ᠰᠡᠳᠭᠢᠯ᠎ᠳᠡᠭᠡᠨ ᠳᠠᠭᠤᠷᠢᠶᠠᠯ᠎ᠲᠠᠢ ᠭᠡᠳᠡᠭ᠎ᠨᠢ ᠳᠠᠷᠤᠢ ᠪᠠᠭᠠᠲᠤᠷ ᠬᠥᠮᠦᠰ᠂ ᠲᠡᠷᠢᠭᠦᠨ᠎ᠤ ᠬᠥᠮᠦᠰ᠎ᠤᠨ ᠰᠠᠢᠨ ᠰᠠᠢᠬᠠᠨ ᠦᠯᠢᠭᠡᠷ ᠦᠢᠯᠡ ᠶᠠᠪᠤᠳᠠᠯ᠎ᠢ ᠰᠤᠷᠤᠯᠴᠠᠵᠤ᠂ ᠰᠤᠷᠤᠯᠴᠠᠯᠭ᠎ᠠ᠎ᠶ᠋ᠢᠨ ᠳᠤᠮᠳᠠ᠎ᠪᠠᠨ ᠰᠠᠢᠨ ᠰᠠᠢᠬᠠᠨ ᠦᠵᠡᠯ ᠰᠠᠨᠠᠭ᠎ᠠ ᠵᠠᠩ ᠮᠣᠷᠠᠯ᠎ᠤᠨ ᠬᠥᠭᠡᠭᠡᠴᠡᠯᠳᠦᠯ᠎ᠢ ᠪᠤᠢ ᠪᠤᠯᠭᠠᠬᠤ᠎ᠶ᠋ᠢ ᠬᠡᠯᠡᠨ᠎ᠡ᠃ ᠮᠠᠨ᠎ᠤ ᠤᠯᠤᠰ᠎ᠤᠨ ᠲᠡᠦᠬᠡᠨ ᠳᠡᠭᠡᠷ᠎ᠡ ᠮᠠᠰᠢ ᠤᠯᠠᠨ ᠪᠠᠭᠠᠴᠤᠳ ᠪᠠᠭᠠᠲᠤᠷᠴᠤᠳ᠎ᠤᠨ ᠲᠤᠬᠠᠢ ᠦᠯᠢᠭᠡᠷ ᠪᠠᠢᠳᠠᠭ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢ ᠤᠳᠤᠷᠢᠳᠤᠨ ᠬᠢᠭ᠌ᠰᠡᠨ ᠬᠤᠪᠢᠰᠭᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠦᠢᠯᠡᠰ᠎ᠤᠨ ᠳᠤᠮᠳᠠ ᠪᠠᠰᠠ ᠦᠯᠡᠮᠵᠢ ᠤᠯᠠᠨ ᠪᠠᠭᠠᠴᠤᠳ ᠪᠠᠭᠠᠲᠤᠷᠴᠤᠳ ᠴᠣᠯᠭᠤᠷᠠᠨ ᠭᠠᠷᠤᠭ᠍ᠰᠠᠨ ᠪᠠᠢᠨ᠎ᠠ᠂ ᠲᠡᠳᠡᠨ᠎ᠤ ᠳᠤᠮᠳᠠᠬᠢ ᠴᠥᠭᠡᠨ ᠪᠤᠰᠤ ᠬᠥᠮᠦᠰ᠎ᠤᠨ ᠨᠡᠷ᠎ᠡ᠎ᠶ᠋ᠢ ᠰᠤᠷᠤᠭ᠍ᠴᠢᠳ ᠲᠠ᠎ᠨᠠᠷ ᠪᠦᠷ ᠰᠣᠨᠣᠰᠴᠤ᠌ ᠥᠩᠭᠡᠷᠡᠭ᠌ᠰᠡᠨ ᠪᠠᠢᠵᠤ ᠮᠡᠳᠡᠨ᠎ᠡ᠃ ᠥᠩᠭᠡᠷᠡᠭ᠌ᠰᠡᠨ᠎ᠤ ᠺᠢᠨᠣ᠋ 《ᠤᠯᠠᠭᠠᠨ ᠬᠡᠦᠬᠡᠳ》᠂ 《ᠪᠢᠴᠢᠬᠠᠨ ᠴᠡᠷᠢᠭ ᠵᠠᠩ ᠭᠠ》᠂ 《ᠦᠳᠦᠳᠦ ᠵᠠᠬᠢᠳᠠᠯ》᠂ 《ᠪᠠᠭᠠᠲᠤᠷᠯᠢᠭ ᠪᠢᠴᠢᠬᠠᠨ ᠨᠠᠢ᠍ᠮᠠᠳᠤᠭᠠᠷ ᠵᠠᠮ᠎ᠤᠨ ᠴᠡᠷᠢᠭ》᠂ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠦᠬᠢᠨ ᠳᠡᠭᠦᠦ》 ᠵᠡᠷᠭᠡ ᠪᠣᠯ ᠳᠠᠷᠤᠢ ᠪᠠᠭᠠᠴᠤᠳ ᠪᠠᠭᠠᠲᠤᠷᠴᠤᠳ᠎ᠤᠨ ᠦᠯᠢᠬᠡᠷ ᠪᠣᠯᠤᠨ᠎ᠠ᠃ ᠥᠨᠥᠳᠦᠷ ᠰᠠᠢᠨ ᠬᠡᠦᠬᠡᠳ᠂ ᠰᠠᠢᠨ ᠪᠠᠭᠠᠴᠤᠳ ᠨᠡᠩ ᠤᠯᠠᠨ ᠪᠠᠢᠨ᠎ᠠ᠃ ᠲᠠᠨ᠎ᠤ ᠰᠤᠷᠭᠠᠭᠤᠯᠢ᠎ᠳᠤ ᠪᠠᠰᠠ 《ᠬᠠᠮᠤᠭ᠎ᠤᠨ ᠰᠠᠢᠬᠠᠨ ᠪᠠᠭᠠᠴᠤᠳ》 ᠢᠶᠠᠷ ᠦᠨᠡᠯᠡᠭ᠌ᠳᠡᠭ᠌ᠰᠡᠨ ᠰᠤᠷᠤᠭ᠍ᠴᠢ ᠪᠠᠢᠨ᠎ᠠ᠃ ᠡᠭᠦᠨ᠎ᠠᠴᠠ ᠭᠠᠳᠠᠨ᠎ᠠ᠂ ᠰᠠᠨᠰᠠᠷ᠎ᠤᠨ ᠠᠶᠠᠯᠠᠯ᠎ᠤᠨ ᠪᠠᠭᠠᠲᠤᠷ᠂ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠠᠩᠯᠠᠢ᠂ ᠠᠭᠤᠤ ᠶᠡᠭᠡ ᠱᠢᠨᠵᠢᠯᠡᠬᠦ᠌ ᠤᠬᠠᠭᠠᠨᠲᠠᠨ᠂ ᠬᠥᠳᠡᠯᠮᠦᠷᠢ᠎ᠶ᠋ᠢᠨ ᠵᠢᠱ᠌ᠢᠶᠡᠴᠢ᠂ ᠵᠠᠯᠠᠭᠤ ᠰᠠᠢᠨ ᠳᠤᠷ᠎ᠠ᠎ᠶ᠋ᠢᠨ ᠠᠵᠢᠯᠯᠠᠭ᠍ᠴᠢ᠂ ᠪᠠᠰᠠ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠵᠤ᠂ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠵᠦ᠍᠂ ᠦᠨᠡᠨᠴᠢ ᠢᠲᠡᠭᠡᠮᠵᠢᠲᠡᠢ᠂ ᠠᠵᠢᠯ ᠦᠢᠯᠡᠰ᠎ᠢᠶᠠᠨ ᠳᠡᠭᠡᠳᠦᠯᠡᠨ ᠬᠠᠷᠠᠮ ᠦᠭᠡᠢ ᠵᠣᠷᠢᠭᠤᠯᠵᠦ᠍᠂ ᠨᠠᠰᠤᠲᠠᠨ᠎ᠢᠶᠠᠨ ᠬᠦᠨᠳᠦᠯᠡᠨ ᠲᠦᠷᠦᠯ ᠰᠠᠳᠤᠨ᠎ᠢᠶᠠᠨ ᠬᠠᠢᠷᠠᠯᠠᠳᠠᠭ ᠰᠠᠢᠨ ᠬᠥᠮᠦᠨ᠎ᠢ ᠪᠠᠭ᠍ᠲᠠᠭᠠᠭ᠍ᠰᠠᠨ ᠡᠯ᠎ᠡ ᠠᠵᠢᠯ ᠲᠦᠷᠦᠯ᠎ᠳᠤ ᠴᠥᠮ ᠪᠢᠳᠡᠨ᠎ᠤ ᠰᠤᠷᠤᠯᠴᠠᠭᠤᠱᠢᠲᠠᠢ ᠦᠯᠢᠭᠡᠷ ᠳᠠᠭᠤᠷᠢᠶᠠᠯ ᠮᠠᠰᠢ ᠤᠯᠠᠨ ᠪᠠᠢᠨ᠎ᠠ᠃ ᠦᠯᠢᠭᠡᠷ ᠳᠠᠭᠤᠷᠢᠶᠠᠯ᠎ᠤᠨ ᠬᠦᠴᠦᠨ ᠪᠣᠯ ᠬᠢᠵᠠᠭᠠᠷᠯᠠᠰᠢ ᠦᠭᠡᠢ ᠶᠤᠮ᠃ ᠤᠯᠠᠨ᠎ᠢᠶᠠᠷ᠎ᠢᠶᠠᠨ ᠲᠡᠳᠡᠨ᠎ᠢ ᠰᠡᠳᠭᠢᠯ᠎ᠳᠡᠭᠡᠨ ᠬᠡᠪ ᠳᠠᠭᠤᠷᠢᠶᠠᠯ ᠪᠣᠯᠭᠠᠵᠤ᠂ ᠲᠡᠳᠡᠨ᠎ᠠᠴᠠ ᠰᠤᠷᠤᠯᠴᠠᠵᠤ᠂ ᠲᠡᠳᠡᠨ᠎ᠲᠠᠢ ᠠᠳᠠᠯᠢ᠎ᠪᠠᠷ ᠰᠠᠢᠨ ᠰᠠᠢᠬᠠᠨ ᠦᠵᠡᠯ ᠰᠠᠨᠠᠭ᠎ᠠ ᠵᠠᠩ ᠮᠣᠷᠠᠯ᠎ᠢ ᠬᠥᠭᠡᠭᠡᠴᠡᠯᠳᠦᠬᠦ᠌ ᠬᠡᠷᠡᠭ᠌ᠲᠡᠢ᠃
(ᠰᠢ᠎ᠶ᠋ᠢᠨ ᠫᠢᠡᠭ᠎ᠤᠨ 2014 ᠣᠨ᠎ᠤ 5 ᠰᠠᠷ᠎ᠠ᠎ᠶ᠋ᠢᠨ 30 ᠤ ᠡᠳᠦᠷ ᠪᠡᠭᠡᠵᠢᠩ ᠬᠤᠲᠠ᠎ᠶ᠋ᠢᠨ ᠬᠠᠶ ᠳ᠋ᠢᠶᠠᠨ ᠲᠣᠭᠤᠷᠢᠭ᠎ᠤᠨ ᠦᠨᠳᠦᠰᠦᠲᠡᠨ᠎ᠤ ᠪᠠᠭ᠎ᠠ ᠰᠤᠷᠭᠠᠭᠤᠯᠢ᠎ᠳᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠬᠤ ᠦᠶ᠎ᠡ᠎ᠶ᠋ᠢᠨ ᠶᠠᠷᠢᠶ᠎ᠠ᠎ᠠᠴᠠ)
ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠳᠠᠢᠨ ᠤᠷᠢᠳ ᠡᠮᠦᠨ᠎ᠡ ᠭᠠᠷᠤᠭᠠᠳᠤᠢ ᠬᠠᠷᠠᠰᠠᠯᠲᠠᠢ ᠶᠠᠪᠤᠭ᠍ᠳᠠᠵᠤ᠂ ᠪᠠᠢᠯᠳᠤᠬᠤ ᠪᠤᠳᠤᠯᠭ᠎ᠠ᠎ᠶ᠋ᠢᠨ ᠬᠤᠷᠢᠭ᠍ᠯᠠᠯᠲᠠᠠᠴᠠ ᠪᠠᠢᠯᠳᠤᠬᠤ ᠪᠤᠳᠤᠯᠭ᠎ᠠ᠎ᠶ᠋ᠢᠨ ᠲᠡᠩᠴᠡᠯᠳᠦᠯᠳᠤ ᠬᠦᠷᠲᠡᠯ᠎ᠡ᠂ ᠴᠢᠨᠠᠭ᠍ᠰᠢᠳᠠ ᠪᠠᠢᠯᠳᠤᠬᠤ ᠪᠤᠳᠤᠯᠭ᠎ᠠ᠎ᠶ᠋ᠢᠨ ᠬᠡᠳᠡᠷᠬᠦ᠌ ᠳᠣᠪᠲᠣᠯᠤᠯᠲᠠ᠎ᠳᠤ ᠬᠦᠷᠲᠡᠯ᠎ᠡ ᠬᠥᠭ᠌ᠵᠢᠵᠦ᠍᠂ ᠵᠥᠪ ᠲᠠᠯ᠎ᠠ᠎ᠶ᠋ᠢᠨ ᠳᠠᠢᠨ᠎ᠤ ᠲᠠᠯᠠᠪᠤᠷ ᠴᠤ᠌ ᠲᠡᠷᠡ᠂ ᠳᠠᠢᠰᠤᠨ᠎ᠤ ᠠᠷᠤ ᠲᠠᠯ᠎ᠠ᠎ᠶ᠋ᠢᠨ ᠳᠠᠢᠨ᠎ᠤ ᠲᠠᠯᠠᠪᠤᠷ᠎ᠲᠤ ᠴᠤ᠌ ᠲᠡᠷᠡ᠂ ᠳᠤᠮᠳᠠᠳᠤ ᠤᠯᠤᠰ᠎ᠤᠨ ᠠᠷᠠᠳ ᠲᠦᠮᠡᠨ ᠬᠠᠷᠭᠢᠰ ᠳᠠᠢᠰᠤᠨ᠎ᠢ ᠬᠠᠮᠲᠤ᠎ᠪᠠᠷ ᠡᠰᠡᠷᠬᠦᠴᠡᠵᠦ᠍᠂ ᠤᠯᠤᠰ ᠣᠷᠣᠨ᠎ᠤ ᠠᠶᠤᠯ ᠵᠣᠪᠠᠯᠠᠩ᠎ᠢ ᠬᠠᠮᠲᠤ᠎ᠪᠠᠷ ᠲᠤᠭᠤᠯᠵᠤ᠂ ᠦᠬᠦᠬᠦ᠌᠎ᠠᠴᠠ ᠦᠯᠦ᠍ ᠡᠮᠢᠶᠡᠬᠦ᠌ ᠬᠠᠳᠠᠨ ᠪᠠᠲᠤ ᠵᠣᠷᠢᠭ᠎ᠢᠶᠠᠷ᠂ ᠰᠦᠷ ᠵᠢᠪᠬᠤᠯᠠᠩᠲᠤ ᠪᠠᠭᠠᠲᠤᠷᠯᠢᠭ ᠢᠯᠠᠯᠲᠠ᠎ᠶ᠋ᠢᠨ ᠳᠠᠭᠤᠤ᠎ᠶ᠋ᠢ ᠬᠠᠩᠭᠢᠨᠠᠭᠤᠯᠪᠠ᠃ ᠶᠠᠩ ᠵᠢᠩ ᠢᠦᠢ᠂ ᠵᠤᠤ ᠱᠠᠩ ᡁᠢ᠂ ᠽᠦᠸᠧ ᠴᠢᠤᠸᠠᠨ᠂ ᠫᠧᠩ ᠱᠢᠤᠸᠠᠢ ᠹᠧᠩ᠂ ᠲᠦᠩ ᠯᠢᠨ ᠭᠧ᠂ ᠵᠤᠤ ᠳ᠋ᠧᠩ ᠢᠦᠢ᠂ ᠵᠠᠩ ᠽᠢ ᠵᠦᠩ᠂ ᠳ᠋ᠠᠢ ᠠᠨ ᠯᠠᠨ ᠵᠡᠷᠭᠡ ᠶᠠᠫᠣᠨ᠎ᠢ ᠡᠰᠡᠷᠭᠦᠴᠡᠭ᠌ᠰᠡᠨ ᠵᠠᠩᠵᠤᠨ ᠨᠠᠷ᠂ ᠨᠠᠢ᠍ᠮᠠᠳᠤᠭᠠᠷ ᠵᠠᠮ᠎ᠤᠨ ᠴᠡᠷᠢᠭ᠎ᠤᠨ 《ᠯᠠᠩ ᠶᠠ ᠱᠠᠨ ᠠᠭᠤᠯᠠᠨ᠎ᠤ ᠲᠠᠪᠤᠨ ᠪᠠᠭᠠᠲᠤᠷ》᠂ ᠱᠢᠨ᠎ᠡ ᠳᠥᠷᠪᠡᠳᠦᠭᠡᠷ ᠠᠷᠮᠢ᠎ᠶ᠋ᠢᠨ 《ᠯᠢᠦ ᠯᠣᠣ ᠵᠤᠸᠠᠩ ᠰᠤᠮᠤ》᠂ ᠵᠡᠭᠦᠨ ᠬᠤᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠤᠯᠪᠣᠭᠠᠲᠤ ᠴᠡᠷᠢᠭ᠎ᠤᠨ ᠨᠠᠢ᠍ᠮᠠᠨ ᠡᠮᠡᠭ᠌ᠲᠡᠢ ᠪᠠᠢᠯᠳᠤᠭ᠍ᠴᠢ᠂ ᠭᠤᠮᠢᠨᠳᠠᠩ᠎ᠤᠨ ᠴᠡᠷᠢᠭ᠎ᠤᠨ 《ᠨᠠᠢ᠍ᠮᠠᠨ ᠵᠠᠭᠤᠨ ᠪᠠᠭᠠᠲᠤᠷ》 ᠵᠡᠷᠭᠡ ᠦᠢ ᠤᠯᠠᠨ ᠪᠠᠭᠠᠲᠤᠷᠴᠤᠳ ᠪᠣᠯ ᠳᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠤ ᠬᠦᠴᠦᠷᠬᠡᠭ᠎ᠠᠴᠠ ᠠᠶᠤᠬᠤ ᠦᠭᠡᠢ᠂ ᠤᠯᠤᠰ ᠣᠷᠣᠨ᠎ᠤ᠎ᠪᠠᠨ ᠲᠥᠯᠥᠭᠡ ᠠᠮᠢ ᠪᠡᠶ᠎ᠡ᠎ᠪᠠᠨ ᠦᠷᠡᠭ᠌ᠳᠡᠭᠦᠯᠦᠭ᠌ᠰᠡᠨ ᠭᠠᠷᠮᠠᠭᠠᠢ ᠲᠥᠯᠥᠭᠡᠯᠡᠭ᠌ᠴᠢ ᠮᠥᠨ᠃
(ᠰᠢ᠎ᠶ᠋ᠢᠨ ᠫᠢᠡᠭ᠎ᠤᠨ 2014 ᠣᠨ᠎ᠤ 9 ᠰᠠᠷ᠎ᠠ᠎ᠶ᠋ᠢᠨ 3 ᠤ ᠡᠳᠦᠷ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠲᠠᠢᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢᠨ᠎ᠤ ᠢᠯᠠᠯᠲᠠ ᠣᠯᠤᠭ᠍ᠰᠠᠨ ᠵᠢᠷᠠ ᠶᠢᠰᠦᠨ ᠵᠢᠯ᠎ᠤᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ ᠳᠡᠭᠡᠷ᠎ᠡ ᠶᠠᠷᠢᠭ᠍ᠰᠠᠨ ᠶᠠᠷᠢᠶ᠎ᠠ᠎ᠠᠴᠠ)