ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠠᠤᠯᠢ ᠴᠠᠭᠠᠵᠠ᠎ᠶ᠋ᠢᠨ ᠲᠢᠩᠬᠢᠮ᠎ᠳᠤ ᠤᠬᠠᠭᠤᠯᠤᠨ ᠲᠠᠢᠯᠪᠤᠷᠢᠯᠠᠪᠠ
2021-08-04 10:36:28
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 2 ᠎ᠤᠨ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠳᠤ ᠶᠠᠪᠤᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠠᠵᠢᠯ᠎ᠤᠨ ᠬᠤᠷᠢᠶ᠎ᠠ᠎ᠶ᠋ᠢᠨ ᠬᠤᠶᠠᠳᠤᠭᠠᠷ ᠳᠡᠰ᠎ᠤᠨ ᠲᠣᠭᠤᠷᠢᠨ ᠪᠠᠢᠴᠠᠭᠠᠭ᠍ᠴᠢ ᠵᠠᠢ ᠬᠤᠢ ᠵᠢᠶᠦ᠋ᠨ ᠲᠤᠰᠭᠠᠢ ᠰᠡᠳᠦᠪ᠎ᠢᠶᠠᠷ ᠤᠬᠠᠭᠤᠯᠤᠨ ᠲᠠᠢᠯᠪᠤᠷᠢᠯᠠᠪᠠ᠃

ᠮᠡᠳᠡᠭᠦᠯᠦᠯᠲᠡ᠎ᠶ᠋ᠢᠨ ᠬᠤᠷᠠᠯ ᠳᠡᠭᠡᠷ᠎ᠡ᠂ ᠵᠠᠢ ᠬᠤᠢ ᠵᠢᠶᠦ᠋ᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠴᠢᠬᠤᠯᠠ ᠠᠴᠢ ᠬᠤᠯᠪᠣᠭ᠍ᠳᠠᠯ᠂ ᠪᠠᠶᠠᠯᠢᠭ ᠠᠭᠤᠯᠤᠭ᠍ᠳᠠᠬᠤᠨ ᠪᠣᠯᠤᠨ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠣᠢᠯᠠᠭᠠᠬᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠦᠨᠡᠨ ᠬᠦ᠌ ᠰᠠᠢᠲᠤᠷ ᠬᠢᠬᠦ᠌ ᠵᠡᠷᠭᠡ ᠲᠠᠯ᠎ᠠ᠎ᠠᠴᠠ ᠭᠦᠨᠵᠡᠭᠡᠢ ᠲᠣᠳᠣᠷᠬᠠᠢᠯᠠᠨ ᠥᠭᠦᠯᠡᠭ᠌ᠰᠡᠨ ᠪᠥᠭᠡᠳ ᠤᠬᠠᠭᠤᠯᠤᠨ ᠲᠠᠢᠯᠪᠤᠷᠢᠯᠠᠵᠤ᠂ ᠵᠠᠯᠠᠭᠤ ᠨᠠᠮ᠎ᠤᠨ ᠭᠡᠱᠢᠭᠦᠨ ᠺᠠᠳ᠋ᠷᠴᠤᠳ᠎ᠲᠠᠢ ᠰᠠᠨᠠᠯ᠎ᠢᠶᠠᠨ ᠰᠣᠯᠢᠯᠴᠠᠵᠤ᠂ ᠲᠤᠬᠠᠢ᠎ᠶ᠋ᠢᠨ ᠲᠠᠯᠠᠪᠠᠢ᠎ᠳᠤ ᠮᠠᠳᠠᠭ᠎ᠲᠠᠢ ᠠᠰᠠᠭᠤᠳᠠᠯ᠎ᠳᠤ ᠬᠠᠷᠢᠭᠤᠯᠲᠠ ᠥᠭ᠌ᠪᠡ᠃ ᠤᠬᠠᠭᠤᠯᠤᠨ ᠲᠠᠢᠯᠪᠤᠷᠢᠯᠠᠬ᠍ᠰᠠᠨ ᠮᠡᠳᠡᠭᠦᠯᠦᠯᠲᠡ᠎ᠶ᠋ᠢᠨ ᠭᠤᠣᠯ ᠰᠡᠳᠦᠪ᠎ᠨᠢ ᠢᠯᠡ ᠲᠣᠳᠣ᠂ ᠠᠭᠤᠯᠭ᠎ᠠ᠎ᠨᠢ ᠪᠠᠶᠠᠯᠢᠭ᠂ ᠦᠵᠡᠯ ᠰᠠᠨᠠᠭ᠎ᠠ᠎ᠨᠢ ᠭᠦᠨᠵᠡᠭᠡᠢ᠂ ᠤᠨᠤᠯ᠎ᠤᠨ ᠲᠠᠯ᠎ᠠ᠎ᠶ᠋ᠢᠨ ᠬᠤᠷᠢᠶᠠᠩᠭᠤᠢ᠍ᠢᠯᠠᠯ ᠪᠠᠢᠬᠤ᠎ᠠᠴᠠ ᠭᠠᠳᠠᠨ᠎ᠠ ᠦᠢᠯᠡᠳᠦᠯᠭᠡ᠎ᠶ᠋ᠢᠨ ᠲᠠᠯ᠎ᠠ᠎ᠶ᠋ᠢᠨ ᠵᠢᠯᠤᠭᠤᠳᠤᠯᠭ᠎ᠠ᠎ᠲᠠᠢ ᠪᠠᠢᠵᠦ᠍᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠤᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠳᠤ ᠳᠤᠷᠠᠳᠤᠭ᠍ᠰᠠᠨ ᠠᠯᠢ ᠤᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ ᠪᠠ ᠱᠢᠨ᠎ᠡ ᠨᠤᠲᠠᠯᠠᠯᠲᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠡᠵᠡᠮᠱᠢᠵᠦ᠍᠂ ᠱᠢᠨ᠎ᠡ ᠠᠶᠠᠨ ᠵᠠᠮ᠎ᠳᠤ ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ ᠮᠠᠰᠢ ᠴᠢᠩᠭ᠎ᠠ ᠵᠢᠯᠣᠭᠤᠳᠭᠤ ᠠᠴᠢ ᠬᠤᠯᠪᠣᠭ᠍ᠳᠠᠯ᠎ᠲᠠᠢ ᠶᠤᠮ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号