ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠤᠨ᠎ᠬᠢᠨ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠬᠢᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ》 ᠪᠣᠯᠤᠨ 《ᠠᠭᠤᠤ ᠶᠡᠭᠡ ᠠᠮᠵᠢᠯᠲᠠ ᠪᠦᠳᠦᠮᠵᠢ》 ᠭᠡᠬᠦ᠌ ᠬᠤᠶᠠᠷ ᠲᠤᠰᠭᠠᠶ ᠰᠡᠳᠦᠪ᠎ᠤᠨ ᠲᠣᠭᠤᠷᠢᠨ᠎ᠳᠤ ᠰᠠᠨᠠᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃
ᠬᠤᠷᠠᠯ᠎ᠠᠴᠠ᠂ ᠠᠭᠤᠤ ᠶᠡᠭᠡ ᠨᠠᠮ ᠪᠠᠢᠭᠤᠯᠬᠤ ᠵᠤᠷᠢᠭ ᠰᠠᠨᠠᠭ᠎ᠠ ᠪᠤᠯ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠤᠷᠢᠭ ᠰᠠᠨᠠᠭᠠᠨ᠎ᠤ ᠡᠬᠢ ᠪᠤᠯᠠᠭ ᠮᠦᠨ᠂ ᠪᠠᠰᠠ ᠴᠦ᠍ ᠳᠤᠮᠳᠠᠳᠤ᠎ᠶ᠋ᠢᠨ ᠦᠨᠳᠦᠰᠦᠲᠡᠨ᠎ᠤ ᠵᠤᠷᠢᠭ ᠰᠠᠨᠠᠭᠠᠨ᠎ᠤ ᠳᠡᠭᠡᠳᠦ ᠬᠡᠮᠵᠢᠶᠡᠨ᠎ᠤ᠂ ᠱᠢᠰᠲ᠋ᠧᠮ᠎ᠲᠠᠢ᠂ ᠪᠦᠬᠦ᠌ ᠲᠠᠯ᠎ᠠ᠎ᠶ᠋ᠢᠨ ᠬᠤᠷᠢᠶᠠᠩᠭᠤᠢ᠍ᠢᠯᠠᠯ ᠪᠠᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭᠠᠨ᠎ᠤ ᠳᠠᠪᠠᠭᠤᠯᠢᠭ᠂ ᠤᠯᠤᠰ ᠲᠦᠷᠦ᠎ᠶ᠋ᠢᠨ ᠳᠠᠪᠠᠭᠤᠯᠢᠭ᠂ ᠵᠤᠷᠢᠭ ᠰᠠᠨᠠᠭᠠᠨ᠎ᠤ ᠳᠠᠪᠠᠭᠤᠯᠢᠭ ᠪᠤᠯᠤᠨ ᠶᠤᠰᠤ ᠰᠤᠷᠳᠠᠬᠤᠨ᠎ᠤ ᠳᠠᠪᠠᠭᠤᠯᠢᠭ᠎ᠢ ᠭᠦᠨᠵᠡᠭᠡᠢ ᠢᠯᠡᠷᠡᠭᠦᠯᠵᠡᠢ᠃ ᠬᠢᠨᠡᠨ ᠪᠤᠳᠤᠬᠤ ᠱᠢᠰᠲ᠋ᠧᠮ᠎ᠤᠨ ᠪᠦᠬᠦ᠌ ᠨᠠᠮ᠎ᠤᠨ ᠭᠡᠱᠢᠬᠦᠨ ᠺᠡᠳ᠋ᠷᠴᠤᠳ ᠨᠠᠮ᠎ᠤᠨ ᠵᠠᠭᠤᠨ ᠵᠢᠯ᠎ᠤᠨ 《ᠳᠥᠷᠪᠡᠨ ᠠᠭᠤᠤ ᠶᠡᠭᠡ ᠠᠮᠵᠢᠯᠲᠠ ᠪᠦᠳᠦᠮᠵᠢ》 ᠠᠴᠠ ᠴᠢᠰᠤᠲᠤ ᠪᠠᠢᠯᠳᠤᠭᠠᠨ ᠬᠢᠵᠤ᠂ ᠨᠤᠭᠤᠷᠠᠰᠢ ᠥᠬᠡᠶ ᠲᠡᠮᠡᠴᠡᠵᠦ᠍᠂ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠨ᠂ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠬᠤ᠂ ᠦᠵᠡᠯ ᠰᠠᠨᠠᠭ᠎ᠠ᠎ᠪᠠᠨ ᠴᠢᠯᠥᠭᠡᠯᠡᠨ᠂ ᠡᠷᠡᠮᠡᠬᠡᠢᠯᠡᠨ ᠤᠷᠤᠭ᠍ᠰᠢᠯᠠᠵᠤ᠂ ᠢᠲᠡᠭᠡᠯ ᠲᠡᠭᠦᠯᠳᠡᠷ᠎ᠢᠶᠠᠷ ᠥᠪᠡᠷ᠎ᠢ᠎ᠪᠠᠨ ᠬᠦᠴᠦᠷᠬᠡᠭ᠌ᠵᠢᠭᠦᠯᠦᠨ᠂ ᠲᠥᠪ ᠶᠣᠰᠣ᠎ᠶ᠋ᠢ ᠪᠠᠷᠢᠮᠲᠠᠯᠠᠵᠤ ᠱᠢᠨ᠎ᠡ᠎ᠶ᠋ᠢ ᠡᠭᠦᠳᠤᠨ ᠤᠷᠤᠭ᠍ᠰᠢᠯᠠᠬᠤ ᠡᠷᠴᠢ ᠬᠦᠴᠦᠨ᠎ᠢ ᠱᠢᠩᠭᠡᠭᠡᠨ ᠠᠪᠬᠤ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠭ ᠰᠠᠨᠠᠭ᠎ᠠ᠎ᠲᠠᠢ ᠤᠶᠠᠯᠳᠤᠭᠤᠯᠤᠨ᠂ ᠰᠤᠷᠤᠯᠴᠠᠨ ᠲᠤᠭᠤᠱᠢᠯᠠᠭᠤᠯᠬᠤ ᠠᠵᠢᠯ᠎ᠢ ᠦᠷᠬᠦᠯᠵᠢᠯᠡᠨ ᠴᠢᠩᠭ᠎ᠠ ᠠᠳᠭᠤᠵᠤ᠂ ᠬᠢᠨᠠᠨ ᠪᠤᠳᠤᠬᠤ ᠱᠢᠰᠲ᠋ᠧᠮ᠎ᠤᠨ ᠡᠯ᠎ᠠ ᠲᠦᠷᠦᠯ᠎ᠤᠨ ᠠᠵᠢᠯ ᠦᠢᠯᠡᠰ᠎ᠤᠨ ᠴᠢᠨᠠᠷ ᠰᠠᠢᠲᠠᠢ ᠬᠦᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号