ᠡᠷᠬᠡᠪᠰᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠬᠦ᠌ ᠬᠡᠷᠡᠭ᠌ᠲᠡᠢ
2021-08-04 11:21:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠡᠤᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ᠂ ᠡᠷᠬᠡᠪᠰᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠬᠦ᠌ ᠬᠡᠷᠡᠭ᠌ᠲᠡᠢ᠃ ᠤᠯᠤᠰ ᠬᠦᠷᠦᠨ᠎ᠢᠶᠠᠨ ᠬᠦᠴᠦᠷᠬᠡᠭ᠌ᠵᠢᠭᠦᠯᠬᠦ᠌᠎ᠳᠤ ᠡᠷᠬᠡᠪᠰᠢ ᠴᠡᠷᠢᠭ᠎ᠢ ᠬᠦᠴᠦᠷᠬᠡᠭ᠌ᠵᠢᠭᠦᠯᠬᠦ᠌ ᠬᠡᠷᠡᠭ᠌ᠲᠡᠢ᠂ ᠴᠡᠷᠢᠭ ᠬᠦᠴᠦᠷᠬᠡᠭ ᠪᠣᠯ ᠰᠠᠶᠢ ᠤᠯᠤᠰ ᠬᠦᠷᠦᠨ ᠠᠮᠤᠷ ᠲᠠᠢᠪᠤᠩ ᠪᠠᠢᠵᠤ ᠴᠢᠳᠠᠨ᠎ᠠ᠃ ᠨᠠᠮ᠎ᠠᠴᠠ ᠵᠡᠪᠰᠡᠭ᠎ᠢ ᠵᠢᠯᠤᠭᠤᠳᠭᠤ᠂ ᠥᠪᠡᠷ᠎ᠤᠨ ᠠᠷᠠᠳ᠎ᠤᠨ ᠴᠡᠷᠢᠭ ᠠᠩᠬᠢ᠎ᠪᠠᠨ ᠪᠠᠢᠭᠤᠯᠬᠤ᠎ᠶ᠋ᠢ ᠪᠠᠷᠢᠮᠲᠠᠯᠠᠬᠤ ᠪᠣᠯ ᠨᠠᠮ᠎ᠤᠨ ᠴᠢᠰᠤᠲᠤ ᠲᠡᠮᠡᠴᠡᠯ᠎ᠤᠨ ᠳᠤᠮᠳᠠ᠎ᠠᠴᠠ ᠣᠯᠤᠭ᠍ᠰᠠᠨ ᠨᠢᠴᠤᠭᠠᠭ᠍ᠳᠠᠰᠢ ᠤᠢ᠍ᠭᠡᠢ ᠦᠨᠡᠨ ᠶᠣᠰᠣ ᠮᠥᠨ᠃ ᠠᠷᠠᠳ᠎ᠤᠨ ᠴᠡᠷᠢᠭ ᠠᠩᠬᠢ᠎ᠨᠢ ᠨᠠᠮ ᠪᠣᠯᠤᠨ ᠠᠷᠠᠳ ᠲᠦᠮᠡᠨ᠎ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠪᠠᠢᠭᠤᠯᠤᠭ᠍ᠰᠠᠨ ᠶᠤᠮ᠂ ᠡᠨᠡ ᠪᠣᠯ ᠬᠤᠪᠢᠰᠭᠠᠯᠲᠤ ᠲᠦᠷᠦ᠍ ᠵᠠᠰᠠᠭ᠎ᠢ ᠬᠠᠮᠠᠭᠠᠯᠠᠬᠤ᠂ ᠦᠨᠳᠦᠰᠦᠲᠡᠨ᠎ᠤ ᠨᠡᠷ᠎ᠡ ᠬᠦᠨᠳᠦ᠎ᠶ᠋ᠢ ᠬᠠᠮᠠᠭᠠᠯᠠᠬᠤ ᠪᠠᠲᠤ ᠴᠢᠩᠭ᠎ᠠ ᠲᠤᠯᠭᠠᠭᠤᠷᠢ ᠮᠥᠨ᠂ ᠪᠠᠰᠠ ᠴᠤ᠌ ᠭᠠᠵᠠᠷ ᠣᠷᠣᠨ ᠪᠣᠯᠤᠨ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ ᠬᠦᠴᠦᠷᠬᠡᠭ ᠶᠡᠭᠡ ᠬᠦᠴᠦᠨ ᠮᠥᠨ᠃

ᠱᠢᠨ᠎ᠡ ᠠᠶᠠᠨ᠎ᠳᠠᠭᠠᠨ᠂ ᠪᠢᠳᠡ ᠡᠷᠬᠡᠪᠰᠢ ᠱᠢᠨ᠎ᠡ ᠴᠠᠭ ᠦᠶ᠎ᠡ᠎ᠶ᠋ᠢᠨ ᠨᠠᠮ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯᠲᠡ᠎ᠶ᠋ᠢ ᠲᠤᠭᠤᠱᠢᠯᠠᠭᠤᠯᠤᠨ᠂ ᠠᠷᠠᠳ᠎ᠤᠨ ᠴᠡᠷᠢᠭ ᠠᠩᠬᠢ᠎ᠳᠠᠬᠢ ᠨᠠᠮ᠎ᠤᠨ ᠬᠠᠷᠢᠴᠠᠯᠠᠱᠢᠭᠦᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠴᠡᠷᠢᠭ᠎ᠢ ᠬᠦᠴᠦᠷᠬᠡᠭ᠌ᠵᠢᠭᠦᠯᠬᠦ᠌ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠨ᠂ ᠤᠯᠤᠰ ᠲᠦᠷᠦ᠎ᠪᠠᠷ ᠴᠡᠷᠢᠭ᠎ᠢ ᠪᠠᠢᠭᠤᠯᠬᠤ᠂ ᠥᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭ᠌ᠵᠢᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠬᠠᠤᠯᠢ ᠶᠤᠰᠤᠭᠠᠷ ᠴᠡᠷᠢᠭ᠎ᠢ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠠᠷᠠᠳ᠎ᠤᠨ ᠴᠡᠷᠢᠭ ᠠᠩᠬᠢ᠎ᠶ᠋ᠢ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠷᠢᠭ ᠠᠩᠬᠢ ᠪᠣᠯᠭᠠᠨ ᠪᠠᠢᠭᠤᠯᠵᠤ᠂ ᠨᠡᠩ ᠬᠦᠴᠦᠷᠬᠡᠭ ᠶᠡᠭᠡ ᠴᠢᠳᠠᠪᠤᠷᠢ᠂ ᠨᠡᠩ ᠨᠠᠢᠳᠠᠪᠤᠷᠢᠲᠠᠢ ᠠᠷᠭ᠎ᠠ ᠪᠠᠷᠢᠯ᠎ᠢᠶᠠᠷ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠬᠡᠷᠡᠭ᠌ᠲᠡᠢ!

— ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶ᠎ᠠ᠎ᠠᠴᠠ

 

ᠲᠤᠰᠭᠠᠢ ᠮᠡᠷᠭᠡᠵᠢᠯᠳᠡᠨ᠎ᠤ ᠲᠠᠢᠯᠤᠮᠵᠢ


ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠤᠨ᠎ᠠ

 

· ᠢᠦᠶ ᠭᠤᠸᠠᠩ ᠵᠢᠶᠦ᠋ᠨ

 

ᠣᠳᠣᠬᠠᠨ᠎ᠳᠤ ᠳᠡᠯᠡᠬᠡᠶ᠎ᠶ᠋ᠢᠨ ᠪᠠᠢᠳᠠᠯ ᠤᠷᠪᠠᠭᠠᠨ ᠬᠥᠷᠪᠡᠭᠡᠨ᠎ᠲᠠᠢ ᠪᠠᠢᠵᠤ᠂ ᠳᠡᠯᠡᠬᠡᠶ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ ᠦᠷᠪᠢᠰᠦᠨ ᠳᠡᠯᠭᠡᠷᠡᠵᠦ᠍᠂ ᠳᠡᠯᠡᠬᠡᠢᠵᠢᠯᠲᠡ᠎ᠶ᠋ᠢ ᠰᠥᠷᠬᠦ᠌ ᠤᠷᠤᠰᠭᠠᠯ ᠪᠠᠢᠨ ᠳᠠᠬᠢᠨ ᠡᠭᠦᠰᠴᠦ᠍᠂ ᠣᠯᠠᠨ ᠤᠯᠤᠰ᠎ᠤᠨ ᠬᠠᠷᠢᠯᠴᠠᠭ᠎ᠠ᠎ᠶ᠋ᠢᠨ ᠲᠣᠭ᠍ᠲᠠᠪᠤᠷᠢ ᠥᠬᠡᠶ ᠴᠢᠨᠠᠷ᠎ᠢ ᠬᠤᠷᠴᠠᠳᠭᠠᠪᠠ᠃ ᠣᠳᠣᠬᠢ ᠴᠠᠭ ᠦᠶ᠎ᠡ ᠪᠠ ᠳᠡᠯᠡᠬᠡᠢ᠎ᠶ᠋ᠢᠨ ᠪᠠᠢᠳᠠᠯ᠎ᠤᠨ ᠡᠮᠦᠨ᠎ᠡ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠴᠡᠷᠢᠭ ᠠᠩᠬᠢ᠎ᠶ᠋ᠢ ᠪᠠᠬᠢᠵᠢᠭᠦᠯᠬᠦ᠌ ᠪᠣᠯ ᠱᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ ᠮᠥᠨ᠃

ᠨᠠᠮ᠎ᠠᠴᠠ ᠠᠷᠠᠳ᠎ᠤᠨ ᠴᠡᠷᠢᠭ ᠠᠩᠭᠢ᠎ᠶ᠋ᠢ ᠤᠳᠤᠷᠢᠳᠤᠨ ᠭᠠᠳᠠᠭᠠᠳᠤ᠎ᠶ᠋ᠢᠨ ᠳᠣᠷᠣᠮᠵᠢᠯᠠᠯ᠎ᠢ ᠡᠰᠡᠷᠭᠦᠴᠡᠵᠦ᠍᠂ ᠤᠯᠤᠰ ᠣᠷᠣᠨ᠎ᠢᠶᠠᠨ ᠬᠠᠮᠠᠭᠠᠯᠠᠵᠤ᠂ ᠨᠤᠲᠤᠭ ᠳᠡᠪᠢᠰᠭᠡᠷ᠎ᠤᠨ ᠠᠮᠤᠷ ᠲᠦᠪᠱᠢᠨ᠎ᠢ ᠬᠠᠮᠠᠭᠠᠯᠠᠬᠤ ᠠᠭᠤᠤ ᠶᠡᠭᠡ ᠲᠡᠮᠡᠴᠡᠯ᠎ᠤᠨ ᠳᠤᠮᠳᠠ᠂ ᠠᠷᠠᠳ᠎ᠤᠨ ᠴᠡᠷᠢᠭ ᠠᠩᠭᠢ ᠦᠭᠡᠶ ᠪᠠᠢᠭ᠍ᠰᠠᠨ᠎ᠠᠴᠠ᠎ᠪᠠᠨ ᠪᠠᠢᠬᠤ ᠪᠣᠯᠵᠤ᠂ ᠪᠠᠭᠤᠷᠠᠶ ᠪᠠᠢᠭ᠍ᠰᠠᠨ᠎ᠠᠴᠠ᠎ᠪᠠᠨ ᠬᠦᠴᠦᠷᠬᠡᠭ ᠪᠣᠯᠵᠤ᠂ ᠨᠠᠮ ᠪᠠ ᠠᠷᠠᠳ ᠲᠦᠮᠡᠨ᠎ᠳᠤ ᠪᠠᠯᠠᠷᠠᠰᠢ ᠦᠭᠡᠶ ᠭᠠᠪᠢᠶ᠎ᠠ ᠵᠢᠳᠬᠦᠯ ᠪᠠᠢᠭᠤᠯᠵᠤ᠂ ᠬᠤᠪᠢᠰᠭᠠᠯᠲᠤ ᠲᠥᠷᠥ᠎ᠪᠠᠨ ᠬᠠᠮᠠᠭᠠᠯᠠᠵᠤ᠂ ᠦᠨᠳᠦᠰᠦᠲᠡᠨ᠎ᠤ ᠨᠡᠷ᠎ᠡ ᠬᠦᠨᠳᠦ᠎ᠪᠠᠨ ᠬᠠᠮᠠᠭᠠᠯᠠᠬᠤ ᠪᠠᠲᠤ ᠴᠢᠩᠭ᠎ᠠ ᠲᠤᠯᠭᠠᠭᠤᠷᠢ ᠵᠢᠴᠢ ᠭᠠᠵᠠᠷ ᠣᠷᠣᠨ ᠪᠠ ᠳᠡᠯᠡᠬᠡᠶ᠎ᠶ᠋ᠢᠨ ᠡᠩᠬᠡ ᠲᠠᠢᠪᠤᠩ᠎ᠢ ᠬᠠᠮᠠᠭᠠᠯᠠᠬᠤ ᠬᠦᠴᠦᠷᠬᠡᠭ ᠶᠡᠭᠡ ᠬᠦᠴᠦᠨ ᠪᠣᠯᠤᠭ᠍ᠰᠠᠨ ᠪᠠᠢᠨ᠎ᠠ᠃

ᠨᠠᠮ᠎ᠤᠨ ᠤᠳᠤᠷᠢᠳᠤᠯᠭ᠎ᠠ ᠳᠣᠣᠷ᠎ᠠ᠂ ᠠᠷᠠᠳ᠎ᠤᠨ ᠴᠡᠷᠢᠭ ᠠᠩᠭᠢ᠎ᠶ᠋ᠢᠨ ᠬᠠᠮᠠᠭᠠᠯᠠᠯᠲᠠ ᠳᠣᠣᠷ᠎ᠠ᠂ ᠪᠢᠳᠡ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠤ ᠨᠢᠭᠡᠳᠦᠮᠡᠯ ᠹᠷᠣᠨᠲ᠎ᠢ ᠪᠠᠢᠭᠤᠯᠵᠤ᠂ ᠶᠠᠫᠣᠨ᠎ᠤ ᠲᠦᠷᠢᠮᠡᠬᠡᠢᠯᠡᠭ᠌ᠴᠢᠳ᠎ᠢ ᠲᠦᠢᠯᠪᠤᠷᠢᠲᠠᠢ ᠢᠯᠠᠵᠤ᠂ ᠳᠤᠮᠳᠠᠳᠤ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠤᠨ ᠪᠦᠷᠢᠨ ᠪᠦᠲᠦᠨ ᠪᠠᠢᠬᠤ᠎ᠶ᠋ᠢ ᠬᠦᠴᠦᠲᠡᠢ ᠬᠠᠮᠠᠭᠠᠯᠠᠵᠤ᠂ ᠣᠷᠴᠢᠨ ᠦᠶ᠎ᠡ᠎ᠠᠴᠠ ᠨᠠᠭᠠᠱᠢᠬᠢ ᠭᠠᠳᠠᠭᠠᠳᠤ᠎ᠶ᠋ᠢᠨ ᠲᠦᠷᠢᠮᠡᠬᠡᠢᠯᠡᠭ᠌ᠴᠢᠳ᠎ᠢ ᠡᠰᠡᠷᠭᠦᠴᠡᠨ ᠪᠠᠢᠯᠳᠤᠭᠠᠳ ᠤᠳᠠᠭ᠎ᠠ ᠳᠠᠷᠠᠭᠠᠯᠠᠨ ᠢᠯᠠᠭ᠍ᠳᠠᠭ᠍ᠰᠠᠨ ᠦᠨᠳᠦᠰᠦᠲᠡᠨ᠎ᠤ ᠢᠴᠢᠭᠦᠷᠢ ᠭᠤᠲᠤᠮᠱᠢᠭ᠎ᠢ ᠲᠦᠢᠯᠪᠤᠷᠢᠲᠠᠢ ᠠᠷᠢᠯᠭᠠᠪᠠ; ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠰᠣᠯᠣᠩᠭᠤᠰ᠎ᠲᠤ ᠣᠷᠣᠵᠤ ᠳᠠᠢᠨ ᠬᠢᠵᠦ᠍᠂ ᠰᠦᠷ ᠵᠢᠪᠬᠤᠯᠠᠩᠲᠠᠶ᠎ᠪᠠᠷ ᠶᠠᠯᠦ᠍ ᠮᠥᠷᠡᠨ᠎ᠢ ᠭᠡᠲᠦᠯᠵᠦ᠍᠂ ᠲᠦᠷᠢᠮᠡᠬᠡᠢᠯᠡᠭ᠌ᠴᠢᠳ᠎ᠤᠨ ᠱᠢᠨ᠎ᠡ ᠳᠤᠮᠳᠠᠳᠤ ᠤᠯᠤᠰ᠎ᠢ ᠥᠯᠥᠭᠡᠶ᠎ᠳᠤᠨᠢ ᠪᠣᠭᠤᠮᠢᠯᠠᠬᠤ ᠭᠡᠰᠡᠨ ᠭᠤᠷᠢᠳᠠᠯᠭ᠎ᠠ᠎ᠶ᠋ᠢ ᠳᠤᠮᠳᠠᠳᠤ ᠤᠯᠤᠰ᠎ᠤᠨ ᠠᠷᠠᠳ ᠲᠦᠮᠡᠨ ᠪᠣᠲᠠ ᠨᠢᠷᠭᠡᠵᠦ᠍᠂ ᠣᠷᠴᠢᠨ ᠦᠶ᠎ᠡ᠎ᠠᠴᠠ ᠨᠠᠭᠠᠱᠢᠬᠢ ᠬᠥᠮᠦᠨ ᠪᠣᠯᠭᠠᠨ᠎ᠳᠤ ᠳᠠᠷᠤᠯᠠᠭ᠍ᠳᠠᠵᠤ᠂ ᠬᠥᠮᠦᠨ᠎ᠤ ᠴᠢᠷᠠᠶ᠎ᠶ᠋ᠢ ᠬᠠᠷᠠᠬᠤ ᠵᠠᠭᠤᠨ ᠵᠢᠯ᠎ᠤᠨ ᠢᠴᠢᠭᠦᠷᠢ᠎ᠶ᠋ᠢ ᠲᠦᠢᠯᠪᠤᠷᠢᠲᠠᠶ ᠠᠷᠢᠯᠭᠠᠵᠤ᠂ ᠠᠽᠢᠶ᠎ᠠ ᠲᠢᠪ ᠪᠣᠯᠤᠨ ᠣᠯᠠᠨ ᠤᠯᠤᠰ᠎ᠤᠨ ᠬᠡᠷᠡᠭ ᠶᠠᠪᠤᠳᠠᠯ᠎ᠳᠠᠬᠢ ᠱᠢᠨ᠎ᠡ ᠳᠤᠮᠳᠠᠳᠤ ᠤᠯᠤᠰ᠎ᠤᠨ ᠴᠢᠬᠤᠯᠠ ᠪᠠᠢᠷᠢ ᠰᠠᠭᠤᠷᠢ᠎ᠶ᠋ᠢ ᠲᠠᠯᠪᠢᠭ᠍ᠰᠠᠨ ᠪᠠᠢᠨ᠎ᠠ; ᠳᠤᠮᠳᠠᠳᠤ ᠤᠯᠤᠰ᠎ᠤᠨ ᠴᠡᠷᠢᠭ ᠠᠩᠭᠢ 《ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠦᠨᠳᠦᠰᠦᠨ ᠲᠦᠷᠢᠮ》 ᠎ᠤᠨ ᠵᠣᠷᠢᠯᠲᠠ ᠪᠠ ᠵᠠᠷᠴᠢᠮ᠎ᠢ ᠬᠢᠨᠠᠮᠠᠭᠠᠢ ᠦᠢᠯᠡᠳᠦᠯᠭᠡᠵᠢᠭᠦᠯᠵᠦ᠍᠂ ᠤᠷᠢᠳ ᠬᠤᠵᠢᠳ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ 25 ᠵᠦᠢᠯ᠎ᠤᠨ ᠡᠩᠬᠡ ᠲᠠᠢᠪᠤᠩ᠎ᠢ ᠬᠠᠮᠠᠭᠠᠯᠠᠬᠤ ᠠᠵᠢᠯᠯᠠᠭ᠎ᠠ᠎ᠳᠤ ᠣᠷᠣᠯᠴᠠᠵᠤ᠂ ᠡᠩᠬᠡ ᠲᠠᠢᠪᠤᠩ᠎ᠢ ᠬᠠᠮᠠᠭᠠᠯᠠᠬᠤ ᠳᠠᠷᠤᠭ᠎ᠠ ᠪᠠᠢᠯᠳᠤᠭ᠍ᠴᠢᠳ᠎ᠢ ᠨᠡᠢᠳᠡ 4 ᠲᠦᠮᠡ ᠭᠠᠷᠤᠢ ᠬᠥᠮᠦᠨ ᠤᠳᠠᠭ᠎ᠠ ᠲᠣᠮᠢᠯᠠᠨ᠂ ᠡᠩᠬᠡ ᠲᠠᠢᠪᠤᠩ᠎ᠢ ᠬᠠᠮᠠᠭᠠᠯᠠᠬᠤ ᠡᠭᠦᠷᠭᠡ᠎ᠪᠠᠨ ᠦᠨᠡᠨᠴᠢ᠎ᠪᠠᠷ ᠭᠦᠢᠴᠡᠳᠭᠡᠵᠦ᠍᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠂ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠍᠂ ᠡᠩᠬᠡ ᠲᠠᠢᠪᠤᠩ᠎ᠤᠨ ᠴᠡᠷᠢᠭ᠂ ᠱᠢᠳᠤᠷᠭᠤ ᠶᠣᠰᠣᠨ᠎ᠤ ᠴᠡᠷᠢᠭ᠂ ᠪᠣᠯᠪᠠᠰᠤᠨ᠎ᠤ ᠴᠡᠷᠢᠭ᠎ᠤᠨ ᠲᠦᠷᠢ ᠲᠥᠷᠬᠦ᠌᠎ᠶ᠋ᠢ ᠢᠯᠡᠷᠡᠭᠦᠯᠪᠡ᠃

