ᠦᠪᠡᠷᠲᠡᠭᠡᠨ ᠵᠠᠰᠠᠬᠤ ᠤᠷᠤᠨ᠎ᠤ ᠠᠬᠠᠮᠠᠳ ᠺᠠᠳ᠋ᠷ᠎ᠤᠨ ᠲᠤᠪᠴᠢᠶ᠎ᠡ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠮᠡᠳᠡᠬᠦᠯᠦᠯᠲᠡ᠎ᠶ᠋ᠢᠨ ᠬᠤᠷᠠᠯ ᠬᠢᠵᠡᠢ
2021-08-05 09:34:06
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠬᠠᠮᠠᠳ ᠺᠠᠳ᠋ᠷ᠎ᠤᠨ ᠲᠤᠪᠴᠢᠶ᠎ᠡ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠬᠦᠯᠦᠯᠲᠡ᠎ᠶ᠋ᠢᠨ ᠬᠤᠷᠠᠯ ᠬᠢᠵᠡᠢ᠃ 

ᠮᠡᠳᠡᠬᠦᠯᠦᠯᠲᠡ᠎ᠶ᠋ᠢᠨ ᠬᠤᠷᠠᠯ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠦᠪᠡᠷᠲᠡᠭᠡᠨ ᠵᠠᠰᠠᠬᠤ ᠤᠷᠤᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ ᠵᠠᠢ ᠬᠤᠢ ᠵᠢᠶᠦ᠋ᠨ᠎ᠠᠴᠠ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠴᠢᠬᠤᠯᠠ ᠠᠴᠢ ᠬᠤᠯᠪᠤᠬ᠍ᠳᠠᠯ᠂ ᠡᠯᠪᠡᠭ ᠪᠠᠶᠠᠯᠢᠭ ᠲᠤᠲᠤᠭᠠᠳᠦ ᠠᠭᠤᠯᠤᠬ᠍ᠳᠠᠬᠤᠨ ᠪᠠ ᠵᠤᠷᠢᠭ ᠰᠠᠨᠠᠭᠠᠨ᠎ᠤ ᠮᠦᠨ ᠴᠢᠨᠠᠷ ᠵᠢᠴᠢ ᠰᠤᠷᠤᠯᠴᠠᠨ ᠲᠤᠭᠤᠱᠢᠯᠠᠭᠤᠯᠬᠤ ᠠᠵᠢᠯ᠎ᠢ ᠬᠡᠷᠬᠢᠨ ᠰᠠᠢᠲᠤᠷ ᠬᠢᠬᠦ᠌ ᠵᠡᠷᠭᠡ ᠲᠠᠯ᠎ᠠ᠎ᠠᠴᠠ ᠬᠦᠨᠵᠡᠬᠡᠢ ᠲᠠᠢᠯᠪᠤᠷᠢᠯᠠᠯᠲᠠ ᠬᠢᠵᠦ᠍᠂ ᠮᠡᠳᠡᠬᠦᠯᠦᠯᠲᠡ᠎ᠨᠢ ᠭᠤᠤᠯ ᠰᠡᠳᠦᠪ ᠲᠤᠳᠤᠷᠬᠠᠢ᠂ ᠯᠤᠬᠢᠭ ᠴᠢᠨᠠᠷ᠎ᠢᠶᠠᠷ ᠴᠢᠩᠭ᠎ᠠ ᠪᠤᠯᠵᠦ᠍ ᠴᠢᠳᠠᠵᠠᠢ᠃ ᠬᠤᠷᠠᠯ᠎ᠠᠴᠠ᠂ ᠤᠯᠠᠨ᠎ᠢᠶᠠᠷ᠎ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠳᠡᠭᠡᠷ᠎ᠡ ᠨᠢᠭᠡᠲᠦᠬᠦᠯᠵᠦ᠍᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠬᠡᠢ ᠪᠠᠷᠢᠮᠳᠠᠯᠠᠵᠦ᠍᠂ ᠠᠵᠢᠯ᠎ᠠᠴᠠ᠎ᠪᠠᠨ ᠠᠮᠠᠷᠠᠬ᠍ᠰᠠᠨ ᠺᠠᠳ᠋ᠷᠴᠤᠳ᠎ᠤᠨ ᠠᠵᠢᠯ᠎ᠢ ᠨᠡᠩ ᠦᠨᠳᠦᠷ ᠲᠦᠪᠱᠢᠨ᠎ᠳᠤ ᠳᠠᠪᠱᠢᠨ ᠤᠷᠤᠬᠤ᠎ᠶ᠋ᠢ ᠠᠬᠢᠭᠤᠯᠬᠤ ᠬᠡᠷᠡᠭ᠌ᠲᠡᠢ; ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠲᠡᠥᠬᠡ᠎ᠶ᠋ᠢᠨ ᠰᠤᠷᠤᠯᠴᠠᠯᠭ᠎ᠠ ᠬᠦᠮᠦᠵᠢᠯ᠎ᠲᠠᠢ ᠬᠠᠷᠢᠯᠴᠠᠨ ᠤᠶᠠᠯᠳᠤᠭᠤᠯᠵᠦ᠍᠂ ᠨᠠᠮ᠎ᠤᠨ ᠲᠡᠥᠬᠡ᠎ᠶ᠋ᠢᠨ ᠰᠤᠷᠤᠯᠴᠠᠯᠭ᠎ᠠ ᠬᠦᠮᠦᠵᠢᠯ᠎ᠢ ᠬᠦᠨᠵᠡᠬᠡᠢ ᠪᠤᠲᠠᠲᠠᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号