ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠵᠤ ᠪᠣᠭᠤᠮᠲᠠ᠎ᠶ᠋ᠢᠨ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ — ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠮᠠᠨᠵᠤᠤᠷ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠳ᠋ᠦ᠋ ᠯᠢᠶᠠᠨ ᠾᠧ᠎ᠶ᠋ᠢ ᠰᠤᠷᠪᠤᠯᠵᠢᠯᠠᠭ᠍ᠰᠠᠨ᠎ᠨᠢ
2021-08-04 10:36:58
ᠵᠣᠬᠢᠶᠠᠭ᠍ᠴᠢ᠄
ᠯᠢ ᠢᠦᠶ ᠵᠦᠸᠧ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯ ᠵᠠᠭᠤᠨ ᠵᠢᠯ᠎ᠤᠨ ᠨᠠᠮ᠎ᠤᠨ ᠲᠡᠦᠬᠡ᠎ᠶ᠋ᠢᠨ ᠭᠡᠷᠡᠯ ᠰᠠᠴᠤᠷᠠᠩᠭᠤᠢ ᠥᠩᠭᠡᠷᠡᠯᠲᠡ᠎ᠶ᠋ᠢᠨ ᠲᠤᠬᠠᠢ ᠨᠢᠭᠡᠨ ᠤᠳᠠᠭ᠎ᠠ᠎ᠶ᠋ᠢᠨ ᠭᠦᠨᠵᠡᠭᠡᠢ ᠳ᠋ᠦᠩᠨᠡᠯᠲᠡ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠲᠤᠬᠠᠢ ᠨᠢᠭᠡᠨ ᠤᠳᠠᠭ᠎ᠠ᠎ᠶ᠋ᠢᠨ ᠲᠥᠪ ᠴᠢᠩᠭ᠎ᠠ ᠲᠠᠩᠭᠠᠷᠢᠭ ᠮᠥᠨ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠴᠡᠷᠢᠭ᠌ᠯᠡᠬᠦ᠌ ᠤᠷᠤᠭ᠍ᠰᠢᠯᠠᠯᠲᠠ᠎ᠶ᠋ᠢᠨ ᠵᠠᠷᠯᠢᠭ ᠪᠤᠯᠬᠤ ᠶᠤᠮ᠃ ᠮᠠᠨᠵᠤᠤᠷ ᠬᠤᠳᠠ᠎ᠶ᠋ᠢᠨ᠎ᠬᠢᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠨ ᠲᠤᠭᠤᠱᠢᠯᠠᠭᠤᠯᠵᠤ ᠰᠠᠢᠲᠤᠷ ᠨᠠᠢᠳᠠᠪᠤᠷᠢᠵᠢᠭᠤᠯᠬᠤ᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠤᠷᠪᠤᠯᠵᠢᠯᠠᠭ᠍ᠴᠢ ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠮᠠᠨᠵᠤᠤᠷ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠳ᠋ᠦ᠋ ᠯᠢᠶᠠᠨ ᠾᠧ᠎ᠶ᠋ᠢ ᠰᠤᠷᠪᠤᠯᠵᠢᠯᠠᠪᠠ᠃

ᠳ᠋ᠦ᠋ ᠯᠢᠶᠠᠨ ᠡᡁᠧ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢᠨ ᠲᠡᠦᠬᠡᠲᠦ ᠴᠢᠨᠠᠷᠲᠠᠢ ᠴᠠᠭ ᠮᠥᠴᠡ᠎ᠳᠤ ᠶᠡᠷᠦᠩᠬᠡᠢ ᠱᠦᠵᠢ ᠰᠢ᠎ᠶ᠋ᠢᠨ ᠫᠢᠩ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠤᠷᠱᠢᠬᠢ ᠲᠡᠮᠡᠴᠡᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠤᠷᠭᠢᠯᠤᠮ᠎ᠠ ᠰᠡᠳᠭᠢᠯᠭᠡ᠎ᠪᠠᠷ ᠡᠷᠭᠢᠴᠡᠭᠦᠯᠤᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠤᠷᠱᠢᠬᠢ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠭᠦᠳᠦᠨ ᠪᠦᠲᠦᠭᠡᠭ᠌ᠰᠡᠨ ᠠᠭᠤᠤ ᠶᠡᠭᠡ ᠠᠮᠵᠢᠯᠲᠠ᠎ᠶ᠋ᠢ ᠳᠡᠭᠡᠳᠦ ᠬᠡᠮᠵᠢᠶ᠎ᠡ᠎ᠪᠠᠷ ᠦᠨᠡᠯᠡᠵᠦ᠍᠂ ᠲᠡᠦᠬᠡ᠎ᠪᠠᠷ ᠲᠤᠯᠢ ᠪᠤᠯᠭᠠᠨ ᠢᠷᠡᠭᠡᠳᠦᠢ᠎ᠶ᠋ᠢ ᠴᠤᠭ᠍ᠴᠠᠯᠠᠬᠤ 《ᠶᠢᠰᠦᠨ ᠡᠷᠬᠡᠪᠰᠢ》 ᠎ᠶ᠋ᠢᠨ ᠲᠤᠷᠱᠢᠯᠭ᠎ᠠ ᠰᠡᠩᠬᠡᠷᠡᠭᠦᠯᠦᠯ ᠪᠣᠯᠤᠨ ᠦᠨᠳᠦᠰᠦᠨ ᠱᠠᠭᠠᠷᠳᠠᠯᠭ᠎ᠠ᠎ᠶ᠋ᠢ ᠱᠢᠰᠲ᠋ᠧᠮ᠎ᠲᠠᠢ᠎ᠪᠠᠷ ᠲᠣᠳᠣᠷᠬᠠᠢᠯᠠᠨ ᠥᠭᠦᠯᠡᠵᠦ᠍᠂ ᠪᠦᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠎ᠳᠤ ᠱᠢᠨ᠎ᠡ ᠴᠠᠭ ᠦᠶ᠎ᠡ᠎ᠶ᠋ᠢᠨ ᠤᠷᠢᠶᠠᠯᠠᠭ᠎ᠠ ᠭᠠᠷᠭᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠭᠡᠷᠡᠯ ᠭᠢᠯᠪᠠᠭ᠎ᠠ᠎ᠶ᠋ᠢ ᠰᠠᠴᠤᠷᠠᠭᠤᠯᠤᠨ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠳᠡ ᠴᠢᠩᠭ᠎ᠠ ᠲᠡᠦᠬᠡ᠎ᠶ᠋ᠢᠨ ᠡᠭᠦᠷᠭᠡᠯᠡᠯ ᠪᠤᠯᠤᠨ ᠣᠮᠤᠭ ᠲᠡᠭᠦᠯᠳᠡᠷ ᠴᠠᠭ ᠦᠶ᠎ᠡ᠎ᠶ᠋ᠢᠨ ᠢᠲᠡᠭᠡᠯ᠎ᠢ ᠲᠤᠰᠭᠠᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠯᠤᠰ ᠬᠡᠲᠦ᠎ᠶ᠋ᠢᠨ ᠢᠲᠡᠭᠡᠯ ᠬᠦᠰᠡᠯ ᠪᠤᠯᠤᠨ ᠴᠥᠬᠦᠷᠡᠰᠢ ᠦᠭᠡᠢ ᠲᠡᠮᠡᠴᠡᠬᠦ᠌ ᠵᠣᠷᠢᠭ ᠰᠠᠨᠠᠭ᠎ᠠ᠎ᠶ᠋ᠢ ᠪᠦᠷᠢᠮᠦᠰᠤᠨ ᠬᠠᠷᠠᠭᠤᠯᠵᠠᠢ᠃ ᠡᠨᠡ ᠪᠤᠯ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠯᠤᠰ ᠲᠥᠷᠥ᠎ᠶ᠋ᠢᠨ ᠲᠤᠩᠬᠠᠭ᠂ ᠪᠦᠬᠦ᠌ ᠤᠯᠤᠰ᠎ᠤᠨ ᠠᠷᠠᠳ ᠲᠦᠮᠡᠨ᠎ᠤ ᠡᠷᠡᠯᠬᠡᠭ᠌ᠯᠡᠨ ᠤᠷᠤᠭ᠍ᠰᠢᠯᠠᠬᠤ ᠭᠡᠷᠡᠯᠲᠦ ᠴᠠᠮᠬᠠᠭ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦᠨ᠎ᠳᠤ ᠲᠡᠮᠡᠤᠯᠬᠦ᠌ ᠦᠢᠯᠡ ᠠᠵᠢᠯᠯᠠᠭ᠎ᠠ᠎ᠶ᠋ᠢᠨ ᠪᠦᠷᠢᠶ᠎ᠡ ᠪᠠᠢᠵᠤ᠂ ᠬᠦᠴᠦᠷᠬᠡᠭ ᠶᠡᠭᠡ ᠦᠵᠡᠯ ᠰᠠᠨᠠᠭᠠᠨ᠎ᠤ ᠳᠣᠩᠰᠣᠯᠭᠠᠬᠤ ᠬᠦᠴᠦᠨ᠂ ᠴᠠᠭ ᠦᠶ᠎ᠡ᠎ᠶ᠋ᠢᠨ ᠤᠷᠢᠶᠠᠯᠠᠬᠤ ᠬᠦᠴᠦᠨ ᠪᠠ ᠦᠢᠯᠡᠳᠦᠯᠭᠡ᠎ᠶ᠋ᠢᠨ ᠵᠢᠯᠣᠭᠤᠳᠭᠤ ᠬᠦᠴᠦᠨ᠎ᠲᠠᠢ ᠶᠤᠮ᠂ ᠴᠢᠬᠤᠯᠠ ᠶᠡᠭᠡ ᠤᠯᠤᠰ ᠲᠥᠷᠥ᠎ᠶ᠋ᠢᠨ ᠠᠴᠢ ᠬᠤᠯᠪᠣᠭ᠍ᠳᠠᠯ᠂ ᠲᠡᠦᠬᠡᠲᠦ ᠠᠴᠢ ᠬᠤᠯᠪᠣᠭ᠍ᠳᠠᠯ᠂ ᠴᠠᠭ ᠦᠶ᠎ᠡ᠎ᠶ᠋ᠢᠨ ᠠᠴᠢ ᠬᠤᠯᠪᠣᠭ᠍ᠳᠠᠯ ᠪᠠ ᠪᠣᠳᠠᠲᠤ ᠠᠴᠢ ᠬᠤᠯᠪᠣᠭ᠍ᠳᠠᠯ᠎ᠲᠠᠢ ᠶᠤᠮ ᠬᠡᠯ᠎ᠠ᠃

ᠳ᠋ᠦ᠋ ᠯᠢᠶᠠᠨ ᠡᡁᠧ᠂ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠴᠢᠬᠤᠯᠠ ᠶᠡᠭᠡ ᠠᠴᠢ ᠬᠤᠯᠪᠣᠭ᠍ᠳᠠᠯ᠂ ᠪᠠᠶᠠᠯᠢᠭ ᠠᠭᠤᠯᠤᠭ᠍ᠳᠠᠬᠤᠨ᠂ ᠭᠤᠣᠯ ᠠᠭᠤᠯᠭ᠎ᠠ ᠪᠤᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠲᠠᠢ ᠨᠢᠭ᠍ᠲᠠ ᠤᠶᠠᠯᠳᠤᠭᠤᠯᠵᠤ᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠬᠢᠯᠢ᠎ᠶ᠋ᠢᠨ ᠪᠣᠭᠤᠮᠲᠠ᠎ᠶ᠋ᠢᠨ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠪᠡ᠃

ᠨᠢᠭᠡ᠎ᠳᠤ᠂ ᠤᠯᠤᠰ ᠲᠦᠷᠦ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠤᠨ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠣᠯᠭᠠᠨ ᠴᠢᠩᠭ᠎ᠠ ᠠᠳᠭᠤᠵᠤ ᠪᠣᠳᠠᠲᠠᠢ ᠠᠳᠭᠤᠨ ᠰᠠᠢᠲᠤᠷ ᠠᠳᠭᠤᠨ᠎ᠠ᠃ ᠱᠢᠨ᠎ᠡ ᠠᠶᠠᠨ ᠵᠠᠮ᠎ᠳᠠᠭᠠᠨ᠂ ᠪᠢᠳᠡ ᠤᠬᠠᠮᠰᠠᠷ᠎ᠠᠴᠠ᠎ᠪᠠᠨ 《ᠳᠦᠷᠪᠡᠨ ᠤᠬᠠᠮᠰᠠᠷ》 ᠎ᠢᠶᠠᠨ ᠴᠢᠩᠭᠠᠳᠭᠠᠨ 《ᠳᠦᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠶᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠬᠤ᠎ᠶ᠋ᠢ ᠪᠠᠷᠢᠮᠳᠠᠯᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ᠎ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠤᠪᠢᠰᠭᠠᠯ᠎ᠤᠨ ᠠᠮᠢᠨ ᠰᠤᠳᠠᠰᠤ᠎ᠶ᠋ᠢ ᠵᠠᠯᠭᠠᠮᠵᠢᠯᠠᠨ᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠦᠨ᠎ᠡ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠡᠭᠦᠨ᠎ᠢᠶᠠᠷ ᠵᠣᠷᠢᠭ ᠰᠠᠨᠠᠭ᠎ᠠ᠎ᠪᠠᠨ ᠨᠢᠭᠡᠳᠭᠡᠵᠦ᠍᠂ ᠦᠵᠡᠯ ᠰᠠᠨᠠᠭ᠎ᠠ᠎ᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠵᠦ᠍᠂ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶ᠋ᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠡᠯ᠎ᠡ ᠲᠦᠷᠦᠯ᠎ᠤᠨ ᠠᠵᠢᠯ ᠦᠢᠯᠡᠰ᠎ᠤᠨ ᠢᠮᠠᠭ᠍ᠲᠠ ᠵᠥᠪ ᠴᠢᠭ᠌ᠯᠡᠯ᠎ᠢᠶᠠᠷ ᠤᠷᠤᠭ᠍ᠰᠢᠯᠠᠬᠤ᠎ᠶ᠋ᠢ ᠪᠠᠲᠤᠯᠠᠨ᠎ᠠ᠃

ᠬᠤᠶᠠᠷ᠎ᠲᠤ᠌᠂ ᠨᠡᠩ ᠥᠨᠳᠥᠷ ᠪᠠᠷᠢᠮᠵᠢᠶ᠎ᠠ ᠨᠡᠩ ᠥᠨᠳᠥᠷ ᠲᠦᠪᠱᠢᠨ᠎ᠢᠶᠠᠷ ᠨᠡᠬᠡᠬᠡᠯᠳᠡ᠎ᠶ᠋ᠢ ᠥᠷᠭᠡᠳᠭᠡᠵᠦ᠍᠂ ᠪᠣᠭᠤᠮᠲᠠ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠠᠷ ᠠᠬᠢᠭᠤᠯᠤᠨ᠎ᠠ᠃ ᠬᠢᠯᠢ᠎ᠶ᠋ᠢᠨ ᠪᠣᠭᠤᠮᠲᠠ᠎ᠶ᠋ᠢᠨ ᠬᠤᠳᠠ ᠪᠣᠯᠤᠭ᠍ᠰᠠᠨ᠎ᠤ ᠬᠤᠪᠢ᠎ᠳᠤ᠂ ᠮᠠᠨᠵᠤᠤᠷ ᠬᠤᠳᠠ ᠨᠠᠮ᠎ᠤᠨ ᠤᠳᠤᠷᠢᠳᠤᠯᠭ᠎ᠠ ᠳᠣᠣᠷ᠎ᠠ ᠬᠢᠯᠢ ᠳᠠᠭᠠᠤ᠎ᠶ᠋ᠢᠨ ᠨᠡᠬᠡᠬᠡᠯᠳᠡ ᠬᠢᠬᠦ᠌᠎ᠶ᠋ᠢ ᠬᠡᠷᠡᠭ᠌ᠵᠢᠭᠦᠯᠦᠭ᠌ᠰᠡᠨ᠎ᠠᠴᠠ ᠰᠠᠶᠢ ᠬᠢᠯᠢ ᠬᠢᠵᠠᠭᠠᠷ᠎ᠤᠨ ᠵᠢᠵᠢᠭ᠌ᠬᠡᠨ ᠪᠠᠯᠭᠠᠰᠤ᠎ᠠᠴᠠ᠎ᠪᠠᠨ ᠬᠢᠯᠢ᠎ᠶ᠋ᠢᠨ ᠪᠣᠭᠤᠮᠲᠠ᠎ᠶ᠋ᠢᠨ ᠬᠤᠳᠠ ᠪᠤᠯᠵᠤ ᠬᠦᠭ᠌ᠵᠢᠨ ᠬᠤᠪᠢᠷᠠᠭ᠍ᠰᠠᠨ ᠶᠤᠮ᠃ ᠱᠢᠨ᠎ᠡ ᠠᠶᠠᠨ ᠵᠠᠮ᠎ᠳᠠᠭᠠᠨ ᠪᠢᠳᠡ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠨ᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠰᠠᠭᠤᠷᠢᠨ》᠂ 《ᠬᠤᠶᠠᠷ ᠬᠠᠯᠬᠠᠪᠴᠢ》᠂ 《ᠨᠢᠭᠡ ᠪᠠᠬᠢᠯᠡᠯᠲᠡ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠤᠷᠢᠨ᠎ᠳᠤ ᠥᠭᠡᠷᠡᠴᠢᠯᠡᠯᠲᠡ ᠨᠡᠭᠡᠭᠡᠯᠲᠡ᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠳᠤ ᠪᠥᠬᠦ᠌ ᠬᠦᠴᠦᠨ᠎ᠢᠶᠠᠷ ᠠᠭᠤᠰᠤᠯᠴᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠰᠠᠭᠠᠳ ᠥᠬᠡᠶ ᠨᠡᠪᠲᠡᠷᠡᠭᠦᠯᠵᠦ᠍᠂ ᠬᠢᠯᠢ᠎ᠶ᠋ᠢᠨ ᠪᠣᠭᠤᠮᠲᠠ ᠬᠢᠭᠡᠳ ᠳᠤᠳᠤᠭᠠᠳᠤ ᠭᠠᠵᠠᠷ ᠬᠤᠷᠱᠢᠯᠴᠠᠵᠤ ᠨᠢᠭᠡ ᠴᠤᠭ᠍ᠴᠠᠵᠢᠨ ᠬᠥᠭ᠌ᠵᠢᠬᠦ᠌ ᠱᠢᠨ᠎ᠡ ᠪᠠᠢᠷᠢᠱᠢᠯ᠎ᠢ ᠪᠣᠶ ᠪᠣᠯᠭᠠᠬᠤ᠎ᠶ᠋ᠢ ᠴᠢᠷᠮᠠᠢᠨ ᠠᠬᠢᠭᠤᠯᠤᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ᠎ᠤᠨ ᠡᠬᠢ ᠪᠠᠶᠠᠯᠢᠭ᠎ᠢ ᠭᠦᠢᠴᠡᠳ ᠠᠱᠢᠬ᠍ᠯᠠᠨ ᠮᠣᠳᠣᠨ ᠮᠠᠲ᠋ᠧᠷᠢᠶᠠᠯ᠂ ᠲᠠᠷᠢᠶᠠᠯᠠᠩ᠎ᠤᠨ ᠪᠦᠲᠦᠭᠡᠭ᠌ᠳᠡᠬᠦᠨ᠂ ᠱᠢᠩᠭᠡᠨᠵᠢᠮᠡᠯ ᠴᠢᠯᠠᠭᠤᠨ ᠲᠣᠰᠣᠨ᠎ᠤ ᠬᠡᠶ ᠵᠡᠷᠭᠡ ᠭᠠᠳᠠᠭᠠᠳᠤ᠎ᠠᠴᠠ ᠣᠷᠣᠭᠤᠯᠤᠭ᠍ᠰᠠᠨ ᠡᠬᠢ ᠪᠠᠶᠠᠯᠢᠭ᠎ᠢ ᠡᠳ᠋ᠱᠢᠭᠦᠯᠤᠨ ᠪᠤᠯᠪᠠᠰᠤᠷᠠᠭᠤᠯᠬᠤ ᠠᠵᠤ ᠦᠢᠯᠡᠰ᠎ᠢ ᠢᠳᠡᠪᠬᠢᠲᠡᠶ ᠠᠬᠢᠭᠤᠯᠵᠤ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠂ ᠳᠤᠮᠳᠠᠳᠤ ᠣᠷᠣᠰ᠎ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠣᠷᠣᠨ᠂ ᠬᠢᠯᠢ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ ᠵᠡᠷᠭᠡ ᠨᠡᠭᠡᠭᠡᠯᠲᠡ᠎ᠶ᠋ᠢᠨ ᠲᠠᠪᠴᠠᠩ᠎ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠵᠦ᠍᠂ ᠬᠢᠯᠢ᠎ᠶ᠋ᠢᠨ ᠳᠣᠲᠣᠨ᠎ᠠ ᠭᠠᠳᠠᠨ᠎ᠠ ᠬᠠᠷᠢᠯᠴᠠᠨ ᠬᠤᠷᠱᠢᠯᠴᠠᠭ᠍ᠰᠠᠨ᠂ ᠳᠡᠭᠡᠳᠦ ᠳᠣᠤᠷᠠᠳᠤ ᠬᠡᠯᠬᠢᠶ᠎ᠠ᠎ᠶ᠋ᠢ ᠵᠣᠯᠭᠠᠭᠤᠯᠤᠭ᠍ᠰᠠᠨ ᠠᠵᠤ ᠦᠢᠯᠡᠰ᠎ᠤᠨ ᠰᠦᠷᠦᠭ᠌ᠵᠢᠯ᠎ᠢ ᠲᠦᠷᠭᠡᠳᠭᠡᠨ ᠪᠠᠢᠭᠤᠯᠤᠨ᠎ᠠ᠃ ᠵᠠᠬ᠎ᠠ ᠳᠡᠯᠭᠡᠭᠦᠷ᠎ᠤᠨ ᠬᠤᠳᠠᠯᠳᠤᠨ ᠠᠪᠬᠤ ᠠᠷᠠᠯᠵᠢᠶᠠᠨ᠎ᠤ ᠠᠷᠭ᠎ᠠ ᠬᠡᠯᠪᠡᠷᠢ᠎ᠶ᠋ᠢᠨ ᠲᠤᠷᠱᠢᠯᠲᠠ᠎ᠶ᠋ᠢᠨ ᠴᠡᠭ᠂ ᠡᠬᠡ ᠬᠠᠭᠤᠷᠠᠶ᠎ᠶ᠋ᠢᠨ ᠬᠢᠯᠢ᠎ᠶ᠋ᠢᠨ ᠪᠣᠭᠤᠮᠲᠠ᠎ᠶ᠋ᠢᠨ ᠬᠡᠯᠪᠡᠷᠢ᠎ᠶ᠋ᠢᠨ ᠤᠯᠤᠰ᠎ᠤᠨ ᠪᠠᠷᠠᠭᠠᠨ᠎ᠤ ᠭᠦᠢᠯᠭᠡᠭᠡ᠎ᠶ᠋ᠢᠨ ᠬᠦᠢᠰᠦ᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ ᠪᠠ ᠪᠥᠬᠦ᠌ ᠤᠷᠤᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠲᠣᠭᠤᠷᠢᠨ᠎ᠳᠤ ᠭᠠᠳᠠᠭᠠᠳᠤ ᠠᠷᠠᠯᠵᠢᠶ᠎ᠠ᠂ ᠮᠥᠩᠭᠦᠨ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠵᠢᠭᠤᠯᠴᠢᠯᠠᠯ᠂ ᠪᠠᠷᠠᠭᠠᠨ᠎ᠤ ᠭᠦᠢᠯᠭᠡᠭᠡ ᠵᠡᠷᠭᠡ ᠬᠦᠷᠢᠶ᠎ᠡ ᠴᠠᠷᠠᠭᠠᠨ᠎ᠳᠤ ᠱᠢᠨ᠎ᠡ ᠱᠢᠪᠲᠤᠯᠤᠯᠲᠠ ᠭᠠᠷᠭᠠᠨ᠂ ᠪᠣᠭᠤᠮᠲᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ ᠲᠠᠰᠤᠷᠠᠯᠲᠠ ᠥᠬᠡᠶ ᠪᠤᠢᠵᠢᠭᠤᠯᠤᠨ᠎ᠠ᠃

ᠭᠤᠷᠪᠠ᠎ᠳᠤ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠤᠯᠠᠨ ᠲᠦᠮᠡᠨ᠎ᠤ ᠬᠦᠷᠲᠡᠮᠵᠢ᠎ᠶ᠋ᠢᠨ ᠲᠦᠷᠦᠭ᠌ᠳᠡᠯ ᠵᠢᠷᠭᠠᠯᠲᠤ ᠲᠦᠷᠦᠭ᠌ᠳᠡᠯ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠳᠡ ᠦᠭᠡᠢ ᠳᠡᠭᠡᠭ᠌ᠰᠢᠯᠡᠭᠦᠯᠤᠨ᠎ᠡ᠃ ᠶᠡᠷᠦᠩᠬᠡᠶ ᠱᠦᠵᠢ ᠰᠢ᠎ᠶ᠋ᠢᠨ ᠫᠢᠩ 《ᠲᠥᠷᠥ᠍ ᠵᠠᠰᠠᠭ ᠪᠣᠯ ᠳᠠᠷᠤᠶ ᠠᠷᠠᠳ ᠲᠦᠮᠡᠨ ᠮᠥᠨ᠂ ᠠᠷᠠᠳ ᠲᠦᠮᠡᠨ ᠪᠤᠯ ᠳᠠᠷᠤᠢ ᠲᠦᠷᠦ᠍ ᠵᠠᠰᠠᠭ ᠮᠦᠨ᠂ ᠡᠪ ᠬᠠᠮᠳᠤ ᠨᠠᠮ ᠲᠦᠷᠦ᠎ᠶ᠋ᠢᠨ ᠡᠷᠬᠡ᠎ᠶ᠋ᠢ ᠤᠯᠵᠤ᠂ ᠲᠦᠷᠦ᠎ᠶ᠋ᠢᠨ ᠡᠷᠬᠡ᠎ᠪᠠᠨ ᠰᠠᠬᠢᠨ ᠬᠠᠮᠠᠭᠠᠯᠠᠵᠤ ᠪᠠᠢᠭ᠎ᠠ᠎ᠨᠢ ᠳᠠᠷᠤᠢ ᠠᠷᠠᠳ ᠲᠦᠮᠡᠨ᠎ᠤ ᠢᠳᠡᠭᠡᠯ ᠰᠡᠳᠭᠢᠯ᠎ᠢ ᠰᠠᠬᠢᠵᠤ᠂ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ᠎ᠶ᠋ᠢᠨ ᠲᠦᠯᠦᠭᠡ ᠶᠤᠮ》 ᠭᠡᠵᠤ ᠴᠢᠬᠤᠯᠠᠴᠢᠯᠠᠵᠠᠢ᠃ 《ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠠᠱᠢᠭ ᠲᠤᠰᠠ ᠣᠯᠭᠤᠬᠤ》 ᠪᠣᠯ ᠮᠠᠨ᠎ᠤ ᠨᠠᠮ᠎ᠤᠨ ᠬᠠᠮᠤᠭ᠎ᠤᠨ ᠶᠡᠭᠡ ᠤᠬ ᠰᠠᠨᠠᠭ᠎ᠠ ᠪᠣᠯᠬᠤ᠎ᠶ᠋ᠢ ᠵᠠᠭᠤᠨ ᠵᠢᠯ᠎ᠤᠨ ᠨᠠᠮ᠎ᠤᠨ ᠲᠡᠦᠬᠡ ᠬᠠᠷᠠᠭᠤᠯᠵᠤ ᠪᠤᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠭ᠎ᠠ᠎ᠠᠴᠠ ᠶᠡᠭᠡ ᠪᠤᠯᠵᠤ᠂ ᠪᠠᠭᠤᠷᠠᠶ᠎ᠠᠴᠠ ᠬᠦᠴᠦᠷᠬᠡᠭ ᠪᠤᠯᠵᠤ᠂ ᠲᠤᠭ᠎ᠠ ᠲᠣᠮᠰᠢ ᠦᠭᠡᠢ ᠤᠯᠠᠨ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ ᠡᠴᠦᠰ᠎ᠲᠡᠭᠡᠨ ᠢᠯᠠᠯᠲᠠ ᠣᠯᠤᠭ᠍ᠰᠠᠨ᠎ᠤ ᠱᠢᠯᠲᠠᠭᠠᠨ᠎ᠨᠢ ᠳᠠᠷᠤᠶ ᠮᠠᠨ᠎ᠤ ᠨᠠᠮ ᠢᠮᠠᠭ᠍ᠲᠠ ᠠᠷᠠᠳ ᠲᠦᠮᠡᠨ᠎ᠢ ᠰᠡᠳᠭᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠢᠮᠠᠭ᠍ᠲᠠ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠲᠥᠯᠥᠭᠡᠯᠡᠨ᠂ ᠠᠷᠠᠳ ᠲᠦᠮᠡᠨ᠎ᠲᠠᠢ ᠵᠢᠷᠭᠠᠯ ᠵᠣᠪᠠᠯᠠᠩ᠎ᠢᠶᠠᠨ ᠬᠠᠮᠲᠤᠳᠭᠠᠨ ᠦᠬᠦᠵᠦ᠍ ᠰᠡᠭᠡᠬᠦ᠌᠎ᠪᠠᠨ ᠬᠠᠮᠲᠤᠳᠭᠠᠭ᠍ᠰᠠᠨ᠎ᠳᠤ ᠪᠠᠢᠭ᠎ᠠ ᠶᠤᠮ᠃ ᠱᠢᠨ᠎ᠡ ᠠᠶᠠᠨ ᠵᠠᠮ᠎ᠳᠠᠭᠠᠨ ᠪᠢᠳᠡ ᠵᠣᠷᠢᠯᠲᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠵᠤ᠂ ᠨᠠᠮ᠎ᠤᠨ ᠤᠯᠠᠨ ᠲᠦᠮᠡᠨᠴᠢ ᠱᠤᠭᠤᠮ᠎ᠢ ᠬᠢᠨᠠᠮᠠᠭᠠᠶ ᠲᠤᠭᠤᠱᠢᠯᠠᠭᠤᠯᠤᠨ᠂ ᠠᠷᠠᠳ ᠲᠦᠮᠡᠨ᠎ᠤ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ ᠠᠷᠠᠳ ᠲᠦᠮᠡᠨ᠎ᠳᠤ ᠦᠢᠯᠡᠴᠢᠯᠡᠨ᠎ᠡ᠃ 《ᠲᠠᠪᠤᠨ ᠲᠠᠯ᠎ᠠ᠎ᠪᠠᠷ ᠬᠦᠴᠦᠯᠡᠬᠦ᠌》 ᠎ᠳᠤ ᠠᠩᠬᠠᠷᠤᠯ᠎ᠢᠶᠠᠨ ᠲᠥᠪᠯᠡᠷᠡᠭᠦᠯᠤᠨ ᠬᠤᠳᠠᠯᠳᠤᠭ᠎ᠠ ᠡᠷᠬᠢᠯᠡᠭᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠬᠤᠳᠠ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ ᠪᠠ ᠵᠠᠬᠢᠳᠠᠯ ᠰᠤᠷᠪᠤᠯᠵᠢᠯᠠᠯ᠎ᠤᠨ ᠳᠠᠷᠤᠭ᠍ᠳᠠᠮᠠᠯ ᠬᠡᠷᠡᠭ᠎ᠢ ᠱᠢᠢᠳᠪᠦᠷᠢᠯᠡᠬᠦ᠌ ᠵᠡᠷᠭᠡ ᠭᠤᠣᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠵᠤ᠂ 《ᠤᠯᠠᠨ ᠲᠦᠮᠡᠨ᠎ᠳᠤ ᠪᠣᠳᠠᠲᠠᠶ ᠠᠵᠢᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠤᠨ᠂ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠪᠤᠯᠤᠨ ᠠᠷᠠᠳ ᠤᠯᠠᠨ᠎ᠤ ᠪᠠᠴᠢᠮᠳᠠᠵᠤ ᠪᠠᠢᠭ᠎ᠠ᠂ ᠪᠡᠷᠬᠡᠳᠡᠵᠤ ᠪᠠᠢᠭ᠎ᠠ᠂ ᠵᠣᠪᠠᠨᠢᠵᠤ ᠪᠠᠢᠭ᠎ᠠ᠂ ᠬᠦᠰᠡᠵᠤ ᠪᠠᠢᠭ᠎ᠠ ᠠᠰᠠᠭᠤᠳᠠᠯ᠎ᠢ ᠪᠦᠬᠦ᠌ ᠬᠦᠴᠦᠨ᠎ᠢᠶᠠᠷ ᠱᠢᠢᠳᠪᠦᠷᠢᠯᠡᠵᠦ᠍᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯ᠎ᠢ ᠨᠡᠩ ᠢᠯᠡᠷᠬᠡᠶ ᠪᠣᠳᠠᠲᠤ ᠠᠬᠢᠯᠳᠠ᠎ᠲᠠᠢ ᠪᠣᠯᠭᠠᠨ᠎ᠠ᠃

ᠲᠦᠷᠪᠡ᠎ᠳᠤ᠂ ᠨᠠᠮ᠎ᠢ ᠬᠠᠮᠢᠶᠠᠷᠬᠤ ᠨᠠᠮ᠎ᠢ ᠵᠠᠰᠠᠬᠤ ᠤᠯᠤᠰ ᠲᠦᠷᠦ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ 《ᠵᠣᠷᠢᠭ᠍ᠲᠠᠶ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠰᠤᠳ ᠲᠦᠷᠦ᠎ᠶ᠋ᠢᠨ ᠨᠠᠮ᠎ᠠᠴᠠ ᠢᠯᠡ ᠳᠤᠳᠤ ᠢᠯᠭᠠᠭ᠍ᠳᠠᠬᠤ ᠪᠡᠯᠭᠡ ᠲᠡᠮᠳᠡᠭ ᠮᠥᠨ》 ᠭᠡᠵᠤ ᠴᠢᠬᠤᠯᠠᠴᠢᠯᠠᠪᠠ᠃ ᠮᠠᠨ᠎ᠤ ᠨᠠᠮ ᠵᠠᠭᠤᠨ ᠵᠢᠯ ᠡᠷᠡᠯᠬᠡᠭ᠌ᠯᠡᠨ ᠤᠷᠤᠭ᠍ᠰᠢᠯᠠᠵᠤ᠂ ᠤᠳᠠᠭ᠎ᠠ ᠪᠦᠷᠢ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌᠎ᠳᠡᠭᠡᠨ ᠴᠥᠮ ᠳᠣᠲᠣᠨ᠎ᠠ᠎ᠠᠴᠠ ᠭᠠᠳᠠᠨ᠎ᠠ ᠬᠦᠷᠳᠡᠯ᠎ᠠ ᠬᠦᠨ ᠭᠦᠨᠵᠡᠭᠡᠢ᠎ᠪᠠᠷ ᠥᠭᠡᠷᠡᠴᠢᠯᠡᠯᠲᠡ ᠬᠢᠵᠦ᠍᠂ ᠬᠦᠨ ᠭᠦᠨᠵᠡᠭᠡᠢ᠎ᠪᠠᠷ ᠲᠠᠬᠢᠨ ᠴᠣᠭ᠍ᠴᠠᠯᠠᠯᠳᠠ ᠬᠢᠵᠠᠢ᠂ ᠶᠠᠭ ᠡᠢᠮᠦ᠍ ᠤᠴᠢᠷ᠎ᠠᠴᠠ ᠮᠠᠨ᠎ᠤ ᠨᠠᠮ ᠰᠠᠶᠢ ᠬᠠᠳᠠᠭᠤᠵᠢᠨ ᠪᠤᠯᠪᠠᠰᠤᠷᠠᠵᠤ ᠢᠮᠠᠭ᠍ᠲᠠ ᠴᠤᠬ ᠵᠢᠪᠬᠤᠭ᠎ᠠ᠎ᠲᠠᠢ ᠪᠣᠯᠤᠭ᠍ᠰᠠᠨ ᠶᠤᠮ᠃ ᠱᠢᠨ᠎ᠡ ᠠᠶᠠᠨ ᠵᠠᠮ᠎ᠳᠠᠭᠠᠨ ᠪᠢᠳᠡ 《ᠱᠢᠯᠭᠠᠯᠲᠠ᠎ᠳᠤ ᠣᠷᠣᠯᠴᠠᠬᠤ》 ᠰᠡᠷᠭᠡᠭ ᠴᠢᠨᠠᠷ᠎ᠢ ᠢᠮᠠᠭ᠍ᠲᠠ ᠪᠠᠲᠤᠯᠠᠵᠤ᠂ ᠲᠡᠮᠦᠷ ᠳᠠᠪᠲᠠᠬᠤ᠎ᠳᠤ ᠡᠷᠬᠡᠪᠰᠢ ᠥᠪᠡᠷ᠎ᠢᠶᠠᠨ ᠬᠠᠲᠠᠭᠤ ᠪᠠᠢᠬᠤ ᠶᠣᠰᠣ᠎ᠶ᠋ᠢ ᠪᠠᠲᠤ ᠴᠡᠭᠡᠵᠢᠯᠡᠨ᠂ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠱᠢᠨ᠎ᠡ ᠴᠠᠭ ᠥᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠭᠡ ᠢᠨᠵᠧᠨᠧᠷᠢᠩ᠎ᠢ ᠲᠠᠰᠤᠷᠠᠯᠲᠠ ᠦᠭᠡᠢ ᠠᠬᠢᠭᠤᠯᠤᠨ᠎ᠠ᠃ ᠨᠠᠮ᠎ᠠᠴᠠ ᠺᠠᠳ᠋ᠷ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠱᠢᠨ᠎ᠡ ᠴᠠᠭ ᠥᠶ᠎ᠡ᠎ᠶ᠋ᠢᠨ ᠪᠣᠭᠤᠮᠲᠠ᠎ᠶ᠋ᠢᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠱᠠᠭᠠᠷᠳᠠᠯᠭ᠎ᠠ᠎ᠳᠤ ᠵᠣᠬᠢᠴᠠᠭ᠍ᠰᠠᠨ ᠥᠨᠳᠥᠷ ᠬᠡᠪ ᠪᠣᠯᠪᠠᠰᠤᠷᠠᠯ᠎ᠲᠠᠢ᠂ ᠲᠤᠰᠭᠠᠢᠵᠢᠭ᠍ᠰᠠᠨ ᠺᠠᠳ᠋ᠷ᠎ᠤᠨ ᠡᠩᠨᠡᠭᠡ᠎ᠶ᠋ᠢ ᠬᠦᠴᠦᠯᠡᠨ ᠪᠠᠢᠭᠤᠯᠤᠨ᠎ᠠ᠃ ᠰᠤᠷᠳᠠᠯ᠎ᠢ ᠴᠡᠭ᠌ᠴᠡᠯᠡᠨ ᠰᠠᠬᠢᠯᠭ᠎ᠠ ᠪᠠᠳᠤ᠎ᠶ᠋ᠢ ᠴᠢᠩᠳᠠᠯᠠᠵᠤ ᠢᠯᠵᠠᠷᠡᠯ᠎ᠢ ᠡᠰᠡᠷᠭᠦᠴᠡᠬᠦ᠌᠎ᠶ᠋ᠢ ᠦᠷᠭᠦᠯᠵᠢᠯᠡᠨ ᠠᠬᠢᠭᠤᠯᠵᠤ᠂ ᠢᠯᠵᠠᠷᠡᠯ᠎ᠢ ᠡᠰᠡᠷᠭᠦᠴᠡᠬᠦ᠌᠎ᠳᠤ ᠬᠤᠷᠢᠭᠠᠳᠤ ᠤᠷᠤᠨ ᠦᠭᠡᠢ᠂ ᠨᠢᠭᠡ᠎ᠶ᠋ᠢ ᠴᠤ᠌ ᠤᠷᠬᠢᠬ᠍ᠳᠠᠭᠤᠯᠬᠤ ᠦᠭᠡᠢ᠂ ᠤᠬ᠍ᠳᠤ ᠠᠭᠤᠴᠢᠯᠠᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠥᠪᠡᠷ᠎ᠢ᠎ᠪᠠᠨ ᠴᠡᠪᠡᠷᠵᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠱᠢᠨᠡᠴᠢᠯᠡᠬᠦ᠂ ᠥᠪᠡᠷ᠎ᠢ᠎ᠪᠠᠨ ᠳᠡᠭᠡᠭ᠌ᠰᠢᠯᠡᠭᠦᠯᠬᠦ᠌᠎ᠶ᠋ᠢ ᠦᠨᠡᠨ ᠬᠦ᠌ ᠪᠡᠶᠡᠯᠡᠭᠦᠯᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶ᠋ᠢᠨ ᠠᠮᠢ ᠠᠬᠤᠢ᠎ᠶ᠋ᠢ ᠴᠢᠷᠮᠠᠢᠨ ᠪᠤᠢ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号