ᠰᠣᠶᠣᠯ ᠪᠠ ᠵᠢᠭᠤᠯᠴᠢᠯᠠᠯ᠎ᠤᠨ ᠶᠠᠮᠤᠨ 3 ᠤ ᠡᠳᠦᠷ ᠮᠡᠳᠡᠭ᠌ᠳᠡᠯ ᠨᠡᠢᠲᠡᠯᠡᠵᠦ᠍᠂ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠴᠢᠩᠭ᠎ᠠ᠎ᠠᠴᠠ ᠴᠢᠩᠭ᠎ᠠ᠂ ᠨᠠᠷᠢᠯᠢᠭ ᠪᠣᠳᠠᠲᠠᠶ ᠰᠠᠢᠲᠤᠷ ᠠᠳᠭᠤᠵᠤ᠂ ᠰᠣᠶᠣᠯ ᠪᠠ ᠵᠢᠭᠤᠯᠴᠢᠯᠠᠯ᠎ᠤᠨ ᠵᠠᠮ᠎ᠢᠶᠠᠷ ᠳᠡᠮᠵᠢᠨ ᠬᠢᠵᠢᠭ᠎ᠤᠨ ᠪᠠᠢᠳᠠᠯ ᠳᠠᠷᠬᠠᠨ ᠳᠡᠯᠭᠡᠷᠡᠬᠦ᠌᠎ᠶ᠋ᠢ ᠴᠢᠩᠭ᠎ᠠ ᠰᠡᠷᠭᠡᠢᠯᠡᠵᠦ᠍᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃
8 ᠰᠠᠷ᠎ᠠ᠎ᠶ᠋ᠢᠨ 3 ᠤ ᠡᠳᠦᠷ ᠳᠠᠷᠤᠮᠠᠯᠯᠠᠨ ᠲᠠᠷᠬᠠᠭᠠᠭ᠍ᠰᠠᠨ 《ᠣᠳᠣᠬᠠᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠥᠬᠦ᠌ ᠲᠠᠯ᠎ᠠ᠎ᠪᠠᠷ ᠴᠢᠩᠭᠠᠳᠭᠠᠬᠤ ᠲᠤᠬᠠᠶ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠎ᠤᠨ ᠪᠠᠴᠢᠮ ᠮᠡᠳᠡᠭ᠌ᠳᠡᠯ》 ᠢ ᠦᠨᠳᠦᠰᠦᠯᠡᠪᠡᠯ᠂ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ᠎ᠬᠢᠨ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢ ᠵᠢᠯᠣᠭᠤᠳᠤᠨ 《ᠬᠡᠮᠵᠢᠶ᠎ᠡ᠎ᠶ᠋ᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ᠎ᠤᠨ ᠬᠤᠭᠤᠴᠠᠭ᠎ᠠ᠎ᠠᠴᠠ ᠵᠥᠷᠢᠭᠦᠯᠡᠬᠦ᠌》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠵᠢᠭᠤᠯᠴᠢᠯᠠᠭ᠍ᠰᠠᠳ᠎ᠢ ᠭᠥᠯᠢᠶᠡᠨ ᠠᠪᠬᠤ ᠬᠢᠵᠠᠭᠠᠷ᠎ᠢ ᠴᠢᠩᠭ᠎ᠠ ᠬᠢᠵᠠᠭᠠᠷᠯᠠᠬᠤ ᠬᠡᠷᠡᠭ᠌ᠲᠡᠶ᠃ ᠡᠭᠦᠳᠡᠨ ᠪᠢᠯᠧᠲ᠎ᠤᠨ ᠤᠷᠢᠳᠴᠢᠯᠠᠨ ᠪᠣᠯᠵᠣᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠵᠢᠭᠤᠯᠴᠢᠯᠠᠭ᠍ᠰᠠᠳ᠎ᠤᠨ ᠮᠡᠳᠡᠭᠡ ᠵᠠᠩᠭᠢ᠎ᠶ᠋ᠢ ᠡᠷᠢᠵᠦ᠍ ᠯᠠᠪᠯᠠᠵᠤ ᠪᠣᠯᠬᠤ᠎ᠶ᠋ᠢ ᠦᠨᠡᠨ ᠬᠦ᠌ ᠪᠠᠲᠤᠯᠠᠬᠤ ᠭᠡᠷᠡᠭ᠌ᠳᠠᠢ᠃ ᠦᠵᠡᠮᠵᠢ᠎ᠶ᠋ᠢᠨ ᠣᠷᠣᠨ᠎ᠳᠤ ᠣᠷᠣᠬᠤ᠎ᠠᠴᠠ ᠡᠮᠦᠨ᠎ᠡ ᠺᠣᠳ᠋ ᠱᠢᠷᠪᠢᠵᠦ᠍ ᠲᠡᠮᠳᠡᠭ᠌ᠯᠡᠬᠦ᠂ ᠪᠡᠶ᠎ᠡ᠎ᠶ᠋ᠢᠨ ᠬᠠᠯᠠᠭᠤᠨ᠎ᠢ ᠬᠡᠮᠵᠢᠬᠦ᠌ ᠵᠡᠷᠭᠡ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠵᠢᠭᠤᠯᠴᠢᠯᠠᠭ᠍ᠰᠠᠳ᠎ᠢ ᠱᠠᠯᠠᠪᠳᠠᠭᠤᠯᠤᠨ 《ᠨᠢᠭᠡ ᠮᠧᠲᠷ᠎ᠤᠨ ᠱᠤᠭᠤᠮ》᠂ ᠠᠮᠠᠪᠴᠢ ᠵᠡᠭᠦᠬᠦ᠌ ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠰᠠᠢᠲᠤᠷ ᠬᠡᠷᠡᠭ᠌ᠵᠢᠭᠦᠯᠬᠦ᠌ ᠭᠡᠷᠡᠭ᠌ᠳᠠᠢ᠃
ᠮᠡᠳᠡᠭ᠌ᠳᠡᠯ᠎ᠳᠤ᠂ ᠡᠯ᠎ᠡ ᠭᠠᠵᠠᠷ᠎ᠤᠨ ᠵᠢᠭᠤᠯᠴᠢᠯᠠᠯ᠎ᠤᠨ ᠬᠤᠷᠢᠶ᠎ᠠ ᠪᠣᠯᠤᠨ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠠᠵᠤ ᠠᠬᠤᠢᠯᠠᠯ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠪᠠ ᠰᠤᠳᠤᠯᠤᠨ ᠮᠠᠭᠠᠳᠯᠠᠬᠤ᠎ᠪᠠᠨ ᠴᠢᠩᠭᠠᠳᠭᠠᠵᠤ᠂ ᠵᠢᠭᠤᠯᠴᠢᠯᠠᠯ᠎ᠤᠨ ᠵᠣᠷᠢᠭ᠍ᠰᠠᠨ ᠭᠠᠵᠠᠷ ᠪᠣᠯᠤᠨ ᠵᠣᠴᠢᠳ᠎ᠤᠨ ᠢᠷᠡᠯᠲᠡ᠎ᠶ᠋ᠢᠨ ᠭᠠᠵᠠᠷ᠎ᠤᠨ ᠬᠢᠵᠢᠭ᠎ᠤᠨ ᠪᠠᠢᠳᠠᠯ᠎ᠢ ᠴᠠᠭ ᠲᠤᠬᠠᠶ᠎ᠳᠤᠨᠢ ᠤᠢᠯᠠᠭᠠᠨ ᠡᠵᠡᠮᠱᠢᠵᠦ᠍᠂ ᠥᠨᠳᠥᠷ ᠳᠤᠮᠳᠠ ᠵᠡᠷᠬᠡ᠎ᠶ᠋ᠢᠨ ᠠᠶᠤᠯ ᠲᠦᠭ᠌ᠰᠢᠭᠦᠷᠢ᠎ᠲᠠᠢ ᠭᠠᠵᠠᠷ ᠣᠷᠣᠨ᠎ᠳᠤ ᠪᠦᠯᠬᠦᠮ ᠪᠠᠢᠭᠤᠯᠤᠨ ᠣᠴᠢᠵᠤ ᠵᠢᠭᠤᠯᠴᠢᠯᠠᠬᠤ ᠥᠬᠡᠶ᠂ ᠥᠨᠳᠥᠷ ᠳᠤᠮᠳᠠ ᠵᠡᠷᠭᠡ᠎ᠶ᠋ᠢᠨ ᠠᠶᠤᠯ ᠲᠦᠭ᠌ᠰᠢᠭᠦᠷᠢ᠎ᠲᠠᠢ ᠭᠠᠵᠠᠷ ᠣᠷᠣᠨ᠎ᠤ ᠵᠢᠭᠤᠯᠴᠢᠯᠠᠯ᠎ᠤᠨ ᠪᠦᠯᠬᠦᠮ᠎ᠢ ᠭᠥᠯᠢᠶᠡᠨ ᠠᠪᠬᠤ ᠥᠬᠡᠶ᠂ ᠥᠨᠳᠥᠷ ᠲᠤᠮᠳᠠ ᠵᠡᠷᠬᠡ᠎ᠶ᠋ᠢᠨ ᠠᠶᠤᠯ ᠲᠦᠭ᠌ᠰᠢᠭᠦᠷᠢ᠎ᠲᠠᠢ ᠭᠠᠵᠠᠷ ᠣᠷᠣᠨ᠎ᠤ ᠵᠢᠭᠤᠯᠴᠢᠯᠠᠭ᠍ᠰᠠᠳ᠎ᠢ ᠵᠣᠬᠢᠶᠠᠨ ᠪᠠᠢᠭᠤᠯᠵᠤ ᠭᠠᠳᠠᠭ᠍ᠰᠢ ᠭᠠᠷᠴᠤ᠌ ᠵᠢᠭᠤᠯᠴᠢᠯᠠᠬᠤ ᠥᠬᠡᠶ ᠭᠡᠵᠦ᠍ ᠵᠢᠭᠠᠵᠤ ᠭᠠᠷᠭᠠᠵᠠᠢ᠃
ᠵᠢᠭᠤᠯᠴᠢᠯᠠᠬᠤ ᠵᠤᠷᠢᠯᠳᠠᠳᠤ ᠭᠠᠵᠠᠷ᠎ᠤᠨ ᠵᠠᠰᠠᠭ᠎ᠤᠨ ᠣᠷᠳᠣᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ᠎ᠬᠢᠨ ᠵᠢᠭᠤᠯᠴᠢᠯᠠᠯ᠎ᠳᠤ ᠤᠷᠢᠳᠴᠢᠯᠠᠨ ᠰᠡᠷᠡᠮᠵᠢᠯᠡᠭᠦᠯᠬᠦ᠌ ᠰᠠᠨᠠᠭᠤᠯᠭ᠎ᠠ ᠭᠠᠷᠭᠠᠬᠤ ᠪᠤᠶᠤ ᠬᠠᠮᠢᠶ᠎ᠠ ᠪᠥᠬᠦᠶ ᠣᠷᠣᠨ ᠪᠦᠰᠡ᠎ᠶ᠋ᠢ ᠬᠢᠵᠢᠭ᠎ᠤᠨ ᠳᠤᠮᠳᠠ᠂ ᠦᠨᠳᠤᠷ ᠵᠡᠷᠬᠡ᠎ᠶ᠋ᠢᠨ ᠠᠶᠤᠯ ᠲᠦᠭ᠌ᠰᠢᠭᠦᠷᠢ᠎ᠲᠠᠢ ᠲᠠᠰ᠎ᠲᠤ ᠤᠷᠤᠭᠤᠯᠤᠬ᠍ᠰᠠᠨ ᠪᠠᠢᠪᠠᠯ᠂ ᠮᠣᠷᠳᠠᠭᠠᠳᠤᠶ ᠵᠢᠭᠤᠯᠴᠢᠯᠠᠯ᠎ᠤᠨ ᠪᠦᠯᠬᠦᠮ ᠨᠡᠢᠲᠡ ᠡᠷᠬᠡᠪᠰᠢ ᠲᠡᠷᠡ ᠳᠠᠷᠤᠶᠳᠤᠨᠢ ᠵᠢᠭᠤᠯᠴᠢᠯᠠᠯ᠎ᠤᠨ ᠠᠶᠠᠯᠠᠯ᠎ᠢᠶᠠᠨ ᠬᠦᠴᠦᠨ ᠥᠬᠡᠶ ᠪᠣᠯᠭᠠᠬᠤ ᠪᠤᠶᠤ ᠥᠭᠡᠷᠡᠴᠢᠯᠡᠬᠦ᠌ ᠬᠡᠷᠡᠭ᠌ᠲᠡᠶ; ᠨᠢᠭᠡᠨᠲᠡ ᠲᠤᠬᠠᠶ᠎ᠶ᠋ᠢᠨ ᠭᠠᠵᠠᠷ᠎ᠲᠤ ᠪᠠᠢᠭ᠎ᠠ ᠵᠢᠭᠤᠯᠴᠢᠯᠠᠯ᠎ᠤᠨ ᠪᠦᠯᠬᠦᠮ ᠨᠡᠢᠲᠡ ᠡᠷᠬᠡᠪᠰᠢ ᠲᠤᠬᠠᠶ᠎ᠶ᠋ᠢᠨ ᠭᠠᠵᠠᠷ᠎ᠲᠠᠬᠢ ᠵᠢᠭᠤᠯᠴᠢᠯᠠᠯ᠎ᠤᠨ ᠠᠵᠢᠯᠯᠠᠭ᠎ᠠ᠎ᠪᠠᠨ ᠲᠦᠷ ᠵᠣᠭ᠍ᠰᠣᠭᠠᠵᠤ᠂ ᠬᠠᠮᠢᠶ᠎ᠠ ᠪᠥᠬᠦᠶ ᠬᠢᠵᠢᠭ᠎ᠤᠨ ᠪᠠᠢᠳᠠᠯ᠎ᠢ ᠵᠢᠭ᠍ᠰᠠᠭᠠᠨ ᠪᠠᠢᠴᠠᠭᠠᠬᠤ ᠠᠵᠢᠯ᠎ᠢ ᠬᠠᠮᠵᠢᠯᠴᠠᠨ ᠰᠠᠢᠲᠤᠷ ᠬᠢᠬᠦ᠌ ᠬᠡᠷᠡᠭ᠌ᠲᠡᠶ᠃
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠮᠡᠳᠡᠭ᠌ᠳᠡᠯ᠎ᠳᠤ᠂ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ᠎ᠬᠢᠨ ᠣᠳᠣᠨ ᠲᠠᠰ᠎ᠤᠨ ᠪᠠᠭᠤᠳᠠᠯ᠂ ᠵᠦᠴᠦᠭᠡ᠎ᠶ᠋ᠢᠨ ᠬᠦᠷᠢᠶᠡᠯᠡᠩ᠂ ᠮᠦᠽᠧᠶ᠂ ᠣᠯᠠᠨ ᠨᠡᠢᠲᠡ᠎ᠶ᠋ᠢᠨ ᠨᠣᠮ᠎ᠤᠨ ᠰᠠᠩ ᠵᠡᠷᠭᠡ ᠬᠡᠷ ᠳᠣᠲᠣᠷᠠᠬᠢ ᠲᠠᠯᠠᠪᠤᠷ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠴᠢᠩᠭᠠᠳᠭᠠᠵᠤ᠂ ᠰᠠᠯᠬᠢ ᠨᠡᠪᠲᠡᠷᠡᠭᠦᠯᠦᠨ ᠠᠷᠢᠭᠤᠳᠭᠠᠬᠤ ᠠᠵᠢᠯ᠎ᠢ ᠴᠢᠩᠭᠠᠳᠭᠠᠬᠤ ᠬᠡᠷᠡᠭ᠌ᠲᠡᠶ᠃ ᠲᠠᠯᠠᠪᠤᠷ᠎ᠲᠤ ᠣᠷᠣᠬᠤ ᠬᠥᠮᠦᠰ᠎ᠲᠤ ᠺᠣᠳ᠋ ᠱᠢᠷᠪᠢᠬᠦ᠂ ᠪᠡᠶ᠎ᠡ᠎ᠶ᠋ᠢᠨ ᠬᠠᠯᠠᠭᠤᠨ᠎ᠢ ᠬᠡᠮᠵᠢᠬᠦ᠌ ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠵᠢᠯᠯᠠᠵᠤ ᠪᠠᠢᠭ᠎ᠠ ᠬᠥᠮᠦᠰ᠎ᠤᠨ ᠡᠷᠡᠭᠦᠯ ᠮᠡᠨᠳᠦ᠎ᠶ᠋ᠢᠨ ᠬᠢᠨᠠᠨ ᠬᠡᠮᠵᠢᠯᠲᠡ ᠬᠠᠮᠢᠶᠠᠷᠤᠯᠲᠠ᠎ᠶ᠋ᠢ ᠴᠢᠩᠭᠠᠳᠭᠠᠬᠤ ᠭᠡᠷᠡᠭ᠌ᠳᠠᠢ᠃ ᠠᠯᠢ ᠴᠢᠳᠠᠬᠤ᠎ᠪᠠᠷ ᠪᠢᠲᠡᠭᠦᠮᠵᠢᠯᠡᠭ᠌ᠰᠡᠨ ᠲᠠᠯᠠᠪᠤᠷ᠎ᠲᠤ ᠴᠤᠭ᠍ᠯᠠᠷᠠᠯ᠎ᠤᠨ ᠴᠢᠨᠠᠷᠲᠠᠶ ᠠᠵᠢᠯᠯᠠᠭ᠎ᠠ ᠬᠢᠬᠦ᠌᠎ᠶ᠋ᠢ ᠪᠠᠭᠠᠰᠭᠠᠬᠤ ᠭᠡᠷᠡᠭ᠌ᠳᠠᠢ ᠬᠡᠵᠤ ᠳᠤᠳᠤᠷᠬᠠᠢᠯᠠᠪᠠ᠃
ᠡᠭᠦᠨ᠎ᠠᠴᠠ ᠭᠠᠳᠠᠨ᠎ᠠ᠂ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ᠎ᠬᠢᠨ ᠰᠦᠯᠵᠢᠶ᠎ᠡ᠂ ᠲᠧᠯᠸᠢᠰ᠂ ᠡᠯᠧᠺᠲᠷᠣᠨ ᠳᠡᠯᠭᠡᠴᠡ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠮᠡᠳᠡᠯᠭᠡ᠎ᠶ᠋ᠢᠨ ᠤᠬᠠᠭᠤᠯᠭ᠎ᠠ᠎ᠶ᠋ᠢ ᠥᠷᠨᠢᠭᠦᠯᠵᠦ᠍᠂ ᠵᠢᠭᠤᠯᠴᠢᠯᠠᠭ᠍ᠰᠠᠳ᠎ᠲᠤ ᠠᠮᠠᠪᠴᠢ ᠵᠡᠭᠦᠬᠦ᠂ ᠭᠠᠷ᠎ᠢᠶᠠᠨ ᠦᠷᠭᠦᠯᠵᠢ ᠤᠬᠢᠶᠠᠬᠤ᠂ ᠪᠡᠶ᠎ᠡ᠎ᠶ᠋ᠢᠨ ᠬᠠᠯᠠᠭᠤᠨ᠎ᠢᠶᠠᠨ ᠬᠡᠮᠵᠢᠬᠦ᠂ ᠦᠷᠭᠦᠯᠵᠢ ᠠᠷᠢᠭᠤᠳᠭᠠᠬᠤ᠂ ᠴᠤᠭ᠍ᠯᠠᠷᠠᠬᠤ ᠥᠬᠡᠶ ᠪᠠᠢᠬᠤ᠎ᠶ᠋ᠢ ᠰᠠᠨᠠᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠣᠭ᠍ᠲᠠᠭᠠᠯ᠎ᠢ ᠤᠬᠠᠮᠰᠠᠷ᠎ᠠᠴᠠ᠎ᠪᠠᠨ ᠵᠢᠷᠤᠮᠯᠠᠬᠤ ᠬᠡᠷᠡᠭ᠌ᠲᠡᠶ᠃ (ᠱᠢᠨᠬᠤᠸᠠ ᠬᠤᠷᠢᠶᠠᠨ᠎ᠤ ᠪᠡᠭᠡᠵᠢᠩ᠎ᠤᠨ 8 ᠰᠠᠷ᠎ᠠ᠎ᠶ᠋ᠢᠨ 3 ᠤ ᠴᠠᠬᠢᠯᠭᠠᠨ ᠮᠡᠳᠡᠭᠡ)