 

QQ图片20210804105825.png

QQ图片20210804105834.png

 

ᠲᠡᠦᠬᠡ᠎ᠪᠠᠷ ᠲᠤᠯᠢ ᠪᠣᠯᠭᠠᠪᠠᠯ᠂ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠴᠠᠯᠠᠰᠢ ᠦᠭᠡᠢ ᠤᠳᠤᠷᠢᠳᠤᠭ᠍ᠰᠠᠨ ᠬᠦᠴᠦᠷᠬᠡᠭ ᠶᠡᠭᠡ ᠠᠷᠠᠳ᠎ᠤᠨ ᠴᠡᠷᠢᠭ ᠠᠩᠬᠢ ᠪᠠᠢᠪᠠᠯ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠨᠡᠷ᠎ᠡ ᠬᠦᠨᠳᠦ᠎ᠶ᠋ᠢ ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠤ ᠠᠮᠤᠷ ᠠᠮᠤᠭᠤᠯᠠᠩ ᠵᠣᠯ ᠵᠢᠷᠭᠠᠯ᠎ᠢ ᠪᠠᠲᠤᠯᠠᠵᠤ ᠴᠢᠳᠠᠨ᠎ᠠ᠃ ᠬᠦᠴᠦᠷᠬᠡᠭ ᠶᠡᠭᠡ ᠠᠷᠠᠳ᠎ᠤᠨ ᠴᠡᠷᠢᠭ ᠠᠩᠬᠢ᠎ᠶ᠋ᠢ ᠪᠠᠢᠭᠤᠯᠬᠤ ᠪᠣᠯ ᠮᠠᠨ᠎ᠤ ᠨᠠᠮ᠎ᠤᠨ ᠴᠥᠬᠦᠷᠡᠰᠢ ᠦᠭᠡᠢ ᠬᠥᠭᠡᠭᠡᠴᠡᠯᠳᠦᠯ ᠮᠥᠨ᠂ ᠠᠷᠠᠳ᠎ᠤᠨ ᠴᠡᠷᠢᠭ ᠠᠩᠬᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ ᠪᠣᠯ ᠴᠡᠷᠢᠭ ᠪᠠᠢᠭᠤᠯᠬᠤ᠎ᠶ᠋ᠢᠨ ᠦᠨᠳᠦᠰᠦ᠂ ᠴᠡᠷᠢᠭ᠎ᠢ ᠬᠦᠴᠦᠷᠬᠡᠭ᠌ᠵᠢᠭᠦᠯᠬᠦ᠌᠎ᠶ᠋ᠢᠨ ᠰᠦᠭ ᠰᠦᠨᠡᠰᠦ ᠮᠥᠨ᠃

ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ ᠪᠣᠯ ᠠᠷᠠᠳ᠎ᠤᠨ ᠴᠡᠷᠢᠭ ᠠᠩᠭᠢ᠎ᠶ᠋ᠢᠨ ᠥᠨᠢᠳᠡ ᠬᠤᠪᠢᠷᠠᠰᠢ ᠦᠭᠡᠢ ᠴᠡᠷᠢᠭ᠎ᠤᠨ ᠰᠦᠭ ᠰᠦᠨᠡᠰᠦ ᠮᠥᠨ᠃ ᠡᠨᠡ ᠬᠦ᠌ ᠦᠨᠳᠦᠰᠦᠨ ᠵᠠᠷᠴᠢᠮ ᠪᠠ ᠲᠦᠷᠢᠮ᠎ᠨᠢ ᠨᠠᠨᠴᠠᠩ᠎ᠤᠨ ᠪᠣᠰᠣᠯᠭ᠎ᠠ᠎ᠠᠴᠠ ᠡᠭᠦᠰᠴᠦ᠍᠂ ᠰᠠᠨ ᠸᠠᠨ᠎ᠤ ᠥᠭᠡᠷᠡᠴᠢᠯᠡᠨ ᠪᠠᠢᠭᠤᠯᠬᠤ᠎ᠳᠤ ᠰᠠᠭᠤᠷᠢᠯᠠᠨ᠂ ᠬᠦ᠋ ᠲᠢᠶᠠᠨ᠎ᠤ ᠬᠤᠷᠠᠯᠳᠤᠭᠠᠨ ᠳᠡᠭᠡᠷ᠎ᠡ ᠬᠡᠪᠱᠢᠭ᠌ᠰᠡᠨ ᠪᠠᠢᠨ᠎ᠠ᠃ 1927 ᠣᠨ᠎ᠤ 《8 · 1》 ᠎ᠤ ᠨᠠᠨᠴᠠᠩ᠎ᠤᠨ ᠪᠣᠰᠣᠯᠭ᠎ᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠲᠤᠰᠠᠭᠠᠷ᠎ᠢᠶᠠᠨ ᠬᠤᠪᠢᠰᠭᠠᠯᠲᠤ ᠲᠠᠢᠨ᠎ᠢ ᠤᠳᠤᠷᠢᠳᠴᠤ᠌᠂ ᠠᠷᠠᠳ᠎ᠤᠨ ᠴᠡᠷᠢᠭ ᠠᠩᠬᠢ᠎ᠶ᠋ᠢ ᠡᠭᠦᠰᠭᠡᠨ ᠪᠠᠢᠭᠤᠯᠤᠭ᠍ᠰᠠᠨ ᠪᠠ ᠵᠡᠪᠰᠡᠭ᠌ᠲᠦ ᠬᠦᠴᠦᠨ᠎ᠢᠶᠠᠷ ᠵᠠᠰᠠᠭ᠎ᠤᠨ ᠡᠷᠬᠡ᠎ᠶ᠋ᠢ ᠪᠤᠯᠢᠶᠠᠨ ᠠᠪᠤᠭ᠍ᠰᠠᠨ ᠡᠬᠢᠯᠡᠯᠲᠡ᠎ᠶ᠋ᠢ ᠬᠠᠷᠠᠭᠤᠯᠵᠠᠢ᠃ ᠲᠡᠷᠡ ᠦᠶ᠎ᠡ᠎ᠠᠴᠠ ᠡᠬᠢᠯᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠠᠷᠠᠳ᠎ᠤᠨ ᠴᠡᠷᠢᠭ ᠠᠩᠬᠢ ᠳᠤᠮᠳᠠᠳᠤ ᠤᠯᠤᠰ᠎ᠤᠨ ᠠᠷᠠᠳ ᠲᠦᠮᠡᠨ᠎ᠤ ᠴᠢᠯᠥᠭᠡᠯᠡᠯᠲᠡ᠎ᠶ᠋ᠢ ᠡᠷᠢᠯᠬᠢᠯᠡᠬᠦ᠂ ᠳᠤᠮᠳᠠᠳᠤ᠎ᠶ᠋ᠢᠨ ᠦᠨᠳᠦᠰᠦᠲᠡᠨ᠎ᠤ ᠲᠤᠰᠠᠭᠠᠷ ᠲᠣᠭ᠍ᠲᠠᠨᠢᠯ᠎ᠢ ᠡᠷᠢᠯᠬᠢᠯᠡᠬᠦ᠂ ᠰᠡᠷᠭᠦᠨ ᠮᠠᠨᠳᠤᠯᠲᠠ᠎ᠶ᠋ᠢ ᠡᠷᠢᠯᠬᠢᠯᠡᠬᠦ᠌ ᠲᠡᠦᠬᠡ᠎ᠶ᠋ᠢᠨ ᠤᠷᠤᠰᠭᠠᠯ᠎ᠳᠤ ᠪᠠᠭᠠᠲᠤᠷᠯᠢᠭ᠎ᠢᠶᠠᠷ ᠣᠷᠣᠯᠴᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠬᠤᠪᠢ ᠵᠠᠶᠠᠭ᠎ᠠ᠎ᠲᠠᠢ ᠨᠢᠭ᠍ᠲᠠ ᠬᠤᠯᠪᠣᠯᠳᠤᠵᠠᠢ᠃

