃ ᠲᠤᠰᠭᠠᠶ ᠮᠡᠷᠭᠡᠵᠢᠯ᠎ᠤᠨ ᠰᠣᠩᠭᠤᠯᠲᠠ ᠬᠢᠭᠡᠳ ᠠᠵᠢᠯ ᠮᠡᠷᠭᠡᠵᠢᠯ᠎ᠤᠨ ᠵᠢᠱ᠌ᠢᠯᠲᠡ ᠨᠢᠭ᠍ᠲᠠ ᠬᠠᠷᠢᠴᠠᠭ᠎ᠠ᠎ᠲᠠᠢ ᠪᠤᠯᠤᠭ᠍ᠰᠠᠨ ᠣᠨᠴᠠᠯᠢᠭ ᠢᠯᠡᠷᠡᠬᠦ᠌᠎ᠶ᠋ᠢᠨ ᠬᠠᠮᠲᠤ᠌᠂ ᠱᠢᠯᠭᠠᠭᠤᠯᠤᠭ᠍ᠴᠢ᠎ᠶ᠋ᠢᠨ ᠬᠤᠪᠢ ᠬᠥᠮᠦᠨ᠎ᠤ ᠳᠤᠷ᠎ᠠ ᠰᠣᠨᠢᠷᠬᠠᠯ᠂ ᠢᠷᠡᠭᠡᠳᠦᠶ᠎ᠶ᠋ᠢᠨ ᠠᠵᠤ ᠦᠢᠯᠡᠰ᠎ᠤᠨ ᠲᠤᠬᠠᠶ ᠪᠠᠷᠠᠯᠠᠯ ᠵᠡᠷᠭᠡ᠎ᠨᠢ ᠶᠠᠪᠤᠬᠤ ᠲᠤᠳᠤᠮ ᠡᠷᠡᠮᠡᠯᠵᠡᠯ ᠰᠤᠩᠭᠤᠬᠤ ᠵᠠᠩᠭᠢᠯᠠᠭ᠎ᠠ᠎ᠶ᠋ᠢᠨ ᠬᠦᠴᠦᠨ ᠵᠦᠢᠯ ᠪᠣᠯᠤᠭ᠍ᠰᠠᠨ ᠪᠠᠢᠨ᠎ᠠ᠃
ᠬᠠᠨᠳᠤᠰᠢ ᠨᠢᠭᠡ᠄ ᠪᠠᠭ᠍ᠰᠢ᠎ᠶ᠋ᠢᠨ ᠲᠤᠰᠭᠠᠢ ᠮᠡᠷᠭᠡᠵᠢᠯ ᠵᠡᠷᠭᠡ᠎ᠨᠢ ᠤᠯᠠᠨ᠎ᠤ ᠬᠦᠷᠢᠶᠡᠯᠡᠯ᠎ᠢ ᠣᠯᠵᠤ᠂ ᠢᠷᠡᠭᠡᠳᠦᠢ᠎ᠶ᠋ᠢᠨ ᠠᠵᠢᠯ ᠣᠯᠭᠤᠯᠲᠠ᠎ᠶ᠋ᠢᠨ ᠴᠢᠬᠤᠯᠠ ᠪᠣᠳᠣᠯᠬᠢᠯᠠᠯ ᠪᠣᠯᠪᠠ
2021 ᠣᠨ᠎ᠳᠤ ᠪᠠᠭ᠍ᠰᠢ᠎ᠶ᠋ᠢᠨ ᠲᠤᠰᠭᠠᠶ ᠮᠡᠷᠭᠡᠵᠢᠯ ᠬᠥᠭ᠌ᠵᠢᠶᠡᠨ᠎ᠲᠠᠢ ᠪᠣᠯᠪᠠ᠃ ᠵᠠᠷᠢᠮ ᠮᠤᠵᠢ ᠣᠷᠣᠨ᠎ᠳᠤ᠂ ᠶᠠᠮᠤᠨ᠎ᠤ ᠬᠠᠷᠢᠶ᠎ᠠ ᠪᠠᠭ᠍ᠰᠢ᠎ᠶ᠋ᠢᠨ ᠶᠡᠭᠡ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯ᠎ᠳᠤ ᠡᠯᠰᠡᠬᠦ᠌ ᠬᠢᠵᠠᠭᠠᠷᠯᠠᠬᠤ ᠱᠤᠭᠤᠮ ᠦᠳᠲᠡᠷ ᠳᠡᠭᠡᠭ᠌ᠰᠢᠯᠡᠵᠦ᠍᠂ ᠵᠠᠷᠢᠮ ᠶᠡᠭᠡ ᠰᠤᠷᠭᠠᠭᠤᠯᠢ᠎ᠶ᠋ᠢᠨ ᠡᠯᠰᠡᠬᠦ᠌ ᠱᠤᠭᠤᠮ᠎ᠨᠢ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ᠎ᠲᠠᠢ ᠣᠢᠷᠠᠲᠤᠵᠤ᠂ ᠶᠠᠮᠤᠨ᠎ᠤ ᠬᠠᠷᠢᠶ᠎ᠠ ᠪᠤᠰᠤ ᠪᠠᠭ᠍ᠰᠢ᠎ᠶ᠋ᠢᠨ ᠶᠡᠭᠡ ᠳᠡᠭᠡᠳᠦ ᠰᠤᠷᠭᠠᠭᠤᠯᠢ ᠴᠤ᠌ ᠲᠠᠭᠠᠯᠳᠤᠨ ᠳᠡᠭᠡᠭ᠌ᠰᠢᠯᠡᠭ᠌ᠰᠡᠨ ᠪᠠᠢᠨ᠎ᠠ᠃
ᠬᠤᠸᠠᠨᠠᠨᠤ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠠᠯᠪᠠᠨ ᠬᠡᠷ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠨᠡ ᠵᠢᠯ ᠮᠠᠨ᠎ᠤ ᠰᠤᠷᠭᠠᠭᠤᠯᠢ᠎ᠶ᠋ᠢᠨ ᠪᠠᠭ᠍ᠰᠢ᠎ᠶ᠋ᠢᠨ ᠲᠥᠷᠥᠯ᠎ᠤᠨ ᠲᠤᠰᠭᠠᠶ ᠮᠡᠷᠭᠡᠵᠢᠯ᠎ᠤᠨ ᠡᠯᠰᠡᠬᠦ᠌ ᠬᠤᠪᠢ᠎ᠨᠢ ᠨᠢᠳᠤᠨᠤᠨ᠎ᠤ᠎ᠬᠢ᠎ᠠᠴᠠ ᠬᠠᠷᠢᠴᠠᠩᠭᠤᠢ ᠳᠡᠭᠡᠭ᠌ᠰᠢᠯᠡᠵᠡᠶ᠂ ᠢᠯᠠᠩᠭᠤᠶ᠎ᠠ ᠠᠩᠭ᠌ᠯᠢ ᠬᠡᠯᠡ᠂ ᠬᠢᠲᠠᠳ ᠬᠡᠯᠡ ᠤᠳᠭ᠎ᠠ ᠵᠣᠬᠢᠶᠠᠯ᠂ ᠲᠡᠦᠬᠡ᠎ᠶ᠋ᠢᠨ ᠤᠬᠠᠭᠠᠨ᠂ ᠹᠢᠽᠢᠺ᠎ᠤᠨ ᠤᠬᠠᠭᠠᠨ᠂ ᠺᠣᠮᠫᠢᠦ᠋ᠲ᠋ᠧᠷ᠎ᠤᠨ ᠱᠢᠨᠵᠢᠯᠡᠬᠦ᠌ ᠤᠬᠠᠭᠠᠨ ᠪᠠ ᠮᠡᠷᠭᠡᠵᠢᠯ ᠵᠡᠷᠭᠡ ᠤᠯᠠᠮᠵᠢᠯᠠᠯᠲᠤ ᠪᠠᠭ᠍ᠰᠢ᠎ᠶ᠋ᠢᠨ ᠲᠤᠰᠭᠠᠶ ᠮᠡᠷᠭᠡᠵᠢᠯ᠎ᠤᠨ ᠡᠯᠰᠡᠬᠦ᠌ ᠬᠤᠪᠢ᠎ᠨᠢ ᠢᠯᠡᠳᠲᠡ ᠳᠡᠭᠡᠭ᠌ᠰᠢᠯᠡᠵᠡᠶ ᠭᠡᠵᠦ᠍ ᠢᠯᠡᠳᠭᠡᠪᠡ᠃
ᠬᠤᠸᠠᠨᠠᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠫᠷᠣᠹᠧᠰᠰᠣᠷ ᠴᠧᠨ ᠱᠢᠶᠠᠨ ᠵᠧ᠂ ᠪᠠᠭ᠍ᠰᠢ᠎ᠶ᠋ᠢᠨ ᠲᠤᠰᠭᠠᠢ ᠮᠡᠷᠭᠡᠵᠢᠯ ᠦᠷᠭᠦᠯᠵᠢᠯᠡᠨ ᠬᠥᠭ᠌ᠵᠢᠶᠡᠨᠲᠡᠢ ᠪᠠᠢᠭ᠎ᠠ᠎ᠶ᠋ᠢᠨ ᠠᠷᠤ᠎ᠳᠤ᠂ ᠬᠥᠮᠦᠰ᠎ᠤᠨ ᠠᠵᠢᠯ ᠣᠯᠭᠤᠯᠲᠠ᠎ᠶ᠋ᠢᠨ ᠥᠷᠢᠰᠥᠯᠳᠦᠭᠡᠨ ᠡᠳᠦᠷ ᠢᠷᠡᠬᠦᠶ᠎ᠡ ᠱᠢᠷᠦᠭᠦᠰᠴᠦ᠍ ᠪᠠᠢᠭ᠎ᠠ ᠠᠬᠤᠢ ᠪᠠᠢᠳᠠᠯ ᠳᠣᠣᠷᠠᠬᠢ ᠲᠣᠭ᠍ᠲᠠᠭᠤᠨ᠎ᠢ ᠪᠤᠳᠤᠯᠬᠢᠯᠠᠭ᠍ᠰᠠᠨ ᠰᠡᠳᠭᠢᠴᠡ᠎ᠶ᠋ᠢ ᠢᠯᠡᠷᠡᠭᠦᠯᠵᠦ᠍ ᠪᠠᠢᠨ᠎ᠠ᠃ ᠪᠠᠭ᠍ᠰᠢ᠎ᠶ᠋ᠢᠨ ᠲᠤᠰᠭᠠᠶ ᠮᠡᠷᠭᠡᠵᠢᠯ᠎ᠢᠶᠠᠷ ᠰᠤᠷᠤᠯᠴᠠᠬᠤ᠎ᠨᠢ ᠬᠤᠵᠢᠮ ᠣᠷᠣᠨ ᠲᠤᠭ᠎ᠠ᠎ᠲᠠᠢ ᠪᠠᠭ᠍ᠰᠢ᠎ᠶ᠋ᠢᠨ ᠠᠵᠢᠯ᠎ᠤᠨ ᠪᠠᠢᠷᠢ᠎ᠶ᠋ᠢᠨ ᠥᠷᠢᠰᠥᠯᠳᠦᠭᠡᠨ᠎ᠤ ᠳᠠᠪᠠᠭᠤᠯᠢᠭ᠎ᠲᠠᠢ ᠪᠣᠯᠵᠣ᠂ ᠰᠤᠷᠭᠠᠭᠤᠯᠢ ᠳᠡᠪᠱᠢᠵᠦ᠍ ᠰᠤᠳᠤᠯᠬᠤ ᠲᠣᠬᠢᠶᠠᠯ᠎ᠨᠢ ᠪᠤᠰᠤᠳ ᠲᠤᠰᠭᠠᠶ ᠮᠡᠷᠭᠡᠵᠢᠯ᠎ᠠᠴᠠ ᠳᠤᠤᠷ᠎ᠠ ᠥᠬᠡᠶ ᠪᠣᠯᠤᠨ᠎ᠠ᠃ ᠢᠯᠠᠩᠭᠤᠶ᠎ᠠ ᠨᠢᠳᠤᠨᠤᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ᠂ ᠤᠶᠤᠲᠠᠳ᠎ᠤᠨ ᠠᠵᠢᠯ ᠣᠯᠭᠤᠯᠲᠠ ᠤᠷᠢᠳ ᠡᠮᠦᠨ᠎ᠡ ᠪᠠᠢᠭ᠎ᠠ ᠦᠭᠡᠢ ᠥᠷᠢᠰᠥᠯᠳᠦᠭᠡᠨ᠎ᠳᠤ ᠤᠴᠠᠷᠠᠵᠤ᠂ ᠬᠢᠵᠢᠭ᠎ᠤᠨ ᠪᠠᠢᠳᠠᠯ᠎ᠠᠴᠠ ᠪᠣᠯᠤᠭ᠍ᠰᠠᠨ ᠠᠵᠢᠯ ᠣᠯᠭᠤᠯᠲᠠ᠎ᠶ᠋ᠢᠨ ᠲᠣᠭ᠍ᠲᠠᠪᠤᠷᠢ ᠦᠭᠡᠢ ᠴᠢᠨᠠᠷ᠎ᠨᠢ ᠱᠢᠯᠭᠠᠭᠤᠯᠤᠭ᠍ᠴᠢ᠂ ᠭᠡᠷ᠎ᠤᠨ ᠠᠬᠠᠮᠠᠳ᠎ᠤᠨ ᠲᠤᠰᠭᠠᠶ ᠮᠡᠷᠭᠡᠵᠢᠯ ᠰᠣᠩᠭᠤᠬᠤ ᠦᠶ᠎ᠡ᠎ᠶ᠋ᠢᠨ ᠰᠡᠳᠭᠢᠴᠡ᠎ᠶ᠋ᠢ ᠲᠣᠭ᠍ᠲᠠᠭᠤᠨ᠎ᠢ ᠤᠷᠢᠳ᠎ᠢᠶᠠᠷ ᠪᠤᠳᠤᠯᠬᠢᠯᠠᠬᠤ ᠬᠠᠨᠳᠤᠰᠢ᠎ᠲᠠᠢ ᠪᠣᠯᠭᠠᠪᠠ ᠭᠡᠵᠦ᠍ ᠬᠡᠯᠡᠪᠡ᠃
《ᠳᠤᠮᠳᠠᠳᠤ ᠤᠯᠤᠰ᠎ᠤᠨ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ》 ᠤᠨ ᠶᠡᠷᠦᠩᠬᠡᠶ ᠨᠠᠢᠷᠠᠭᠤᠯᠤᠭ᠍ᠴᠢ ᠴᠧᠨ ᡁᠢ ᠸᠧᠨ᠂ ᠠᠵᠤ ᠠᠬᠤᠶ ᠬᠥᠭ᠌ᠵᠢᠭ᠌ᠰᠡᠨ ᠭᠠᠵᠠᠷ ᠣᠷᠣᠨ᠎ᠤ ᠱᠢᠯᠭᠠᠭᠤᠯᠤᠭ᠍ᠴᠢ ᠮᠤᠵᠢ᠎ᠠᠴᠠ᠎ᠪᠠᠨ ᠭᠠᠷᠬᠤ ᠳᠤᠷ᠎ᠠ ᠥᠬᠡᠶ ᠪᠠᠢᠬᠤ ᠦᠵᠡᠭ᠌ᠳᠡᠯ ᠤᠤᠯ᠎ᠠᠴᠠ᠎ᠪᠠᠨ ᠨᠠᠩ ᠢᠯᠡᠷᠬᠡᠶ ᠪᠣᠯᠵᠤ᠂ ᠱᠧᠨᠵᠧᠨ᠂ ᠬᠠᠩᠵᠧᠦ ᠵᠡᠷᠭᠡ ᠭᠠᠵᠠᠷ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠬᠤᠪᠢ᠎ᠨᠢ ᠭᠠᠳᠠᠷ ᠮᠤᠵᠢ᠎ᠶ᠋ᠢᠨ ᠠᠳᠠᠯᠢ ᠲᠠᠰ᠎ᠤᠨ ᠰᠤᠷᠭᠠᠭᠤᠯᠢ᠎ᠠᠴᠠ ᠨᠡᠢᠳᠡᠮ᠎ᠳᠡᠭᠡᠨ ᠥᠨᠳᠥᠷ ᠪᠣᠯᠵᠠᠶ ᠭᠡᠵᠦ᠍ ᠬᠡᠯᠡᠪᠡ᠃
ᠬᠠᠨᠳᠤᠰᠢ ᠬᠤᠶᠠᠷ᠄ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠶ᠋ᠢᠨ ᠬᠤᠶᠠᠳᠤᠭᠠᠷ ᠵᠢᠯ᠎ᠤᠨ ᠲᠠᠲᠠᠬᠤ ᠬᠦᠴᠦᠨ ᠴᠢᠩᠭᠠᠷᠠᠪᠠ
ᠡᠨᠡ ᠵᠢᠯ ᠪᠤᠯ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠶ᠋ᠢ ᠬᠡᠷᠡᠭ᠌ᠵᠢᠭᠦᠯᠦᠭ᠌ᠰᠡᠨ ᠬᠤᠶᠠᠳᠤᠭᠠᠷ ᠵᠢᠯ ᠪᠠᠢᠵᠤ᠂ ᠲᠠᠲᠠᠬᠤ ᠬᠦᠴᠦᠨ᠎ᠨᠢ ᠴᠢᠩᠭᠠᠷᠠᠪᠠ᠃ ᠰᠤᠷᠪᠤᠯᠵᠢᠯᠠᠭ᠍ᠴᠢ ᠨᠡᠯᠢᠶᠡᠳ ᠣᠯᠠᠨ ᠶᠡᠭᠡ ᠳᠡᠭᠡᠳᠦ ᠰᠤᠷᠭᠠᠭᠤᠯᠢ᠎ᠶ᠋ᠢ ᠰᠤᠷᠪᠤᠯᠵᠢᠯᠠᠭᠠᠳ ᠣᠯᠵᠤ ᠮᠡᠳᠡᠭ᠌ᠰᠡᠨ᠎ᠨᠢ᠂ ᠨᠢᠳᠤᠨᠤᠨ᠎ᠤ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠶ᠋ᠢᠨ ᠨᠢᠭᠡᠳᠦᠭᠡᠷ ᠵᠢᠯ᠎ᠳᠤ᠂ ᠬᠡᠰᠡᠭ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠬᠦᠮᠦᠨ᠎ᠤ ᠲᠤᠭ᠎ᠠ ᠬᠦᠷᠦᠭ᠌ᠰᠡᠨ ᠥᠬᠡᠶ᠂ ᠡᠯᠰᠡᠬᠦ᠌ ᠬᠤᠪᠢ᠎ᠶ᠋ᠢ ᠶᠡᠭᠡ᠎ᠪᠠᠷ ᠪᠠᠭᠤᠷᠠᠭᠤᠯᠤᠭ᠍ᠰᠠᠨ ᠵᠡᠷᠭᠡ ᠪᠠᠢᠳᠠᠯ ᠭᠠᠷᠤᠬ᠍ᠰᠠᠨ ᠪᠤᠯᠪᠠᠴᠤ᠌᠂ ᠡᠨᠡ ᠵᠢᠯ᠎ᠤᠨ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠶ᠋ᠢᠨ ᠰᠣᠷᠣᠭ᠍ᠴᠢ ᠡᠯᠰᠡᠬᠦ᠌ ᠬᠥᠮᠦᠨ᠎ᠤ ᠲᠤᠭ᠎ᠠ ᠨᠡᠮᠡᠭ᠌ᠳᠡᠵᠦ᠍᠂ ᠱᠢᠯᠭᠠᠭᠤᠯᠤᠭ᠍ᠴᠢ᠎ᠶ᠋ᠢᠨ ᠨᠡᠷ᠎ᠡ ᠮᠡᠳᠡᠭᠦᠯᠬᠦ᠌ ᠠᠵᠢᠯ ᠨᠠᠩ ᠣᠶᠤᠨᠴᠢ ᠪᠣᠯᠵᠣ᠂ ᠮᠡᠳᠡᠷᠡᠭ᠌ᠳᠡᠬᠦ᠌ ᠬᠡᠮᠵᠢᠶ᠎ᠡ ᠳᠡᠭᠡᠭ᠌ᠰᠢᠯᠡᠭ᠌ᠰᠡᠨ ᠪᠠᠢᠨ᠎ᠠ᠃ ᠲᠤᠰᠭᠠᠶ ᠮᠡᠷᠭᠡᠵᠢᠯᠲᠡᠨ᠎ᠤ ᠵᠠᠳᠠᠯᠤᠭ᠍ᠰᠠᠨ᠎ᠢᠶᠠᠷ᠂ ᠶᠡᠷᠦᠩᠬᠡᠶ᠎ᠳᠤᠨᠢ ᠠᠪᠴᠤ᠌ ᠬᠡᠯᠡᠪᠡᠯ ᠡᠨᠡ ᠵᠢᠯ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠶ᠋ᠢᠨ ᠰᠣᠷᠣᠭ᠍ᠴᠢ ᠡᠯᠰᠡᠬᠦ᠌ ᠠᠵᠢᠯ ᠨᠢᠳᠤᠨᠤᠨ᠎ᠤ᠎ᠬᠢ᠎ᠠᠴᠠ ᠨᠠᠩ ᠰᠠᠢᠨ ᠪᠣᠯᠵᠠᠶ᠂ ᠨᠡᠷ᠎ᠡ ᠮᠡᠳᠡᠭᠦᠯᠦᠭ᠌ᠰᠡᠨ ᠰᠣᠷᠣᠭ᠍ᠴᠢ᠎ᠶ᠋ᠢᠨ ᠣᠯᠠᠩᠬᠢ᠎ᠨᠢ ᠰᠠᠭᠤᠷᠢ ᠱᠢᠨᠵᠢᠯᠡᠭᠡᠨ᠎ᠳᠤ ᠦᠨᠡᠨ ᠬᠦ᠌ ᠳᠤᠷᠠᠲᠠᠶ ᠪᠠᠢᠵᠤ᠂ ᠱᠢᠯᠭᠠᠭᠤᠯᠤᠭ᠍ᠴᠢ ᠪᠠ ᠬᠡᠷ᠎ᠤᠨ ᠠᠬᠠᠮᠠᠳ ᠴᠥᠮ ᠨᠠᠩ ᠲᠤᠩᠭᠠᠨ ᠪᠤᠳᠤᠬᠤ ᠪᠣᠯᠵᠠᠶ ᠭᠡᠯᠡ᠃
ᠰᠧᠴᠤᠸᠠᠨ᠎ᠤ 2021 ᠣᠨ᠎ᠤ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠶ᠋ᠢᠨ ᠡᠯᠰᠡᠬᠦ᠌ ᠪᠥᠬᠦ᠌ ᠲᠤᠭ᠎ᠠ 2020 ᠣᠨ᠎ᠤ᠎ᠬᠢ᠎ᠠᠴᠠ 162 ᠨᠡᠮᠡᠭ᠌ᠳᠡᠵᠦ᠍᠂ ᠨᠡᠮᠡᠭ᠌ᠳᠡᠯ᠎ᠤᠨ ᠬᠡᠮᠵᠢᠶ᠎ᠡ᠎ᠨᠢ 97% ᠳᠤ ᠬᠦᠷᠴᠡᠶ᠃ ᠡᠨᠡ ᠵᠢᠯ᠎ᠤᠨ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠪᠠᠷ 36 ᠶᠡᠭᠡ ᠳᠡᠭᠡᠳᠦ ᠰᠤᠷᠭᠠᠭᠤᠯᠢ ᠭᠤᠸᠠᠩᠳᠦ᠋ᠩ᠎ᠳᠤ ᠨᠡᠢᠲᠡ 264 ᠱᠢᠯᠭᠠᠭᠤᠯᠤᠭ᠍ᠴᠢ ᠡᠯᠰᠡᠵᠦ᠍᠂ ᠡᠯᠰᠡᠬᠦ᠌ ᠬᠥᠮᠦᠨ᠎ᠤ ᠲᠤᠭ᠎ᠠ᠂ ᠰᠣᠷᠣᠭ᠍ᠴᠢ᠎ᠶ᠋ᠢᠨ ᠢᠷᠡᠯᠲᠡ᠎ᠶ᠋ᠢᠨ ᠶᠠᠰᠤ ᠴᠢᠨᠠᠷ ᠴᠥᠮ ᠶᠡᠭᠡ᠎ᠪᠠᠷ ᠳᠡᠭᠡᠭ᠌ᠰᠢᠯᠡᠭᠦᠯᠪᠡ᠃
ᠪᠡᠭᠡᠵᠢᠩ᠎ᠤᠨ ᠪᠠᠢᠭᠠᠯᠢ ᠲᠧᠭ᠌ᠨᠢᠭ᠎ᠤᠨ ᠤᠬᠠᠭᠠᠨ᠎ᠤ ᠶᠡᠭᠡ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠠᠯᠪᠠᠨ ᠬᠡᠷ᠎ᠤᠨ ᠡᠷᠬᠢᠯᠡᠭ᠌ᠴᠢ ᠱᠢᠤᠢ ᠵᠢᠶᠠᠨ᠂ ᠡᠨᠡ ᠵᠢᠯ ᠮᠠᠨ᠎ᠤ ᠰᠤᠷᠭᠠᠭᠤᠯᠢ᠎ᠶ᠋ᠢᠨ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠳᠤ 4000 ᠱᠢᠬᠠᠮ ᠰᠤᠷᠤᠭ᠍ᠴᠢ ᠨᠡᠷ᠎ᠡ ᠮᠡᠳᠡᠭᠦᠯᠵᠦ᠍᠂ ᠬᠠᠮᠤᠭ᠎ᠤᠨ ᠬᠦᠷᠢᠶᠡᠯᠡᠯ᠎ᠲᠠᠢ ᠲᠤᠰᠭᠠᠶ ᠮᠡᠷᠭᠡᠵᠢᠯ ᠪᠣᠯ ᠲᠣᠭᠠᠨ᠎ᠤ ᠤᠬᠠᠭᠠᠨ ᠪᠠ ᠬᠡᠷᠡᠭ᠌ᠯᠡᠭᠡᠨ᠎ᠤ ᠲᠣᠭᠠᠨ᠎ᠤ ᠤᠬᠠᠭᠠᠨ᠂ ᠬᠡᠷᠡᠭ᠌ᠯᠡᠭᠡᠨ᠎ᠤ ᠹᠢᠽᠢᠺ᠎ᠤᠨ ᠤᠬᠠᠭᠠᠨ᠎ᠤ ᠲᠤᠰᠭᠠᠶ ᠮᠡᠷᠭᠡᠵᠢᠯ ᠪᠣᠯᠤᠨ᠎ᠠ ᠭᠡᠵᠦ᠍ ᠢᠯᠡᠳᠭᠡᠪᠡ᠃ ᠱᠠᠨ ᠰᠢ ᠮᠤᠵᠢ᠎ᠶ᠋ᠢᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠬᠠᠮᠢᠶᠠᠷᠤᠯᠲᠠ᠎ᠶ᠋ᠢᠨ ᠲᠥᠪ᠎ᠤᠨ ᠤᠯᠤᠰ᠎ᠤᠨ ᠨᠢᠭᠡᠲᠦᠯᠲᠡᠢ ᠱᠢᠯᠭᠠᠯᠲᠠ᠎ᠶ᠋ᠢᠨ ᠭᠠᠵᠠᠷ᠎ᠤᠨ ᠳᠠᠷᠤᠭ᠎ᠠ ᠸᠠᠩ ᠶᠤᠸᠠᠢ᠂ ᠰᠠᠭᠤᠷᠢ ᠱᠢᠨᠵᠢᠯᠡᠭᠡ᠎ᠨᠢ ᠰᠤᠷᠬᠤ ᠳᠤᠷᠠᠲᠠᠶ ᠱᠢᠯᠭᠠᠭᠤᠯᠤᠭ᠍ᠴᠢ ᠣᠯᠠᠱᠢᠷᠠᠵᠠᠢ᠂ ᠡᠨᠡ ᠵᠢᠯ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠪᠠᠷ ᠲᠠᠮᠵᠢᠨ ᠡᠯᠰᠡᠭ᠌ᠰᠡᠨ ᠱᠢᠯᠭᠠᠭᠤᠯᠤᠭ᠍ᠴᠢ ᠨᠢᠳᠤᠨᠤᠨ᠎ᠤ᠎ᠬᠢ᠎ᠠᠴᠠ 50% ᠠᠴᠠ ᠳᠡᠭᠡᠭ᠌ᠰᠢ ᠨᠡᠮᠡᠭ᠌ᠳᠡᠵᠡᠶ ᠭᠡᠪᠡ᠃
ᠳᠤᠮᠳᠠᠳᠤ ᠤᠯᠤᠰ᠎ᠤᠨ ᠠᠷᠠᠳ᠎ᠤᠨ ᠶᠡᠭᠡ ᠰᠤᠷᠭᠠᠭᠤᠯᠢ᠎ᠶ᠋ᠢᠨ ᠫᠷᠤᠹᠧᠰᠰᠤᠷ᠂ ᠭᠤᠸᠠᠩᠳᠦ᠋ᠩ᠎ᠤᠨ ᠰᠣᠷᠣᠭ᠍ᠴᠢ ᠡᠯᠰᠡᠬᠦ᠌ ᠳᠤᠭᠤᠢᠯᠠᠩ᠎ᠤᠨ ᠳᠠᠷᠤᠭ᠎ᠠ ᠸᠠᠩ ᠶᠠ ᠱᠢᠩ᠂ ᠱᠢᠯᠭᠠᠭᠤᠯᠤᠭ᠍ᠴᠢ ᠱᠢᠯᠭᠠᠯᠲᠠ᠎ᠳᠤ ᠨᠡᠷ᠎ᠡ ᠮᠡᠳᠡᠭᠦᠯᠬᠦ᠌᠎ᠳᠡᠭᠡᠨ ᠵᠠᠪᠠᠯ ᠳᠤᠷᠠᠲᠠᠶ ᠪᠤᠶᠤ ᠲᠣᠬᠢᠷᠠᠮᠵᠢᠲᠠᠶ ᠲᠤᠰᠭᠠᠶ ᠮᠡᠷᠭᠡᠵᠢᠯ᠎ᠢᠶᠠᠨ ᠰᠣᠩᠭᠤᠬᠤ ᠬᠡᠷᠡᠭ᠌ᠲᠡᠶ᠂ ᠬᠤᠭᠤᠰᠣᠨ ᠨᠡᠷ᠎ᠡ᠎ᠶ᠋ᠢ ᠬᠥᠭᠡᠭᠡᠴᠡᠯᠳᠦᠭᠡᠳ ᠰᠤᠷᠤᠭ᠍ᠴᠢ ᠡᠯᠰᠡᠬᠦ᠌ ᠬᠤᠪᠢ᠎ᠨᠢ ᠵᠢᠭᠠᠬᠠᠨ ᠳᠤᠤᠷ᠎ᠠ ᠱᠢᠭ᠋ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠪᠠᠷ ᠳᠠᠮᠵᠢᠨ ᠨᠠᠷᠠᠲᠤ ᠰᠤᠷᠭᠠᠭᠤᠯᠢ᠎ᠳᠤ ᠣᠷᠣᠵᠤ ᠪᠣᠯᠬᠤ ᠥᠬᠡᠶ᠃ 《ᠰᠠᠭᠤᠷᠢ ᠱᠢᠨᠵᠢᠯᠡᠭᠡᠨ᠎ᠤ ᠰᠠᠯᠠᠭᠠᠨ᠎ᠤ ᠰᠤᠷᠤᠭ᠍ᠴᠢ ᠡᠯᠰᠡᠬᠦ᠌ ᠦᠭᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠯᠦᠪᠯᠡᠭᠡ》 ᠳᠤ ᠲᠤᠰᠭᠠᠢ ᠮᠡᠷᠭᠡᠵᠢᠯ᠎ᠢᠶᠠᠨ ᠰᠤᠯᠢᠵᠤ ᠪᠤᠯᠬᠤ ᠦᠭᠡᠢ᠂ ᠬᠡᠷᠪᠡ ᠳᠤᠷ᠎ᠠ ᠦᠭᠡᠢ ᠪᠣᠯ ᠰᠠᠢᠨ ᠰᠤᠷᠴᠤ᠌ ᠴᠢᠳᠠᠬᠤ ᠦᠭᠡᠢ᠂ ᠳᠤᠷᠠᠱᠢᠯ ᠠᠯᠳᠠᠵᠤ ᠮᠡᠳᠡᠨ᠎ᠠ ᠭᠡᠵᠤ ᠢᠯᠡᠳᠭᠡᠪᠡ᠃
ᠬᠠᠨᠳᠤᠰᠢ ᠭᠤᠷᠪᠠ᠄ ᠢᠷᠡᠭᠡᠳᠦᠢ᠎ᠶ᠋ᠢᠨ ᠠᠵᠤ ᠦᠢᠯᠡᠰ ᠨᠡᠩ ᠬᠦᠭ᠌ᠵᠢᠶᠡᠨᠳᠠᠢ ᠪᠤᠯᠵᠤ᠂ ᠲᠤᠮᠤ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ ᠡᠮ ᠡᠮᠨᠡᠯᠭᠡ ᠵᠡᠷᠭᠡ ᠤᠯᠠᠮ᠎ᠠᠴᠠ ᠤᠯᠠᠮ ᠬᠦᠷᠢᠶᠡᠯᠡᠭ᠌ᠳᠡᠨᠠ
ᠣᠳᠣᠬᠠᠨ᠎ᠤ ᠪᠠᠢᠳᠠᠯ᠎ᠢ ᠠᠵᠢᠵᠤ ᠠᠯᠤᠰ ᠬᠡᠲᠦ᠎ᠶ᠋ᠢ ᠪᠠᠷᠠᠯᠠᠬᠤ᠎ᠳᠤ᠂ ᠡᠨᠡ ᠵᠢᠯ᠎ᠤᠨ ᠱᠢᠯᠭᠠᠭᠤᠯᠤᠭ᠍ᠴᠢ ᠲᠤᠰᠭᠠᠶ ᠮᠡᠷᠭᠡᠵᠢᠯ ᠰᠣᠩᠭᠤᠬᠤ᠎ᠳᠠᠭᠠᠨ ᠨᠡᠩ ᠠᠯᠤᠰ ᠬᠤᠯᠠ᠎ᠠᠴᠠ ᠪᠤᠳᠤᠯᠬᠢᠯᠠᠬᠤ ᠪᠤᠯᠵᠠᠢ᠃ ᠤᠯᠠᠮᠵᠢᠯᠠᠯᠲᠤ ᠬᠠᠯᠠᠮᠱᠢᠯ ᠲᠤᠰᠭᠠᠶ ᠮᠡᠷᠭᠡᠵᠢᠯ ᠵᠢᠱ᠌ᠢᠶᠡᠯᠡᠪᠡᠯ ᠺᠣᠮᠫᠢᠦ᠋ᠲ᠋ᠧᠷ ᠪᠠ ᠵᠥᠭᠡᠯᠡᠨ ᠲᠣᠨᠤᠭ᠂ ᠮᠥᠩᠭᠦᠨ ᠬᠦᠢᠯᠭᠡᠭᠡ᠂ ᠠᠵᠤ ᠠᠬᠤᠶ ᠵᠡᠷᠭᠡ ᠲᠤᠰᠭᠠᠶ ᠮᠡᠷᠭᠡᠵᠢᠯ ᠬᠦᠷᠢᠶᠡᠯᠡᠯ᠎ᠲᠠᠢ ᠪᠠᠢᠬᠤ᠎ᠠᠴᠠ ᠭᠠᠳᠠᠨ᠎ᠠ᠂ ᠵᠠᠷᠢᠮ ᠱᠢᠨ᠎ᠡ᠎ᠪᠠᠷ ᠮᠠᠨᠳᠤᠭ᠍ᠰᠠᠨ ᠲᠤᠰᠭᠠᠶ ᠮᠡᠷᠭᠡᠵᠢᠯ ᠵᠢᠱ᠌ᠢᠶᠡᠯᠡᠪᠡᠯ ᠲᠣᠮᠣ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠡᠮ ᠡᠮᠨᠡᠯᠭᠡ ᠵᠡᠷᠭᠡ ᠴᠦ᠍ ᠤᠯᠠᠮ᠎ᠠᠴᠠ ᠤᠯᠠᠮ ᠬᠥᠭ᠌ᠵᠢᠶᠡᠨ᠎ᠲᠠᠢ ᠪᠣᠯᠵᠣ ᠪᠠᠢᠨ᠎ᠠ᠃
2020 ᠣᠨ᠎ᠠᠴᠠ ᠪᠥᠬᠦ᠌ ᠤᠯᠤᠰ᠎ᠤᠨ ᠡᠯ᠎ᠡ ᠭᠠᠵᠠᠷ᠎ᠤᠨ ᠠᠨᠠᠭᠠᠬᠤ ᠤᠬᠠᠭᠠᠨ᠎ᠤ ᠲᠤᠰᠭᠠᠶ ᠮᠡᠷᠭᠡᠵᠢᠯ᠎ᠳᠤ ᠨᠡᠷ᠎ᠡ ᠮᠡᠳᠡᠭᠦᠯᠬᠦ᠌ ᠱᠢᠯᠭᠠᠭᠤᠯᠤᠭ᠍ᠴᠢ ᠶᠡᠭᠡ᠎ᠪᠠᠷ ᠨᠡᠮᠡᠭ᠌ᠳᠡᠭ᠌ᠰᠡᠨ᠎ᠠᠴᠠ ᠨᠠᠭᠠᠰᠢ᠂ 2021 ᠣᠨ᠎ᠤ ᠠᠨᠠᠭᠠᠬᠤ ᠤᠬᠠᠭᠠᠨ᠎ᠤ ᠲᠥᠷᠥᠯ᠎ᠤᠨ ᠲᠤᠰᠭᠠᠶ ᠮᠡᠷᠭᠡᠵᠢᠯ᠎ᠳᠤ ᠨᠡᠷ᠎ᠡ ᠮᠡᠳᠡᠭᠦᠯᠬᠦ᠌ ᠪᠠᠢᠳᠠᠯ ᠦᠷᠭᠦᠯᠵᠢᠯᠡᠨ ᠰᠠᠢᠵᠢᠷᠠᠪᠠ᠃ ᠭᠤᠸᠠᠩᠳᠦ᠋ᠩ ᠮᠤᠵᠢ᠎ᠶ᠋ᠢᠨ ᠰᠤᠷᠭᠠᠨ ᠬᠥᠮᠦᠵᠢᠯ᠎ᠤᠨ ᠱᠢᠯᠭᠠᠯᠲᠠ᠎ᠶ᠋ᠢᠨ ᠬᠦᠷᠢᠶᠡᠯᠡᠩ᠎ᠤᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ᠂ ᠡᠨᠡ ᠵᠢᠯ ᠭᠤᠸᠠᠩᠳᠦ᠋ᠩ ᠮᠤᠵᠢ᠎ᠶ᠋ᠢᠨ ᠱᠢᠯᠭᠠᠭᠤᠯᠤᠭ᠍ᠴᠢ ᠠᠨᠠᠭᠠᠬᠤ ᠤᠬᠠᠭᠠᠨ᠎ᠤ ᠲᠥᠷᠥᠯ᠎ᠤᠨ ᠲᠤᠰᠭᠠᠶ ᠮᠡᠷᠭᠡᠵᠢᠯ᠎ᠳᠤ ᠨᠡᠷ᠎ᠡ ᠮᠡᠳᠡᠭᠦᠯᠬᠦ᠌ ᠤᠷᠮᠠᠰ ᠪᠠᠭᠤᠷᠠᠭ᠍ᠰᠠᠨ ᠥᠬᠡᠶ᠂ ᠢᠯᠠᠩᠭᠤᠶ᠎ᠠ ᠵᠢᠩᠬᠢᠨᠢ ᠠᠩᠭᠢ ᠪᠠ ᠠᠰᠫᠢᠷᠠᠨᠲ ᠳ᠋ᠣᠺᠲ᠋ᠣᠷᠠᠨᠲ ᠵᠠᠯᠭᠠᠭ᠎ᠠ᠎ᠪᠠᠷ ᠰᠤᠷᠤᠯᠴᠠᠬᠤ ᠨᠠᠢ᠍ᠮᠠᠨ ᠵᠢᠯ᠎ᠤᠨ ᠳᠦᠷᠢᠮᠲᠦ ᠲᠤᠰᠭᠠᠶ ᠮᠡᠷᠭᠡᠵᠢᠯ᠎ᠨᠢ ᠨᠠᠩ ᠢᠯᠡᠭᠦᠦ ᠲᠠᠭᠠᠱᠢᠶᠠᠭ᠍ᠳᠠᠵᠤ ᠪᠠᠢᠨ᠎ᠠ᠂ ᠭᠤᠸᠠᠩᠵᠧᠦ᠎ᠶ᠋ᠢᠨ ᠬᠢᠲᠠᠳ ᠡᠮ ᠡᠮᠨᠡᠯᠭᠡ᠎ᠶ᠋ᠢᠨ ᠶᠡᠭᠡ ᠰᠤᠷᠭᠠᠭᠤᠯᠢ᠂ ᠡᠮᠦᠨᠡᠲᠦ᠎ᠶ᠋ᠢᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠤᠯᠪᠣᠭ᠍ᠳᠠᠯ ᠪᠥᠬᠦᠶ ᠲᠤᠰᠭᠠᠶ ᠮᠡᠷᠭᠡᠵᠢᠯ᠎ᠳᠤ ᠨᠡᠷ᠎ᠡ ᠮᠡᠳᠡᠭᠦᠯᠦᠭ᠌ᠰᠡᠨ ᠬᠦᠮᠦᠨ᠎ᠤ ᠲᠤᠭ᠎ᠠ᠎ᠨᠢ ᠨᠢᠳᠤᠨᠤᠨ᠎ᠤ᠎ᠬᠢ᠎ᠠᠴᠠ ᠲᠣᠰ ᠲᠣᠰ 5000 ᠭᠠᠷᠤᠶ ᠣᠷᠣᠨ ᠲᠤᠭ᠎ᠠ᠂ 1000 ᠭᠠᠷᠤᠶ ᠣᠷᠣᠨ ᠲᠤᠭ᠎ᠠ ᠳᠡᠭᠡᠭ᠌ᠰᠢᠯᠡᠭ᠌ᠰᠡᠨ ᠪᠠᠢᠨ᠎ᠠ ᠭᠡᠵᠤ ᠲᠠᠨᠢᠯᠴᠠᠭᠤᠯᠵᠠᠢ᠃
ᠲᠤᠰᠭᠠᠶ ᠮᠡᠷᠭᠡᠵᠢᠯᠲᠡᠨ᠎ᠤ ᠵᠠᠳᠠᠯᠤᠭ᠍ᠰᠠᠨ᠎ᠢᠶᠠᠷ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠤᠰᠭᠠᠶ ᠮᠡᠷᠭᠡᠵᠢᠯ᠎ᠳᠤ ᠬᠦᠮᠦᠰ ᠨᠢᠭᠡ ᠦᠶ᠎ᠠ ᠨᠡᠷ᠎ᠠ ᠮᠡᠳᠡᠭᠦᠯᠬᠦ᠌ ᠳᠤᠷ᠎ᠠ ᠦᠭᠡᠢ ᠪᠠᠢᠵᠠᠢ᠂ ᠤᠳᠤᠬᠠᠨ᠎ᠳᠤ ᠶᠡᠭᠡ᠎ᠪᠠᠷ ᠬᠦᠷᠢᠶᠡᠯᠡᠭ᠌ᠳᠡᠵᠤ᠂ ᠶᠡᠭᠡ ᠬᠡᠮᠵᠢᠶᠡᠨ᠎ᠤ ᠥᠨᠳᠥᠷ ᠬᠤᠪᠢ ᠣᠯᠤᠭ᠍ᠰᠠᠨ ᠱᠢᠯᠭᠠᠭᠤᠯᠤᠭ᠍ᠴᠢ᠎ᠶ᠋ᠢ ᠲᠠᠲᠠᠵᠤ ᠪᠠᠢᠨ᠎ᠠ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠨᠢ ᠡᠮᠴᠢ᠎ᠶ᠋ᠢᠨ ᠠᠵᠢᠯ ᠮᠡᠷᠭᠡᠵᠢᠯ᠎ᠤᠨ ᠦᠨ᠎ᠡ ᠥᠷᠲᠡᠭ ᠪᠠ ᠠᠵᠢᠯ ᠮᠡᠷᠭᠡᠵᠢᠯ᠎ᠤᠨ ᠳᠦᠷᠢ ᠲᠥᠷᠬᠦ᠌᠎ᠶ᠋ᠢ ᠳᠣᠪᠤᠢᠯᠭᠠᠭ᠍ᠰᠠᠨᠠᠴᠠ ᠭᠠᠳᠠᠨ᠎ᠠ᠂ ᠪᠠᠰᠠ ᠨᠠᠰᠤᠵᠢᠯ᠎ᠤᠨ ᠨᠡᠢᠭᠡᠮ ᠬᠦᠷᠴᠦ᠍ ᠢᠷᠡᠬᠦ᠌ ᠦᠶ᠎ᠡ᠎ᠳᠤ ᠡᠮᠴᠢᠯᠡᠭᠡᠨ᠎ᠤ ᠥᠨᠳᠥᠷ ᠬᠡᠷᠡᠭ᠌ᠴᠡᠭᠡ ᠡᠭᠦᠰᠭᠦ ᠪᠣᠯᠤᠨ᠎ᠠ ᠭᠡᠳᠡᠭ᠎ᠢ ᠴᠥᠭᠡᠨ ᠪᠤᠰᠤ ᠱᠢᠯᠭᠠᠭᠤᠯᠤᠭ᠍ᠴᠢ ᠲᠠᠨᠢᠵᠤ ᠣᠯᠤᠭ᠍ᠰᠠᠨ ᠪᠠᠢᠨ᠎ᠠ ᠭᠡᠵᠠᠢ᠃
ᠬᠠᠨᠳᠤᠰᠢ ᠲᠦᠷᠪᠡ᠄ ᠭᠡᠷ᠎ᠤᠨ ᠠᠬᠠᠮᠠᠳ᠎ᠤᠨ ᠰᠠᠨᠠᠭ᠎ᠠ᠎ᠪᠠᠷ ᠪᠤᠯᠵᠤ ᠪᠠᠢᠭ᠍ᠰᠠᠨ᠎ᠠᠴᠠ ᠤᠳᠤ ᠱᠢᠯᠭᠠᠭᠤᠯᠤᠭ᠍ᠰᠠᠳ ᠦᠪᠡᠷ᠎ᠤᠨ ᠳᠤᠷ᠎ᠠ ᠰᠤᠨᠢᠷᠬᠠᠯ᠎ᠢᠶᠠᠨ ᠨᠡᠩ ᠢᠯᠡᠭᠦᠦ ᠬᠦᠨᠳᠦᠳᠭᠡᠬᠦ᠌ ᠪᠤᠯᠵᠠᠢ
ᠰᠤᠷᠪᠤᠯᠵᠢᠯᠠᠭ᠍ᠴᠢ ᠰᠤᠷᠪᠤᠯᠵᠢᠯᠠᠬᠤ ᠳᠤᠮᠳᠠ᠎ᠪᠠᠨ ᠣᠯᠵᠤ ᠮᠡᠳᠡᠭ᠌ᠰᠡᠨ᠎ᠨᠢ᠂ ᠥᠩᠭᠡᠷᠡᠭ᠌ᠰᠡᠨ᠎ᠳᠤ ᠶᠡᠭᠡ ᠳᠡᠭᠡᠳᠦ ᠰᠤᠷᠭᠠᠭᠤᠯᠢ᠎ᠳᠤ ᠡᠷᠡᠮᠡᠯᠵᠡᠯ ᠮᠡᠳᠡᠭᠦᠯᠬᠦ᠌᠎ᠳᠤ ᠣᠯᠠᠩᠬᠢ᠎ᠨᠢ ᠡᠴᠢᠭᠡ ᠡᠬᠡ᠎ᠶ᠋ᠢᠨ᠎ᠢᠶᠠᠨ ᠰᠠᠨᠠᠯ᠎ᠢᠶᠠᠷ ᠭᠤᠤᠯ ᠪᠣᠯᠭᠠᠵᠤ ᠪᠠᠢᠪᠠ᠂ ᠡᠨᠡ ᠬᠤᠶᠠᠷ ᠵᠢᠯ᠎ᠳᠤ ᠱᠢᠯᠭᠠᠭᠤᠯᠤᠭ᠍ᠴᠢ᠎ᠠᠴᠠ ᠬᠤᠪᠢ ᠬᠥᠮᠦᠨ᠎ᠤ ᠳᠤᠷ᠎ᠠ ᠰᠣᠨᠢᠷᠬᠠᠯ᠎ᠢᠶᠠᠨ ᠨᠡᠩ ᠢᠯᠡᠭᠦᠦ ᠪᠤᠳᠤᠯᠬᠢᠯᠠᠬᠤ ᠪᠤᠯᠵᠠᠢ᠃ ᠪᠡᠭᠡᠵᠢᠩ ᠶᠡᠭᠡ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠠᠵᠢᠯ᠎ᠤᠨ ᠠᠯᠪᠠᠨ ᠬᠡᠷ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠰᠤᠷᠤᠭ᠍ᠴᠢᠳ ᠡᠷᠡᠮᠡᠯᠵᠡᠯ᠎ᠢᠶᠠᠨ ᠲᠠᠭ᠍ᠯᠠᠨ ᠮᠡᠳᠡᠭᠦᠯᠬᠦ᠌᠎ᠳᠡᠭᠡᠨ ᠨᠠᠩ ᠴᠤ᠌ ᠦᠪᠡᠷ᠎ᠤᠨ ᠳᠣᠲᠣᠭᠠᠳᠤ ᠰᠡᠳᠭᠢᠯ᠎ᠢᠶᠠᠨ ᠵᠢᠷᠤᠮᠯᠠᠬᠤ ᠪᠤᠯᠵᠠᠢ ᠭᠡᠵᠤ ᠬᠡᠯᠡᠪᠡ᠃
ᠸᠠᠩ ᠶᠤᠸᠠᠢ᠂ ᠰᠣᠷᠣᠭ᠍ᠴᠢᠳ ᠲᠤᠰᠭᠠᠶ ᠮᠡᠷᠭᠡᠵᠢᠯ ᠰᠣᠩᠭᠤᠬᠤ᠎ᠳᠠᠭᠠᠨ ᠪᠡᠶ᠎ᠡ᠎ᠪᠠᠨ ᠳᠠᠭᠠᠭᠠᠬᠤ ᠴᠢᠨᠠᠷ᠎ᠢᠶᠠᠷ ᠨᠠᠩ ᠴᠢᠩᠭ᠎ᠠ ᠪᠤᠯᠵᠤ᠂ ᠳᠤᠷ᠎ᠠ ᠰᠣᠨᠢᠷᠬᠠᠯ ᠪᠠ ᠣᠨᠴᠠᠯᠢᠭ᠎ᠢᠶᠠᠨ ᠦᠨᠳᠦᠰᠦᠯᠡᠨ᠂ ᠤᠤᠯ᠎ᠤᠨ ᠱᠢᠭ᠋ ᠲᠠᠩ ᠭᠠᠭ᠍ᠴᠠ ᠰᠤᠷᠭᠠᠭᠤᠯᠢ᠎ᠶ᠋ᠢ ᠯᠠ ᠬᠦᠭᠡᠭᠡᠴᠡᠯᠳᠦᠬᠦ᠌ ᠦᠭᠡᠢ ᠪᠤᠯᠵᠠᠢ ᠭᠡᠵᠤ ᠬᠡᠯᠡᠨ᠎ᠠ᠃
ᠲᠤᠰᠭᠠᠶ ᠮᠡᠷᠭᠡᠵᠢᠯᠲᠡᠨ᠎ᠠᠴᠠ᠂ ᠣᠳᠣᠬᠠᠨ᠎ᠳᠤ ᠵᠠᠷᠢᠮ ᠰᠤᠷᠭᠠᠭᠤᠯᠢ ᠨᠢᠭᠡᠨᠲᠡ ᠳᠤᠮᠳᠠᠳᠤ ᠰᠤᠷᠭᠠᠭᠤᠯᠢ᠎ᠶ᠋ᠢᠨ ᠱᠠᠲᠤᠨ᠎ᠠᠴᠠ ᠡᠬᠢᠯᠡᠨ ᠰᠤᠷᠤᠭ᠍ᠴᠢᠳ᠎ᠲᠤ ᠠᠵᠢᠯ ᠠᠮᠢᠳᠤᠷᠠᠯ᠎ᠤᠨ ᠲᠥᠯᠥᠪᠵᠢᠭᠦᠯᠭᠡ᠎ᠶ᠋ᠢᠨ ᠬᠥᠮᠦᠵᠢᠯ ᠬᠢᠬᠦ᠌᠎ᠶ᠋ᠢ ᠴᠢᠬᠤᠯᠠᠴᠢᠯᠠᠵᠤ᠂ ᠰᠤᠷᠤᠭ᠍ᠴᠢᠳ᠎ᠲᠤ ᠥᠪᠡᠷ᠎ᠤᠨ ᠬᠢᠨᠢ ᠳᠤᠷ᠎ᠠ ᠰᠣᠨᠢᠷᠬᠠᠯ ᠪᠠ ᠣᠨᠴᠠ ᠴᠢᠳᠠᠪᠤᠷᠢ᠎ᠶ᠋ᠢ ᠨᠠᠩ ᠡᠷᠲᠡ ᠣᠢᠯᠠᠭᠠᠭᠤᠯᠵᠤ᠂ ᠵᠣᠬᠢᠬᠤ ᠦᠷ᠎ᠡ ᠪᠦᠲᠦᠮᠵᠢ ᠣᠯᠤᠭ᠍ᠰᠠᠨ ᠪᠠᠢᠨ᠎ᠠ᠃ ᠢᠷᠡᠭᠡᠳᠦᠶ᠎ᠳᠤ᠂ ᠰᠤᠷᠤᠭ᠍ᠴᠢᠳ᠎ᠤᠨ ᠲᠤᠰᠭᠠᠶ ᠮᠡᠷᠭᠡᠵᠢᠯ ᠰᠣᠩᠭᠤᠬᠤ᠎ᠳᠤ ᠬᠤᠪᠢ ᠬᠥᠮᠦᠨ᠎ᠤ ᠳᠤᠷ᠎ᠠ ᠰᠣᠨᠢᠷᠬᠠᠯ ᠪᠤᠯᠤᠨ ᠤᠯᠤᠰ᠎ᠤᠨ ᠬᠥᠭ᠌ᠵᠢᠯᠲᠡ᠎ᠲᠠᠢ ᠤᠶᠠᠯᠳᠤᠭᠤᠯᠬᠤ᠎ᠶ᠋ᠢ ᠨᠠᠩ ᠴᠢᠬᠤᠯᠠᠴᠢᠯᠠᠵᠤ᠂ ᠵᠠᠷᠢᠮ ᠴᠢᠬᠤᠯᠠ 《ᠬᠦᠢᠲᠡᠨ》 ᠲᠤᠰᠭᠠᠶ ᠮᠡᠷᠭᠡᠵᠢᠯ᠎ᠢ ᠬᠥᠭ᠌ᠵᠢᠶᠡᠨᠲᠡᠶ ᠪᠣᠯᠭᠠᠬᠤ ᠬᠡᠷᠡᠭ᠌ᠲᠡᠶ ᠭᠡᠵᠤ ᠦᠵᠡᠵᠤ ᠪᠤᠢ᠃
ᠱᠢᠨᠬᠤᠸᠠ ᠬᠤᠷᠢᠶᠠᠨ᠎ᠤ ᠪᠡᠭᠡᠵᠢᠩ᠎ᠤᠨ 8 ᠰᠠᠷ᠎ᠠ᠎ᠶ᠋ᠢᠨ 2 ᠤᠨ ᠴᠠᠬᠢᠯᠭᠠᠨ ᠮᠡᠳᠡᠭᠡ