2021 ᠣᠨ᠎ᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠵᠡᠰᠭᠦᠯᠡᠩ᠎ᠢ ᠲᠣᠭᠤᠷᠢᠨ ᠦᠵᠡᠭ᠌ᠰᠡᠨ ᠲᠤᠬᠠᠢ ᠱᠠᠩᠨᠠᠯᠲᠤ ᠵᠤᠬᠢᠶᠠᠯ ᠡᠯᠰᠡᠬᠦ᠌ ᠵᠢᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠤᠰᠠᠯᠠᠩ᠎ᠤᠨ ᠥᠪᠥᠷ ᠮᠣᠩᠭᠤᠯ᠎ᠳᠠᠬᠢ ᠵᠤᠰᠠᠯᠠᠩ》 ᠎ᠤᠨ ᠠᠵᠢᠯᠯᠠᠭ᠎ᠠ ᠶᠠᠪᠤᠬ᠍ᠳᠠᠪᠠ
2021-08-05 09:54:54
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠷᠳᠣᠨ᠎ᠠᠴᠠ ᠭᠤᠤᠯᠯᠠᠨ ᠡᠷᠭᠢᠯᠡᠵᠦ᠍᠂ ᠥᠪᠥᠷ ᠮᠣᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠷᠳᠣᠨ᠎ᠠᠴᠠ ᠳᠠᠭᠠᠭᠠᠴᠢᠯᠠᠨ ᠡᠷᠭᠢᠯᠡᠭ᠌ᠰᠡᠨ 2021 ᠣᠨ᠎ᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠵᠡᠰᠭᠦᠯᠡᠩ᠎ᠢ ᠲᠣᠭᠤᠷᠢᠨ ᠦᠵᠡᠭ᠌ᠰᠡᠨ ᠲᠤᠬᠠᠢ ᠱᠠᠩᠨᠠᠯᠲᠤ ᠵᠤᠬᠢᠶᠠᠯ ᠡᠯᠰᠡᠬᠦ᠌ ᠵᠢᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠤᠰᠠᠯᠠᠩ᠎ᠤᠨ ᠥᠪᠥᠷ ᠮᠣᠩᠭᠤᠯ᠎ᠳᠠᠬᠢ ᠵᠤᠰᠠᠯᠠᠩ》 ᠎ᠤᠨ ᠠᠵᠢᠯᠯᠠᠭ᠎ᠠ ᠶᠠᠪᠤᠬ᠍ᠳᠠᠪᠠ᠃

ᠲᠤᠰ ᠠᠵᠢᠯᠯᠠᠭ᠎ᠠ᠎ᠨᠢ 7 ᠰᠠᠷ᠎ᠠ᠎ᠶ᠋ᠢᠨ 29 ᠎ᠤ ᠡᠳᠦᠷ ᠪᠤᠯᠲᠠᠯ᠎ᠠ ᠬᠦᠬᠡᠬᠤᠲᠠ ᠪᠤᠯᠤᠨ ᠤᠷᠳᠤᠰ ᠬᠤᠶᠠᠷ ᠭᠠᠵᠠᠷ᠎ᠲᠤ ᠰᠦᠯᠵᠢᠶ᠎ᠡ᠎ᠪᠠᠷ ᠱᠢᠭᠤᠳ ᠨᠡᠪᠲᠡᠷᠡᠭᠦᠯᠬᠦ᠌ ᠪᠠ ᠠᠬᠤᠢ ᠲᠠᠯᠠᠪᠠᠢ᠎ᠶ᠋ᠢᠨ ᠠᠵᠢᠯᠯᠠᠭ᠎ᠠ ᠬᠢᠬᠦ᠌᠎ᠶ᠋ᠢ ᠤᠶᠠᠯᠳᠤᠭᠤᠯᠬᠤ ᠬᠡᠯᠪᠡᠷᠢ᠎ᠪᠠᠷ ᠶᠠᠪᠤᠭ᠍ᠳᠠᠭ᠍ᠰᠡᠨ ᠪᠠᠢᠨ᠎ᠠ᠃ ᠠᠬᠤᠢ ᠲᠠᠯᠠᠪᠠᠢ᠎ᠶ᠋ᠢᠨ ᠠᠵᠢᠯᠯᠠᠭ᠎ᠠ᠎ᠨᠢ ᠬᠤᠪᠢᠰᠭᠠᠯ᠎ᠤᠨ ᠭᠤᠤᠯ ᠰᠡᠳᠦᠪ᠂ ᠪᠤᠬᠢᠷᠲᠤᠯ ᠦᠭᠡᠢ ᠭᠤᠤᠯ ᠰᠡᠳᠦᠪ ᠪᠠ ᠠᠮᠢ ᠠᠬᠤᠢ᠎ᠶ᠋ᠢᠨ ᠭᠤᠤᠯ ᠰᠡᠳᠦᠪ᠎ᠤᠨ ᠲᠤᠭᠤᠷᠢᠨ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠤᠷᠳᠤᠨ᠂ ᠮᠦᠽᠧᠢ᠂ ᠠᠮᠢ ᠠᠬᠤᠢ᠎ᠶ᠋ᠢᠨ ᠬᠦᠷᠢᠶᠡᠯᠡᠩ᠂ ᠺᠢᠨᠣ᠋᠎ᠶ᠋ᠢᠨ ᠤᠷᠳᠤᠨ ᠵᠡᠷᠭᠡ 10 ᠭᠠᠷᠤᠢ ᠲᠠᠯᠠᠪᠤᠷ ᠤᠷᠳᠤᠨ᠎ᠢᠶᠠᠷ ᠲᠤᠭᠤᠷᠢᠨ ᠦᠵᠡᠬᠦ᠌ ᠪᠠ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ ᠦᠷᠨᠢᠭᠦᠯᠪᠡ᠃ ᠪᠠᠰᠠ ᠮᠧᠩ ᠼᠤᠤ ᠡᠪᠡᠰᠦ ᠤᠷᠭᠤᠮᠠᠯ᠎ᠤᠨ ᠬᠦᠷᠢᠶᠡᠯᠡᠩ᠂ ᠡᠩᠭᠡᠪᠡᠢ ᠡᠯᠡᠰᠦᠨ ᠴᠦᠯ᠎ᠤᠨ ᠱᠢᠨᠵᠢᠯᠡᠬᠦ᠌ ᠤᠬᠠᠭᠠᠨ᠎ᠤ ᠤᠷᠳᠤᠨ ᠪᠠ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ ᠵᠡᠷᠭᠡ ᠲᠠᠯᠠᠪᠤᠷ ᠤᠷᠳᠤᠨ᠎ᠳᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ ᠦᠷᠨᠢᠭᠦᠯᠦᠭ᠌ᠰᠡᠨ᠎ᠤ ᠬᠠᠮᠲᠤ ᠱᠢᠨᠬᠤᠸᠠ ᠰᠦᠯᠵᠢᠶ᠎ᠡ᠂ ᠲᠧᠩ ᠱᠢᠶᠦ᠋ᠨ ᠰᠦᠯᠵᠢᠶ᠎ᠡ᠂ ᠦᠪᠦᠷ ᠮᠤᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠤᠷᠳᠤᠨ᠎ᠤ ᠠᠯᠪᠠᠨ᠎ᠤ ᠪᠢᠴᠢᠯ ᠪᠦᠷᠭᠡ᠎ᠪᠠᠷ ᠳᠠᠮᠵᠢᠭᠤᠯᠤᠨ ᠰᠦᠯᠵᠢᠶᠡᠨ᠎ᠤ ᠱᠢᠭᠤᠳ ᠨᠡᠪᠲᠡᠷᠡᠭᠦᠯᠭᠡ ᠬᠢᠵᠦ᠍᠂ ᠪᠦᠬᠦ᠌ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠦᠪᠡᠷᠮᠢᠴᠡ ᠤᠨᠴᠠᠯᠢᠭ ᠪᠦᠬᠦᠢ ᠠᠵᠢᠯᠯᠠᠭ᠎ᠠ᠎ᠶ᠋ᠢ ᠰᠤᠨᠢᠷᠬᠠᠭᠤᠯᠤᠭ᠍ᠰᠡᠨ ᠪᠠᠢᠨ᠎ᠠ᠃

ᠤᠢ᠍ᠢᠯᠠᠭᠠᠭ᠍ᠰᠠᠨ᠎ᠢᠶᠠᠷ᠂ ᠲᠤᠰ ᠠᠵᠢᠯᠯᠠᠭ᠎ᠠ ᠡᠬᠢᠯᠡᠬᠦ᠌᠎ᠠᠴᠠ ᠡᠮᠦᠨ᠎ᠡ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠵᠡᠰᠭᠦᠯᠡᠩ᠎ᠢ ᠰᠤᠨᠢᠷᠬᠠᠵᠤ ᠵᠠᠭᠤᠨ ᠵᠢᠯ᠎ᠤᠨ ᠬᠤᠪᠢᠰᠤᠯᠲᠠ ᠬᠦᠭ᠌ᠵᠢᠯᠲᠡ᠎ᠶ᠋ᠢ ᠤᠢ᠍ᠢᠯᠠᠭᠠᠬᠤ》 ᠭᠤᠤᠯ ᠰᠡᠳᠦᠪ᠎ᠤᠨ ᠲᠣᠭᠤᠷᠢᠨ᠎ᠳᠤ᠂ ᠪᠥᠬᠦ᠌ ᠣᠷᠣᠨ᠎ᠤ 10 — 15 ᠨᠠᠰᠤᠨ᠎ᠤ ᠬᠤᠭᠤᠷᠤᠨᠳᠤᠬᠢ ᠪᠠᠭᠠᠴᠤᠳ ᠬᠡᠦᠬᠡᠳ᠎ᠲᠤ ᠬᠠᠨᠳᠤᠭᠤᠯᠤᠨ ᠵᠣᠬᠢᠶᠠᠯ ᠡᠯᠰᠡᠬᠦ᠌ ᠠᠵᠢᠯᠯᠠᠭ᠎ᠠ ᠦᠷᠨᠢᠭᠦᠯᠵᠦ᠍᠂ 10 ᠠᠢᠮᠠᠭ ᠬᠤᠲᠠ᠂ 53 ᠬᠤᠱᠢᠭᠤ ᠱᠢᠶᠠᠨ ᠲᠣᠭᠤᠷᠢᠭ᠎ᠠᠴᠠ 1785 ᠬᠤᠪᠢ ᠵᠣᠬᠢᠶᠠᠯ᠎ᠢ ᠡᠯᠰᠡᠬᠦ᠌᠎ᠶ᠋ᠢᠨ ᠬᠠᠮᠲᠤ᠌᠂ 95 ᠱᠢᠯᠢᠳᠡᠭ ᠪᠦᠲᠦᠭᠡᠯ᠂ 30 ᠱᠢᠯᠢᠳᠡᠭ ᠵᠢᠭᠠᠨ ᠵᠢᠯᠣᠭᠤᠳᠤᠭ᠍ᠴᠢ ᠪᠠᠭ᠍ᠰᠢ ᠪᠠ 30 ᠱᠢᠯᠢᠳᠡᠭ ᠵᠣᠬᠢᠶᠠᠨ ᠪᠠᠢᠭᠤᠯᠤᠯᠲᠠ᠎ᠶ᠋ᠢᠨ ᠨᠢᠭᠡᠴᠢ᠎ᠶ᠋ᠢ ᠱᠢᠯᠭᠠᠷᠠᠭᠤᠯᠤᠨ ᠭᠠᠷᠭᠠᠪᠠ᠃ ᠡᠭᠦᠨ᠎ᠳᠤ ᠱᠢᠯᠢᠳᠡᠭ ᠪᠦᠲᠦᠭᠡᠯ᠎ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ᠎ᠤᠨ ᠱᠠᠩᠨᠠᠯ ᠬᠦᠷᠲᠡᠭ᠌ᠰᠡᠨ 45 ᠵᠣᠬᠢᠶᠠᠭ᠍ᠴᠢ ᠤᠷᠢᠯᠭ᠎ᠠ᠎ᠪᠠᠷ ᠲᠤᠰ ᠤᠳᠠᠭᠠᠨ᠎ᠤ ᠥᠪᠥᠷ ᠮᠣᠩᠭᠤᠯ᠎ᠳᠠᠬᠢ ᠵᠤᠰᠠᠯᠠᠩ᠎ᠤᠨ ᠠᠵᠢᠯᠯᠠᠭ᠎ᠠ᠎ᠳᠤ ᠣᠷᠣᠯᠴᠠᠵᠤ᠂ ᠲᠡᠳᠡᠭᠡᠷ᠎ᠤᠨ ᠳᠣᠲᠣᠷ᠎ᠠ᠎ᠠᠴᠠ ᠪᠠᠰᠠ 16 ᠱᠢᠯᠢᠳᠡᠭ ᠭᠡᠱᠢᠭᠦᠨ᠎ᠢ ᠰᠤᠩᠭᠤᠨ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠷᠳᠣᠨ᠎ᠤ ᠪᠡᠭᠡᠵᠢᠩ᠎ᠳᠤ ᠡᠷᠬᠢᠯᠡᠬᠦ᠌ ᠪᠦᠬᠦ᠌ ᠤᠯᠤᠰ᠎ᠤᠨ ᠵᠤᠰᠠᠯᠠᠩ᠎ᠤᠨ ᠠᠵᠢᠯᠯᠠᠭ᠎ᠠ᠎ᠳᠤ ᠣᠷᠣᠯᠴᠠᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号