ᠤᠯᠤᠰ ᠣᠷᠣᠨ᠎ᠢᠶᠠᠨ ᠬᠦᠴᠦᠷᠬᠡᠭ᠌ᠵᠢᠭᠦᠯᠬᠦ᠌᠎ᠳᠤ ᠡᠷᠬᠡᠪᠰᠢ ᠴᠡᠷᠢᠭ᠎ᠢᠶᠠᠨ ᠬᠦᠴᠦᠷᠬᠡᠭ᠌ᠵᠢᠭᠦᠯᠬᠦ᠌ ᠬᠡᠷᠡᠭ᠌ᠲᠡᠢ᠂ ᠴᠡᠷᠢᠭ ᠠᠩᠬᠢ ᠬᠦᠴᠦᠷᠬᠡᠭ ᠪᠣᠯ ᠰᠠᠶᠢ ᠤᠯᠤᠰ ᠣᠷᠣᠨ᠎ᠢᠶᠠᠨ ᠠᠮᠤᠷ ᠲᠦᠪᠱᠢᠨ ᠪᠠᠢᠯᠭᠠᠵᠤ ᠴᠢᠳᠠᠨ᠎ᠠ᠃ ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ ᠡᠷᠬᠡᠪᠰᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠬᠦ᠌ ᠬᠡᠷᠡᠭ᠌ᠲᠡᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠡᠷᠬᠡᠪᠰᠢ ᠬᠥᠭ᠌ᠵᠢᠯᠲᠡ ᠪᠠ ᠠᠮᠤᠷ ᠲᠦᠪᠱᠢᠨ᠂ ᠤᠯᠤᠰ᠎ᠢᠶᠠᠨ ᠪᠠᠶᠠᠵᠢᠭᠤᠯᠬᠤ ᠪᠠ ᠴᠡᠷᠢᠭ᠎ᠢᠶᠠᠨ ᠬᠦᠴᠦᠷᠬᠡᠭ᠌ᠵᠢᠭᠦᠯᠬᠦ᠌᠎ᠶ᠋ᠢ ᠨᠢᠭᠡᠳᠦᠯᠲᠡᠢ ᠲᠥᠯᠥᠪᠯᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠤᠯᠤᠰ᠎ᠤᠨ ᠣᠳᠣᠬᠢᠴᠢᠯᠠᠯᠲᠠ᠎ᠶ᠋ᠢᠨ ᠠᠬᠢᠴᠠ᠎ᠲᠠᠢ ᠵᠣᠬᠢᠴᠠᠭᠤᠯᠬᠤ᠂ ᠴᠡᠷᠢᠭ᠎ᠤᠨ ᠶᠠᠪᠤᠳᠠᠯ᠎ᠤᠨ ᠴᠢᠳᠠᠪᠤᠷᠢ᠎ᠶ᠋ᠢ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠲᠠᠢ ᠵᠣᠬᠢᠴᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ; ᠳᠤᠮᠳᠠᠳᠤ ᠤᠯᠤᠰ᠎ᠤᠨ ᠣᠨᠴᠠᠯᠢᠭ᠎ᠲᠠᠢ ᠴᠡᠷᠢᠭ᠎ᠢ ᠬᠦᠴᠦᠷᠬᠡᠭ᠌ᠵᠢᠭᠦᠯᠬᠦ᠌ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠤᠯᠤᠰ ᠲᠦᠷᠦ᠎ᠪᠠᠷ ᠴᠡᠷᠢᠭ᠎ᠢ ᠪᠠᠢᠭᠤᠯᠬᠤ᠂ ᠥᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭ᠌ᠵᠢᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠬᠠᠤᠯᠢ ᠶᠣᠰᠣᠭᠠᠷ ᠴᠡᠷᠢᠭ᠎ᠢ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠠᠷᠠᠳ᠎ᠤᠨ ᠴᠡᠷᠢᠭ ᠠᠩᠭᠢ᠎ᠶ᠋ᠢ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠷᠢᠭ ᠠᠩᠭᠢ ᠪᠣᠯᠭᠠᠨ ᠪᠦᠳᠦᠭᠡᠨ ᠪᠠᠢᠭᠤᠯᠵᠤ᠂ ᠨᠡᠩ ᠬᠦᠴᠦᠷᠬᠡᠭ ᠶᠡᠭᠡ ᠴᠢᠳᠠᠪᠤᠷᠢ᠂ ᠨᠡᠩ ᠨᠠᠢᠳᠠᠪᠤᠷᠢᠲᠠᠢ ᠠᠷᠭ᠎ᠠ ᠪᠠᠷᠢᠯ᠎ᠢᠶᠠᠷ ᠤᠯᠤᠰ᠎ᠤᠨ ᠡᠷᠬᠡ ᠮᠡᠳᠡᠯ᠂ ᠠᠮᠤᠷ ᠲᠦᠪᠱᠢᠨ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠬᠡᠷᠡᠭ᠌ᠲᠡᠢ!

(ᠵᠣᠬᠢᠶᠠᠭ᠍ᠴᠢ᠎ᠶ᠋ᠢᠨ ᠨᠢᠭᠡᠴᠢ᠄ ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠮᠠᠷᠺᠰ᠎ᠤᠨ ᠦᠵᠡᠯ᠎ᠤᠨ ᠰᠤᠳᠤᠯᠬᠤ ᠭᠠᠵᠠᠷ)

 

ᠬᠦᠳᠡᠯᠦᠯᠴᠡᠯ

ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠱᠢᠨ᠎ᠡ ᠭᠠᠪᠢᠶ᠎ᠠ ᠪᠠᠢᠭᠤᠯᠤᠨ᠎ᠠ

 

ᠰᠤᠷᠪᠤᠯᠵᠢᠯᠠᠭ᠍ᠴᠢ ᠵᠣᠣ ᠨᠠ

 

ᠰᠠᠨ ᠵᠢᠶᠤᠤ ᠱᠠᠨ ᠬᠠᠷᠠᠭᠤᠯ᠎ᠤᠨ ᠭᠠᠵᠠᠷ᠎ᠲᠤ᠌᠂ ᠳᠠᠷᠤᠭ᠎ᠠ ᠪᠠᠢᠯᠳᠤᠭ᠍ᠴᠢᠳ ᠮᠥᠷᠥᠭᠡᠳᠦᠯ᠎ᠤᠨ ᠮᠣᠳᠣᠨ ᠳᠣᠣᠷ᠎ᠠ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢᠶᠠᠨ ᠳᠠᠬᠢᠨᠳᠠ ᠤᠩᠱᠢᠵᠦ᠍᠂ ᠪᠤᠳᠤᠯ ᠰᠠᠨᠠᠯ᠎ᠢᠶᠠᠨ ᠭᠦᠭ᠌ᠵᠢᠶᠠᠨᠳᠠᠢ ᠰᠣᠯᠢᠯᠴᠠᠵᠤ ᠪᠠᠢᠯ᠎ᠠ᠃

《〈ᠡᠬᠡ ᠤᠯᠤᠰ᠎ᠤᠨ᠎ᠢᠶᠠᠨ ᠲᠥᠯᠥᠭᠡ ᠬᠠᠷᠠᠭᠤᠯ ᠵᠣᠭ᠍ᠰᠣᠵᠤ᠂ ᠬᠢᠯᠢ ᠬᠢᠵᠠᠭᠠᠷ᠎ᠢᠶᠠᠨ ᠰᠠᠢᠲᠤᠷ ᠰᠠᠬᠢᠨ ᠬᠠᠮᠠᠭᠠᠯᠠᠨ᠎ᠠ〉᠂ ᠡᠨᠡ ᠪᠣᠯ ᠰᠠᠨ ᠵᠢᠶᠤᠤ ᠱᠠᠨ ᠠᠭᠤᠯᠠᠨ᠎ᠤ ᠬᠢᠯᠢ᠎ᠶ᠋ᠢᠨ ᠬᠠᠮᠠᠭᠠᠯᠠᠯᠲᠠ᠎ᠶ᠋ᠢᠨ ᠰᠤᠮᠤᠨ᠎ᠤ ᠳᠠᠷᠤᠭ᠎ᠠ ᠪᠠᠢᠯᠳᠤᠭ᠍ᠴᠢ ᠨᠢᠭᠡ ᠪᠦᠷᠢ᠎ᠶ᠋ᠢᠨ ᠬᠢᠴᠢᠶᠡᠰᠦ ᠮᠥᠨ》 ᠭᠡᠵᠦ᠍ ᠲᠡᠷᠢᠭᠦᠯᠡᠭ᠌ᠴᠢ ᠰᠢ᠎ᠶ᠋ᠢᠨ ᠫᠢᠩ᠎ᠤᠨ ᠵᠣᠷᠢᠭ᠍ᠵᠢᠭᠤᠯᠤᠯ᠎ᠤᠨ ᠦᠭᠡ᠎ᠶ᠋ᠢ ᠶᠠᠷᠢᠬᠤ ᠪᠦᠷᠢ ᠲᠤᠰ ᠴᠡᠷᠢᠭ ᠠᠩᠭᠢ᠎ᠶ᠋ᠢᠨ ᠤᠬᠠᠭᠤᠯᠬᠤ ᠰᠠᠯᠠᠭᠠᠨ᠎ᠤ ᠳᠠᠷᠤᠭ᠎ᠠ ᠯᠢ ᠱᠢᠶᠤᠤ ᠵᠢᠶᠠᠨ ᠳᠣᠭ᠍ᠳᠣᠯᠤᠬ᠍ᠰᠠᠨ ᠰᠡᠳᠭᠢᠯ᠎ᠢᠶᠠᠨ ᠲᠠᠷᠤᠵᠤ ᠶᠠᠳᠠᠨ᠎ᠠ᠃ 6 ᠵᠢᠯ᠎ᠤᠨ ᠡᠮᠦᠨ᠎ᠡ᠂ ᠰᠠᠨ ᠵᠢᠶᠤᠤ ᠱᠠᠨ ᠠᠭᠤᠯᠠᠨ᠎ᠤ ᠬᠢᠯᠢ᠎ᠶ᠋ᠢᠨ ᠬᠠᠮᠠᠭᠠᠯᠠᠯᠲᠠ᠎ᠶ᠋ᠢᠨ ᠰᠤᠮᠤᠨ᠎ᠤ ᠵᠢᠭᠠᠨ ᠵᠢᠯᠤᠭᠤᠳᠤᠬ᠍ᠴᠢ ᠪᠠᠢᠭ᠍ᠰᠠᠨ ᠲᠡᠷᠡ᠂ ᠲᠡᠷᠢᠭᠦᠯᠡᠭ᠌ᠴᠢ ᠰᠢ᠎ᠶ᠋ᠢᠨ ᠫᠢᠩ᠎ᠤᠨ ᠬᠠᠷᠢᠭᠤ ᠵᠠᠬᠢᠳᠠᠯ᠎ᠢ ᠪᠡᠶ᠎ᠡ᠎ᠪᠠᠷ᠎ᠢᠶᠠᠨ ᠵᠠᠳᠠᠯᠵᠤ᠂ ᠪᠦᠬᠦ᠌ ᠰᠤᠮᠤᠨ᠎ᠤ ᠳᠠᠷᠤᠭ᠎ᠠ ᠪᠠᠢᠯᠳᠤᠭ᠍ᠴᠢ᠎ᠪᠠᠨ ᠳᠠᠭᠠᠭᠤᠯᠤᠨ ᠳᠠᠭᠤᠨ ᠨᠢᠭᠡᠲᠡᠢ ᠤᠩᠱᠢᠪᠠ᠃ ᠡᠳᠦᠭᠡ᠂ ᠶᠠᠷᠢᠶᠠᠨ᠎ᠤ ᠵᠣᠷᠢᠭ ᠰᠠᠨᠠᠭ᠎ᠠ᠎ᠶ᠋ᠢ ᠳᠠᠬᠢᠨ ᠡᠷᠭᠢᠴᠡᠭᠦᠯᠪᠡᠯ᠂ ᠮᠥᠨ ᠬᠦ᠌ ᠬᠠᠯᠠᠭᠤᠨ ᠴᠢᠰᠤ ᠤᠷᠬᠢᠯᠦᠨ᠎ᠠ᠃ 《ᠨᠥᠬᠦᠳ ᠨᠡᠷ ᠰᠤᠮᠤ ᠠᠩᠭᠢ᠎ᠶ᠋ᠢᠨ ᠪᠥᠬᠦ᠌ ᠲᠠᠯ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠬᠦᠴᠦᠯᠡᠨ ᠴᠢᠩᠭᠠᠳᠭᠠᠵᠤ᠂ ᠴᠡᠷᠢᠭ᠎ᠢ ᠬᠦᠴᠦᠷᠬᠡᠭ᠌ᠵᠢᠭᠦᠯᠬᠦ᠌ ᠬᠠᠷᠠᠯᠲᠠ᠎ᠶ᠋ᠢ ᠰᠤᠮᠤ ᠠᠩᠭᠢ᠂ ᠬᠢᠯᠢ᠎ᠶ᠋ᠢᠨ ᠬᠠᠮᠠᠭᠠᠯᠠᠯᠲᠠ᠎ᠶ᠋ᠢᠨ ᠪᠣᠳᠠᠲᠠᠶ᠎ᠳᠤ ᠨᠠᠢᠳᠠᠪᠤᠷᠢᠵᠢᠭᠤᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠳᠠᠬᠢᠨ ᠱᠢᠨ᠎ᠡ ᠭᠠᠪᠢᠶ᠎ᠠ ᠪᠠᠢᠭᠤᠯᠬᠤ᠎ᠶ᠋ᠢ ᠬᠦᠰᠡᠵᠦ᠍ ᠪᠠᠢᠨ᠎ᠠ!》 ᠤᠯᠠᠨ ᠵᠢᠯ᠎ᠤᠨ ᠲᠤᠷᠰᠢ᠂ ᠲᠡᠷᠢᠭᠦᠯᠡᠭ᠌ᠴᠢ ᠰᠢ᠎ᠶ᠋ᠢᠨ ᠫᠢᠩ᠎ᠤᠨ ᠡᠨᠡ ᠬᠦ᠌ ᠬᠦᠰᠡᠯ ᠨᠠᠢᠳᠠᠯᠭ᠎ᠠ᠎ᠶ᠋ᠢ ᠲᠡᠳᠡ ᠨᠠᠷ ᠶᠠᠷᠤ᠎ᠠᠴᠠ ᠮᠠᠷᠲᠠᠭ᠎ᠠ ᠦᠭᠡᠢ ᠪᠥᠭᠡᠳ ᠡᠨᠡ ᠬᠦ᠌ ᠬᠠᠷᠠᠯᠲᠠ ᠲᠡᠢᠰᠢ ᠴᠢᠷᠮᠠᠢᠭ᠍ᠰᠠᠭᠠᠷ ᠢᠷᠡᠵᠠᠢ᠃

ᠯᠢ ᠱᠢᠶᠤᠤ ᠵᠢᠶᠠᠨ᠄ 《ᠴᠡᠷᠢᠭ ᠬᠥᠮᠦᠨ ᠪᠣᠯᠤᠭ᠍ᠰᠠᠨ᠎ᠤ ᠬᠤᠪᠢ᠎ᠳᠤ᠂ ᠪᠢ ᠡᠨᠡ ᠬᠦ᠌ ᠢᠷᠠᠭᠤ ᠠᠯᠳᠠᠷ᠎ᠢᠶᠠᠨ ᠨᠠᠨᠳᠢᠩᠨᠠᠵᠤ᠂ ᠪᠣᠯᠪᠠᠰᠤᠷᠠᠯ᠎ᠳᠤ ᠢᠳᠡᠪᠬᠢᠲᠡᠢ ᠣᠷᠣᠯᠴᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠬᠡᠷᠡᠭ᠌ᠯᠡᠬᠦ᠌ ᠴᠢᠳᠠᠪᠤᠷᠢ ᠪᠣᠯᠤᠨ ᠲᠦᠪᠱᠢᠨ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠥᠪᠡᠷ᠎ᠢ᠎ᠪᠠᠨ ᠤᠯᠤᠰ ᠲᠦᠷᠦ᠎ᠶ᠋ᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠤᠷᠦ᠋ᠢᠯᠠᠬ᠍ᠰᠠᠨ ᠥᠨᠳᠥᠷ ᠬᠡᠪ ᠪᠣᠯᠪᠠᠰᠤᠷᠠᠯ᠎ᠲᠠᠢ ᠳᠠᠷᠤᠭ᠎ᠠ ᠪᠠᠢᠯᠳᠤᠭ᠍ᠴᠢ ᠪᠣᠯᠭᠠᠨ᠎ᠠ》 ᠭᠡᠵᠦ᠍ ᠡᠷᠡᠰ ᠪᠠᠳᠤ᠎ᠪᠠᠷ ᠬᠡᠯᠡᠨ᠎ᠡ᠃

 

 

QQ图片20210804105655.png

 

2019 ᠤᠨ᠎ᠤ ᠪᠦᠬᠦᠳᠡ ᠨᠠᠢᠷᠠᠮᠳᠠᠬᠤ ᠳᠤᠮᠳᠠᠳᠦ ᠠᠷᠠᠳ ᠤᠯᠤᠰ ᠪᠠᠢᠭᠤᠯᠤᠬ᠍ᠳᠠᠬ᠍ᠰᠠᠨ 70 ᠵᠢᠯ᠎ᠤᠨ ᠤᠢ᠎ᠶ᠋ᠢ ᠪᠡᠯᠭᠡᠯᠡᠬᠦ᠌ ᠴᠡᠷᠢᠭ᠎ᠤᠨ ᠵᠢᠬ᠍ᠰᠠᠭᠠᠯ ᠱᠢᠯᠭᠠᠨ ᠦᠵᠡᠬᠦ᠌ ᠲᠤᠬᠠᠢ᠎ᠶ᠋ᠢᠨ ᠲᠠᠯᠠᠪᠠᠢ᠃

(ᠱᠢᠨᠬᠤᠸᠠ ᠬᠤᠷᠢᠶ᠎ᠠ᠎ᠶ᠋ᠢᠨ ᠬᠡᠷᠡᠯ ᠵᠢᠷᠤᠬ)

 

 

《ᠨᠠᠮ᠎ᠢᠶᠠᠨ᠎ᠲᠠᠭᠠᠨ ᠤᠷᠤᠬ᠍ᠰᠢᠯᠠᠵᠤ᠂ ᠨᠠᠮ᠎ᠤᠨ ᠰᠠᠢᠨ ᠪᠠᠢᠯᠳᠤᠭ᠍ᠴᠢ ᠪᠤᠯᠤᠨ᠎ᠠ》


ᠰᠤᠷᠪᠤᠯᠵᠢᠯᠠᠭ᠍ᠴᠢ ᠵᠣᠤ ᠨᠠ

 

ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠠᠯᠪᠠᠨ ᠬᠡᠷ᠎ᠤᠨ ᠵᠥᠪᠯᠡᠭ᠌ᠴᠢ ᠤᠯᠠᠯᠵᠢ ᠪᠣᠯ ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ᠎ᠤᠨ ᠬᠤᠢᠴᠢ ᠦᠶ᠎ᠡ ᠪᠠᠢᠵᠤ᠂ ᠲᠡᠭᠦᠨ᠎ᠤ ᠠᠪᠤ ᠨᠠᠷᠠᠳᠤ ᠪᠣᠯ ᠭᠤᠪᠢ ᠨᠤᠳᠤᠭ᠎ᠲᠤ 25 ᠵᠢᠯ ᠬᠢᠯᠢ ᠰᠠᠬᠢᠵᠤ᠂ ᠨᠠᠨᠳᠢᠨ ᠠᠮᠢ᠎ᠪᠠᠨ ᠬᠢᠯᠢ᠎ᠶ᠋ᠢᠨ ᠬᠠᠮᠠᠭᠠᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠤ ᠵᠤᠷᠢᠭᠤᠯᠤᠬ᠍ᠰᠠᠨ 《ᠠᠬᠠᠮᠠᠳ ᠬᠢᠯᠢ ᠰᠠᠬᠢᠬ᠍ᠴᠢ》 ᠶᠤᠮ᠃ ᠠᠪᠤ᠎ᠶ᠋ᠢᠨ᠎ᠢᠶᠠᠨ ᠭᠡᠷᠢᠶᠡᠰ ᠵᠣᠷᠢᠭ᠎ᠢ ᠵᠠᠯᠭᠠᠮᠵᠢᠯᠠᠬᠤ᠎ᠶ᠋ᠢᠨ ᠲᠥᠯᠥᠭᠡ᠂ ᠤᠯᠠᠯᠵᠢ ᠴᠦ᠍ ᠢᠷᠠᠭᠤ ᠠᠯᠳᠠᠷ᠎ᠲᠠᠢ ᠴᠡᠷᠢᠭ ᠬᠦᠮᠦᠨ ᠪᠤᠯᠵᠠᠢ᠃

《ᠴᠡᠷᠢᠭ᠎ᠲᠤ ᠤᠷᠤᠭ᠍ᠰᠠᠠ᠎ᠠᠴᠠ ᠤᠳᠤ ᠪᠣᠯᠲᠠᠯ᠎ᠠ᠂ ᠪᠢ 20 ᠭᠠᠷᠤᠢ ᠵᠢᠯ᠎ᠤᠨ ᠲᠤᠷᠱᠢᠬᠢ ᠴᠡᠷᠢᠭ ᠠᠩᠬᠢ᠎ᠶ᠋ᠢᠨ ᠪᠠᠢᠭᠤᠯᠤᠯᠲᠠ᠎ᠶ᠋ᠢᠨ ᠪᠠᠶᠠᠷᠯᠠᠭᠤᠱᠢᠲᠠᠢ ᠬᠤᠪᠢᠷᠠᠯᠲᠠ᠎ᠶ᠋ᠢ ᠦᠵᠡᠪᠡ᠃ ᠮᠠᠨ᠎ᠤ ᠵᠡᠪᠰᠡᠭ ᠲᠣᠨᠣᠭ᠍ᠯᠠᠯ ᠤᠯᠠᠮ᠎ᠠᠴᠠ ᠤᠯᠠᠮ ᠱᠢᠯᠢᠳᠡᠭ᠌ᠵᠢᠵᠦ᠍᠂ ᠴᠢᠳᠠᠪᠤᠷᠢᠲᠠᠨ ᠤᠯᠠᠮ᠎ᠠᠴᠠ ᠤᠯᠠᠮ ᠭᠠᠪᠱᠢᠭᠠᠢ ᠪᠤᠯᠵᠦ᠍᠂ ᠲᠡᠢᠴᠢᠠ ᠬᠦᠴᠦᠨ ᠴᠦ᠍ ᠤᠯᠠᠮ᠎ᠠᠴᠠ ᠤᠯᠠᠮ ᠴᠢᠩᠭᠠᠷᠠᠵᠤ ᠪᠠᠢᠨ᠎ᠠ》 ᠭᠡᠵᠦ᠍ ᠤᠯᠠᠯᠵᠢ ᠬᠡᠯᠡᠨ᠎ᠠ᠃

《ᠲᠦᠷᠦᠭᠦᠬᠡᠨ᠂ 〈7 · 1〉 ᠎ᠤ ᠭᠠᠪᠢᠶᠠᠨ ᠲᠡᠮᠳᠡᠭ ᠬᠦᠷᠲᠡᠭ᠌ᠴᠢ ᠲᠢᠩ · ᠪᠠᠭᠠᠲᠤᠷ᠎ᠤᠨ ᠴᠡᠷᠢᠭ᠎ᠤᠨ ᠲᠣᠭᠤᠷᠢᠭ᠎ᠲᠤ ᠬᠢᠭ᠌ᠰᠡᠨ ᠮᠡᠳᠡᠭᠦᠯᠦᠯᠲᠡ᠎ᠶ᠋ᠢ ᠰᠤᠨᠤᠰᠤᠭᠠᠳ ᠲᠤᠬᠠᠶ᠎ᠶ᠋ᠢᠨ ᠲᠠᠯᠠᠪᠠᠢ᠎ᠳᠤ ᠪᠠᠢᠭ᠍ᠰᠠᠨ ᠳᠠᠷᠤᠭ᠎ᠠ ᠪᠠᠢᠯᠳᠤᠭ᠍ᠴᠢᠳ ᠴᠥᠮ ᠶᠡᠬᠡᠳᠡ ᠰᠡᠳᠭᠢᠯ ᠬᠥᠳᠡᠯᠪᠡ᠃ ᠲᠡᠭᠦᠨ᠎ᠤ ᠪᠡᠶ᠎ᠡ ᠳᠡᠭᠡᠷ᠎ᠡ᠎ᠠᠴᠠ ᠪᠢᠳᠡ ᠨᠠᠮ᠎ᠤᠨ ᠦᠭᠡ᠎ᠶ᠋ᠢ ᠡᠷᠡᠰ ᠰᠣᠨᠣᠰᠴᠤ᠌᠂ ᠨᠠᠮ᠎ᠢᠶᠠᠨ ᠳᠠᠭᠠᠬᠤ ᠡᠷᠬᠢᠮ ᠳᠡᠭᠡᠳᠦ ᠤᠯᠤᠰ ᠲᠦᠷᠦ᠎ᠶ᠋ᠢᠨ ᠬᠡᠪ ᠪᠤᠯᠪᠠᠰᠤᠷᠠᠯ ᠵᠢᠴᠢ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠱᠢᠷᠭᠠᠭᠤ ᠠᠵᠢᠯᠯᠠᠬᠤ ᠪᠣᠳᠠᠲᠠᠢ ᠠᠵᠢᠯᠯᠠᠬᠤ ᠡᠷᠬᠢᠮ ᠳᠡᠭᠡᠳᠦ ᠠᠮᠢᠳᠤᠷᠠᠬᠤᠢ᠎ᠶ᠋ᠢᠨ ᠬᠥᠭᠡᠭᠡᠴᠡᠯᠳᠦᠯ᠎ᠢ ᠣᠯᠵᠤ ᠬᠠᠷᠠᠯ᠎ᠠ᠂ ᠴᠡᠷᠢᠭ ᠬᠥᠮᠦᠨ ᠪᠣᠯᠤᠭ᠍ᠰᠠᠨ᠎ᠤ ᠬᠤᠪᠢ᠎ᠳᠤ᠂ ᠪᠢᠳᠡ ᠨᠠᠩ ᠴᠤ᠌ ᠱᠢᠨ᠎ᠡ ᠴᠠᠭ ᠦᠶ᠎ᠡ᠎ᠶ᠋ᠢᠨ ᠨᠠᠮ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠨᠠᠮ᠎ᠤᠨ ᠠᠷᠠᠳ᠎ᠤᠨ ᠴᠡᠷᠢᠭ ᠠᠩᠭᠢ᠎ᠳᠠᠬᠢ ᠬᠠᠷᠢᠴᠠᠯᠠᠰᠢ ᠥᠬᠡᠶ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠴᠡᠷᠢᠭ᠎ᠢ ᠬᠦᠴᠦᠷᠬᠡᠭ᠌ᠵᠢᠭᠦᠯᠬᠦ᠌ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠨᠠᠮ᠎ᠢᠶᠠᠨ ᠴᠢᠩᠭ᠎ᠠ ᠳᠠᠭᠠᠵᠤ᠂ ᠨᠠᠮ᠎ᠤᠨ ᠰᠠᠢᠨ ᠪᠠᠢᠯᠳᠤᠭ᠍ᠴᠢ ᠪᠣᠯᠤᠨ᠎ᠠ》 ᠭᠡᠵᠦ᠍ ᠤᠯᠠᠯᠵᠢ ᠬᠡᠯᠡᠨ᠎ᠡ᠃

 

QQ图片20210804105800.png

QQ图片20210804105808.png

QQ图片20210804105816.png

 

  

《ᠦᠨᠡᠨ ᠬᠦ᠌ ᠪᠠᠢᠯᠳᠤᠵᠤ ᠪᠤᠳᠠᠲᠠᠢ ᠪᠡᠯᠡᠳᠭᠡᠵᠦ᠍᠂ ᠪᠤᠯᠤᠳ ᠲᠡᠮᠤᠷ ᠮᠡᠳᠦ ᠵᠣᠷᠢᠭ ᠰᠠᠨᠠᠭ᠎ᠠ᠎ᠶ᠋ᠢ ᠳᠠᠪᠲᠠᠨ ᠪᠤᠯᠪᠠᠰᠤᠷᠠᠭᠤᠯᠤᠨ᠎ᠠ》

 

ᠰᠤᠷᠪᠤᠯᠵᠢᠯᠠᠭ᠍ᠴᠢ ᠵᠤᠤ ᠨᠠ

 

《ᠡᠷᠦᠭᠡ᠎ᠶ᠋ᠢᠨ ᠴᠡᠷᠢᠭ ᠴᠦ᠍ ᠴᠡᠷᠢᠭ ᠮᠥᠨ᠃ ᠴᠡᠷᠢᠭ ᠶᠤᠮ ᠴᠢᠨᠢ ᠬᠠᠲᠠᠭᠤᠵᠢᠯᠲᠠᠢ ᠪᠤᠯᠪᠠᠰᠤᠷᠠᠬᠤ ᠬᠡᠷᠡᠭ᠌ᠲᠡᠢ》 ᠭᠡᠵᠦ᠍ ᠠᠯᠠᠱᠠ᠎ᠶ᠋ᠢᠨ ᠴᠡᠷᠢᠭ᠎ᠤᠨ ᠬᠤᠪᠢᠶᠠᠷᠢ ᠲᠣᠭᠤᠷᠢᠭ᠎ᠤᠨ 26 ᠳ᠋ᠤᠭᠠᠷ ᠨᠣᠮᠧᠷᠲᠤ 《ᠮᠣᠩᠭᠤᠯ ᠭᠡᠷ ᠬᠠᠷᠠᠭᠤᠯ᠎ᠤᠨ ᠭᠠᠵᠠᠷ》 ᠎ᠤᠨ ᠡᠷᠦᠭᠡ᠎ᠶ᠋ᠢᠨ ᠴᠡᠷᠢᠭ᠎ᠤᠨ ᠬᠠᠷᠠᠭᠤᠯ᠎ᠤᠨ ᠳᠠᠷᠤᠭ᠎ᠠ ᠱᠢᠶᠧ ᠪᠦᠦ ᠮᠢᠨ ᠴᠡᠷᠢᠭ᠎ᠤᠨ ᠶᠠᠪᠤᠳᠠᠯ᠎ᠤᠨ ᠪᠣᠯᠪᠠᠰᠤᠷᠠᠯ᠎ᠤᠨ ᠴᠢᠬᠤᠯᠠ ᠴᠢᠨᠠᠷ᠎ᠤᠨ ᠲᠤᠬᠠᠢ ᠦᠵᠡᠯᠲᠡ ᠲᠠᠨᠢᠯᠲᠠ᠎ᠪᠠᠨ ᠶᠠᠷᠢᠵᠦ᠍ ᠭᠠᠷᠤᠨ᠎ᠠ᠃ ᠲᠡᠷᠡ᠄ 《ᠲᠡᠷᠢᠭᠦᠯᠡᠭ᠌ᠴᠢ ᠰᠢ᠎ᠶ᠋ᠢᠨ ᠫᠢᠩ 〈7 · 1〉 ᠎ᠤ ᠴᠢᠬᠤᠯᠠ ᠶᠠᠷᠢᠶᠠᠨ᠎ᠳᠠᠭᠠᠨ᠂ ᠠᠷᠠᠳ᠎ᠤᠨ ᠴᠡᠷᠢᠭ ᠠᠩᠬᠢ᠎ᠶ᠋ᠢ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠷᠢᠭ ᠠᠩᠬᠢ ᠪᠣᠯᠭᠠᠨ ᠪᠦᠳᠦᠭᠡᠨ ᠪᠠᠢᠭᠤᠯᠵᠤ᠂ ᠨᠡᠩ ᠬᠦᠴᠦᠷᠬᠡᠭ ᠶᠡᠭᠡ ᠴᠢᠳᠠᠪᠤᠷᠢ᠂ ᠨᠡᠩ ᠨᠠᠢᠳᠠᠪᠤᠷᠢᠲᠠᠢ ᠠᠷᠭ᠎ᠠ ᠪᠠᠷᠢᠯ᠎ᠢᠶᠠᠷ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠠᠷᠠᠳ᠎ᠤᠨ ᠴᠡᠷᠢᠭ ᠠᠩᠭᠢ᠎ᠶ᠋ᠢᠨ ᠬᠠᠪᠰᠤᠷᠤᠭ᠍ᠴᠢ ᠪᠠ ᠴᠢᠬᠤᠯᠠ ᠪᠡᠯᠡᠳᠭᠡᠯ ᠬᠦᠴᠦᠨ ᠪᠣᠯᠤᠭ᠍ᠰᠠᠨ᠎ᠤ ᠬᠤᠪᠢ᠎ᠳᠤ᠂ ᠮᠠᠨ᠎ᠤ ᠡᠷᠦᠭᠡ᠎ᠶ᠋ᠢᠨ ᠴᠡᠷᠢᠭ ᠡᠷᠬᠡᠪᠰᠢ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠴᠢᠩᠭ᠎ᠠ ᠠᠩᠬᠠᠷᠴᠤ᠌᠂ ᠴᠡᠷᠢᠭ᠎ᠤᠨ ᠶᠠᠪᠤᠳᠠᠯ᠎ᠤᠨ ᠡᠷᠳᠡᠮ ᠴᠢᠳᠠᠪᠤᠷᠢ᠎ᠪᠠᠨ ᠱᠢᠯᠭᠠᠷᠠᠲᠠᠯ᠎ᠠ ᠪᠣᠯᠪᠠᠰᠤᠷᠠᠪᠠᠯ ᠰᠠᠶᠢ ᠪᠠᠢᠯᠳᠤᠬᠤ ᠴᠢᠳᠠᠪᠤᠷᠢ᠎ᠪᠠᠨ ᠶᠡᠭᠡ᠎ᠪᠠᠷ ᠳᠡᠭᠡᠭ᠌ᠰᠢᠯᠡᠭᠦᠯᠵᠦ᠍ ᠴᠢᠳᠠᠨ᠎ᠠ》 ᠭᠡᠪᠡ᠃

20 ᠭᠠᠷᠤᠢ ᠵᠢᠯ᠎ᠤᠨ ᠲᠤᠷᠰᠢ᠂ ᠱᠢᠶᠧ ᠪᠦᠦ ᠮᠢᠨ ᠪᠣᠯᠪᠠᠰᠤᠷᠠᠯ᠎ᠢᠶᠠᠨ ᠢᠮᠠᠭ᠍ᠲᠠ ᠪᠠᠷᠢᠮᠲᠠᠯᠠᠵᠤ᠂ ᠤᠳᠠᠭ᠎ᠠ ᠪᠦᠷᠢ 5 ᠺᠢᠯᠣᠮᠧᠲᠷ ᠬᠡᠭᠡᠷᠡᠯᠡᠨ ᠭᠦᠶᠦᠬᠦ᠌᠎ᠳᠤ ᠴᠥᠮ 5 ᠺᠢᠯᠣᠭ᠌ᠷᠠᠮ ᠬᠦᠨᠳᠦ ᠡᠯᠡᠰᠦᠨ ᠡᠯᠢᠭᠡᠪᠴᠢ ᠡᠮᠦᠰᠴᠦ᠍᠂ 2 ᠺᠢᠯᠣᠭ᠌ᠷᠠᠮ ᠬᠦ᠍ᠨᠳᠦ ᠬᠦᠯ᠎ᠤᠨ ᠤᠷᠢᠶᠠᠯᠲᠠ ᠵᠡᠭᠦᠵᠦ᠍᠂ ᠪᠤᠰᠤᠳ᠎ᠠᠴᠠ ᠢᠯᠡᠭᠦᠦ 1 ᠺᠢᠯᠣᠮᠧᠲᠷ ᠭᠦᠶᠦᠳᠡᠭ ᠪᠠᠢᠪᠠ; ᠰᠤᠯᠠ ᠰᠡᠯᠡᠭᠦᠦ ᠴᠠᠭ᠎ᠲᠠᠢ ᠯᠠ ᠶᠤᠮ ᠪᠣᠯ ᠲᠡᠷᠡ ᠦᠪᠡᠷ᠎ᠢ᠎ᠪᠠᠨ ᠴᠢᠩᠭ᠎ᠠ ᠱᠠᠭᠠᠷᠳᠠᠨ᠂ ᠤᠨᠤᠯ ᠰᠤᠷᠤᠯᠴᠠᠨ᠂ ᠡᠷᠳᠡᠮ ᠴᠢᠳᠠᠪᠤᠷᠢ᠎ᠪᠠᠨ ᠪᠤᠯᠪᠠᠰᠤᠷᠠᠭᠤᠯᠤᠨ᠎ᠠ ᠁

ᠱᠢᠶᠧ ᠪᠦᠦ ᠮᠢᠨ᠄ 《ᠢᠷᠡᠭᠡᠳᠦᠢ᠎ᠳᠤ᠂ ᠪᠢ ᠨᠡᠩ ᠤᠯᠠᠨ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠡᠳᠡᠯᠭᠡ᠎ᠶ᠋ᠢ ᠰᠤᠷᠤᠯᠴᠠᠨ ᠡᠵᠡᠮᠱᠢᠵᠦ᠍᠂ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠬᠦᠯᠵᠦ᠍᠂ ᠤᠯᠤᠰ᠎ᠢᠶᠠᠨ ᠬᠦᠴᠦᠷᠬᠡᠭ᠌ᠵᠢᠭᠦᠯᠬᠦ᠌ ᠴᠡᠷᠢᠭ᠎ᠢᠶᠠᠨ ᠬᠦᠴᠦᠷᠬᠡᠭ᠌ᠵᠢᠭᠦᠯᠬᠦ᠌ ᠵᠡᠭᠦᠳᠦ᠎ᠶ᠋ᠢ ᠲᠡᠷᠭᠡᠯᠱᠢᠭᠦᠯᠬᠦ᠌᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠢᠲᠡᠭᠡᠯ ᠲᠡᠬᠦᠯᠳᠡᠷ ᠬᠡᠯᠡᠨ᠎ᠡ᠃

 

 

QQ图片20210804105731.png

QQ图片20210804105744.png

 

 

《ᠪᠢᠳᠡ ᠰᠠᠬᠢᠨ ᠬᠠᠮᠠᠭᠠᠯᠠᠵᠤ ᠪᠠᠢᠨ᠎ᠠ᠂ ᠡᠬᠡ ᠤᠯᠤᠰ ᠪᠣᠯᠤᠨ ᠠᠷᠠᠳ ᠲᠦᠮᠡᠨ ᠰᠠᠨᠠᠭ᠎ᠠ ᠠᠮᠤᠷ ᠪᠠᠢᠭᠠᠷᠠᠢ》


ᠰᠤᠷᠪᠤᠯᠵᠢᠯᠠᠭ᠍ᠴᠢ ᠵᠤᠤ ᠨᠠ

 

《ᠲᠠᠢᠰᠠᠨ ᠳᠡᠭᠡᠷᠡᠬᠢ ᠨᠢᠭᠡ ᠮᠢᠨᠦ᠋ᠲ᠎ᠤᠨ ᠲᠤᠭ᠍ᠯᠠᠯᠲᠠ᠎ᠨᠢ ᠲᠠᠢᠰᠠᠨ ᠳᠣᠣᠷᠠᠬᠢ ᠠᠷᠪᠠᠨ ᠵᠢᠯ᠎ᠤᠨ ᠴᠢᠷᠮᠠᠢᠯᠭ᠎ᠠ᠎ᠶ᠋ᠢ ᠱᠠᠭᠠᠷᠳᠠᠨ᠎ᠠ᠃ ᠡᠷᠦᠬᠡ᠎ᠶ᠋ᠢᠨ ᠴᠡᠷᠢᠭ᠎ᠤᠨ ᠬᠤᠪᠢᠶᠠᠷᠢ ᠠᠩᠭᠢ᠎ᠶ᠋ᠢᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠤ ᠬᠠᠮᠤᠭ᠎ᠤᠨ ᠵᠠᠩᠭᠢᠯᠠᠭ᠎ᠠ᠎ᠨᠢ ᠰᠠᠭᠤᠷᠢ᠎ᠶ᠋ᠢ ᠪᠠᠲᠤᠳᠭᠠᠵᠤ ᠦᠨᠳᠦᠰᠦ᠎ᠶ᠋ᠢ ᠪᠠᠬᠢᠵᠢᠭᠦᠯᠬᠦ᠌ 〈ᠠᠮᠢᠨ ᠰᠤᠳᠠᠰᠤ〉 ᠎ᠶ᠋ᠢ ᠰᠠᠢᠲᠤᠷ ᠠᠳᠭᠤᠬᠤ ᠶᠠᠪᠤᠳᠠᠯ ᠪᠣᠯᠤᠨ᠎ᠠ᠃ ᠠᠷᠤᠨ ᠬᠤᠱᠢᠭᠤᠨ᠎ᠤ ᠠᠷᠠᠳ᠎ᠤᠨ ᠵᠡᠪᠰᠡᠭ᠌ᠲᠦ ᠬᠦᠴᠦᠨ᠎ᠤ ᠬᠡᠯᠲᠡᠰ᠎ᠤᠨ ᠺᠣᠮᠢᠰᠰᠠᠷ ᠸᠠᠨ ᠱᠢᠨ᠂ ᠪᠢᠳᠡ ᠶᠡᠷᠦ᠎ᠠᠴᠠ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠢᠮᠠᠭ᠍ᠲᠠ ᠪᠠᠷᠢᠮᠲᠠᠯᠠᠵᠤ᠂ ᠨᠠᠮ᠎ᠤᠨ ᠱᠢᠨ᠎ᠡ᠎ᠶ᠋ᠢ ᠡᠭᠦᠳᠦᠭ᠌ᠰᠡᠨ ᠣᠨᠣᠯ᠎ᠤᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢᠶᠠᠷ ᠲᠠᠷᠢᠬᠢ ᠲᠣᠯᠣᠭᠠᠶ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠠᠨ ᠵᠢᠯᠣᠭᠤᠳᠣᠭᠤᠯᠤᠨ᠂ ᠠᠵᠢᠯ᠎ᠢᠶᠠᠨ ᠠᠬᠢᠭᠤᠯᠵᠤ᠂ ᠪᠡᠯᠡᠳᠭᠡᠯ ᠴᠡᠷᠢᠭ᠎ᠤᠨ ᠨᠠᠮ᠎ᠤᠨ ᠵᠢᠯᠣᠭᠤᠳᠣᠯᠭ᠎ᠠ᠎ᠶ᠋ᠢ ᠡᠷᠡᠰ ᠳᠠᠭᠠᠬᠤ᠂ ᠲᠦᠢᠯ᠎ᠤᠨ ᠦᠨᠡᠨᠴᠢ ᠢᠲᠡᠭᠡᠮᠵᠢᠲᠡᠶ ᠪᠠᠢᠬᠤ ᠦᠵᠡᠯ ᠰᠠᠨᠠᠭ᠎ᠠ ᠤᠯᠤᠰ ᠲᠥᠷᠥ᠎ᠶ᠋ᠢᠨ ᠰᠠᠭᠤᠷᠢ᠎ᠪᠠᠨ ᠪᠠᠬᠢᠵᠢᠭᠦᠯᠵᠦ᠍ ᠢᠷᠡᠵᠡᠢ ᠭᠡᠪᠡ᠃

ᠸᠠᠨ ᠱᠢᠨ᠄ 《ᠲᠦᠷᠦᠭᠦᠬᠡᠨ᠂ ᠠᠷᠤᠨ ᠬᠤᠱᠢᠭᠤ ᠵᠡᠷᠭᠡ ᠭᠠᠵᠠᠷ᠎ᠲᠤ ᠵᠠᠯᠭᠠᠭ᠎ᠠ᠎ᠪᠠᠷ ᠱᠢᠷᠦᠭᠦᠨ ᠪᠣᠷᠣᠭᠠᠨ ᠣᠷᠣᠵᠤ᠂ ᠦᠶᠡᠷ ᠤᠰᠤᠳᠤᠯ ᠪᠤᠯᠵᠦ᠍᠂ ᠤᠯᠠᠨ ᠲᠦᠮᠡᠨ ᠭᠠᠮᠱᠢᠭ᠍ᠳᠠᠪᠠ᠃ ᠡᠨᠡ ᠦᠶ᠎ᠡ᠎ᠳᠤ ᠪᠢᠳᠡ ᠦᠶᠡᠷ᠎ᠲᠠᠢ ᠲᠡᠮᠡᠴᠡᠬᠦ᠌ ᠡᠮᠦᠨ᠎ᠡ ᠹᠷᠣᠨᠲ᠎ᠲᠤ ᠳᠠᠷᠤᠢ ᠲᠦᠷᠭᠡᠨ ᠬᠦᠷᠴᠦ᠍᠂ ᠠᠶᠤᠯ᠎ᠠᠴᠠ ᠠᠪᠤᠷᠠᠨ ᠲᠤᠰᠠᠯᠠᠬᠤ ᠠᠵᠢᠯ᠎ᠢ ᠦᠳᠲᠡᠷ ᠲᠦᠷᠭᠡᠨ ᠵᠣᠬᠢᠶᠠᠨ ᠪᠠᠢᠭᠤᠯᠬᠤ᠎ᠶ᠋ᠢᠨ ᠬᠠᠮᠲᠤ ᠵᠢᠯᠣᠭᠤᠴᠢ ᠦᠭᠡᠢ ᠨᠢᠰᠭᠡᠯ᠎ᠢᠶᠠᠷ ᠪᠠᠢᠴᠠᠭᠠᠨ ᠬᠠᠢᠨ ᠬᠡᠮᠵᠢᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠦᠬᠦ᠌ ᠬᠦᠴᠦᠨ᠎ᠢᠶᠠᠷ᠎ᠢᠶᠠᠨ ᠪᠠᠲᠤᠯᠠᠪᠠ》 ᠭᠡᠪᠡ᠃

ᠲᠡᠷᠡ᠄ 《ᠡᠩᠬᠡ ᠲᠠᠢᠪᠤᠩ᠎ᠢ ᠡᠳ᠋ᠯᠡᠬᠦ᠌ ᠪᠣᠯ ᠠᠷᠠᠳ ᠲᠦᠮᠡᠨ᠎ᠤ ᠵᠣᠯ ᠵᠢᠷᠭᠠᠯ ᠮᠥᠨ᠂ ᠡᠩᠬᠡ ᠲᠠᠢᠪᠤᠩ᠎ᠢ ᠬᠠᠮᠠᠭᠠᠯᠠᠬᠤ ᠪᠣᠯ ᠴᠡᠷᠢᠭ ᠠᠩᠭᠢ᠎ᠶ᠋ᠢᠨ ᠬᠠᠷᠢᠭᠤᠴᠠᠯᠭ᠎ᠠ ᠮᠥᠨ᠃ ᠪᠢᠳᠡ ᠰᠠᠬᠢᠨ ᠬᠠᠮᠠᠭᠠᠯᠠᠵᠤ ᠪᠠᠢᠨ᠎ᠠ᠂ ᠡᠬᠡ ᠤᠯᠤᠰ ᠪᠣᠯᠤᠨ ᠠᠷᠠᠳ ᠲᠦᠮᠡᠨ ᠰᠠᠨᠠᠭ᠎ᠠ ᠠᠮᠤᠷ ᠪᠠᠢᠭᠠᠷᠠᠶ!》 ᠭᠡᠵᠦ᠍ ᠪᠠᠲᠤ ᠢᠲᠡᠭᠡᠯ᠎ᠲᠠᠢ ᠶᠠᠷᠢᠨ᠎ᠠ᠃

 

(ᠲᠤᠰ ᠨᠢᠭᠤᠷ᠎ᠤᠨ ᠨᠡᠷ᠎ᠡ ᠬᠠᠳᠠᠬ᠍ᠰᠠᠨ᠎ᠠᠴᠠ ᠪᠤᠰᠤᠳ ᠬᠡᠷᠡᠯ ᠵᠢᠷᠤᠬ᠎ᠢ ᠴᠥᠮ ᠰᠤᠷᠪᠤᠯᠵᠢᠯᠠᠬ᠍ᠴᠢ ᠮᠠ ᠵᠢᠶᠠᠨ ᠴᠢᠥᠸᠠᠨ ᠪᠤᠯᠤᠨ ᠦᠪᠦᠷ ᠮᠤᠩᠭᠤᠯ᠎ᠤᠨ ᠴᠡᠷᠢᠭ᠎ᠤᠨ ᠲᠤᠭᠤᠷᠢᠭ᠎ᠠᠴᠠ ᠬᠠᠩᠭᠠᠪᠠ)

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号